10 ᠳ᠋ᠤᠭᠠᠷ ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ 2015 ᠣᠨ ᠤ ᠪᠥᠭᠦ ᠣᠷᠣᠨ ᠤ | ᠶᠠᠳᠠᠭᠤ ᠶᠢ ᠳᠡᠳᠭᠦᠭᠦ ᠡᠳᠦᠷ ᠤᠨ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ ᠬᠥᠬᠡᠬᠤᠲᠠ ᠳᠤ ᠬᠤᠷᠠᠯᠳᠤᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠢ ᠮᠢᠩ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ | ᠢᠦᠢ᠂ ᠥᠪᠥᠷ ᠮᠣᠩᠭᠤᠯ ᠤᠨ ᠨᠡᠶᠢᠭᠡᠮ ᠤᠨ ᠶᠠᠳᠠᠭᠤ ᠶᠢ ᠲᠡᠳᠬᠦᠬᠦ ᠠᠵᠢᠯ ᠢ ᠠᠬᠢᠭᠤᠯᠬᠤ ᠬᠤᠷᠠᠯ ᠤᠨ ᠳᠠᠷᠤᠭ᠎ᠠ | ᠰᠢᠩ ᠪᠣᠣ ᠢᠦᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠷᠢᠨ | ᠪᠢᠴᠢᠭ ᠤᠨ ᠳᠡᠳ᠋ ᠳᠠᠷᠤᠭ᠎ᠠ᠂ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ ᠤᠨ ᠡᠷᠬᠢᠯᠡᠭᠴᠢ ᠢᠦᠢ ᠴᠢᠩ ᠯᠢ᠂ | ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠡᠷᠬᠢᠯᠡᠭᠴᠢ ᠯᠢᠦ ᠵᠥᠡᠭ ᠴᠸᠡᠭ᠂ | ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠤᠯᠤᠰ ᠲᠥᠷᠥ ᠶᠢᠨ ᠬᠡᠯᠲᠡᠰ ᠤᠨ ᠳᠡᠳ᠋ ᠡᠷᠬᠢᠯᠡᠭᠴᠢ ᠱᠢ ᠪᠤᠤ | ᠯᠦᠩ ᠬᠤᠷᠠᠯ ᠳᠤ ᠣᠷᠣᠯᠴᠠᠪᠠ᠃ ᠶᠡᠭᠡ ᠬᠤᠷᠠᠯ ᠢ ᠥᠪᠥᠷ ᠮᠣᠩᠭᠤᠯ ᠤᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠡᠳ᠋ ᠳᠠᠷᠤᠭ᠎ᠠ ᠮᠣ᠋ ᠶᠣᠸᠠᠨ ᠡᠷᠬᠢᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠢᠦᠢ ᠮᠢᠩ ᠠᠴᠠ ︽ | ᠶᠠᠳᠠᠭᠤ ᠶᠢ ᠲᠡᠳᠬᠦᠬᠦ ᠡᠳᠦᠷ︾ ᠪᠣᠯ ᠶᠠᠳᠠᠭᠤ ᠬᠦᠴᠢᠷᠳᠡᠯ ᠢ ᠢᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ | ᠴᠤ ᠨᠡᠶᠢᠭᠡᠮ ᠤᠨ ᠬᠦᠴᠦᠨ ᠢ ᠳᠠᠶᠢᠴᠢᠯᠠᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠳᠤ ᠣᠷᠣᠯᠴᠠᠭᠤᠯᠬᠤ | ᠳᠦᠷᠢᠮ ᠤᠨ ᠲᠣᠬᠢᠷᠠᠭᠤᠯᠤᠯᠲᠠ ᠪᠣᠯᠤᠨ᠎ᠠ᠃ ᠨᠢᠳᠤᠨᠤᠨ ᠪᠦᠬᠦ ᠤᠯᠤᠰ ᠤᠨ ᠠᠩᠬᠠᠳᠠᠭᠴᠢ ︽ᠶᠠᠳᠠᠭᠤ ᠶᠢ ᠲᠡᠳᠬᠦᠬᠦ | ᠡᠳᠦᠷ︾ ᠤᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠣᠯᠠᠨ ᠲᠥᠮᠡᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠴᠢᠬᠤᠯᠠᠴᠢᠯᠠᠬᠤ ᠬᠡᠮᠵᠢᠶ᠎ᠡ | ᠤᠯᠠᠮ ᠨᠢᠭᠡ ᠠᠯᠬᠤᠮ ᠳᠡᠭᠡᠭᠰᠢᠯᠡᠵᠦ᠂ ᠣᠷᠤᠭᠤᠯᠤᠯᠲᠠ ᠶᠢᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ | ᠂ ᠠᠵᠢᠯ ᠤᠨ ᠬᠦᠷᠢᠶ᠎ᠡ ᠬᠡᠪᠴᠢᠶ᠎ᠡ ᠪᠠᠨ ᠤᠯᠠᠮ ᠨᠢᠭᠡ ᠠᠯᠬᠤᠮ ᠥᠷᠭᠡᠳᠬᠡᠵᠦ᠂ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠨᠡᠯᠢᠶᠡᠳ ᠰᠠᠶᠢᠨ ᠬᠥᠭᠵᠢᠯᠲᠡ ᠶᠢᠨ ᠪᠠᠶᠢᠳᠠᠯ ᠲᠠᠢ ᠪᠠᠶᠢᠵᠤ᠂ ︽ᠭᠤᠷᠪᠠ ᠶᠢ ᠲᠣᠰᠬᠤᠨ ᠳᠤ | ᠣᠷᠤᠭᠤᠯᠵᠤ ᠭᠤᠷᠪᠠ ᠶᠢ ᠡᠷᠦᠬᠡ ᠳᠤ ᠣᠷᠤᠭᠤᠯᠬᠤ︾ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ ᠢᠨᠵᠧᠨᠧᠷᠢᠩ | ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ | ᠢᠨᠵᠧᠨᠧᠷᠢᠩ᠂ ︽ᠳᠥᠷᠪᠡᠨ ᠨᠢᠭᠡ︾ ᠶᠢᠨ ᠢᠨᠵᠧᠨᠧᠷᠢᠩ ᠵᠡᠷᠭᠡ ᠶᠢ ᠬᠡᠷᠡᠭᠵᠢᠭᠦᠯᠵᠦ᠂ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠱᠠᠳᠤ ᠦᠶ᠎ᠡ ᠵᠨ ᠴᠢᠨᠠᠷᠲᠠᠢ ᠴᠢᠬᠤᠯᠠ ᠶᠡᠭᠡ ᠦᠷ᠎ᠡ ᠪᠦᠲᠦᠭᠡᠯ ᠤᠯᠪᠠ᠃ 2010 | ᠣᠨ ᠠᠴᠠ 2014 ᠣᠨ ᠪᠣᠯᠲᠠᠯ᠎ᠠ᠂ ᠪᠦᠬᠦ ᠣᠷᠣᠨ ᠳᠤ 150 ᠲᠦᠮᠡᠨ ᠬᠥᠮᠦᠨ ᠢ ᠲᠣᠭᠲᠠᠭᠤᠨ ᠢᠶᠠᠷ | ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠬᠥᠮᠦᠨ ᠪᠦᠷᠢ ᠳᠤ ᠲᠡᠭᠰᠢᠳᠬᠡᠭᠰᠡᠨ | ᠴᠡᠪᠡᠷ ᠣᠷᠣᠯᠭ᠎ᠠ 1437 ᠲᠥᠭᠦᠷᠢᠭ ᠪᠠᠶᠢᠭᠰᠠᠨ ᠠᠴᠠ ᠪᠠᠨ 2780 ᠲᠥᠭᠦᠷᠢᠭ ᠪᠣᠯᠵᠤ᠂ ᠪᠠᠷᠤᠭ ᠨᠢᠭᠡ ᠳᠠᠬᠢᠨ | ᠣᠷᠴᠢᠮ ᠨᠡᠮᠡᠭᠳᠡᠵᠦ᠂ ᠶᠠᠳᠠᠭᠤᠷᠠᠯᠲᠠ ᠶᠢᠨ ᠨᠣᠷᠮ᠎ᠠ 20.34% ᠠᠴᠠ ᠪᠠᠨ ᠪᠠᠭᠤᠷᠠᠭᠠᠳ 9.2% ᠪᠣᠯᠵᠠᠢ᠃ | 2834 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ 2421 ᠭᠠᠴᠠᠭ᠎ᠠ ᠲᠣᠰᠬᠤᠨ ᠳᠤᠨᠢ ︽ᠠᠷᠪᠠ ᠪᠠᠷ | ᠪᠦᠬᠦᠨ ᠢ ᠬᠠᠮᠤᠷᠬᠤ︾ ᠶᠢ ᠪᠡᠶᠡᠯᠡᠭᠦᠯᠪᠡ ᠭᠡᠵᠦ ᠵᠢᠭᠠᠵᠤ ᠭᠠᠷᠭᠠᠪᠠ᠃ | ᠬᠠᠮᠤᠭ ᠤᠨ ᠰᠡᠭᠦᠯ ᠳᠤᠨᠢ᠂ ᠸᠠᠩ ᠢᠦᠢ ᠮᠢᠩ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠪᠠᠶᠢᠳᠠᠯ ᠪᠣᠯᠣᠨ ᠶᠠᠳᠠᠭᠤ ᠶᠢ ᠲᠡᠳᠬᠦᠬᠦ ᠲᠦᠷᠤ ᠶᠢᠨ | ᠪᠣᠳᠣᠯᠭ᠎ᠠ ᠶᠢᠨ ᠰᠢᠨ᠎ᠡ ᠱᠠᠭᠠᠷᠳᠠᠯᠭ᠎ᠠ ᠶᠢ ᠦᠨᠳᠦᠰᠦᠯᠡᠵᠤ᠂ ᠨᠡᠶᠢᠭᠡᠮ ᠤᠨ ᠶᠠᠳᠠᠭᠤ ᠶᠢ ᠲᠡᠳᠬᠦᠬᠦ ᠵᠣᠬᠢᠶᠠᠨ | ᠪᠠᠶᠢᠭᠤᠯᠤᠯᠲᠠ ᠶᠢᠨ ᠳᠠᠶᠢᠴᠢᠯᠠᠬᠤ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ᠂ ᠨᠡᠶᠢᠭᠡᠮ ᠢᠶᠠᠷ ᠢᠶᠠᠨ | ᠣᠷᠣᠯᠴᠠᠬᠤ ᠲᠠᠪᠴᠠᠩ ᠢ ᠪᠠᠶᠢᠭᠤᠯᠵᠤ᠂ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠨᠡᠶᠢᠭᠡᠮ ᠤᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠨᠡᠶᠢᠭᠡᠮ ᠤᠨ | ᠶᠠᠳᠠᠭᠤ ᠶᠢ ᠲᠡᠳᠬᠦᠬᠦ ᠯᠤᠲᠤ ᠶᠡᠭᠡ ᠳᠠᠯᠳᠠ ᠬᠦᠴᠦᠨ ᠢ ᠠᠭᠤᠳᠠᠯᠵᠤ᠂ ᠨᠡᠶᠢᠭᠡᠮ ᠤᠨ ᠪᠦᠷᠢᠯᠳᠦᠬᠦᠨ ᠪᠥᠬᠦᠨ ᠤ | ᠶᠠᠳᠠᠭᠤ ᠶᠢ ᠲᠡᠳᠬᠦᠬᠦ ᠠᠵᠢᠯ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ᠡᠯ᠎ᠡ ᠲᠠᠯ᠎ᠠ ᠶᠢᠨ ᠬᠢᠨ ᠤ | ᠪᠦᠲᠦᠭᠡᠯᠴᠢ ᠴᠢᠨᠠᠷ ᠢ ᠭᠦᠢᠴᠡᠳ ᠪᠠᠳᠠᠷᠠᠭᠤᠯᠤᠨ᠂ ᠪᠥᠬᠦ ᠣᠷᠣᠨ ᠤ ᠬᠦᠴᠦᠨ ᠢ ᠨᠢᠭᠡᠳᠦᠭᠦᠯᠵᠦ᠂ ᠡᠳ᠋ ᠠᠭᠤᠷᠰᠤᠨ | ᠪᠥᠬᠦᠨ ᠢ ᠬᠤᠷᠠᠮᠳᠤᠭᠤᠯᠤᠨ᠂ ᠪᠦᠬᠦ ᠠᠷᠠᠳ ᠤᠨ ᠤᠶᠤᠨ ᠢ ᠲᠥᠪᠯᠡᠷᠡᠭᠦᠯᠵᠦ᠂ ᠡᠨᠡ ᠤᠳᠠᠭᠠᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠪᠠᠬᠢᠯᠡᠯᠲᠡ ᠡᠪᠳᠡᠬᠦ ᠳᠠᠶᠢᠨ ᠤ ᠢᠯᠡᠯᠲᠠ ᠶᠢ ᠣᠯᠵᠣ᠂ 2017 ᠣᠨ ᠪᠣᠯᠬᠤ ᠳᠤ | ᠬᠠᠷᠢᠴᠠᠯᠠᠰᠢᠭᠦᠢ ᠶᠠᠳᠠᠭᠤ ᠬᠦᠴᠢᠷᠳᠡᠯᠲᠡᠢ ᠦᠵᠡᠭᠳᠡᠯ ᠢ ᠦᠨᠳᠦᠰᠦᠨ ᠳᠡᠭᠡᠨ ᠠᠷᠢᠯᠭᠠᠬᠤ ᠶᠢ ᠦᠨᠡᠨ ᠬᠦ ᠪᠠᠲᠤᠯᠠᠵᠤ᠂ | 2020 ᠣᠨ ᠪᠣᠯᠬᠤ ᠳᠤ ᠪᠦᠬᠦ ᠤᠯᠤᠰ ᠢᠶᠠᠷ ᠢᠶᠠᠨ ᠪᠥᠬᠦ ᠲᠠᠯ᠎ᠠ ᠪᠠᠷ ᠪᠠᠶᠢᠭᠤᠯᠤᠨ ᠪᠥᠲᠦᠭᠡᠬᠦ ᠴᠢᠨᠡᠭᠡᠯᠢᠭ | ᠨᠡᠶᠢᠭᠡᠮ ᠳᠤ ᠠᠯᠬᠤᠭ᠎ᠠ ᠨᠢᠭᠡᠲᠡᠢ ᠠᠯᠬᠤᠨ ᠣᠷᠣᠵᠠᠭᠠᠶ᠎ᠠ ᠬᠡᠪᠡ᠃ | ᠥᠪᠥᠷ ᠮᠣᠩᠭᠤᠯ ᠤᠨ ᠶᠠᠳᠠᠭᠤ ᠶᠢ ᠲᠡᠳᠬᠦᠬᠦ ᠠᠵᠢᠯ ᠤᠨ ᠠᠯᠪᠠᠨ ᠭᠡᠷ ᠤᠨ ᠡᠷᠬᠢᠯᠡᠭᠴᠢ ᠯᠢᠦ ᠵᠥᠡᠭ ᠴᠸᠡᠭ | ᠵᠢᠭᠠᠵᠤ ᠭᠠᠷᠭᠠᠭᠰᠠᠨ ᠨᠢ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢᠯᠡᠳᠲᠡ ᠦᠷ᠎ᠡ | ᠪᠦᠲᠦᠮᠵᠢ ᠣᠯᠤᠭᠰᠠᠨ ᠪᠠᠶᠢᠨ᠎ᠠ᠃ ᠶᠠᠳᠠᠭᠤ ᠬᠦᠴᠢᠷᠲᠡᠢ ᠬᠥᠮᠦᠨ ᠠᠮᠠ 2010 ᠣᠨ ᠤ ᠵᠢᠯ ᠤᠨ ᠡᠴᠦᠰ ᠤᠨ | 266.6 ᠲᠥᠮᠡ ᠪᠠᠶᠢᠭᠰᠠᠨ ᠠᠴᠠ ᠪᠠᠨ ᠳᠣᠷᠣᠭᠰᠢᠯᠠᠭᠠᠳ ᠣᠳᠣᠬᠠᠨ ᠤ 117 ᠲᠥᠮᠡ ᠪᠣᠯᠪᠠ᠃ ᠥᠪᠡᠷᠲᠡᠭᠡᠨ | ᠵᠠᠰᠠᠬᠤ ᠣᠷᠣᠨ ᠠᠯᠢ ᠣᠯᠠᠨ ᠨᠠᠷᠢᠯᠢᠭ ᠣᠨᠣᠪᠴᠢᠲᠠᠢ ᠶᠠᠳᠠᠭᠤ ᠶᠢ ᠳᠡᠳᠬᠦᠬᠦ ᠨᠠᠷᠢᠯᠢᠭ ᠣᠨᠣᠪᠴᠢᠲᠠᠢ ᠶᠠᠳᠠᠭᠤ ᠠᠴᠠ | ᠠᠩᠭᠢᠵᠢᠷᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠲᠡᠯᠡᠵᠦ᠂ ᠮᠤᠵᠢ ᠶᠢᠨ ᠱᠠᠲᠤᠨ ᠤ | ᠤᠳᠤᠷᠢᠳᠬᠤ ᠺᠠᠳ᠋ᠷ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠲᠠᠢ ᠬᠠᠷᠢᠯᠴᠠᠬᠤ ᠠᠵᠢᠯ ᠤᠨ ᠳᠦᠷᠢᠮ ᠢ | ᠬᠡᠷᠡᠭᠵᠢᠭᠦᠯᠵᠦ᠂ 1 ᠲᠣᠨ ᠨᠡᠭᠦᠷᠡᠰᠦᠨ ᠤ ᠨᠥᠬᠦᠪᠦᠷᠢ ᠥᠭᠬᠦ᠂ ᠶᠡᠭᠡ ᠰᠤᠷᠭᠠᠭᠤᠯᠢ ᠶᠢᠨ ᠨᠢᠭᠡ ᠶᠠᠳᠠᠭᠤ | ᠬᠦᠴᠢᠷᠳᠡᠯᠲᠡᠢ ᠣᠶᠤᠲᠠᠨ ᠢ ᠲᠤᠰᠠᠯᠠᠨ ᠲᠡᠳᠬᠦᠬᠦ ᠣᠨᠴᠠᠭᠠᠢ ᠬᠠᠷᠭᠠᠯᠵᠠᠯ ᠤᠨ ᠲᠦᠷᠦ ᠶᠢᠨ ᠪᠤᠳᠤᠯᠭ᠎ᠠ ᠶᠢ ᠭᠠᠷᠭᠠᠪᠠ | ᠃ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠣᠷᠣᠭᠤᠯᠤᠯᠲᠠ ᠶᠢ ᠶᠡᠬᠡᠪᠡᠷ ᠨᠡᠮᠡᠭᠳᠡᠭᠦᠯᠵᠦ᠂ ᠣᠷᠴᠢᠮ ᠤᠨ ᠬᠤᠶᠠᠷ | ᠵᠢᠯ ᠳᠤ᠂ ᠶᠠᠳᠠᠭᠤ ᠶᠢ ᠲᠡᠳᠬᠦᠬᠦ ᠳᠤ ᠵᠢᠯ ᠪᠦᠷᠢ ᠶᠢᠨ ᠣᠷᠣᠭᠤᠯᠬᠤ ᠪᠡᠯᠡ ᠮᠥᠩᠭᠦ 100 ᠳ᠋ᠦᠩᠰᠢᠭᠤᠷ | ᠲᠥᠭᠦᠷᠢᠭ ᠢ ᠳᠠᠪᠠᠪᠠ᠃ ᠶᠠᠳᠠᠭᠤ ᠬᠦᠴᠢᠷᠳᠡᠯᠲᠡᠢ ᠬᠥᠮᠦᠰ ᠢ ᠲᠣᠳᠣᠯᠠᠨ ᠲᠣᠭᠲᠠᠭᠠᠵᠤ᠂ ᠲᠥᠯᠥᠪᠵᠢᠭᠦᠯᠭᠡ᠂ | ᠲᠥᠷᠥᠯ ᠵᠦᠢᠯ᠂ ᠺᠠᠳ᠋ᠷ ᠢ ᠲᠣᠰᠬᠤᠨ ᠳᠤ ᠣᠷᠤᠭᠤᠯᠵᠤ ᠡᠷᠦᠬᠡ ᠳᠤ ᠣᠷᠤᠭᠤᠯᠬᠤ ᠠᠵᠢᠯ ᠢ ᠵᠣᠬᠢᠶᠠᠨ ᠪᠠᠶᠢᠭᠤᠯᠤᠨ | ᠥᠷᠨᠢᠭᠦᠯᠵᠦ᠂ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠠᠷᠠᠳ ᠢ ᠪᠠᠶᠠᠵᠢᠭᠤᠯᠬᠤ ᠢᠨᠵᠧᠨᠧᠷᠢᠩ ᠢ | ᠬᠡᠷᠡᠭᠵᠢᠭᠦᠯᠦᠨ᠂ ︽ᠠᠷᠪᠠ ᠪᠠᠷ ᠪᠥᠬᠦᠨ ᠢ ᠬᠠᠮᠤᠷᠬᠤ︾ ᠶᠢ ᠬᠠᠮᠤᠭ ᠤᠨ ᠶᠡᠭᠡ ᠶᠠᠳᠠᠭᠤ ᠶᠢ ᠲᠡᠳᠬᠦᠬᠦ ᠢᠨᠵᠧᠨᠧᠷᠢᠩ | ᠪᠣᠯᠭᠠᠨ ᠠᠳᠬᠤᠵᠤ᠂ 2421 ᠶᠠᠳᠠᠭᠤ ᠬᠦᠴᠢᠷᠳᠡᠯᠲᠡᠢ ᠭᠠᠴᠠᠭ᠎ᠠ ᠲᠣᠰᠬᠤᠨ ᠤ ︽ ᠠᠷᠪᠠ ᠪᠠᠷ ᠪᠥᠬᠦᠨ ᠢ | ᠬᠠᠮᠤᠷᠬᠤ︾ ᠶᠢ ᠪᠡᠶᠡᠯᠡᠭᠦᠯᠪᠡ᠃ ᠴᠢᠭ᠋ ᠲᠣᠭᠲᠠᠭᠠᠨ ᠶᠠᠳᠠᠭᠤ ᠶᠢ ᠲᠡᠳᠬᠦᠬᠦ᠂ ᠠᠵᠢᠯ ᠲᠥᠷᠥᠯ ᠳᠤᠨᠢ | ᠵᠣᠬᠢᠴᠠᠭᠤᠯᠤᠨ ᠳᠡᠮᠵᠢᠬᠦ ᠶᠢ ᠥᠷᠨᠢᠭᠦᠯᠵᠦ᠂ ᠨᠡᠶᠢᠭᠡᠮ ᠨᠡᠶᠢᠲᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ | ᠣᠷᠣᠯᠴᠠᠭᠤᠯᠪᠠ᠃ ᠶᠠᠳᠠᠭᠤ ᠶᠢ ᠲᠡᠳᠬᠦᠬᠦ ᠲᠥᠷᠥᠯ ᠵᠦᠢᠯ ᠤᠨ ᠬᠢᠨᠠᠨ ᠵᠥᠪᠰᠢᠶᠡᠷᠡᠬᠦ ᠡᠷᠬᠡ ᠶᠢ ᠴᠦᠮ ᠦᠨᠳᠦᠰᠦᠨ | ᠱᠠᠲᠤᠨ ᠳᠤ ᠪᠠᠭᠤᠯᠭᠠᠵᠤ᠂ ᠲᠥᠷᠥᠯ ᠵᠦᠢᠯ ᠢ ᠲᠣᠭᠲᠠᠭᠠᠬᠤ ᠡᠷᠬᠡ ᠪᠣᠯᠣᠨ ᠪᠡᠯᠡ ᠮᠥᠩᠭᠦ ᠶᠢ ᠬᠡᠷᠡᠭᠯᠡᠬᠦ ᠡᠷᠬᠡ ᠶᠢ | ᠠᠷᠠᠳ ᠲᠦᠮᠡᠨ ᠳᠤ ᠲᠤᠰᠢᠶᠠᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠤ ᠥᠪᠡᠷ ᠢ ᠪᠠᠨ ᠶᠠᠳᠠᠭᠤ ᠠᠴᠠ | ᠠᠩᠭᠢᠵᠢᠷᠠᠭᠤᠯᠬᠤ ᠢᠳᠡᠪᠬᠢᠵᠢᠯ ᠢ ᠭᠦᠢᠴᠡᠳ ᠳᠠᠶᠢᠴᠢᠯᠠᠪᠠ ᠭᠡᠵᠡᠢ᠃ | ᠡᠭᠦᠨ ᠤ ᠵᠡᠷᠭᠡᠴᠡᠭᠡᠪᠡᠷ᠂ ︽ᠥᠪᠥᠷ ᠮᠣᠩᠭᠤᠯ ᠤᠨ 2015 ᠣᠨ ᠤ ᠪᠦᠬᠦ ᠤᠯᠤᠰ ᠤᠨ ᠶᠠᠳᠠᠭᠤ ᠶᠢ | ᠲᠡᠳᠬᠦᠬᠦ ᠡᠳᠦᠷ ᠤᠨ ᠠᠵᠢᠯᠯᠠᠭ᠎ᠠ ᠶᠢᠨ ᠲᠠᠶᠢᠴᠢᠯᠠᠯᠳᠠ ᠶᠢᠨ ᠬᠤᠷᠠᠯ︾ ᠳᠡᠭᠡᠷ᠎ᠡ᠂ ᠥᠪᠥᠷ ᠮᠣᠩᠭᠤᠯ ᠤᠨ ᠱᠠᠨ ᠯᠤ᠋ | ᠡᠨᠧᠷᠭᠢ ᠶᠢᠨ ᠰᠤᠷᠪᠤᠯᠵᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ | ᠶᠡᠭᠡ ᠰᠤᠷᠭᠠᠭᠤᠯᠢ ᠶᠢᠨ EMBA ᠬᠢᠴᠢᠶᠡᠯ ᠤᠨ ᠶᠡᠷᠦᠩᠬᠡᠶᠢᠯᠡᠭᠴᠢ ᠶᠢᠨ 18 ᠠᠩᠭᠢ ᠶᠢᠨ 88 ᠰᠤᠷᠤᠭᠴᠢ᠂ | ᠥᠪᠥᠷ ᠮᠣᠩᠭᠤᠯ ᠪᠠᠩᠬᠢ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠥᠯᠥᠭᠯᠡᠯ ᠵᠡᠷᠭᠡ ᠶᠢ ᠪᠠᠭᠲᠠᠭᠠᠭᠰᠠᠨ | ᠨᠡᠶᠢᠲᠡ 15 ᠠᠵᠤ ᠠᠬᠤᠶᠢᠯᠠᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠵᠦ | ᠨᠡᠭᠡᠭᠡᠨ ᠬᠥᠭᠵᠢᠭᠦᠯᠬᠦ ᠠᠵᠢᠯ ᠳᠤ 3807.9 ᠲᠥᠮᠡᠨ ᠲᠥᠭᠦᠷᠢᠭ ᠬᠠᠨᠳᠢᠪᠯᠠᠨ ᠬᠦᠷᠭᠡᠪᠡ᠃ | | |