10 ᠳ᠋ᠤᠭᠠᠷ ᠰᠠᠷ᠎ᠠ ᠶᠢᠨ 17 ᠤ ᠡᠳᠦᠷ᠂ ᠮᠠᠨ ᠤ ᠤᠷᠤᠨ ︽ᠶᠠᠳᠠᠭᠤ ᠶᠢ ᠳᠡᠳᠭᠦᠭᠦ ᠡᠳᠦᠷ︾ ᠤᠨ | ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ ᠬᠤᠷᠠᠯᠳᠤᠭᠤᠯᠵᠤ᠂ ᠪᠦᠭᠦ ᠨᠡᠶᠢᠭᠡᠮ ᠢᠶᠠᠷ ᠢᠶᠠᠨ ᠶᠠᠳᠠᠭᠤ ᠶᠢ | ᠳᠡᠳᠭᠦᠭᠦ ᠶᠢ ᠰᠠᠨᠠᠭᠠᠴᠢᠯᠠᠪᠡ᠃ ᠶᠠᠳᠠᠭᠤ ᠪᠠᠭᠤᠷᠠᠢ ᠪᠠᠨ ᠳᠡᠳᠭᠦᠵᠤ ᠨᠢᠭᠦᠯᠡᠰᠦᠩᠭᠦᠢ ᠲᠤᠰᠠᠷᠬᠠᠭ ᠪᠠᠶᠢᠬᠤ ᠨᠢ | ᠨᠡᠶᠢᠭᠡᠮ ᠠᠴᠠ ᠰᠠᠨᠠᠭᠠᠴᠢᠯᠠᠵᠤ ᠪᠠᠶᠢᠭ᠎ᠠ ᠴᠠᠭ ᠦᠶ᠎ᠠ ᠶᠢᠨ ᠰᠢᠨ᠎ᠠ ᠰᠤᠷᠳᠠᠯ᠂ ᠮᠦᠨᠴᠤ ᠲᠤᠮᠳᠠᠳᠤ ᠶᠢᠨ ᠬᠦᠰᠡᠯ | ᠵᠡᠭᠦᠳᠦ ᠶᠢ ᠲᠡᠷᠭᠡᠯᠰᠢᠭᠦᠯᠭᠦ ᠴᠠᠭ ᠦᠶ᠎ᠡ ᠶᠢᠨ ᠱᠠᠭᠠᠷᠳᠠᠯᠭ᠎ᠠ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠳᠡᠳ᠋ ᠲᠠᠷᠢᠭᠦᠯᠡᠭᠴᠢ ᠸᠠᠩ ᠢᠤᠢ ᠮᠢᠩ ᠬᠤᠷᠠᠯ ᠳᠤ ᠤᠷᠤᠯᠴᠡᠨ ᠶᠠᠷᠢᠶ᠎ᠠ | ᠲᠠᠯᠪᠢᠪᠡ᠃ | ᠬᠤᠷᠠᠯ ᠠᠴᠠ ᠵᠢᠭᠠᠵᠤ ᠭᠠᠷᠭᠠᠭᠰᠡᠨ ᠨᠢ᠂ ︽ᠶᠠᠳᠠᠭᠤ ᠶᠢ ᠳᠡᠳᠭᠦᠭᠦ ᠡᠳᠦᠷ︾ ᠢ ᠲᠤᠬᠳᠠᠭᠠᠭᠰᠡᠨ ᠨᠢ | ᠶᠠᠳᠠᠭᠤ ᠶᠢ ᠳᠡᠳᠭᠦᠨ ᠪᠠᠬᠢᠯᠡᠯᠳᠠ ᠰᠢᠪᠳᠤᠯᠬᠤ ᠲᠠᠶᠢᠯᠠᠯᠳᠤᠭᠠᠨ ᠤ ᠴᠢᠬᠤᠯᠠ ᠠᠷᠭ᠎ᠠ ᠠᠪᠴᠠᠯ ᠪᠤᠯᠤᠨ᠎ᠠ᠂ ᠮᠦᠨᠴᠤ | ᠪᠦᠭᠦ ᠨᠡᠶᠢᠭᠡᠮ ᠤᠨ ᠬᠦᠴᠦᠨᠢ ᠲᠠᠶᠢᠴᠢᠯᠡᠨ ᠶᠠᠳᠠᠭᠤ ᠶᠢ ᠳᠡᠳᠭᠦᠵᠦ ᠨᠡᠭᠡᠭᠡᠨ ᠬᠦᠭᠵᠢᠭᠦᠯᠭᠦ ᠳᠤ ᠤᠷᠤᠯᠴᠠᠭᠤᠯᠬᠤ | ᠳᠦᠷᠢᠮ ᠤᠨ ᠲᠤᠬᠢᠷᠠᠭᠤᠯᠤᠯᠳᠠ ᠪᠤᠯᠤᠨ᠎ᠠ᠃ ᠡᠲᠦᠭᠡ ᠪᠦᠭᠦ ᠤᠷᠤᠨ ᠳᠠᠶᠠᠭᠠᠷ ᠢᠶᠠᠨ ᠶᠠᠳᠠᠭᠤ ᠶᠢ ᠳᠡᠳᠭᠦᠵᠦ | ᠨᠡᠭᠡᠭᠡᠨ ᠬᠦᠭᠵᠢᠭᠦᠯᠭᠦ ᠶᠢ ᠨᠡᠩ ᠴᠢᠬᠤᠯᠠᠴᠢᠯᠡᠨ ᠦᠵᠡᠭᠦ ᠪᠤᠯᠵᠤ᠂ ᠪᠡᠯᠡ ᠤᠷᠤᠭᠤᠯᠤᠯᠳᠠ ᠪᠠᠨ ᠤᠯᠡᠮ ᠢᠶᠠᠷ | ᠨᠡᠮᠡᠭᠳᠡᠬᠦᠯᠵᠤ᠂ ᠶᠠᠳᠠᠭᠤ ᠶᠢ ᠳᠡᠳᠭᠦᠵᠦ ᠨᠡᠭᠡᠭᠡᠨ ᠬᠦᠭᠵᠢᠭᠦᠯᠭᠦ ᠠᠵᠢᠯ ᠮᠠᠰᠢ ᠰᠠᠶᠢᠨ ᠬᠦᠭᠵᠢᠯᠳᠠ ᠶᠢᠨ | ᠪᠠᠶᠢᠳᠠᠯ ᠲᠠᠢ ᠪᠤᠯᠪᠡ᠂ ᠵᠢᠯ ᠤᠨ ᠰᠡᠬᠦᠯᠴᠢ ᠪᠤᠯᠳᠠᠯ᠎ᠠ ᠣᠨ ᠤ ᠬᠠᠷᠠᠯᠳᠠᠳᠤ ᠡᠭᠦᠷᠭᠡ ᠶᠢᠨ ᠲᠦᠯᠦᠪᠯᠡᠭᠡ | ᠶᠤᠰᠤᠭᠠᠷ ᠢᠶᠠᠨ 41.98 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠠᠭᠤᠯᠤᠨ᠂ ︽ᠠᠷᠪᠠᠨ ᠬᠤᠶᠠᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠳᠤ ᠲᠤᠬᠳᠠᠭᠠᠭᠰᠡᠨ ᠶᠠᠳᠠᠭᠤ ᠬᠦᠴᠢᠷᠳᠡᠯ ᠲᠠᠢ ᠬᠦᠮᠦᠨ ᠠᠮᠠ ᠶᠢᠨ | ᠲᠤᠭ᠎ᠠ ᠶᠢ ᠪᠠᠭᠠᠰᠬᠠᠬᠤ ᠬᠠᠷᠠᠯᠳᠠ ᠪᠠᠨ ᠠᠮᠵᠢᠯᠳᠠ ᠲᠠᠢ ᠪᠡᠶᠡᠯᠡᠭᠦᠯᠤᠨ᠎ᠠ ᠭᠡᠪᠡ᠃ | ᠬᠤᠷᠠᠯ ᠠᠴᠠ ᠱᠠᠭᠠᠷᠳᠠᠭᠰᠡᠨ ᠨᠢ᠂ ᠪᠦᠭᠦ ᠤᠷᠤᠨ ᠳᠠᠶᠠᠭᠠᠷ ᠢᠶᠠᠨ ᠶᠠᠳᠠᠭᠤ ᠶᠢ ᠳᠡᠳᠭᠦᠵᠦ ᠨᠡᠭᠡᠭᠡᠨ | ᠬᠦᠭᠵᠢᠭᠦᠯᠭᠦ ᠠᠵᠢᠯ ᠤᠨ ᠬᠦᠴᠢᠷ ᠪᠡᠷᠭᠡᠰᠢᠶᠠᠯᠳᠤ ᠴᠢᠨᠠᠷ ᠪᠠ ᠲᠤᠯᠭᠠᠮ᠎ᠠ ᠴᠢᠨᠠᠷ ᠢ ᠬᠦᠢᠴᠡᠳ ᠲᠠᠨᠢᠵᠤ᠂ ᠰᠠᠶᠢᠳᠤᠷ | ᠠᠵᠢᠯᠯᠠᠵᠤ ᠬᠠᠷᠢᠭᠤᠴᠠᠯᠭᠠᠳᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠭᠦ ᠴᠢᠩᠭᠠᠳᠬᠠᠵᠤ᠂ | ᠬᠡᠪ ᠤᠨ ᠪᠠᠶᠢᠳᠠᠯ ᠠᠴᠠ ᠲᠠᠪᠠᠭᠰᠡᠨ ᠠᠷᠭ᠎ᠠ ᠬᠡᠮᠵᠢᠶ᠎ᠠ ᠠᠪᠴᠤ᠂ ᠪᠦᠳᠦᠮᠵᠢᠳᠠᠢ ᠠᠷᠭ᠎ᠠ ᠪᠠᠷ ᠶᠠᠳᠠᠭᠤ ᠶᠢ ᠳᠡᠳᠭᠦᠵᠦ | ᠪᠠᠬᠢᠯᠡᠯᠳᠠ ᠰᠢᠪᠳᠤᠯᠬᠤ ᠠᠬᠢᠴᠠ ᠪᠠᠨ ᠲᠦᠷᠭᠡᠳᠭᠡᠭᠦ ᠬᠡᠷᠡᠭᠳᠡᠢ᠃ ᠨᠡᠶᠢᠭᠡᠮ ᠤᠨ ᠬᠦᠴᠦᠨ ᠢ ᠲᠠᠶᠢᠴᠢᠯᠡᠨ᠂ | ᠵᠠᠰᠠᠭ ᠤᠨ ᠤᠷᠳᠤᠨ᠂ ᠵᠠᠬ᠎ᠠ ᠲᠡᠯᠭᠡᠭᠦᠷ᠂ ᠨᠡᠶᠢᠭᠡᠮ ᠤᠨ ᠬᠦᠴᠦᠨ ᠢ ᠨᠢᠬᠳᠠᠷᠠᠭᠤᠯᠤᠨ᠂ ᠶᠠᠳᠠᠭᠤ ᠶᠢ ᠳᠡᠳᠭᠦᠵᠦ | ᠨᠡᠭᠡᠭᠡᠨ ᠬᠦᠭᠵᠢᠭᠦᠯᠭᠦ ᠠᠵᠢᠯ ᠢ ᠨᠡᠩ ᠰᠠᠶᠢᠨ ᠬᠢᠭᠦ ᠬᠡᠷᠡᠭᠳᠡᠢ ᠭᠡᠪᠡ᠃ | 15 ᠠᠵᠤ ᠠᠬᠤᠢᠢᠯᠠᠯ᠂ ᠨᠢᠭᠡᠴᠠ ᠪᠠ ᠬᠠᠮᠳᠤ ᠨᠠᠶᠢᠳᠠ ᠶᠢᠨ ᠲᠦᠯᠦᠭᠡᠯᠡᠭᠴᠢ ᠠᠬᠤᠢ ᠲᠠᠯᠠᠪᠠᠢ ᠳᠤ ᠵᠤᠭᠤᠰ | ᠬᠠᠨᠳᠢᠪᠯᠠᠬᠰᠡᠨ ᠪᠠᠶᠢᠨ᠎ᠠ᠃ |