ᠥᠪᠥᠷ ᠮᠣᠩᠭᠤᠯ᠄ ᠬᠤᠳᠠᠯᠳᠤᠭᠠᠨ ᠤ ᠴᠢᠨᠠᠷᠲᠠᠢ ᠪᠣᠯᠣᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠡᠷᠭᠢᠯᠡᠬᠦ ᠵᠥᠪᠰᠢᠶᠡᠷᠡᠯ ᠢ ᠬᠦᠴᠦᠨ ᠦᠭᠡᠢ ᠪᠣᠯᠭᠠᠨ᠎ᠠ
ᠨᠡᠶᠢᠲᠡᠯᠡᠭᠰᠡᠨ ᠴᠠᠭ᠄
2015/10/20
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ  ᠣᠶᠢᠷ᠎ᠡ ᠳᠤ ᠪᠡᠶ᠎ᠡ ᠶᠢᠨ ᠲᠠᠮᠢᠷ ᠤᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ ᠪᠡᠶ᠎ᠡ ᠶᠢᠨ ᠲᠠᠮᠢᠷ ᠤᠨ ᠬᠡᠷᠡᠭᠯᠡᠭᠡ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ ᠨᠡᠶᠢᠲᠡᠯᠡᠪᠡ᠃ ᠰᠠᠨᠠᠯ ᠳᠤ᠂ ᠬᠠᠤᠯᠢ ᠴᠠᠭᠠᠵᠠ ᠬᠠᠤᠯᠢ ᠲᠣᠭᠲᠠᠭᠠᠯ ᠳᠤ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠦᠷᠢᠶᠡᠨ ᠳᠤ ᠣᠷᠣᠬᠤ ᠶᠢ ᠲᠣᠲᠣᠷᠬᠠᠢ  ᠴᠠᠭᠠᠵᠠᠯᠠᠭᠰᠠᠨ ᠦᠭᠡᠶ ᠶᠢ ᠨᠢ ᠴᠥᠮ ᠨᠡᠶᠢᠭᠡᠮ ᠨᠡᠶᠢᠲᠡ ᠳᠤ ᠨᠡᠭᠡᠭᠡᠬᠦ ᠬᠡᠷᠡᠭᠲᠡᠢ ᠭᠡᠵᠦ ᠲᠤᠲᠤᠷᠬᠠᠶᠢᠯᠠᠭᠰᠠᠨ ᠪᠠᠶᠢᠨ᠎ᠠ᠃  ᠬᠤᠳᠠᠯᠳᠤᠭᠠᠨ ᠤ ᠴᠢᠨᠠᠷᠲᠠᠢ ᠪᠣᠯᠣᠨ ᠣᠯᠠᠨ ᠲᠦᠮᠡᠨᠴᠢ ᠴᠢᠨᠠᠷᠲᠠᠢ ᠪᠡᠶ᠎ᠡ ᠶᠢᠨ ᠲᠠᠮᠢᠷ ᠤᠨ ᠤᠷᠤᠯᠳᠤᠭᠠᠨ ᠤ ᠠᠵᠢᠯᠯᠠᠭ᠎ᠠ ᠶᠢ ᠬᠢᠨᠠᠨ ᠵᠥᠪᠰᠢᠶᠡᠷᠡᠬᠦ ᠶᠢ ᠬᠦᠴᠦᠨ ᠦᠭᠡᠢ ᠪᠣᠯᠭᠠᠵᠤ᠂ ᠶᠡᠷᠦᠩᠭᠡᠶᠢᠯᠡᠭᠰᠡᠨ ᠴᠢᠨᠠᠷᠲᠠᠢ ᠪᠣᠯᠣᠨ ᠳᠠᠩ ᠭᠠᠭᠴᠠ ᠪᠡᠶ᠎ᠡ ᠶᠢᠨ ᠲᠠᠮᠢᠷ ᠤᠨ ᠤᠷᠤᠯᠳᠤᠭᠠᠨ ᠤ ᠶᠠᠪᠤᠳᠠᠯ ᠤᠨ ᠬᠠᠮᠢᠶᠠᠷᠤᠯᠲᠠ ᠶᠢᠨ ᠳᠦᠷᠢᠮ ᠤᠨ ᠥᠭᠡᠷᠡᠴᠢᠯᠡᠯᠲᠡ ᠶᠢ ᠲᠦᠷᠬᠡᠳᠬᠡᠨ᠂ ᠤᠷᠤᠯᠳᠤᠭᠠᠨ ᠡᠷᠬᠢᠯᠡᠬᠦ ᠭᠠᠷᠴᠠᠭ ᠢ ᠢᠯᠡ ᠪᠣᠯᠭᠠᠵᠤ᠂ ᠵᠠᠬ᠎ᠠ ᠳᠡᠯᠭᠡᠭᠦᠷ ᠤᠨ ᠲᠣᠭᠲᠠᠴᠠ ᠪᠠᠷ ᠳᠠᠮᠵᠢᠭᠤᠯᠤᠨ ᠨᠡᠶᠢᠭᠡᠮ ᠤᠨ ᠬᠦᠷᠦᠩᠭᠡ ᠶᠢ ᠢᠳᠡᠪᠬᠢᠲᠡᠶ ᠣᠷᠣᠭᠤᠯᠤᠨ ᠤᠷᠤᠯᠳᠤᠭᠠᠨ ᠢ ᠳᠠᠭᠠᠭᠠᠨ ᠡᠷᠬᠢᠯᠡᠭᠦᠯᠦᠨ᠎ᠡ᠃      ᠰᠠᠨᠠᠯ ᠳᠤ ᠪᠠᠰᠠ᠂ ᠵᠠᠰᠠᠭ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠰᠠᠯᠭᠠᠬᠤ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠬᠠᠩᠭᠠᠭᠰᠠᠨ ᠤᠯᠠᠨ ᠨᠡᠶᠢᠲᠡ ᠶᠢᠨ ᠦᠢᠯᠡᠴᠢᠯᠡᠭᠡ ᠪᠣᠯᠣᠨ ᠰᠢᠢᠳᠪᠦᠷᠢᠯᠡᠭᠰᠡᠨ  ᠵᠦᠢᠯᠡᠰ ᠢ ᠪᠡᠶ᠎ᠡ ᠶᠢᠨ ᠲᠠᠮᠢᠷ ᠤᠨ ᠨᠡᠶᠢᠭᠡᠮ ᠤᠨ ᠵᠣᠬᠢᠶᠠᠨ ᠪᠠᠶᠢᠭᠤᠯᠤᠯᠳᠠ ᠳᠤ ᠲᠤᠰᠢᠶᠠᠨ ᠡᠭᠦᠷᠭᠡᠯᠡᠭᠦᠯᠦᠨ᠎ᠡ᠃ ᠬᠥᠯ ᠪᠦᠮᠪᠦᠭᠡ ᠶᠢᠨ ᠥᠭᠡᠷᠡᠴᠢᠯᠡᠯᠲᠡ ᠬᠥᠭᠵᠢᠯᠲᠡ ᠪᠠᠷ ᠰᠢᠪᠲᠤᠯᠤᠯᠲᠠ ᠶᠢᠨ ᠴᠢᠭ᠋  ᠪᠣᠯᠭᠠᠨ᠂ ᠲᠤᠰᠬᠠᠢ ᠠᠵᠢᠯ ᠤᠨ ᠪᠡᠶ᠎ᠡ ᠶᠢᠨ ᠲᠠᠮᠢᠷ ᠤᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠨᠥᠬᠦᠴᠡᠯ ᠪᠦᠷᠢᠨ ᠪᠡᠶ᠎ᠡ ᠶᠢᠨ ᠲᠠᠮᠢᠷ ᠤᠨ ᠲᠥᠷᠥᠯ ᠵᠦᠢᠯ ᠢ ᠠᠵᠢᠯ  ᠮᠡᠷᠭᠡᠵᠢᠯᠰᠢᠭᠦᠯᠬᠦ ᠵᠠᠮ ᠢᠶᠠᠷ ᠵᠠᠮᠨᠠᠭᠤᠯᠬᠤ ᠶᠢ ᠰᠣᠳᠤᠯᠵᠤ᠂ ᠰᠤᠷᠭᠠᠭᠴᠢᠳ᠂ ᠲᠠᠮᠢᠷᠴᠢᠳ ᠤᠨ ᠲᠤᠰᠬᠠᠢ ᠠᠵᠢᠯᠰᠢᠨ ᠬᠦᠭᠵᠢᠬᠦ ᠶᠢ ᠳᠡᠮᠵᠢᠨ᠎ᠡ᠃ ᠠᠵᠢᠯ ᠮᠡᠷᠭᠡᠵᠢᠯ ᠤᠨ ᠪᠡᠶ᠎ᠡ ᠶᠢᠨ ᠲᠠᠮᠢᠷ ᠤᠨ ᠲᠥᠷᠥ ᠶᠢᠨ ᠪᠣᠳᠣᠯᠭ᠎ᠠ ᠳᠦᠷᠢᠮ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠲᠤᠰᠬᠠᠢ ᠠᠵᠢᠯ ᠤᠨ ᠪᠡᠶ᠎ᠡ ᠶᠢᠨ ᠲᠠᠮᠢᠷ ᠲᠤ ᠨᠡᠶᠢᠭᠡᠮ ᠤᠨ ᠬᠢᠨ ᠤ ᠣᠷᠣᠯᠴᠠᠬᠤ ᠶᠢ ᠥᠷᠭᠡᠳᠬᠡᠵᠦ᠂ ᠲᠤᠰᠬᠠᠢ ᠠᠵᠢᠯ ᠤᠨ ᠬᠤᠯᠪᠣᠭ᠎ᠠ ᠶᠢ ᠬᠥᠭᠵᠢᠭᠦᠯᠬᠦ ᠶᠢ ᠵᠣᠷᠢᠭᠵᠢᠭᠤᠯᠤᠨ᠂  ᠲᠤᠰᠬᠠᠢ ᠠᠵᠢᠯ ᠤᠨ ᠪᠡᠶ᠎ᠡ ᠶᠢᠨ ᠲᠠᠮᠢᠷ ᠤᠨ ᠪᠣᠯᠪᠠᠰᠤᠷᠠᠩᠭᠤᠢ ᠪᠣᠯᠣᠭᠰᠠᠨ ᠬᠡᠮᠵᠢᠶ᠎ᠡ ᠪᠣᠯᠣᠨ ᠵᠢᠷᠤᠮᠵᠢᠭᠰᠠᠨ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ᠃ ᠪᠡᠶ᠎ᠡ  ᠶᠢᠨ ᠲᠠᠮᠢᠷ ᠤᠨ ᠺᠯᠦ᠋ᠪ ᠤᠨ ᠬᠠᠤᠯᠢ ᠶᠢᠨ ᠡᠷᠬᠡᠲᠡᠨ ᠠᠴᠠ ᠵᠠᠰᠠᠬᠤ ᠪᠦᠲᠦᠴᠡ ᠶᠢ ᠲᠡᠭᠦᠯᠳᠡᠷᠵᠢᠭᠦᠯᠦᠨ᠂ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠎ ᠤᠨ ᠪᠠᠶᠢᠭᠤᠯᠤᠯᠲᠠ ᠶᠢ ᠲᠦᠷᠭᠡᠳᠬᠡᠨ᠎ᠡ᠃  ᠲᠤᠰᠬᠠᠢ ᠠᠵᠢᠯ ᠤᠨ ᠬᠤᠯᠪᠤᠭᠠᠨ ᠤ ᠤᠷᠤᠯᠳᠤᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠣᠭᠲᠠᠴᠠ ᠶᠢ ᠬᠠᠯᠠᠨ ᠰᠠᠶᠢᠵᠢᠷᠠᠭᠤᠯᠵᠤ᠂  ᠵᠠᠬ᠎ᠠ ᠳᠡᠯᠭᠡᠭᠦᠷ ᠲᠠᠬᠢ ᠺᠯᠦ᠋ᠪ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠤᠳᠤ ᠦᠶ᠎ᠡ ᠶᠢᠨ ᠠᠵᠤ ᠠᠬᠤᠶᠢᠯᠠᠯ ᠤᠨ ᠲᠦᠷᠢᠮ ᠤᠨ ᠶᠣᠰᠣᠭᠠᠷ ᠲᠤᠰᠬᠠᠢᠵᠢᠭᠰᠠᠨ ᠡᠵᠡᠩᠨᠡᠯᠲᠡ ᠶᠢᠨ ᠺᠣᠮᠫᠠᠨᠢ ᠪᠠᠶᠢᠭᠤᠯᠵᠤ᠂ ᠲᠤᠰᠬᠠᠢ ᠮᠡᠷᠭᠡᠵᠢᠯ ᠤᠨ ᠪᠡᠶ᠎ᠡ ᠶᠢᠨ ᠲᠠᠮᠢᠷ ᠤᠨ ᠣᠷᠳᠣᠨ ᠡᠵᠡᠩᠨᠡᠬᠦ᠂ ᠬᠠᠮᠢᠶᠠᠷᠬᠤ᠂  ᠬᠠᠮᠠᠭᠠᠯᠠᠵᠤ ᠠᠷᠠᠴᠢᠯᠠᠬᠤ ᠴᠢᠳᠠᠪᠤᠷᠢᠲᠠᠨ ᠢ ᠣᠷᠣᠭᠤᠯᠵᠤ ᠢᠷᠡᠨ᠂ ᠤᠳᠤ ᠪᠠᠶᠢᠭ᠎ᠠ ᠪᠡᠶ᠎ᠡ ᠶᠢᠨ ᠲᠠᠮᠢᠷ ᠤᠨ ᠣᠷᠳᠣᠨ ᠤ ᠡᠵᠡᠩᠨᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠷᠤᠯᠳᠤᠭᠠᠨ ᠤ  ᠶᠠᠪᠤᠳᠠᠯ ᠤᠨ ᠴᠢᠳᠠᠮᠵᠢ ᠶᠢᠨ ᠬᠡᠷᠡᠭᠴᠡᠭᠡ ᠬᠢᠭᠡᠳ ᠤᠷᠤᠯᠳᠤᠭᠠᠨ ᠤ  ᠳᠠᠷᠠᠭ᠎ᠠ ᠶᠡᠷᠦᠩᠬᠡᠶᠢᠯᠡᠨ ᠠᠰᠢᠭᠯᠠᠬᠤ ᠶᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂  ᠲᠠᠯᠠᠪᠤᠷ ᠣᠷᠳᠣᠨ ᠢ ᠵᠢᠷᠤᠵᠤ ᠲᠥᠯᠥᠪᠯᠡᠬᠦ᠂  ᠪᠦᠲᠦᠭᠡᠨ ᠪᠠᠶᠢᠭᠤᠯᠬᠤ᠂  ᠡᠵᠩᠨᠡᠨ ᠬᠠᠮᠢᠶᠠᠷᠬᠤ ᠶᠢ ᠨᠢᠭᠡ ᠴᠤᠭᠴᠠᠵᠢᠭᠤᠯᠬᠤ ᠶᠢ ᠬᠡᠷᠡᠭᠵᠢᠭᠦᠯᠵᠦ᠂ ᠪᠡᠶ᠎ᠡ ᠶᠢᠨ ᠲᠠᠮᠢᠷ ᠤᠨ ᠣᠷᠳᠣᠨ ᠬᠢᠭᠡᠳ ᠪᠡᠶ᠎ᠡ ᠶᠢᠨ ᠲᠠᠮᠢᠷ ᠤᠨ ᠪᠡᠯᠡᠳᠬᠡᠮᠵᠢ ᠶᠢᠨ ᠨᠡᠶᠢᠭᠡᠮ ᠤᠨ  ᠪᠠ ᠠᠵᠤ ᠠᠬᠤᠢ ᠶᠢᠨ ᠦᠷ᠎ᠡ ᠠᠰᠢᠭ ᠶᠢ ᠭᠦᠢᠴᠡᠳ ᠪᠠᠳᠠᠷᠠᠭᠤᠯᠬᠤ ᠶᠢᠨ ᠬᠠᠮᠲᠤ ᠪᠡᠶ᠎ᠡ ᠶᠢᠨ ᠲᠠᠮᠢᠷ ᠤᠨ ᠪᠦᠷᠢᠳᠬᠡᠯ ᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠤᠭ᠎ᠠ ᠪᠦᠷᠢᠳᠬᠡᠯ ᠤᠨ ᠰᠢᠰᠲ᠋ᠧᠮᠵᠢ ᠳᠤ ᠣᠷᠣᠭᠤᠯᠤᠨ᠂ ᠣᠯᠠᠨ ᠲᠦᠮᠡᠨ ᠤ ᠪᠡᠶ᠎ᠡ ᠶᠢᠨ ᠲᠠᠮᠢᠷ᠂  ᠮᠦᠷᠦᠶᠢᠴᠡᠭᠡᠨ ᠤ ᠪᠡᠶ᠎ᠡ ᠶᠢᠨ ᠲᠠᠮᠢᠷ ᠪᠣᠯᠣᠨ ᠪᠡᠶ᠎ᠡ ᠶᠢᠨ ᠲᠠᠮᠢᠷ ᠤᠨ ᠠᠵᠤ ᠦᠢᠯᠡᠰ ᠤᠨ ᠲᠤᠭ᠎ᠠ ᠪᠦᠷᠢᠳᠬᠡᠯ ᠤᠨ ᠰᠢᠨᠵᠢᠯᠡᠬᠦ ᠣᠬᠠᠭᠠᠨᠴᠢᠯᠠᠬᠤ᠂ ᠲᠦᠷᠢᠮᠵᠢᠭᠦᠯᠬᠦ ᠶᠢ ᠪᠡᠶᠡᠯᠡᠭᠦᠯᠦᠨ᠎ᠡ ᠭᠡᠵᠦ ᠲᠤᠲᠤᠷᠬᠠᠶᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号