ᠠᠨᠾᠥ᠋ᠢ ᠮᠤᠵᠢ ᠶᠢᠨ ᠵᠠᠰᠠᠭ ᠤᠨ ᠣᠷᠳᠣᠨ ᠤ ᠵᠦᠪᠳᠡᠭᠴᠢ ᠶᠢᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠎ ᠬᠢᠨ ᠮᠠᠨ ᠤ ᠣᠷᠣᠨ ᠳᠤ ᠢᠷᠡᠵᠦ ᠪᠠᠶᠢᠴᠠᠭᠠᠨ ᠰᠣᠳᠣᠯᠪᠠ
ᠨᠡᠶᠢᠲᠡᠯᠡᠭᠰᠡᠨ ᠴᠠᠭ᠄
2015/10/20
     10 ᠳ᠋ᠤᠭᠠᠷ ᠰᠠᠷ᠎ᠠ ᠶᠢᠨ 15᠎ ᠤ ᠡᠳᠦᠷ — 10 ᠳ᠋ᠤᠭᠠᠷ ᠰᠠᠷ᠎ᠠ ᠶᠢᠨ 20᠎ ᠤ ᠡᠳᠦᠷ ᠪᠣᠯᠲᠠᠯ᠎ᠠ᠂ ᠠᠨᠾᠥ᠋ᠢ ᠮᠤᠵᠢ ᠶᠢᠨ ᠵᠠᠰᠠᠭ ᠤᠨ ᠣᠷᠳᠣᠨ ᠤ ᠵᠦᠪᠳᠡᠭᠴᠢ ᠶᠢᠨ ᠭᠡᠷ ᠤᠨ ᠳᠡᠳ᠋ ᠡᠷᠬᠢᠯᠡᠭᠴᠢ ᠵᠤ᠋ ᠰᠢᠨ ᠵᠥᠡᠭ ᠠᠨᠾᠥ᠋ᠢ ᠮᠤᠵᠢ ᠶᠢᠨ ᠵᠠᠰᠠᠭ ᠤᠨ ᠣᠷᠳᠣᠨ ᠤ ᠵᠦᠪᠳᠡᠭᠴᠢ ᠶᠢᠨ ᠬᠢᠨ ᠤ 8 ᠬᠥᠮᠦᠨ ᠢ ᠳᠠᠭᠠᠭᠤᠯᠤᠨ᠂ ︽ᠪᠣᠬᠢᠷᠲᠤᠯ ᠦᠭᠡᠢ ᠲᠠᠷᠢᠶᠠᠯᠡᠭ ᠤᠨ ᠬᠥᠭᠵᠢᠯᠲᠡ︾᠎ ᠶᠢᠨ ᠰᠡᠳᠦᠪ ᠢᠶᠠᠷ ᠮᠠᠨ ᠤ ᠣᠷᠣᠨ ᠳᠤ ᠢᠷᠡᠵᠦ ᠪᠠᠶᠢᠴᠠᠭᠠᠨ ᠰᠤᠳᠤᠯᠤᠯᠲᠠ ᠬᠢᠵᠦ ᠰᠢᠨᠵᠢᠯᠡᠨ ᠪᠠᠶᠢᠴᠠᠭᠠᠪᠠ᠃ 10 ᠳ᠋ᠤᠭᠠᠷ ᠰᠠᠷ᠎ᠠ ᠶᠢᠨ 16᠎ ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠭᠡᠷ ︵ᠵᠦᠪᠳᠡᠭᠴᠢ ᠶᠢᠨ ᠭᠡᠷ︶᠎ ᠲᠤ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠣᠷᠣᠨ ᠤ ᠨᠥᠬᠦᠳ ᠲᠠᠢ ᠶᠠᠷᠢᠯᠴᠠᠬᠤ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠤᠳᠤᠯᠬᠤ ᠭᠡᠷ ︵ᠵᠦᠪᠳᠡᠭᠴᠢ ᠶᠢᠨ ᠭᠡᠷ︶᠎ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠨ ᠪᠠᠶᠢᠴᠠᠭᠠᠭᠴᠢ ᠸᠠᠩ ᠬᠠᠢ ᠪᠢᠨ ᠨᠥᠬᠦᠷ ᠶᠠᠷᠢᠯᠴᠠᠬᠤ ᠬᠤᠷᠠᠯ ᠢ ᠡᠷᠬᠢᠯᠡᠵᠦ᠂ ᠰᠤᠳᠤᠯᠬᠤ ᠭᠡᠷ ᠤᠨ ᠲᠠᠷᠢᠶᠠᠯᠠᠩ ᠮᠠᠯ ᠠᠵᠤ ᠠᠬᠤᠶ ᠶᠢᠨ ᠭᠠᠵᠠᠷ ᠤᠨ ᠳᠠᠷᠤᠭ᠎ᠠ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠲᠣᠪᠴᠢᠶ᠎ᠡ ᠶᠢᠨ ᠳᠡᠳ᠋ ᠳᠠᠷᠤᠭ᠎ᠠ᠂ ᠠᠵᠤ ᠦᠢᠯᠡᠰᠵᠢᠭᠦᠯᠦᠯᠲᠡ ᠶᠢᠨ ᠭᠠᠵᠠᠷ᠂ ᠲᠠᠷᠢᠶᠠᠯᠠᠩ ᠤᠨ ᠪᠥᠲᠦᠬᠡᠭᠳᠡᠭᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠬᠢᠨᠠᠨ ᠬᠠᠮᠢᠶᠠᠷᠬᠤ ᠲᠥᠪ ᠵᠡᠷᠭᠡ ᠶᠢᠨ ᠬᠤᠯᠪᠣᠭᠳᠠᠯ ᠪᠦᠬᠦᠢ  ᠨᠥᠬᠦᠳ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠳᠤ ᠮᠠᠨ ᠤ ᠣᠷᠣᠨ ᠤ ᠪᠣᠬᠢᠷᠲᠤᠯ ᠦᠭᠡᠶ ᠲᠠᠷᠢᠶᠠᠯᠠᠩ ᠤᠨ ᠬᠥᠭᠵᠢᠯᠲᠡ ᠶᠢᠨ ᠪᠠᠶᠢᠳᠠᠯ ᠢ ᠨᠠᠷᠢᠨ ᠲᠠᠨᠢᠯᠴᠠᠭᠤᠯᠪᠠ᠃ 10 ᠳ᠋ᠤᠭᠠᠷ ᠰᠠᠷ᠎ᠠ ᠶᠢᠨ 17᠎ ᠤ ᠡᠳᠦᠷ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠯᠥᠨ ᠪᠦᠢᠷ ᠤᠨ ᠲᠠᠷᠢᠶᠠᠯᠠᠬᠤ ᠪᠦᠯᠦᠭᠯᠡᠯ᠂ ᠡᠷᠭᠦᠨ᠎ᠡ ᠬᠤᠲᠠ ᠳᠤ ᠬᠦᠷᠴᠦ ᠪᠠᠶᠢᠴᠭᠠᠨ ᠰᠤᠳᠤᠯᠤᠯᠲᠠ ᠬᠢᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号