ᠲᠦᠷᠦᠭᠦᠦ ᠭᠤᠷᠪᠠᠨ ᠤᠯᠠᠷᠢᠯ ᠳᠤ ᠥᠪᠥᠷ ᠮᠣᠩᠭᠤᠯ ᠤᠨ ᠬᠤᠲᠠ ᠪᠠᠯᠭᠠᠰᠤ ᠶᠢᠨ ᠠᠵᠢᠯ ᠣᠯᠭᠤᠯᠲᠠ ᠳᠤ 23.39 ᠲᠦᠮᠡᠨ ᠬᠥᠮᠥᠨ ᠰᠢᠨ᠎ᠡ ᠪᠠᠷ ᠨᠡᠮᠡᠭᠳᠡᠪᠡ
ᠨᠡᠶᠢᠲᠡᠯᠡᠭᠰᠡᠨ ᠴᠠᠭ᠄
2015/10/19
     9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠮᠠᠨ ᠤ ᠣᠷᠣᠨ ᠬᠤᠲᠠ ᠪᠠᠯᠭᠠᠰᠤ ᠶᠢᠨ ᠠᠵᠢᠯ ᠣᠯᠭᠤᠯᠲᠠ ᠳᠤ ᠨᠡᠶᠢᠲᠡ 23.39 ᠲᠦᠮᠡᠨ ᠬᠥᠮᠥᠨ ᠰᠢᠨ᠎ᠡ ᠪᠠᠷ ᠨᠡᠮᠡᠭᠳᠡᠭᠦᠯᠬᠦ ᠶᠢ ᠪᠡᠶᠡᠯᠡᠭᠦᠯᠵᠦ᠂ ᠬᠠᠷᠠᠯᠲᠠ  ᠶᠢᠨ ᠡᠭᠦᠷᠭᠡ ᠪᠠᠨ 101.69%᠎ ᠪᠠᠷ ᠪᠡᠶᠡᠯᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 3.6%᠎ ᠪᠠᠷ ᠬᠢᠵᠠᠭᠠᠷᠯᠠᠨ᠂ ᠡᠵᠡᠮᠳᠡᠬᠦ ᠬᠠᠷᠠᠯᠲᠠ ᠠᠴᠠ ᠵᠠᠭᠤᠨ ᠤ ᠴᠡᠭ ᠎ ᠤᠨ 0.4 ᠳᠣᠣᠷ᠎ᠠ ᠪᠠᠶᠢᠵᠤ᠂ ᠠᠵᠢᠯ ᠣᠯᠭᠤᠯᠲᠠ ᠶᠢᠨ ᠪᠠᠶᠢᠳᠠᠯ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠪᠠ᠃ ᠡᠨᠡ ᠵᠢᠯ᠂ ᠮᠠᠨ ᠤ ᠣᠷᠣᠨ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠠᠳᠠᠯ ᠦᠢᠯᠡᠰ ᠴᠣᠭᠴᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠦᠨᠳᠦᠰᠦᠨ ᠱᠠᠲᠤᠨ  ᠳᠤ ᠠᠵᠢᠯ ᠣᠯᠭᠤᠬᠤ ᠲᠦᠮᠡᠨ ᠠᠵᠢᠯ ᠤᠨ ᠪᠠᠶᠢᠷᠢ ᠶᠢᠨ ᠠᠵᠢᠯᠯᠠᠭ᠎ᠠ︾ ︽ᠳᠡᠭᠡᠳᠦ ᠰᠤᠷᠭᠠᠭᠤᠯᠢ ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠠᠵᠢᠯᠯᠠᠭ᠎ᠠ︾ ︽ᠰᠤᠷᠭᠠᠭᠤᠯᠢ ᠠᠴᠠ ᠪᠠᠨ ᠰᠠᠯᠤᠭᠰᠠᠨ ᠪᠣᠯᠪᠠᠴᠣ ᠠᠵᠢᠯ ᠣᠯᠣᠭᠠᠳᠤᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠲᠤ ᠠᠵᠢᠯ ᠣᠯᠭᠤᠬᠤ ᠲᠥᠯᠥᠪᠯᠡᠭᠡ︾᠎ ᠶᠢ ᠡᠬᠢᠯᠡᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠨ10.06 ᠲᠦᠮᠡᠨ ᠬᠦᠮᠦᠨ ᠤ ᠠᠵᠢᠯ ᠣᠯᠬᠤ ᠪᠤᠶᠤ ᠠᠵᠢᠯ  ᠣᠯᠬᠤ ᠪᠠᠷ ᠬᠠᠮᠢᠭᠠᠰᠢ ᠣᠴᠢᠬᠤ ᠶᠢ ᠨᠢ ᠨᠠᠶᠢᠳᠠᠪᠤᠷᠢᠵᠢᠭᠤᠯᠬᠤ ᠶᠢ ᠪᠡᠶᠡᠯᠡᠭᠦᠯᠵᠦ᠂ ᠣᠨ ᠤ ᠲᠥᠯᠥᠪᠯᠡᠭᠡ ᠶᠢᠨ 77%᠎ ᠶᠢ ᠪᠡᠶᠡᠯᠡᠭᠦᠯᠪᠡ᠃ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠡᠷᠬᠢᠯᠡᠵᠦ ᠬᠢᠬᠦ ᠠᠵᠢᠯ ᠤᠨ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ᠲᠥᠯᠥᠪᠯᠡᠭᠡ ᠶᠢ  ᠬᠡᠷᠡᠭᠵᠢᠭᠦᠯᠵᠦ᠂ 1᠎ ᠠᠴᠠ 9 ᠳ᠋ᠦ᠋ᠭᠡᠷ ᠰᠠᠷ᠎ᠠ ᠪᠣᠯᠲᠠᠯ᠎ᠠ᠂ 247.28 ᠲᠦᠮᠡᠨ ᠬᠥᠮᠦᠨ ᠢ ᠰᠢᠯᠵᠢᠭᠦᠯᠦᠨ ᠠᠵᠢᠯ ᠣᠯᠭᠤᠬᠤ ᠶᠢ ᠪᠡᠶᠡᠯᠡᠭᠦᠯᠵᠦ᠂ ᠣᠨ ᠤ ᠡᠭᠦᠷᠭᠡ ᠪᠠᠨ101%᠎ ᠪᠠᠷ ᠪᠡᠶᠡᠯᠡᠭᠦᠯᠪᠡ᠃ 582 ᠡᠷᠦᠬᠡ ︽ᠠᠵᠢᠯ ᠣᠯᠤᠭᠰᠠᠨ ᠬᠥᠮᠦᠨ ᠦᠭᠡᠢ︾ ᠭᠡᠷ ᠪᠦᠯᠢ ᠶᠢ ᠬᠠᠪᠰᠤᠷᠤᠨ 589 ᠬᠥᠮᠦᠨ ᠳᠤ ᠠᠵᠢᠯ ᠣᠯᠭᠤᠬᠤ ᠶᠢ ᠪᠡᠶᠡᠯᠡᠭᠦᠯᠪᠡ᠃ ᠡᠭᠦᠨ ᠠᠴᠠ ᠭᠠᠳᠠᠨ᠎ᠠ᠂ ᠮᠠᠨ ᠤ ᠣᠷᠣᠨ ᠡᠨᠡ ᠵᠢᠯ 11.07 ᠳ᠋ᠦᠩᠰᠢᠭᠤᠷ ᠲᠥᠬᠦᠷᠢᠭ ᠤᠨ ᠠᠳᠠᠯ ᠦᠢᠯᠡᠰ ᠴᠣᠭᠴᠠᠯᠠᠬᠤ ᠶᠢᠨ ᠳᠠᠭᠠᠭᠠᠯᠳᠠᠳᠤ ᠵᠢᠭᠡᠯᠡᠯᠭᠡ ᠲᠠᠯᠪᠢᠵᠦ᠂ 4.18 ᠲᠦᠮᠡᠨ ᠬᠥᠮᠥᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠢᠬᠦ ᠶᠢ ᠪᠡᠶᠡᠯᠡᠭᠦᠯᠵᠦ᠂  ᠪᠣᠯᠪᠠᠰᠤᠷᠠᠭᠤᠯᠤᠯ ᠤᠨ ᠳᠠᠷᠠᠭ᠎ᠠ 3.24 ᠲᠦᠮᠡᠨ ᠬᠥᠮᠥᠨ ᠠᠮᠵᠢᠯᠲᠠ ᠲᠠᠢ ᠪᠠᠷ ᠠᠳᠠᠯ ᠦᠢᠯᠡᠰ ᠴᠣᠭᠴᠠᠯᠠᠪᠠ᠃ 5801 ᠣᠶᠣᠲᠠᠳ ᠢ ᠲᠡᠳᠬᠦᠨ ᠠᠳᠠᠯ ᠦᠢᠯᠡᠰ ᠴᠣᠭᠴᠠᠯᠠᠭᠤᠯᠤᠭᠰᠠᠨ ᠨᠢ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠬᠤᠶᠠᠷ ᠳᠠᠬᠢᠨ ᠪᠣᠯᠤᠨ᠎ᠠ᠃ ᠡᠭᠦᠨ ᠤ ᠵᠡᠷᠭᠡᠴᠡᠪᠡᠷ᠂ ᠡᠷᠬᠢᠯᠡᠵᠦ ᠬᠢᠬᠦ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠨᠡᠶᠢᠲᠡ 1.06 ᠳ᠋ᠦᠩᠰᠢᠭᠤᠷ ᠲᠦᠬᠦᠷᠢᠭ ᠣᠷᠣᠭᠤᠯᠵᠤ᠂ ᠳᠠᠳᠤᠯᠭ᠎ᠠ  ᠪᠣᠯᠪᠠᠰᠤᠷᠠᠭᠤᠯᠤᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠨᠢᠭᠡ ᠬᠤᠰᠢᠭᠤ ᠰᠢᠶᠠᠨ ᠳᠤ ᠨᠢᠭᠡ ᠰᠠᠭᠤᠷᠢᠨ ᠭᠠᠵᠠᠷ︾᠎ ᠲᠠᠢ ᠪᠣᠯᠭᠠᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠂ ︽ᠲᠦᠴᠢᠦᠸᠠᠨ ᠭᠠᠩᠨᠠᠭᠤᠷᠴᠢᠨ︾ ᠵᠡᠷᠭᠡ 58 ᠪᠣᠯᠪᠠᠰᠤᠷᠠᠭᠤᠯᠤᠯ ᠤᠨ ᠨᠡᠷᠡᠲᠦ ᠲᠥᠷᠥᠯ ᠲᠡᠮᠳᠡᠭ ᠢ ᠡᠭᠦᠳᠪᠡ᠃ 9 ᠳ᠋ᠦ᠋ᠭᠡᠷ ᠰᠠᠷ᠎ᠠ ᠶᠢᠨ ᠡᠴᠦᠰ ᠪᠣᠯᠲᠠᠯ᠎ᠠ᠂ ᠪᠥᠬᠦ ᠣᠷᠣᠨ ᠤ ᠬᠤᠳᠠ ᠬᠥᠳᠡᠭᠡ ᠶᠢᠨ 22.28 ᠲᠦᠮᠡᠨ ᠬᠥᠮᠥᠨ ᠳᠤ ᠮᠡᠷᠭᠡᠵᠢᠯ ᠎ ᠤᠨ ᠴᠢᠳᠠᠪᠤᠷᠢ  ᠶᠢᠨ ᠪᠣᠯᠪᠠᠰᠤᠷᠠᠭᠤᠯᠤᠯ ᠬᠢᠵᠦ᠂ ᠵᠢᠯ ᠤᠨ ᠡᠭᠦᠷᠭᠡ ᠶᠢᠨ 86%᠎ ᠶᠢ ᠪᠡᠶᠡᠯᠡᠭᠦᠯᠪᠡ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号