ᠥᠪᠥᠷ ᠮᠣᠩᠭᠤᠯ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠪᠠ ᠠᠵᠢᠯ ᠤᠯᠬᠤ ᠳᠤ ᠲᠤᠰᠠᠯᠠᠮᠵᠢ ᠦᠵᠡᠭᠦᠯᠬᠦ ᠶᠢᠨ ᠵᠤᠯᠭᠠᠭᠤᠯᠤᠯᠲᠠ ᠶᠢ ᠴᠢᠩᠭᠠᠳᠬᠠᠵᠤ ᠠᠵᠢᠯ ᠤᠯᠬᠤ ᠳᠤ ᠬᠦᠴᠢᠷᠲᠡᠶ ᠬᠥᠮᠦᠰ ᠤᠨ ᠠᠵᠢᠯ ᠤᠯᠵᠤ ᠠᠳᠠᠯ ᠦᠢᠯᠡᠰ ᠴᠤᠭᠴᠠᠯᠠᠬᠤ ᠶᠢ ᠵᠤᠷᠢᠭᠵᠢᠭᠤᠯᠤᠨ ᠲᠡᠮᠵᠢᠵᠤ ᠪᠤᠢ
ᠨᠡᠶᠢᠲᠡᠯᠡᠭᠰᠡᠨ ᠴᠠᠭ᠄
2015/10/20
     ᠤᠶᠢᠷ᠎ᠠ ᠳᠤ᠂ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ︽ᠰᠢᠨ᠎ᠡ ᠪᠠᠶᠢᠳᠠᠯ ᠤᠨ ᠳᠤᠤᠷ᠎ᠠ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾᠎ ᠢ ᠪᠠᠭᠤᠯᠭᠠᠵᠤ᠂ ᠠᠵᠢᠯ ᠤᠯᠬᠤ ᠳᠤ ᠬᠦᠴᠢᠷᠲᠡᠶ ᠬᠥᠮᠦᠰ ᠢ ᠦᠨᠡᠮᠰᠢᠬᠦ ᠬᠡᠪᠴᠢᠶ᠎ᠡ ᠶᠢ ᠲᠤᠬᠢᠷᠠᠭᠤᠯᠤᠨ᠂ ᠵᠠᠬ᠎ᠠ ᠳᠡᠯᠭᠡᠭᠦᠷ ᠤᠨ ᠠᠷᠭ᠎ᠠ ᠵᠠᠮ ᠪᠤᠯᠤᠨ ᠨᠡᠶᠢᠳᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠲᠤᠬᠢᠷᠠᠭᠤᠯᠬᠤ ᠪᠠᠷ  ᠳᠠᠮᠵᠢᠭᠤᠯᠤᠨ ᠬᠠᠪᠰᠤᠷᠴᠤ ᠪᠠᠶᠢᠭᠠᠳ ᠠᠵᠢᠯ ᠤᠯᠬᠤ ᠶᠢ ᠨᠢ ᠪᠡᠶᠡᠯᠡᠭᠦᠯᠵᠤ᠂ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠤᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠪᠠᠷ ︽ᠢᠳᠡᠭ ᠢᠳᠡᠭ ᠢᠶᠠᠷ ᠬᠠᠪᠰᠤᠷᠤᠨ ᠲᠡᠳᠬᠦᠬᠦ︾ ᠠᠮᠢᠳᠤᠷᠠᠯ ᠤᠨ ᠪᠠᠲᠤᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ  ᠂ ᠬᠦᠴᠢᠷᠳᠡᠯᠲᠠᠢ ᠬᠦᠮᠦᠰ ᠤᠨ ᠠᠵᠢᠯ ᠤᠯᠬᠤ ᠳᠤᠨᠢ ᠲᠤᠰᠠᠯᠠᠮᠵᠢ ᠦᠵᠡᠭᠦᠯᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠨᠡᠶᠢᠭᠡᠮ ᠤᠨ ᠳᠠᠩᠭᠡᠷᠡᠭᠦᠯᠦᠨ  ᠲᠤᠰᠠᠯᠠᠬᠤ ᠶᠢ ᠠᠵᠢᠯ ᠤᠯᠵᠤ ᠠᠳᠠᠯ ᠦᠢᠯᠡᠰ ᠴᠣᠭᠴᠠᠯᠠᠬᠤ ᠠᠵᠢᠯ ᠯᠤᠭ᠎ᠠ ᠪᠦᠲᠦᠮᠵᠢᠲᠡᠢ ᠵᠤᠯᠭᠠᠭᠤᠯᠬᠤ ᠶᠢ ᠴᠢᠩᠭᠠᠳᠬᠠᠪᠠ᠃      ᠪᠢᠴᠢᠭ ᠮᠠᠲ᠋ᠧᠷᠢᠶᠠᠯ ᠳᠤ ᠬᠦᠴᠢᠷᠳᠡᠯ ᠲᠠᠢ ᠬᠥᠮᠦᠰ ᠤᠨ ᠠᠵᠢᠯ ᠤᠯᠬᠤ ᠳᠤᠨᠢ ᠲᠤᠰᠠᠯᠠᠮᠵᠢ ᠦᠵᠡᠬᠦᠯᠬᠦ ᠶᠢ ᠴᠢᠩᠭᠠᠳᠬᠠᠨ᠂ ᠰᠤᠷᠭᠠᠭᠤᠯᠢ ᠲᠡᠭᠦᠰᠦᠭᠡᠳ 3 ᠵᠢᠯ ᠠᠴᠠ ᠳᠡᠭᠡᠭᠰᠢ ᠪᠤᠯᠤᠭᠰᠠᠨ ᠪᠠᠶᠢᠳᠠᠯ᠎ᠠ ᠮᠦᠨᠬᠦ ᠠᠵᠢᠯ ᠤᠯᠤᠭᠠᠳᠤᠢ ᠮᠤᠩᠭᠤᠯ ᠢᠶᠠᠷ ᠰᠤᠷᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠪᠤᠯᠤᠨ ᠶᠠᠳᠠᠭᠤ ᠬᠦᠴᠢᠷᠳᠡᠯᠲᠡᠢ ᠭᠡᠷ ᠪᠦᠯᠢ ᠶᠢᠨ ᠳᠡᠭᠡᠳᠦ ᠰᠤᠷᠭᠠᠭᠤᠯᠢ ᠲᠡᠭᠦᠰᠦᠭᠰᠡᠳ ᠢ ᠠᠵᠢᠯ ᠤᠯᠬᠤ ᠳᠤ ᠬᠦᠴᠢᠷᠲᠡᠢ ᠬᠥᠮᠦᠰ ᠤᠨ ᠬᠡᠪᠴᠢᠶᠡᠨ ᠳᠤ ᠤᠷᠤᠭᠤᠯᠵᠤ᠂ ᠪᠤᠳᠠᠲᠠᠢ ᠨᠡᠷ᠎ᠡ ᠶᠢᠨ ᠳᠦᠷᠢᠮᠲᠦ ᠬᠥᠳᠡᠯᠦᠩᠭᠦᠶ ᠬᠠᠮᠢᠶᠠᠷᠤᠯᠲᠠ ᠪᠠ ᠲᠦᠷᠦᠯ ᠬᠤᠪᠢᠶᠠᠨ ᠬᠠᠪᠰᠤᠷᠤᠨ ᠲᠡᠳᠬᠦᠬᠦ ᠶᠢ ᠬᠡᠷᠡᠭᠵᠢᠬᠦᠯᠦᠨ᠎ᠡ᠃ ᠨᠢᠭᠡ ᠲᠠᠯ᠎ᠠ ᠪᠠᠷ᠂  ᠵᠠᠬ᠎ᠠ ᠳᠡᠯᠭᠡᠭᠦᠷ ᠤᠨ ᠠᠷᠭ᠎ᠠ ᠵᠠᠮ ᠢᠶᠠᠷ ᠳᠠᠮᠵᠢᠭᠤᠯᠤᠨ᠂ ᠬᠥᠮᠦᠨ ᠬᠡᠷᠡᠭᠯᠡᠬᠦ ᠨᠢᠭᠡᠴᠡ ᠶᠢᠨ ᠠᠵᠢᠯ ᠤᠯᠬᠤ ᠳᠤ ᠬᠦᠴᠢᠷᠲᠡᠢ ᠬᠥᠮᠦᠰ ᠢ ᠡᠯᠰᠡᠨ ᠬᠡᠷᠡᠭᠯᠡᠵᠦ᠂ ᠬᠥᠳᠡᠯᠮᠦᠷᠢ ᠶᠢᠨ ᠭᠡᠷ᠎ᠡ ᠲᠤᠭᠲᠠᠭᠰᠠᠨ ᠤ ᠬᠠᠮᠲᠤ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠳᠤᠨᠢ᠂ ᠵᠣᠬᠢᠬᠤ ᠬᠤᠭᠤᠴᠠᠭᠠᠨ ᠳᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠤᠯᠭᠤᠨ᠎ᠠ᠃ ᠠᠵᠢᠯ ᠤᠯᠬᠤ ᠳᠤ ᠬᠦᠴᠢᠷᠲᠡᠶ ᠬᠥᠮᠦᠰ ᠠᠮᠢᠳᠤᠯᠢᠭ ᠢᠶᠠᠷ ᠠᠵᠢᠯ ᠤᠯᠤᠭᠰᠠᠨ ᠪᠠ ᠨᠡᠶᠢᠭᠡᠮ ᠤᠨ ᠳᠠᠭᠠᠳᠬᠠᠯ ᠤᠨ ᠰᠦᠢᠳᠭᠡᠯ ᠲᠤᠰᠢᠶᠠᠭᠰᠠᠨ ᠳᠤᠨᠢ᠂ ᠵᠣᠬᠢᠬᠤ ᠬᠠᠷᠢᠴᠠᠯ ᠪᠦᠬᠦᠢ ᠨᠡᠶᠢᠭᠡᠮ ᠤᠨ ᠳᠠᠭᠠᠳᠬᠠᠯ ᠤᠨ ᠨᠥᠬᠦᠪᠥᠷᠢ ᠤᠯᠭᠤᠨ᠎ᠠ᠃ ᠨᠦᠬᠦᠬᠡ ᠲᠠᠯ᠎ᠠ ᠪᠠᠷ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠰᠠᠭᠤᠷᠢᠯᠠᠭᠤᠯᠤᠨ ᠲᠦᠪᠬᠢᠨᠡᠬᠦᠯᠬᠦ ᠶᠢᠨ ᠬᠠᠮᠲᠤ ᠨᠡᠶᠢᠭᠡᠮ ᠤᠨ ᠳᠠᠭᠠᠳᠬᠠᠯ ᠤᠨ ᠨᠥᠬᠦᠪᠥᠷᠢ ᠵᠢᠴᠢ ᠵᠣᠬᠢᠬᠤ ᠠᠵᠢᠯ ᠤᠨ ᠪᠠᠶᠢᠷᠢ ᠶᠢᠨ ᠨᠥᠬᠦᠪᠥᠷᠢ ᠤᠯᠭᠤᠵᠤ᠂ ᠠᠵᠢᠯ ᠣᠯᠤᠭᠰᠠᠨ ᠦᠭᠡᠢ ᠭᠡᠷ ᠪᠦᠯᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠤ ᠪᠠᠶᠢᠭ᠎ᠠ ᠭᠡᠷ ᠪᠦᠯᠢ ᠵᠡᠷᠭᠡ ᠬᠦᠴᠢᠷᠳᠡᠯᠲᠡᠢ ᠭᠡᠷ ᠪᠦᠯᠢ ᠳᠤ ᠠᠳᠠᠭ ᠲᠠᠭᠠᠨ ᠨᠢᠭᠡ ᠬᠥᠮᠦᠨ ᠳᠤᠨᠢ ᠠᠵᠢᠯ ᠤᠯᠭᠤᠬᠤ ᠶᠢ ᠦᠨᠡᠨ ᠬᠦ ᠪᠠᠲᠤᠯᠠᠨ᠎ᠠ᠃ ᠡᠭᠦᠨ ᠤ ᠵᠡᠷᠭᠡᠴᠡᠪᠡᠷ᠂ ᠮᠠᠯᠵᠢᠬᠤ ᠲᠠᠷᠢᠶᠠᠯᠠᠬᠤ ᠣᠷᠣᠨ ᠤ ᠬᠥᠳᠡᠯᠮᠦᠷᠢ ᠬᠦᠴᠦᠨ ᠢ ᠰᠢᠯᠵᠢᠭᠦᠯᠦᠨ ᠠᠵᠢᠯ ᠣᠯᠭᠤᠬᠤ ᠦᠢᠯᠡᠴᠢᠯᠡᠭᠡ ᠶᠢ ᠴᠢᠩᠭᠠᠷᠠᠭᠤᠯᠤᠨ᠂ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠲᠤ ᠬᠠᠨᠳᠤᠭᠤᠯᠤᠭᠰᠠᠨ ᠦᠢᠯᠡᠴᠢᠯᠡᠭᠡᠨ ᠤ ᠲᠠᠪᠴᠠᠩ ᠪᠠᠶᠢᠭᠤᠯᠵᠤ᠂ ᠭᠠᠳᠠᠨ᠎ᠠ ᠠᠴᠠ ᠢᠷᠡᠵᠦ ᠬᠦᠴᠦ ᠶᠠᠪᠤᠭᠰᠠᠳ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠡᠷ ᠪᠠᠶᠢᠰᠢᠩ ᠬᠤᠳᠠᠯᠳᠤᠨ ᠠᠪᠴᠤ ᠡᠷᠦᠭᠡ ᠠᠮᠠ ᠤᠷᠤᠬᠤ ᠵᠡᠷᠭᠡ ᠶᠢ ᠦᠢᠯᠡᠴᠢᠯᠡᠭᠡᠨ ᠤ ᠬᠡᠪᠴᠢᠶᠡᠨ ᠳᠤ ᠤᠷᠤᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠵᠡᠷᠭᠡ ᠨᠡᠶᠢᠭᠡᠮ ᠤᠨ ᠲᠡᠩᠭᠡᠷᠡᠭᠦᠯᠦᠨ ᠲᠤᠰᠠᠯᠠᠬᠤ ᠳᠦᠷᠢᠮ ᠢ ᠠᠵᠢᠯ ᠤᠯᠬᠤ ᠳᠤ ᠲᠤᠰᠠᠯᠠᠮᠵᠢ ᠦᠵᠡᠬᠦᠯᠬᠦ ᠯᠦᠭᠡ ᠵᠤᠯᠭᠠᠯᠳᠤᠭᠤᠯᠬᠤ ᠶᠢ ᠴᠢᠩᠭᠠᠳᠬᠠᠨ᠂ ᠠᠵᠢᠯ ᠤᠯᠬᠤ ᠪᠠᠨ ᠪᠡᠶᠡᠯᠡᠭᠦᠯᠦᠭᠰᠡᠨ ᠪᠤᠶᠤ ᠪᠡᠶ᠎ᠡ ᠪᠠᠨ ᠳᠠᠭᠠᠭᠠᠵᠤ ᠠᠳᠠᠯ ᠦᠢᠯᠡᠰ ᠴᠤᠭᠴᠠᠯᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠲᠤ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ ᠠᠴᠠ ᠦᠨᠳᠦᠷ ᠪᠤᠶᠤ ᠳᠤᠤᠷ᠎ᠠ ᠪᠠᠶᠢᠭ᠎ᠠ ᠬᠡᠰᠡᠨ ᠦᠬᠡᠢ᠂ ᠴᠥᠮ ᠤᠤᠯ ᠤᠨ ᠬᠦᠷᠲᠡᠵᠤ ᠪᠠᠶᠢᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠣᠭᠤᠰ ᠤᠨ ᠲᠤᠭ᠎ᠠ ᠶᠣᠰᠣᠭᠠᠷ 3 ᠰᠠᠷ᠎ᠠ ᠶᠢᠨ ︽ᠢᠳᠡᠭ ᠢᠳᠡᠭ ᠢᠶᠠᠷ ᠬᠠᠪᠰᠤᠷᠤᠨ ᠲᠡᠳᠬᠦᠬᠦ︾ ᠠᠮᠢᠳᠤᠷᠠᠯ ᠤᠨ ᠪᠠᠲᠤᠯᠠᠭ᠎ᠠ ᠤᠯᠭᠤᠬᠤ ᠮᠦᠷᠲᠡᠭᠡᠨ ᠪᠤᠰᠤᠳ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠤᠯᠭᠤᠮᠵᠢ ᠶᠢ ᠨᠢ ᠬᠤᠪᠢᠷᠠᠭᠤᠯᠬᠤ ᠦᠭᠡᠢ᠂ ᠭᠡᠷ ᠪᠦᠯᠢ ᠶᠢᠨ ᠣᠷᠣᠯᠭ᠎ᠠ ᠶᠢ ᠨᠢ ᠲᠣᠭᠠᠴᠠᠭ᠎ᠠ ᠬᠢᠬᠦ ᠳᠡᠭᠡᠨ᠂ ᠠᠵᠢᠯ ᠤᠯᠤᠭᠰᠠᠨ ᠴᠢᠬᠤᠯᠠ ᠪᠦᠬᠦᠢ ᠥᠪᠡᠷ ᠤᠨ ᠥᠷᠲᠡᠭ ᠢ ᠨᠢ ᠬᠠᠰᠤᠵᠤ᠂ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠲᠤ ᠠᠵᠢᠯ ᠤᠯᠵᠤ ᠠᠳᠠᠯ ᠦᠢᠯᠡᠰ ᠴᠤᠭᠴᠠᠯᠠᠬᠤ ᠬᠤᠶᠢᠰᠢᠳᠠ ᠶᠢᠨ ᠵᠤᠪᠠᠨᠢᠯ ᠢ ᠠᠷᠢᠯᠭᠠᠨ᠎ᠠ ᠬᠡᠵᠤ ᠲᠤᠭᠲᠠᠭᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号