ᠰᠣᠷᠪᠤᠯᠵᠢᠯᠠᠭᠰᠨ ᠴᠠᠭ᠄ | 2015 ᠣᠨ ᠤ 9 ᠳ᠋ᠦ᠋ᠭᠡᠷ ᠰᠠᠷ᠎ᠠ ᠶᠢᠨ 28 ᠤ ᠡᠳᠦᠷ | ᠰᠣᠷᠪᠤᠯᠵᠢᠯᠠᠭᠰᠠᠨ ᠵᠣᠴᠢᠨ᠄ | ᠦᠪᠡᠷᠳᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠤᠨ ᠳᠡᠳ᠋ ᠡᠷᠬᠢᠯᠡᠭᠴᠢ | | ᠺᠧ ᠶᠦᠩ ᠭᠦᠸᠧ | | | ᠰᠣᠷᠪᠤᠯᠵᠢᠯᠡᠨ ᠶᠠᠷᠢᠯᠴᠠᠭᠰᠠᠨ ᠲᠣᠪᠴᠢ᠄ | 2015 ᠣᠨ 6 ᠳ᠋ᠤᠭᠠᠷ ᠰᠠᠷ᠎ᠠ ᠳᠤ ᠲᠦᠷᠥ ᠶᠢᠨ ᠶᠠᠪᠤᠳᠠᠯ ᠤᠨ ᠬᠤᠷᠢᠶ᠎ᠠ ᠠᠴᠠ ︽ᠲᠦᠮᠡᠨ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ | ᠠᠬᠢᠭᠤᠯᠬᠤ ᠲᠦᠷᠥ ᠶᠢᠨ ᠪᠣᠳᠣᠯᠭ᠎ᠠ ᠲᠣᠭᠲᠠᠭᠠᠯ ᠤᠳ ᠤᠨ ᠲᠤᠬᠠᠢ ᠰᠠᠨᠠᠯ︾ ︵ᠲᠦᠷᠥ ᠲᠠᠷᠬᠠᠭᠠᠭᠰᠠᠨ ﹇2015﹈ | 32 ᠳ᠋ᠤᠭᠠᠷ ᠲᠤᠭᠠᠲᠤ︶ ᠢ ᠳᠠᠷᠤᠮᠠᠯᠯᠠᠨ ᠲᠠᠷᠬᠠᠭᠠᠪᠠ᠂ ᠲᠦᠷᠥ ᠶᠢᠨ ᠶᠠᠪᠤᠳᠠᠯ ᠤᠨ ᠬᠤᠷᠢᠶ᠎ᠠ ᠶᠢᠨ 32 ᠳ᠋ᠤᠭᠠᠷ | ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ︽ᠲᠦᠮᠡᠨ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠶᠡᠬᠡᠪᠡᠷ | ᠠᠬᠢᠭᠤᠯᠬᠤ ᠲᠦᠷᠥ ᠶᠢᠨ ᠪᠣᠳᠣᠯᠭ᠎ᠠ ᠶᠢᠨ ᠲᠣᠭᠲᠠᠭᠠᠯ ᠤᠳ ᠤᠨ ᠲᠤᠬᠠᠢ ᠪᠣᠳᠠᠲᠠᠢ ᠬᠡᠷᠡᠭᠵᠢᠭᠦᠯᠬᠦ ᠰᠠᠨᠠᠯ︾ ᠢ | ᠰᠣᠳᠣᠯᠠᠨ ᠲᠣᠭᠲᠠᠭᠠᠪᠠ᠂ ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ | ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠭᠰᠠᠨ ᠪᠠᠶᠢᠳᠠᠯ ᠶᠢ ᠨᠠᠷᠢᠨ ᠣᠶᠢᠯᠠᠭᠠᠬᠤ | ᠶᠢᠨ ᠲᠣᠰᠠᠲᠠ᠂ ᠦᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠳᠡ ᠦᠭᠡᠷᠡᠴᠢᠯᠡᠯᠲᠡ ᠶᠢᠨ ᠵᠦᠪᠯᠡᠯ ᠤᠨ ᠳᠡᠳ᠋ | ᠡᠷᠬᠢᠯᠡᠭᠴᠢ ᠺᠧ ᠶᠦᠩ ᠭᠦᠸᠧ ᠢ ᠤᠷᠢᠵᠤ ᠰᠣᠷᠪᠤᠯᠵᠢᠯᠡᠨ ᠶᠠᠷᠢᠯᠴᠠᠪᠠ᠃ | | ᠰᠣᠷᠪᠤᠯᠵᠢᠯᠡᠨ ᠶᠠᠷᠢᠯᠴᠠᠭᠰᠠᠨ ᠪᠣᠳᠠᠳᠤ ᠲᠡᠮᠳᠡᠭᠯᠡᠯ | | ᠬᠦᠳᠦᠯᠦᠭᠴᠢ᠄ | ᠦᠪᠡᠷᠲᠡᠭᠡᠨ ᠵᠠᠰᠠᠬᠤ ᠣᠷᠣᠨ ᠤ ᠰᠣᠳᠣᠯᠠᠨ ᠲᠣᠭᠲᠠᠭᠠᠭᠰᠠᠨ ︽ᠬᠡᠷᠡᠭᠵᠢᠭᠦᠯᠬᠦ ᠰᠠᠨᠠᠯ︾ ᠳᠤ ᠭᠤᠤᠯᠳᠠᠭᠤ | ᠠᠯᠢ ᠬᠡᠳᠦᠨ ᠲᠠᠯ᠎ᠠ ᠶᠢᠨ ᠠᠭᠤᠯᠭ᠎ᠠ ᠪᠠᠭᠲᠠᠵᠤ ᠪᠠᠶᠢᠬᠤ ᠪᠤᠢ︖ | ᠺᠧ ᠡᠷᠬᠢᠯᠡᠭᠴᠢ᠄ | ᠲᠦᠷᠥ ᠶᠢᠨ ᠶᠠᠪᠤᠳᠠᠯ ᠤᠨ ᠬᠤᠷᠢᠶ᠎ᠠ ᠶᠢᠨ 32 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠳᠤ ᠭᠤᠣᠯᠳᠠᠭᠤ 9 | ᠲᠠᠯ᠎ᠠ 30 ᠵᠣᠷᠪᠤᠰ 96 ᠵᠦᠢᠯ ᠤᠨ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠠᠭᠲᠠᠭᠠᠭᠰᠠᠨ ᠪᠠᠶᠢᠨ᠎ᠠ᠂ | ᠲᠦᠷᠥ ᠶᠢᠨ ᠶᠠᠪᠤᠳᠠᠯ ᠤᠨ ᠬᠤᠷᠢᠶ᠎ᠠ ᠶᠢᠨ ᠪᠢᠴᠢᠭ ᠮᠠᠲ᠋ᠧᠷᠢᠶᠠᠯ ᠳᠤ ᠬᠢᠨᠠᠮᠠᠭᠠᠢ ᠵᠤᠬᠢᠴᠠᠭᠤᠯᠣᠨ ᠲᠢᠭᠯᠡᠯᠲᠡ ᠬᠢᠭᠰᠡᠨ | ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠬᠤ ᠶᠠᠪᠣᠴᠠ ᠳᠤ ᠪᠠᠴᠢᠮ ᠰᠢᠪᠲᠤᠯᠬᠤ ᠬᠡᠷᠡᠭᠲᠡᠢ | ᠪᠠᠶᠢᠭᠤᠯᠤᠯ ᠲᠣᠭᠲᠠᠴᠠ ᠶᠢᠨ ᠪᠣᠭᠤᠮᠢ ᠪᠠ ᠲᠦᠷᠥ ᠶᠢᠨ ᠪᠣᠳᠣᠯᠭ᠎ᠠ ᠶᠢᠨ ᠣᠷᠴᠢᠨ ᠠᠬᠤᠢ ᠶᠢᠨ ᠬᠠᠷᠰᠢ ᠰᠠᠭᠠᠳ ᠲᠤ | ᠴᠢᠭᠯᠡᠭᠦᠯᠦᠨ᠂ ︽ᠬᠡᠷᠡᠭᠵᠢᠭᠦᠯᠬᠦ ᠰᠠᠨᠠᠯ︾ ᠨᠢ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ᠂ ᠡᠳ᠋ ᠤᠨ | ᠵᠠᠰᠠᠭ ᠭᠠᠶᠢᠯᠢ ᠮᠥᠩᠭᠦᠨ ᠭᠦᠢᠯᠭᠡᠭᠡᠨ ᠢᠶᠠᠷ ᠲᠡᠳᠭᠦᠬᠦ ᠡᠷᠴᠢᠮ ᠢ ᠨᠡᠮᠡᠭᠳᠡᠭᠦᠯᠬᠦ᠂ ᠠᠳᠠᠯ ᠦᠢᠯᠡᠰ ᠴᠣᠭᠴᠠᠯᠠᠬᠤ | ᠪᠡᠯᠡ ᠣᠷᠤᠭᠤᠯᠤᠯᠲᠠ ᠶᠢ ᠪᠣᠶᠢᠵᠢᠭᠤᠯᠤᠨ ᠬᠦᠭᠵᠢᠭᠦᠯᠬᠦ᠂ ᠠᠳᠠᠯ ᠦᠢᠯᠡᠰ ᠴᠤᠭᠴᠠᠯᠠᠬᠤ ᠦᠢᠯᠡᠴᠢᠯᠡᠭᠡᠨ ᠢ | ᠬᠦᠭᠵᠢᠭᠦᠯᠬᠦ᠂ ᠡᠭᠦᠳᠦᠨ ᠪᠦᠳᠦᠭᠡᠬᠦ ᠠᠮᠢᠵᠢᠷᠠᠯ ᠤᠨ ᠬᠦᠴᠦᠨ ᠢ ᠬᠦᠭᠵᠢᠭᠡᠬᠦ᠂ ᠨᠢᠭᠡᠳᠦᠯᠲᠡᠢ ᠲᠦᠯᠦᠪᠯᠡᠨ | ᠵᠣᠬᠢᠴᠠᠭᠤᠯᠬᠤ ᠶᠢ ᠴᠢᠩᠭᠠᠳᠬᠠᠬᠤ ᠵᠡᠷᠭᠡ 6 ᠲᠠᠯ᠎ᠠ ᠠᠴᠠ ᠭᠤᠤᠯᠳᠠᠯᠭ᠎ᠠ ᠲᠠᠢ ᠰᠣᠳᠣᠯᠣᠨ 21 ᠵᠤᠷᠪᠣᠰ᠂ 71 | ᠵᠦᠢᠯ ᠤᠨ ᠪᠣᠳᠠᠲᠠᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠷᠠᠳᠴᠠᠢ᠃ | ᠬᠦᠳᠦᠯᠦᠭᠴᠢ᠄ | ︽ᠬᠡᠷᠡᠭᠵᠢᠭᠦᠯᠬᠦ ᠰᠠᠨᠠᠯ︾ ᠨᠢ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠴᠦ᠂ ᠠᠳᠠᠯ ᠦᠢᠯᠡᠰ | ᠴᠣᠭᠴᠠᠯᠠᠵᠤ ᠰᠢᠨ᠎ᠡ ᠶᠢ ᠡᠭᠦᠳᠬᠦ ᠶᠢ ᠪᠡᠶᠡᠯᠡᠭᠦᠯᠬᠦ ᠳᠤ ᠳᠦᠭᠦᠮ ᠦᠵᠡᠭᠦᠯᠬᠦ ᠲᠠᠯ᠎ᠠ ᠪᠠᠷ ᠠᠯᠢ ᠠᠯᠢ ᠪᠣᠳᠠᠲᠠᠢ | ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠷᠠᠳᠤᠭᠰᠠᠨ ᠪᠤᠢ︖ | ᠺᠧ ᠡᠷᠬᠢᠯᠡᠭᠴᠢ᠄ | ᠪᠠᠶᠢᠭᠤᠯᠤᠯ ᠲᠣᠭᠲᠠᠴᠠ ᠶᠢᠨ ᠢᠯᠭᠤᠮ ᠪᠣᠰᠤ ᠨᠢ ᠮᠠᠨ ᠤ ᠣᠷᠣᠨ ᠤ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠶᠢᠨ ᠪᠣᠭᠤᠮᠢ ᠪᠣᠯᠣᠨ᠎ᠠ᠂ ︽ᠬᠡᠷᠡᠭᠵᠢᠭᠦᠯᠬᠦ ᠰᠠᠨᠠᠯ︾ ᠨᠢ ᠵᠠᠰᠠᠭ ᠤᠨ ᠣᠷᠳᠤᠨ ᠬᠢᠭᠡᠳ ᠵᠠᠬ᠎ᠠ | ᠳᠡᠯᠭᠡᠭᠦᠷ ᠤᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠬᠦ ᠶᠠᠪᠣᠳᠠᠯ ᠠᠴᠠ ᠭᠠᠷᠳᠠᠵᠤ᠂ ᠭᠤᠤᠯᠴᠢ ᠪᠠᠷ ᠦᠷᠢᠰᠤᠯᠳᠡᠬᠦ | ᠵᠠᠬ᠎ᠠ ᠳᠡᠯᠭᠡᠭᠦᠷ ᠤᠨ ᠣᠷᠴᠢᠨ ᠠᠬᠤᠢ ᠶᠢ ᠳᠡᠭᠦᠯᠳᠡᠷᠵᠢᠭᠦᠯᠬᠦ᠂ ᠬᠤᠳᠠᠯᠳᠤᠭᠠᠨ ᠤ ᠶᠠᠪᠤᠳᠠᠯ ᠤᠨ ᠳᠦᠷᠢᠮ ᠤᠨ | ᠦᠭᠡᠷᠡᠴᠢᠯᠡᠯᠲᠡ ᠶᠢ ᠲᠦᠷᠭᠡᠳᠭᠡᠨ ᠠᠬᠢᠭᠤᠯᠬᠤ ᠵᠡᠷᠭᠡ ᠲᠠᠯ᠎ᠠ ᠪᠠᠷ ᠬᠦᠴᠦᠯᠡᠨ ᠠᠯᠢ ᠤᠯᠠᠨ ᠲᠦᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠳᠣᠷᠠᠳᠣᠭᠰᠠᠨ ᠪᠠᠶᠢᠨ᠎ᠠ᠃ ᠵᠢᠱᠢᠶᠡᠯᠡᠪᠡᠯ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠲᠠᠯ᠎ᠠ ᠪᠠᠷ ᠠᠵᠤ ᠠᠬᠤᠶᠢᠯᠠᠯ ᠤᠨ ᠪᠡᠯᠡ | ᠣᠷᠣᠭᠤᠯᠤᠯᠲᠠ ᠶᠢᠨ ᠲᠦᠷᠦᠯ ᠵᠦᠢᠯ ᠤᠨ ᠰᠦᠯᠵᠢᠶᠡᠨ ᠲᠡᠭᠡᠷ᠎ᠡ ᠵᠡᠷᠭᠡᠴᠡᠭᠦᠯᠦᠨ ᠬᠤᠯᠪᠤᠵᠤ ᠬᠢᠨᠠᠨ ᠵᠦᠪᠰᠢᠶᠡᠷᠡᠬᠦ | ᠳᠦᠷᠢᠮ ᠢ ᠲᠦᠷᠭᠡᠳᠭᠡᠨ ᠠᠬᠢᠭᠤᠯᠬᠤ᠂ ᠪᠡᠯᠡ ᠣᠷᠤᠭᠤᠯᠤᠯᠲᠠ ᠶᠢᠨ ᠲᠦᠷᠥᠯ ᠵᠦᠢᠯ ᠤᠨ ᠰᠦᠯᠵᠢᠶᠡᠨ ᠲᠡᠭᠡᠷ᠎ᠡ | ᠬᠢᠨᠠᠨ ᠵᠦᠪᠰᠢᠶᠡᠷᠡᠵᠦ ᠬᠢᠨᠠᠨ ᠬᠠᠮᠢᠶᠠᠷᠬᠤ ᠲᠠᠪᠴᠠᠩ ᠪᠠᠶᠢᠭᠤᠯᠬᠤ ᠶᠢ ᠳᠣᠷᠠᠳᠴᠤ︔ ᠬᠤᠳᠠᠯᠳᠤᠭᠠᠨ ᠤ | ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢᠨ ᠲᠠᠯ᠎ᠠ ᠪᠠᠷ ︽ᠭᠤᠷᠪᠠᠨ ᠦᠨᠡᠮᠯᠡᠯ ᠢ ᠨᠢᠭᠡᠳᠭᠡᠬᠦ︾ ᠪᠠ ︽ᠨᠢᠭᠡ | ᠦᠨᠡᠮᠯᠡᠯ ᠨᠢᠭᠡ ᠳᠡᠮᠳᠡᠭ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠵᠤ ᠠᠬᠤᠶᠢᠯᠠᠯ ᠪᠠᠶᠢᠭᠤᠯᠬᠤ᠂ ᠬᠤᠪᠢᠷᠠᠭᠠᠬᠤ᠂ | ᠬᠦᠴᠦᠨ ᠦᠭᠡᠢ ᠪᠣᠯᠭᠠᠬᠤ ᠵᠡᠷᠭᠡ ᠳᠡᠮᠳᠡᠭᠯᠡᠬᠦ ᠲᠤᠬᠠᠶᠢᠯᠠᠭᠰᠠᠨ ᠠᠵᠢᠯ ᠤᠨ ᠪᠦᠬᠦ ᠶᠠᠪᠤᠴᠠ ᠶᠢᠨ | ᠡᠯᠧᠺᠲᠷᠥᠨᠴᠢᠯᠡᠭᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ︽ᠭᠤᠷᠪᠠᠨ ᠦᠨᠡᠮᠯᠡᠯ ᠢ ᠨᠢᠭᠡᠳᠭᠡᠨ︾ | ᠰᠦᠯᠵᠢᠶᠡᠨ ᠳᠡᠭᠡᠷ᠎ᠡ ᠬᠦᠢᠴᠡᠳᠭᠡᠬᠦ ᠶᠢ ᠠᠯᠬᠤᠮ ᠠᠯᠬᠤᠮ ᠢᠶᠠᠷ ᠪᠡᠶᠡᠯᠡᠭᠦᠯᠬᠦ ᠶᠢ ᠳᠣᠷᠠᠳᠴᠠᠢ᠃ ᠡᠳᠡᠭᠡᠷ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠲᠠᠭᠠᠨ ᠨᠡᠶᠢᠲᠡᠯᠡᠭᠰᠡᠨ ᠶᠠᠪᠤᠳᠠᠯ ᠨᠢ ᠠᠳᠠᠯ ᠦᠢᠯᠡᠰ ᠴᠤᠭᠴᠠᠯᠠᠵᠤ | ᠰᠢᠨ᠎ᠡ ᠶᠢ ᠡᠭᠦᠳᠬᠦ ᠬᠦᠰᠡᠯ ᠰᠠᠨᠠᠭ᠎ᠠ ᠲᠠᠢ ᠠᠵᠤ ᠠᠬᠤᠶᠢᠯᠠᠯ ᠪᠠ ᠬᠤᠪᠢ ᠬᠦᠮᠥᠨ ᠤ ᠠᠳᠠᠯ ᠦᠢᠯᠡᠰ ᠴᠤᠭᠴᠠᠯᠠᠵᠤ | ᠰᠢᠨ᠎ᠡ ᠶᠢ ᠡᠭᠦᠳᠬᠦ ᠠᠵᠢᠯᠯᠠᠭ᠎ᠠ ᠦᠷᠨᠢᠭᠦᠯᠬᠦ ᠳᠠᠬᠢ ᠳᠦᠭᠦᠮ ᠲᠥᠳᠡ ᠴᠢᠨᠠᠷ ᠢ ᠮᠡᠳᠡᠭᠳᠡᠭᠦᠶᠢᠴᠡ ᠳᠡᠭᠡᠭᠰᠢᠯᠡᠭᠦᠯᠵᠦ᠂ | ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠳᠤ | ᠪᠠᠶᠢᠭᠤᠯᠤᠯ ᠲᠤᠭᠲᠠᠴᠠ ᠵᠢᠨᠰᠠᠶᠢᠨ ᠰᠠᠶᠢᠬᠠᠨ ᠤᠷᠴᠢᠨ ᠠᠬᠤᠢ ᠶᠢ ᠪᠣᠢ ᠪᠣᠯᠭᠠᠬᠤ ᠪᠣᠯᠣᠨ᠎ᠠ᠃ | ᠬᠦᠳᠦᠯᠦᠭᠴᠢ᠄ | ᠪᠠᠶᠢᠭᠤᠯᠤᠯ ᠲᠤᠭᠲᠠᠴᠠ ᠶᠢᠨ ᠰᠠᠶᠢᠨ ᠰᠠᠶᠢᠬᠠᠨ ᠤᠷᠴᠢᠨ ᠠᠬᠤᠢ ᠶᠢ ᠪᠤᠢ ᠪᠤᠯᠭᠠᠵᠤ ᠥᠭᠬᠦ ᠠᠴᠠ ᠭᠠᠳᠠᠨ᠎ᠠ᠂ | ᠦᠪᠡᠷᠲᠡᠭᠡᠨ ᠵᠠᠰᠠᠬᠤ ᠣᠷᠤᠨᠲ᠋ᠦ᠋ᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ | ᠰᠢᠨ᠎ᠡ ᠶᠢ ᠡᠭᠦᠳᠬᠦ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠳᠡᠳᠭᠦᠬᠦ ᠲᠥᠷᠥ ᠶᠢᠨ ᠪᠣᠳᠣᠯᠭ᠎ᠠ ᠶᠢ ᠠᠪᠬᠤ ᠪᠤᠢ︖ | ᠺᠧ ᠡᠷᠬᠢᠯᠡᠭᠴᠢ᠄ | ︽ᠬᠡᠷᠡᠭᠵᠢᠭᠦᠯᠬᠦ ᠰᠠᠨᠠᠯ︾ ᠢ ᠲᠤᠭᠲᠠᠭᠠᠬᠤ ᠶᠠᠪᠤᠴᠠ ᠳᠤ᠂ ᠪᠢᠳᠠ ᠵᠠᠰᠠᠭ ᠤᠨ ᠣᠷᠳᠤᠨ ᠬᠢᠭᠡᠳ ᠵᠠᠬ᠎ᠠ | ᠳᠡᠯᠭᠡᠭᠦᠷ ᠤᠨ ᠬᠠᠷᠢᠴᠠᠭ᠎ᠠ ᠶᠢ ᠰᠠᠶᠢᠲᠣᠷ ᠡᠵᠡᠮᠰᠢᠬᠦ ᠶᠢ ᠢᠮᠠᠭᠲᠠ ᠠᠩᠬᠠᠷᠴᠤ᠂ ᠡᠬᠢ ᠪᠠᠶᠠᠯᠢᠭ ᠢ | ᠲᠣᠬᠢᠷᠠᠭᠤᠯᠬᠤ ᠳᠠᠬᠢ ᠵᠠᠬ᠎ᠠ ᠳᠡᠯᠭᠡᠭᠦᠷ ᠤᠨ ᠰᠢᠢᠳᠪᠦᠷᠢᠯᠡᠬᠦ ᠴᠢᠨᠠᠷᠲᠠᠢ ᠦᠢᠯᠡᠳᠦᠯ ᠢ ᠭᠦᠢᠴᠡᠳ ᠪᠠᠳᠠᠷᠠᠭᠤᠯᠬᠤ ᠶᠢᠨ | ᠵᠡᠷᠭᠡᠴᠡᠪᠡᠷ᠂ ᠮᠠᠨ ᠤ ᠣᠷᠣᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢᠶᠠᠷ | ᠴᠢᠩᠭ᠎ᠠ ᠪᠤᠰᠤ᠂ ᠬᠥᠭᠵᠢᠭᠰᠡᠨ ᠭᠠᠵᠠᠷ ᠣᠷᠣᠨ ᠲᠠᠢ ᠬᠠᠷᠢᠴᠠᠭᠤᠯᠪᠠᠯ ᠨᠡᠯᠢᠶᠡᠳ ᠶᠡᠭᠡ ᠵᠦᠷᠢᠶ᠎ᠡ ᠲᠠᠢ ᠪᠠᠶᠢᠬᠤ | ᠪᠣᠳᠠᠳᠤ ᠪᠠᠶᠢᠳᠠᠯ ᠢ ᠪᠣᠳᠣᠯᠬᠢᠯᠠᠭᠠᠳ᠂ ᠵᠠᠰᠠᠭ ᠤᠨ ᠣᠷᠳᠤᠨ ᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ | ᠬᠡᠷᠡᠭᠲᠡᠢ ᠭᠡᠳᠡᠭ ᠢ ᠳᠤᠷᠠᠳᠪᠠ᠃ ᠨᠢᠭᠡ ᠳᠤ ᠡᠳ᠋ ᠤᠨ ᠵᠠᠰᠠᠭ ᠤᠨ ᠳᠡᠳᠭᠦᠬᠦ ᠡᠷᠴᠢᠮ ᠢ ᠨᠡᠮᠡᠭᠳᠡᠭᠦᠯᠪᠡ᠂ ᠨᠦᠬᠦᠴᠡᠯ | ᠲᠠᠢ ᠭᠠᠵᠠᠷ ᠤᠷᠤᠨ ᠨᠤᠭᠤᠳ ᠤᠨ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠰᠠᠭᠤᠷᠢ ᠮᠦᠩᠭᠦ | ᠪᠠᠶᠢᠭᠤᠯᠬᠤ ᠶᠢ ᠳᠡᠮᠵᠢᠭᠦ ᠶᠢᠨ ᠵᠡᠷᠭᠡᠴᠡᠪᠡᠷ ᠠᠳᠠᠯ ᠦᠢᠯᠡᠰ ᠴᠤᠭᠴᠠᠯᠠᠬᠤ ᠶᠢᠨ ᠨᠡᠪᠴᠢᠭᠦᠯᠦᠬᠦ ᠰᠢᠰᠲ᠋ᠧᠮᠵᠢ | ᠪᠠᠶᠢᠭᠤᠯᠬᠤ ᠡᠷᠴᠢᠮ ᠢ ᠨᠡᠮᠡᠭᠳᠡᠭᠦᠯᠦᠨ᠂ ᠣᠯᠣᠰ ᠤᠨ ᠱᠠᠳᠤᠨ ᠤ ᠪᠠ ᠦᠪᠡᠷᠲᠡᠭᠡᠨ ᠵᠠᠰᠠᠬᠤ ᠣᠷᠣᠨ ᠤ ᠱᠠᠲᠤᠨ ᠤ | ᠰᠢᠨᠵᠢᠯᠡᠬᠦ ᠤᠬᠠᠭᠠᠨ ᠮᠡᠷᠭᠡᠵᠢᠯ ᠤᠨ50 ᠠᠵᠤ ᠠᠬᠤᠶᠢᠯᠠᠯ ᠤᠨ ᠨᠡᠪᠴᠢᠭᠦᠯᠦᠭᠦᠷ ᠪᠣᠯᠣᠨ ᠲᠦᠮᠡᠨ ᠣᠯᠠᠨ ᠤ ᠠᠳᠠᠯ | ᠦᠢᠯᠡᠰ ᠴᠤᠭᠴᠠᠯᠠᠵᠤ ᠰᠢᠨ᠎ᠡ ᠶᠢ ᠡᠭᠦᠳᠬᠦ 100 ᠣᠷᠣᠨ ᠵᠠᠢ ᠶᠢ ᠭᠤᠤᠯᠳᠠᠯᠭ᠎ᠠ ᠲᠠᠢ ᠪᠠᠶᠢᠭᠤᠯᠵᠤ ᠂ ᠡᠯ᠎ᠡ ᠭᠠᠵᠠᠷ | ᠣᠷᠣᠨᠢ ᠵᠣᠷᠢᠭᠵᠢᠭᠤᠯᠤᠨ ᠨᠡᠪᠴᠢᠭᠦᠯᠥᠬᠦ ᠪᠠᠶᠢᠭᠤᠯᠤᠮᠵᠢ ᠳᠤ ᠠᠯᠪᠠᠨ ᠠᠵᠢᠯ ᠤᠨ ᠬᠡᠷᠡᠭᠯᠡᠬᠦ ᠭᠡᠷ᠂ ᠣᠰᠤ᠂ ᠡᠨᠧᠷᠬᠢ᠂ | ᠲᠣᠣᠷ ᠰᠦᠯᠵᠢᠶ᠎ᠡ ᠵᠡᠷᠭᠡ ᠵᠦᠭᠡᠯᠡᠨ ᠬᠡᠷᠡᠭᠰᠡᠯ ᠤᠨ ᠲᠠᠯ᠎ᠠ ᠪᠠᠷ ᠬᠠᠷᠠᠭᠠᠯᠵᠠᠯ ᠪᠤᠶᠤ ᠨᠦᠬᠦᠪᠦᠷᠢ ᠦᠭᠴᠦ᠂ ᠠᠳᠠᠯ | ᠦᠢᠯᠡᠰ ᠴᠤᠭᠴᠠᠯᠠᠵᠤ ᠰᠢᠨ᠎ᠡ ᠶᠢ ᠡᠭᠦᠳᠦᠭᠴᠢ ᠶᠢᠨ ᠳᠠᠷᠤᠭᠠᠰᠤ ᠶᠢ ᠬᠦᠩᠭᠡᠷᠡᠭᠦᠯᠬᠦ ᠬᠡᠷᠡᠭᠲᠡᠢ ᠭᠡᠵᠦ ᠲᠣᠷᠠᠳᠪᠠ᠃ | ᠬᠤᠶᠠᠷ ᠲᠤ ᠲᠦᠭᠡᠮᠡᠯ ᠬᠠᠷᠠᠭᠠᠯᠵᠠᠯ ᠤᠨ ᠴᠢᠨᠠᠷᠲᠠᠢ ᠭᠠᠶᠢᠯᠢ ᠲᠠᠲᠠᠪᠤᠷᠢ ᠶᠢᠨ ᠲᠦᠷᠥ ᠶᠢᠨ ᠪᠣᠳᠣᠯᠭ᠎ᠠ ᠶᠢ | ᠲᠡᠭᠦᠯᠳᠡᠷᠵᠢᠭᠦᠯᠪᠡ᠂ ᠵᠦᠩ ᠭᠤᠸᠠᠨ ᠼᠦᠨ ᠤ ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ | ᠦᠵᠡᠭᠦᠯᠬᠦ ᠣᠷᠣᠨ ᠤ ᠭᠠᠶᠢᠯᠢ ᠳᠠᠳᠠᠪᠤᠷᠢ ᠶᠢᠨ ᠲᠣᠷᠰᠢᠯᠲᠠ ᠶᠢᠨ ᠴᠢᠭ᠋ ᠤᠨ ᠲᠦᠷᠥ ᠶᠢᠨ ᠪᠣᠳᠣᠯᠭ᠎ᠠ ᠶᠢ | ᠲᠣᠯᠢᠳᠠᠵᠤ᠂ ᠬᠠᠮᠢᠶ᠎ᠠ ᠪᠦᠬᠦᠢ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢ ᠲᠦᠷᠭᠡᠨ | ᠨᠠᠶᠢᠳᠠᠪᠤᠷᠢᠵᠢᠭᠤᠯᠬᠤ ᠶᠢᠨ ᠵᠡᠷᠭᠡᠴᠡᠪᠡᠷ ᠣᠯᠣᠰ ᠪᠠ ᠦᠪᠡᠷᠲᠡᠭᠡᠨ ᠵᠠᠰᠠᠬᠤ ᠣᠷᠣᠨ ᠤ ᠣᠶᠢᠷ᠎ᠠ ᠶᠢᠨ | ᠬᠤᠭᠤᠴᠠᠭᠠᠨ ᠳᠤ ᠨᠡᠶᠢᠲᠡᠯᠡᠭᠰᠡᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠣᠬᠠᠢ ᠲᠦᠷᠥ ᠶᠢᠨ ᠪᠣᠳᠣᠯᠭ᠎ᠠ ᠨᠡᠯᠢᠶᠡᠳ ᠠᠷᠪᠢᠨ ᠪᠠᠶᠢᠬᠤ ᠶᠢ ᠪᠤᠳᠤᠯᠬᠢᠯᠠᠨ᠂ ᠠᠵᠤ | ᠠᠬᠤᠶᠢᠯᠠᠯ ᠤᠳ ᠲᠤ ᠲᠦᠷᠥ ᠶᠢᠨ ᠪᠣᠳᠣᠯᠭ᠎ᠠ ᠶᠢᠨ ᠠᠭᠤᠯᠭ᠎ᠠ ᠶᠢ ᠴᠠᠭ ᠲᠤᠬᠠᠢ ᠳᠤᠨᠢ ᠤᠶᠢᠯᠠᠭᠠᠭᠤᠯᠬᠤ ᠳᠤ | ᠳᠦᠭᠦᠮ ᠪᠠᠶᠢᠯᠭᠠᠬᠤ ᠶᠢᠨ ᠲᠣᠰᠠᠳᠠ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠦᠳᠭᠠᠶᠢᠯᠢ ᠲᠠᠲᠠᠪᠤᠷᠢ ᠶᠢᠨ | ᠬᠠᠷᠠᠭᠠᠯᠵᠠᠯ ᠤᠨ ᠲᠥᠷᠦ ᠶᠢᠨ ᠪᠣᠳᠣᠯᠭ᠎ᠠ ᠶᠢᠨ ᠭᠠᠷᠴᠠᠭ ᠢᠶᠠᠨ ᠲᠦᠷᠭᠡᠬᠡᠨ ᠲᠣᠭᠲᠠᠭᠠᠬᠤ ᠶᠢ ᠲᠤᠳᠤᠷᠬᠠᠶᠢᠯᠠᠨ᠂ ᠡᠯ᠎ᠡ | ᠵᠦᠢᠯ ᠤᠨ ᠭᠠᠶᠢᠯᠢ ᠲᠠᠲᠠᠪᠤᠷᠢ ᠶᠢᠨ ᠲᠦᠷᠥ ᠶᠢᠨ ᠪᠤᠳᠣᠯᠭ᠎ᠠ ᠶᠢ ᠪᠤᠳᠠᠳᠤ ᠭᠠᠵᠠᠷ ᠲᠤᠨᠢ | ᠨᠠᠶᠢᠳᠠᠪᠤᠷᠢᠵᠢᠭᠤᠯᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠳᠤᠷᠠᠳᠪᠠ᠃ ᠭᠤᠷᠪᠠ ᠳᠤ ᠳᠡᠳᠭᠦᠬᠦ ᠠᠷᠭ᠎ᠠ | ᠮᠠᠶ᠋ᠢᠭ ᠤᠨ ᠰᠢᠨ᠎ᠡ ᠶᠢ ᠡᠭᠦᠳᠪᠡ᠂ ᠠᠳᠠᠯ ᠦᠢᠯᠡᠰ ᠴᠣᠭᠴᠠᠯᠠᠬᠤ ᠲᠡᠮᠳᠡᠭᠲᠥ᠂ ᠰᠢᠨ᠎ᠡ ᠶᠢ ᠡᠭᠦᠳᠬᠦ ᠲᠡᠮᠳᠡᠭᠲᠦ ᠵᠡᠷᠭᠡ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠰᠢᠨ᠎ᠡ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ | ᠠᠵᠤ ᠠᠬᠤᠶᠢᠯᠠᠯ ᠢ ᠵᠤᠷᠢᠭᠵᠢᠭᠤᠯᠬᠤ ᠪᠠ ᠬᠦᠲᠥᠯᠥᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠶᠢᠨ ᠰᠣᠳᠣᠯᠣᠨ ᠨᠡᠬᠡᠭᠡᠬᠦ ᠤᠷᠣᠭᠤᠯᠣᠯᠲᠠ ᠶᠢ ᠨᠢ ᠨᠡᠮᠡᠭᠳᠡᠭᠦᠯᠦᠨ᠂ ᠦᠢᠯᠡᠳᠪᠦᠷᠢᠯᠡᠬᠦ ᠵᠢᠭᠠᠬᠤ | ᠰᠤᠳᠤᠯᠬᠤ ᠶᠢᠨ ᠬᠤᠷᠰᠢᠯᠴᠠᠭ᠎ᠠ ᠶᠢ ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠬᠦ | ᠬᠡᠷᠡᠭᠲᠡᠢ ᠭᠡᠵᠦ ᠲᠣᠷᠠᠳᠪᠠ᠃ | ᠬᠦᠳᠦᠯᠦᠭᠴᠢ᠄ | ᠴᠢᠳᠠᠪᠤᠷᠢᠲᠠᠨ ᠪᠣᠯ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ | ᠰᠢᠨ᠎ᠡ ᠶᠢ ᠡᠭᠦᠳᠬᠦ ᠶᠢᠨ ᠭᠤᠣᠯ ᠬᠦᠴᠦᠨ ᠵᠦᠢᠯ ᠪᠣᠯᠣᠨ᠎ᠠ᠂ ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ | ᠪᠣᠳᠠᠲᠠᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ ᠪᠤᠢ︖ | ᠺᠧ ᠡᠷᠬᠢᠯᠡᠭᠴᠢ᠄ | ᠶᠠᠭ ᠲᠡᠶᠢᠮᠦ ᠡ᠂ ᠴᠢᠳᠠᠪᠤᠷᠢᠲᠠᠨ ᠪᠣᠯ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠶᠢᠨ ᠵᠠᠩᠬᠢᠯᠠᠭ᠎ᠠ ᠪᠤᠯᠬᠤ ᠪᠦᠭᠡᠳᠮᠦ᠋ᠨ ᠴᠦ | ᠮᠠᠨ ᠤ ᠣᠷᠣᠨ ᠤ ᠬᠢᠵᠠᠭᠠᠷᠯᠠᠭᠳᠠᠵᠤ ᠪᠠᠶᠢᠭ᠎ᠠ ᠬᠦᠴᠦᠨ ᠵᠦᠢᠯ ᠪᠣᠯᠣᠨ᠎ᠠ᠃ ᠡᠶᠢᠮᠦ ᠠᠴᠠ ︽ᠬᠡᠷᠡᠭᠵᠢᠭᠦᠯᠬᠦ ᠰᠠᠨᠠᠯ︾ | ᠨᠢ ᠴᠢᠳᠠᠪᠤᠷᠢᠲᠠᠨ ᠤ ᠲᠤᠬᠠᠢ ᠲᠥᠷᠦ ᠶᠢᠨ ᠪᠣᠳᠣᠯᠭ᠎ᠠ ᠶᠢ ᠨᠢᠭᠡᠨ ᠭᠤᠣᠳᠠᠯᠭ᠎ᠠ ᠪᠤᠯᠠᠭᠠᠨ᠂ ᠪᠣᠳᠠᠲᠠᠢ ᠲᠥᠷᠦ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃ ᠨᠢᠭᠡ ᠳᠤ ᠴᠢᠳᠠᠪᠤᠷᠢᠲᠠᠨ ᠬᠦᠮᠦᠵᠢᠭᠦᠯᠬᠦ ᠪᠠ ᠤᠷᠤᠭᠤᠯᠵᠤ | ᠢᠷᠡᠬᠦ ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ ᠴᠢᠳᠠᠪᠤᠷᠢᠲᠠᠨ ᠤ ᠲᠣᠰᠬᠠᠢ ᠵᠦᠢᠯ ᠤᠨ ᠪᠡᠯᠡ ᠮᠦᠩᠭᠦ ᠶᠢ | ᠡᠮᠬᠢᠯᠡᠨ ᠨᠡᠶᠢᠯᠡᠭᠦᠯᠵᠦ᠂ ᠴᠢᠳᠠᠪᠤᠷᠢᠲᠠᠨ ᠤᠷᠣᠭᠤᠯᠵᠤ ᠢᠷᠡᠬᠦ ᠶᠢ ᠳᠡᠮᠵᠢᠬᠦ ᠡᠷᠴᠢᠮ ᠢ ᠨᠡᠮᠡᠭᠳᠡᠭᠦᠯᠬᠦ ᠬᠡᠷᠡᠭᠲᠡᠢ ᠭᠡᠵᠦ | ᠳᠣᠷᠠᠳᠤᠭᠰᠠᠨ ᠤ ᠵᠡᠷᠭᠡᠴᠡᠪᠡᠷ ᠳᠡᠭᠡᠲᠦ ᠰᠣᠷᠭᠠᠭᠤᠯᠢ ᠶᠢᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠬᠢᠴᠢᠶᠡᠯ ᠲᠤᠬᠢᠷᠠᠭᠤᠯᠬᠤ ᠶᠢ ᠲᠦᠷᠭᠡᠳᠭᠡᠨ ᠲᠡᠭᠦᠯᠳᠡᠷᠵᠢᠭᠦᠯᠵᠦ᠂ ᠠᠳᠠᠯ ᠦᠢᠯᠡᠰ ᠴᠣᠭᠴᠠᠯᠠᠬᠤ ᠳᠠᠳᠤᠯᠭ᠎ᠠ | ᠪᠤᠯᠪᠠᠰᠤᠷᠠᠭᠤᠯᠤᠯ ᠤᠨ ᠰᠢᠰᠲ᠋ᠧᠮᠵᠢ ᠶᠢᠨ ᠪᠠᠶᠢᠭᠤᠯᠤᠯᠲᠠᠶᠢ ᠴᠢᠩᠭᠠᠳᠬᠠᠨ᠂ ᠬᠠᠷᠢᠮᠠᠬᠠᠢ ᠴᠢᠨᠠᠷᠲᠠᠢ ᠰᠤᠷᠤᠯᠭ᠎ᠠ ᠶᠢᠨ | ᠲᠥᠷᠢᠮ ᠵᠡᠷᠭᠡ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠡᠨᠡᠬᠦ ᠠᠳᠠᠯ ᠦᠢᠯᠡᠰ ᠴᠤᠭᠴᠠᠯᠠᠵᠤ ᠰᠢᠨ᠎ᠡ ᠶᠢ | ᠡᠭᠦᠳᠬᠦ ᠤᠶᠤᠲᠠᠳ ᠤᠨ ᠨᠢᠭᠡᠨ ᠭᠤᠣᠯ ᠬᠦᠴᠦᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠬᠦᠰᠡᠯ | ᠰᠠᠨᠠᠭ᠎ᠠ ᠪᠠ ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠭᠡᠵᠦ ᠳᠤᠷᠠᠳᠪᠠ᠃ ᠬᠤᠶᠠᠷ ᠲᠤ ᠴᠢᠳᠠᠪᠤᠷᠢᠲᠠᠨ ᠤ | ᠦᠪᠡᠷ ᠢᠶᠠᠨ ᠰᠢᠯᠵᠢᠬᠦ ᠶᠢ ᠠᠬᠢᠭᠤᠯᠤᠨ᠎ᠠ᠂ ᠰᠢᠨᠵᠢᠡᠬᠦ ᠤᠬᠠᠭᠠᠨ ᠮᠡᠷᠭᠡᠵᠢᠯ ᠤᠨ ᠠᠵᠢᠯᠲᠠᠳ ᠤᠨ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠬᠤᠭᠤᠷᠣᠨᠳᠤ ᠰᠢᠯᠵᠢᠬᠦ ᠶᠢᠨ ᠨᠡᠶᠢᠭᠡᠮ ᠤᠨ ᠪᠠᠳᠣᠯᠠᠭ᠎ᠠ ᠶᠢᠨ ᠬᠠᠷᠢᠴᠠᠭ᠎ᠠ ᠶᠢ | ᠰᠢᠯᠵᠢᠭᠦᠯᠦᠨ ᠦᠷᠭᠦᠯᠵᠢᠯᠡᠭᠦᠯᠬᠦ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠢᠨᠵᠢᠯᠡᠬᠦ ᠣᠬᠠᠭᠠᠨ ᠮᠡᠷᠭᠡᠵᠢᠯ ᠤᠨ | ᠠᠵᠢᠯᠲᠠᠳ ᠤᠨ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠶᠢᠨ ᠬᠤᠶᠢᠰᠢᠳᠠ ᠶᠢᠨ ᠵᠣᠪᠠᠨᠢᠯ ᠢ ᠨᠢ | ᠠᠷᠢᠯᠭᠠᠵᠤ ᠦᠭᠬᠦ ᠬᠡᠷᠡᠭᠲᠡᠢ ᠬᠡᠵᠥ ᠳᠤᠷᠠᠳᠪᠠ᠃ ᠭᠤᠷᠪᠠ ᠳᠤ ᠡᠯ᠎ᠡ ᠲᠦᠷᠦᠯ ᠤᠨ ᠴᠢᠳᠠᠪᠤᠷᠢᠲᠠᠨ ᠤ ᠠᠳᠠᠯ ᠦᠢᠯᠡᠰ | ᠴᠤᠭᠴᠠᠯᠠᠵᠤ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ᠳᠡᠭᠡᠲᠦ ᠰᠣᠷᠭᠠᠭᠤᠯᠢ ᠪᠣᠯᠣᠨ | ᠰᠢᠨᠵᠢᠯᠡᠬᠦ ᠤᠬᠠᠭᠠᠨ ᠤ ᠰᠣᠳᠣᠯᠤᠯ ᠤᠨ ᠬᠦᠷᠢᠶᠡᠯᠡᠩ ᠭᠠᠵᠠᠷ ᠤᠨ ᠦᠷ᠎ᠡ ᠪᠦᠳᠦᠭᠡᠯ ᠬᠤᠪᠢᠷᠠᠭᠤᠯᠤᠭᠰᠠᠨ ᠠᠰᠢᠭ | ᠣᠯᠵᠠᠪᠤᠷᠢ ᠵᠢᠰᠢᠨᠵᠢᠯᠡᠬᠦ ᠤᠬᠠᠭᠠᠨ ᠤ ᠰᠣᠳᠣᠯᠤᠯ ᠤᠨ ᠬᠠᠷᠢᠭᠤᠴᠠᠯᠭᠠᠲᠠᠨ᠂ ᠭᠤᠤᠯᠯᠬᠤ ᠮᠡᠷᠭᠡᠵᠢᠯ ᠤᠨ ᠠᠵᠢᠯᠲᠠᠨ | ᠵᠡᠷᠭᠡ ᠴᠢᠬᠤᠯᠠ ᠬᠤᠪᠢ ᠨᠡᠮᠡᠷᠢ ᠦᠵᠡᠭᠦᠯᠦᠭᠰᠡᠨ ᠬᠦᠮᠦᠰ ᠪᠣᠯᠣᠨ ᠪᠦᠯᠬᠦᠮ ᠨᠡᠶᠢᠲᠡ ᠶᠢ ᠬᠦᠬᠢᠭᠦᠯᠦᠨ | ᠱᠠᠩᠨᠠᠬᠤ ᠳᠤ ᠬᠡᠷᠡᠭᠯᠡᠬᠦ ᠬᠠᠷᠢᠴᠠᠯ ᠢ ᠣᠯᠣᠰ ᠠᠴᠠ ᠳᠣᠷᠠᠳᠣᠭᠰᠠᠨ 50% ᠠᠴᠠ ᠳᠣᠣᠷ᠎ᠠ ᠦᠭᠡᠢ ᠪᠠᠶᠢᠯᠭᠠᠬᠤ | ᠬᠡᠷᠡᠭᠲᠡᠢ ᠭᠡᠰᠡᠨ ᠠᠴᠠ ᠨᠢ 70% ᠠᠴᠠ ᠳᠣᠣᠷ᠎ᠠ ᠦᠭᠡᠢ ᠪᠠᠶᠢᠯᠭᠠᠬᠤ ᠳᠤ ᠬᠦᠷᠲᠡᠯ᠎ᠡ ᠳᠡᠭᠡᠭᠰᠢᠯᠡᠭᠦᠯᠵᠦ᠂ ᠡᠯ᠎ᠡ | ᠲᠦᠷᠥᠯ ᠤᠨ ᠴᠢᠳᠠᠪᠤᠷᠢᠲᠠᠨ ᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠢᠳᠡᠪᠬᠢᠵᠢᠯ ᠢ ᠭᠦᠢᠴᠡᠳ | ᠪᠠᠳᠠᠷᠠᠭᠤᠯᠬᠤ ᠪᠤᠯᠤᠨ᠎ᠠ ᠃ | ᠬᠦᠳᠦᠯᠦᠭᠴᠢ᠄ | ᠴᠢᠳᠠᠪᠤᠷᠢᠲᠠᠨ ᠠᠴᠠ ᠭᠠᠳᠠᠨ᠎ᠠ᠂ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠲᠠᠯ᠎ᠠ ᠪᠠᠷ ᠬᠢ | ᠮᠦᠩᠭᠦᠨ ᠭᠦᠢᠯᠭᠡᠭᠡᠨᠤ ᠲᠤᠯᠭᠠᠭᠤᠷᠢᠯᠠᠬᠤ ᠦᠢᠯᠡᠳᠦᠯ ᠢ ᠭᠡᠳ ᠣᠮᠳᠠᠭᠠᠶᠢᠯᠠᠵᠤ ᠪᠣᠯᠬᠤ ᠦᠭᠡᠢ ᠭᠡᠳᠡᠭ ᠢ ᠮᠡᠳᠡᠪᠡ᠂ | ︽ᠬᠡᠷᠡᠭᠵᠢᠭᠦᠯᠬᠦ ᠰᠠᠨᠠᠯ︾ ᠳᠤ ᠡᠨᠡ ᠲᠠᠯ᠎ᠠ ᠪᠠᠷ ᠶᠠᠮᠠᠷ ᠶᠠᠮᠠᠷ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠶᠢᠬᠤ | ᠪᠣᠢ︖ | ᠺᠧ ᠡᠷᠬᠢᠯᠡᠭᠴᠢ᠄ | ᠪᠡᠯᠡ ᠲᠤᠬᠢᠷᠠᠭᠤᠯᠬᠤ ᠳᠤ ᠬᠦᠴᠢᠷ ᠪᠠᠶᠢᠬᠤ ᠨᠢ ᠵᠢᠵᠢᠭ ᠪᠢᠴᠢᠯ ᠠᠵᠤ ᠠᠬᠤᠶᠢᠯᠠᠯ ᠤᠳ ᠢ ᠭᠠᠴᠢᠭᠳᠠᠭᠤᠯᠵᠤ | ᠪᠠᠶᠢᠭ᠎ᠠ ᠳᠤᠪᠣᠶᠢᠮ᠎ᠠ ᠠᠰᠠᠭᠤᠳᠠᠯ ᠪᠣᠯᠣᠭᠰᠠᠭᠠᠷ ᠢᠷᠡᠪᠡ᠂ ︽ᠬᠡᠷᠡᠭᠵᠢᠭᠦᠯᠬᠦ ᠰᠠᠨᠠᠯ︾ ᠨᠢ ᠬᠦᠭᠵᠢᠭᠰᠡᠨ ᠭᠠᠵᠠᠷ | ᠣᠷᠣᠨ ᠤ ᠠᠮᠵᠢᠯᠲᠠ ᠲᠠᠢ ᠲᠣᠷᠰᠢᠯᠭ᠎ᠠ ᠪᠣᠯᠣᠨ ᠬᠢᠭᠰᠡᠨ ᠠᠷᠭ᠎ᠠ ᠶᠢ ᠭᠦᠢᠴᠡᠳ ᠲᠣᠯᠢᠳᠠᠨ᠂ ᠮᠦᠩᠭᠦᠨ | ᠭᠦᠢᠯᠭᠡᠭᠡᠨ ᠤ ᠳᠡᠳᠭᠦᠨ ᠠᠬᠢᠭᠤᠯᠬᠤ ᠦᠢᠯᠡᠳᠦᠯ ᠢ ᠴᠢᠩᠭᠠᠷᠠᠭᠤᠯᠬᠤ ᠲᠠᠯ᠎ᠠ ᠪᠠᠷ ᠰᠢᠪᠳᠤᠯᠤᠯᠲᠠ ᠶᠢᠨ ᠴᠢᠨᠠᠷᠲᠠᠢ ᠪᠠ | ᠪᠦᠳᠦᠭᠡᠯᠴᠢ ᠴᠢᠨᠠᠷᠲᠠᠢ ᠲᠦᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃ ᠨᠢᠭᠡ ᠳᠤ | ᠪᠠᠩᠬᠢ ᠶᠢᠨ ᠳᠡᠮᠵᠢᠯᠭᠡ ᠦᠵᠡᠭᠦᠯᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠠᠳᠠᠯ ᠦᠢᠯᠡᠰ ᠴᠣᠭᠴᠠᠯᠠᠬᠤ | ᠰᠠᠭᠤᠷᠢᠨ ᠭᠠᠵᠠᠷ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ᠂ ᠶᠡᠭᠡ | ᠰᠤᠷᠭᠠᠭᠤᠯᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠬᠥᠷᠢᠶᠡᠯᠠᠩ᠂ ᠳᠡᠭᠡᠲᠦ ᠰᠢᠨ᠎ᠡ ᠮᠡᠷᠭᠡᠵᠢᠯ ᠤᠨ | ᠨᠡᠬᠡᠭᠡᠯᠲᠡ ᠶᠢᠨ ᠲᠣᠭᠤᠷᠢᠭ ᠪᠠ ᠡᠯ᠎ᠡ ᠲᠦᠷᠦᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ᠠᠳᠠᠯ | ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠴᠣᠭᠯᠠᠷᠠᠯ ᠤᠨ ᠣᠷᠣᠨ ᠳᠤ ᠡᠯ᠎ᠡ ᠲᠦᠷᠦᠯ ᠤᠨ ᠪᠠᠩᠬᠢ ᠶᠢᠨ | ᠪᠠᠶᠢᠭᠤᠯᠤᠮᠵᠢ ᠨᠤᠭᠤᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠪᠠᠩᠬᠢ ᠪᠠ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠪᠠᠩᠬᠢ ᠨᠡᠬᠡᠭᠡᠨ ᠡᠷᠬᠢᠯᠡᠬᠦ ᠶᠢ ᠵᠣᠷᠢᠭᠵᠢᠭᠤᠯᠤᠨ᠎ᠠ᠃ ᠬᠤᠶᠠᠷ ᠲᠤ ᠠᠳᠠᠯ ᠦᠢᠯᠡᠰ ᠴᠣᠭᠴᠠᠯᠠᠬᠤ | ᠪᠡᠯᠡ ᠲᠤᠬᠢᠷᠠᠭᠤᠯᠬᠤ ᠰᠢᠨ᠎ᠡ ᠵᠠᠭᠪᠤᠷ ᠢ ᠪᠠᠶᠠᠯᠢᠭᠵᠢᠭᠤᠯᠵᠤ᠂ ᠪᠠᠩᠬᠢ᠂ ᠦᠨᠡᠲᠦ ᠲᠡᠮᠳᠡᠭ᠂ ᠳᠠᠭᠠᠳᠬᠠᠯ᠂ ᠪᠠᠭ᠎ᠠ | ᠲᠣᠭᠠᠨ ᠤ ᠵᠢᠭᠡᠯᠡᠯᠭᠡ ᠶᠢᠨ ᠺᠤᠮᠫᠠᠨᠢ ᠪᠣᠯᠣᠨ ᠳᠠᠭᠠᠭᠠᠯᠲᠠ ᠬᠢᠬᠦ ᠪᠠᠶᠢᠭᠤᠯᠤᠮᠵᠢ ᠨᠤᠭᠤᠳ ᠤᠨ ᠢᠨᠲ᠋ᠧᠷ ᠰᠦᠯᠵᠢᠶᠡᠨ | ᠮᠦᠩᠭᠦᠨ ᠭᠦᠢᠯᠭᠡᠭᠡᠨ ᠤ ᠬᠦᠷᠢᠶ᠎ᠡ ᠶᠢᠨ ᠨᠡᠷᠡᠳᠬᠦᠨ ᠪᠠ ᠦᠢᠯᠡᠴᠢᠯᠡᠭᠡᠨ ᠤ ᠰᠢᠨ᠎ᠡ ᠶᠢ ᠡᠭᠦᠳᠬᠦ ᠶᠢ ᠢᠳᠡᠪᠬᠢᠲᠡᠢ | ᠦᠷᠨᠢᠭᠦᠯᠵᠦ᠂ ᠠᠷᠠᠳ ᠤᠨ ᠬᠦᠷᠦᠩᠭᠡ ᠶᠢ ᠬᠦᠳᠦᠯᠦᠨ ᠵᠢᠯᠣᠭᠤᠳᠴᠤ ᠪᠠᠶᠢᠭᠠᠳ ᠢᠨᠲ᠋ᠧᠷ ᠰᠦᠯᠵᠢᠶᠡᠨ ᠮᠦᠩᠭᠦᠨ | ᠭᠦᠢᠯᠭᠡᠭᠡᠨ ᠤ ᠲᠣᠬᠠᠶᠢᠯᠠᠭᠰᠠᠨ ᠠᠵᠢᠯ ᠢ ᠵᠢᠷᠤᠮᠵᠢᠯ ᠲᠠᠢ ᠬᠦᠭᠵᠢᠭᠦᠯᠵᠦ᠂ ᠲᠦᠮᠡᠨ ᠣᠯᠠᠨ ᠢᠶᠠᠷ ᠢᠶᠠᠨ ᠪᠡᠯᠡ | ᠴᠤᠭᠯᠠᠭᠤᠯᠵᠤ ᠲᠤᠬᠢᠷᠠᠭᠤᠯᠬᠤ ᠲᠠᠪᠴᠠᠩ ᠢ ᠵᠢᠷᠤᠮᠵᠢᠯ ᠲᠠᠢ ᠬᠦᠭᠵᠢᠭᠦᠯᠬᠦ ᠶᠢ ᠳᠡᠮᠵᠢᠭᠦ ᠪᠠ ᠬᠦᠳᠦᠯᠦᠨ | ᠵᠢᠯᠣᠭᠤᠳᠬᠤ ᠬᠡᠷᠡᠭᠲᠡᠢ ᠭᠡᠵᠦ ᠳᠤᠷᠠᠳᠪᠠ᠃ ᠭᠤᠷᠪᠠ ᠳᠤ ᠬᠦᠷᠦᠩᠭᠡ ᠶᠢᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ | ᠪᠠᠶᠢᠭᠤᠯᠤᠯᠲᠠ ᠶᠢ ᠴᠢᠩᠭᠠᠳᠬᠠᠨ᠂ ᠠᠵᠤ ᠠᠬᠤᠶᠢᠯᠠᠯ ᠢ ᠪᠤᠶᠢᠵᠢᠭᠤᠯᠤᠨ ᠵᠠᠬ᠎ᠠ ᠳᠡᠯᠭᠡᠭᠦᠷ ᠲᠤ ᠭᠠᠷᠭᠠᠬᠤ | ᠢᠨᠵᠧᠨᠧᠷᠢᠩ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠠᠳᠠᠯ ᠦᠢᠯᠡᠰ ᠴᠣᠭᠴᠠᠯᠠᠬᠤ | ᠠᠵᠤ ᠠᠬᠤᠶᠢᠯᠠᠯ ᠤᠨ ᠲᠥᠷᠢᠮ ᠢᠶᠠᠨ ᠦᠭᠡᠷᠡᠴᠢᠯᠡᠨ ᠵᠠᠬ᠎ᠠ ᠳᠡᠯᠭᠡᠭᠦᠷ ᠲᠤ ᠭᠠᠷᠬᠤ᠂ ᠰᠢᠨ᠎ᠡ ᠭᠤᠷᠪᠠᠳᠤᠭᠠᠷ | ᠵᠦᠢᠯ ᠤᠨ ᠵᠠᠬ᠎ᠠ ᠳᠡᠯᠭᠡᠭᠦᠷ ᠲᠤ ᠭᠠᠷᠴᠤ ᠵᠢᠩᠬᠢᠨᠢ ᠪᠠᠷ ᠠᠵᠢᠯ ᠡᠬᠢᠯᠡᠭᠦᠯᠬᠦ᠂ ᠣᠷᠣᠨ ᠪᠦᠰᠡ ᠶᠢᠨ ᠰᠲ᠋ᠤᠺ | ᠠᠷᠠᠯᠵᠢᠶᠠᠯᠠᠬᠤ ᠲᠥᠪ ᠤᠨ ᠫᠠᠶᠢᠰᠠ ᠡᠯᠭᠦᠬᠦ᠂ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠪᠡᠯᠡ ᠮᠦᠩᠭᠦ ᠴᠤᠭᠯᠠᠭᠤᠯᠬᠤ ᠶᠢ ᠵᠤᠷᠢᠭᠵᠢᠭᠤᠯᠬᠤ ᠪᠠ ᠬᠦᠳᠦᠯᠦᠨ ᠵᠢᠯᠤᠭᠤᠳᠤᠨ᠎ᠠ᠃ ᠳᠥᠷᠪᠡ ᠳᠤ | ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢ ᠶᠡᠬᠡᠪᠡᠷ ᠪᠤᠶᠢᠵᠢᠭᠤᠯᠤᠨ ᠬᠦᠭᠵᠢᠭᠦᠯᠵᠦ᠂ ᠰᠢᠨ᠎ᠡ ᠪᠠᠷ ᠪᠤᠢ | ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠤᠭᠤᠯᠤᠯᠲᠠ ᠶᠢ ᠬᠦᠳᠦᠯᠦᠨ ᠵᠢᠯᠣᠭᠤᠳᠬᠤ | 5 ᠳ᠋ᠦᠩᠰᠢᠭᠤᠷ ᠲᠦᠭᠦᠷᠢᠭ ᠤᠨ ᠰᠠᠭᠤᠷᠢ ᠮᠦᠩᠭᠦ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢ ᠲᠦᠷᠥ ᠶᠢᠨ ᠪᠣᠳᠣᠯᠭ᠎ᠠ ᠪᠠᠷ ᠳᠡᠳᠭᠦᠬᠦ ᠡᠷᠴᠢᠮ ᠢ ᠨᠡᠮᠡᠭᠳᠡᠭᠦᠯᠦᠨ᠂ ᠠᠳᠠᠯ ᠦᠢᠯᠡᠰ | ᠴᠣᠭᠴᠠᠯᠠᠬᠤ ᠪᠡᠯᠡ ᠣᠷᠣᠭᠤᠯᠤᠯᠲᠠ ᠶᠢᠨ ᠬᠡᠮᠵᠢᠶ᠎ᠡ ᠶᠢ ᠲᠦᠷᠭᠡᠨ ᠦᠷᠭᠡᠳᠭᠡᠨ᠎ᠡ᠃ | ᠬᠦᠳᠦᠯᠦᠭᠴᠢ᠄ | ᠲᠠᠨ ᠤ ᠰᠠᠶ᠋ᠢ ᠦᠪᠡᠷᠲᠡᠭᠡᠨ ᠵᠠᠰᠠᠬᠤ ᠣᠷᠣᠨ ᠰᠢᠨ᠎ᠡ ᠪᠠᠷ ᠬᠦᠭᠵᠢᠭᠰᠡᠨ ᠠᠵᠤ ᠦᠢᠯᠡᠰ ᠤᠨ ᠠᠳᠠᠯ ᠦᠢᠯᠡᠰ | ᠴᠣᠭᠴᠠᠯᠠᠬᠤ ᠪᠡᠯᠡ ᠤᠷᠤᠭᠤᠯᠤᠯᠳᠠ ᠶᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠦᠷᠢᠭ ᠤᠨ ᠰᠠᠭᠤᠷᠢ | ᠮᠦᠩᠭᠦ ᠪᠠᠶᠢᠭᠤᠯᠤᠨ᠎ᠠ ᠭᠡᠵᠥ ᠳᠤᠷᠠᠳᠪᠠ᠂ ᠲᠡᠭᠦᠨ ᠤ ᠠᠵᠢᠯᠯᠠᠭᠤᠯᠬᠤ ᠵᠠᠭᠪᠤᠷ ᠨᠢ ᠶᠠᠮᠠᠷ ᠰᠢᠭ᠋ ᠪᠣᠢ︖ | ᠺᠧ ᠡᠷᠬᠢᠯᠡᠭᠴᠢ᠄ | ᠬᠡᠷᠡᠭᠵᠢᠭᠦᠯᠬᠦ ᠲᠠᠯ᠎ᠠ ᠪᠠᠷ ᠣᠯᠣᠰ ᠠᠴᠠ ᠠᠯᠢ ᠡᠷᠲᠡ 2009 ᠣᠨ ᠠᠴᠠ ᠡᠬᠢᠯᠡᠨ ᠰᠢᠨ᠎ᠡ ᠪᠠᠷ | ᠬᠦᠭᠵᠢᠭᠰᠡᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠲᠦᠯᠦᠪᠯᠡᠭᠡ ᠶᠢ | ᠡᠬᠢᠯᠡᠨ ᠬᠡᠷᠡᠭᠵᠢᠭᠦᠯᠪᠡ᠂ ᠲᠡᠭᠦᠨ ᠤ ᠠᠵᠢᠯᠯᠠᠭᠤᠯᠬᠤ ᠵᠠᠭᠪᠤᠷ ᠨᠢ ᠪᠣᠯ᠄ ᠲᠥᠪ ᠤᠨ ᠡᠳ᠋ ᠤᠨ ᠵᠠᠰᠠᠭ ᠠᠴᠠ | 5000 ᠲᠦᠮᠡᠨ ᠲᠥᠭᠦᠷᠢᠭ ᠤᠨ ᠪᠡᠯᠡ ᠭᠠᠷᠭᠠᠵᠤ᠂ ᠣᠷᠣᠨ ᠨᠣᠳᠤᠭ ᠤᠨ ᠵᠠᠰᠠᠭ ᠤᠨ ᠣᠷᠳᠣᠨ ᠢᠵᠢ | ᠪᠦᠷᠢᠳᠦᠭᠦᠯᠦᠨ 5000 ᠲᠦᠮᠡᠨ ᠲᠦᠭᠦᠷᠢᠭ ᠤᠨ ᠪᠡᠯᠡ ᠭᠠᠷᠭᠠᠵᠤ᠂ ᠨᠡᠶᠢᠭᠡᠮ ᠤᠨ ᠡᠭᠦᠰᠭᠡᠨ ᠪᠠᠶᠢᠭᠤᠯᠤᠭᠴᠢ 1.5 | ᠳ᠋ᠦᠩᠰᠢᠭᠤᠷ ᠲᠦᠭᠦᠷᠢᠭ ᠤᠨ ᠪᠡᠯᠡ ᠭᠠᠷᠭᠠᠭᠤᠯᠵᠤ᠂ ᠬᠠᠮᠳᠤ ᠪᠠᠷ ᠬᠤᠪᠢ ᠤᠷᠣᠭᠤᠯᠤᠨ ᠶᠡᠷᠥᠩᠬᠡᠢ ᠬᠡᠪᠴᠢᠶ᠎ᠡ ᠨᠢ | 2.5 ᠳ᠋ᠦᠩᠰᠢᠭᠤᠷ ᠲᠦᠭᠦᠷᠢᠭ ᠤᠨ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠰᠠᠭᠤᠷᠢ ᠮᠦᠩᠭᠦ | ᠪᠠᠶᠢᠭᠤᠯᠵᠤ᠂ ᠵᠠᠰᠠᠭ ᠤᠨ ᠣᠷᠳᠤᠨ ᠤ ᠪᠡᠯᠡ ᠮᠦᠩᠭᠦ ᠶᠢᠨ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠤᠨ᠂ | ᠨᠡᠶᠢᠭᠡᠮ ᠤᠨ ᠬᠦᠷᠦᠩᠭᠡ ᠶᠢ ᠬᠦᠳᠦᠯᠦᠨ ᠵᠢᠯᠤᠭᠤᠳᠴᠤ ᠪᠠᠶᠢᠭᠠᠳ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠭᠤᠤᠯᠳᠠᠯᠭ᠎ᠠ ᠲᠠᠢ ᠬᠦᠷᠢᠶᠡᠨ ᠤ ᠠᠩᠬᠠᠨ ᠤ ᠪᠠ ᠳᠤᠮᠳᠠᠬᠢ | ᠦᠶ᠎ᠡ᠂ ᠠᠩᠬ᠎ᠠ ᠴᠣᠭᠴᠠᠯᠠᠬᠤ ᠦᠶ᠎ᠡ ᠳᠤ ᠣᠷᠣᠰᠢᠵᠤ ᠪᠠᠶᠢᠭ᠎ᠠ ᠠᠵᠤ ᠠᠬᠤᠶᠢᠯᠠᠯ ᠲᠡᠰᠢ ᠣᠷᠣᠭᠤᠯᠵᠤ᠂ ᠠᠵᠤ | ᠠᠬᠤᠶᠢᠯᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ | ᠠᠬᠢᠭᠤᠯᠵᠤ᠂ ᠰᠢᠨ᠎ᠡ ᠶᠢ ᠡᠭᠦᠳᠦᠭᠰᠡᠨ ᠦᠷ᠎ᠡ ᠪᠦᠳᠦᠭᠡᠯ ᠢᠶᠠᠨ ᠠᠵᠤ ᠦᠢᠯᠡᠰᠵᠢᠭᠦᠯᠬᠦ ᠶᠢ ᠲᠦᠷᠭᠡᠳᠭᠡᠨ᠎ᠡ᠃ | ᠤᠳᠤᠬᠠᠨ ᠳᠤ᠂ ᠤᠯᠤᠰ ᠢᠶᠠᠷ ᠵᠦᠪᠰᠢᠶᠡᠷᠡᠭᠦᠯᠦᠭᠡᠳ ᠪᠦᠬᠦ ᠣᠯᠣᠰ ᠲᠤ ᠰᠢᠨ᠎ᠡ ᠪᠠᠷ ᠪᠤᠢ ᠪᠤᠯᠤᠭᠰᠠᠨ ᠠᠵᠤ | ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ ᠤᠷᠣᠭᠤᠯᠣᠯᠲᠠ ᠶᠢᠨ213 ᠰᠠᠭᠤᠷᠢ ᠮᠦᠩᠭᠦ ᠪᠠᠶᠢᠭᠤᠯᠵᠤ᠂ | ᠶᠡᠷᠦᠩᠬᠡᠢ ᠬᠡᠪᠴᠢᠶ᠎ᠡ ᠨᠢ 574 ᠳ᠋ᠦᠩᠰᠢᠭᠤᠷ ᠲᠦᠭᠦᠷᠢᠭ ᠪᠠᠶᠢᠵᠤ᠂ ᠡᠭᠦᠨ ᠳᠤ ᠲᠥᠪ ᠠᠴᠠ 106 ᠳ᠋ᠦᠩᠰᠢᠭᠤᠷ | ᠲᠦᠭᠦᠷᠢᠭ ᠤᠨ ᠪᠡᠯᠡ ᠭᠠᠷᠭᠠᠪᠠ᠃ ᠲᠦᠷᠦᠭᠦᠬᠡᠨ ᠣᠯᠣᠰ ᠠᠴᠠ ᠶᠡᠷᠦᠩᠬᠡᠢ ᠬᠡᠪᠴᠢᠶ᠎ᠡ ᠨᠢ 400 ᠳ᠋ᠦᠩᠰᠢᠭᠤᠷ | ᠲᠦᠭᠦᠷᠢᠭ ᠪᠦᠬᠦᠢ ᠣᠯᠣᠰ ᠤᠨ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ | ᠪᠡᠯᠡ ᠣᠷᠤᠭᠤᠯᠤᠯᠲᠠᠶᠢ ᠬᠦᠳᠦᠯᠦᠨ ᠵᠢᠯᠤᠭᠤᠳᠬᠤ ᠰᠠᠭᠤᠷᠢ ᠮᠦᠩᠭᠦ ᠪᠠᠶᠢᠭᠤᠯᠬᠤ ᠪᠠᠷ ᠲᠤᠭᠲᠠᠵᠤ᠂ ᠬᠦᠳᠦᠯᠦᠨ | ᠵᠢᠯᠣᠭᠤᠳᠬᠤ ᠰᠠᠭᠤᠷᠢ ᠮᠦᠩᠭᠦ ᠶᠢ ᠪᠠᠶᠢᠭᠤᠯᠤᠭᠰᠠᠨ ᠤ ᠳᠠᠷᠠᠭ᠎ᠠ ᠲᠥᠪ ᠤᠨ ᠬᠤᠪᠢ ᠤᠷᠤᠭᠤᠯᠬᠤ ᠪᠡᠯᠡ ᠮᠦᠩᠭᠦ | ᠶᠢ ᠬᠦᠳᠦᠯᠦᠨ ᠵᠢᠯᠣᠭᠤᠳᠬᠤ ᠰᠠᠭᠤᠷᠢ ᠮᠦᠩᠭᠦ ᠠᠴᠠ ᠪᠡᠯᠡ ᠮᠦᠩᠭᠦ ᠭᠠᠷᠭᠠᠵᠤ᠂ ᠲᠥᠪ ᠤᠨ ᠪᠡᠯᠡ ᠭᠠᠷᠭᠠᠬᠤ ᠨᠢ | ᠨᠡᠩ ᠢᠯᠡᠭᠦᠦ ᠪᠠᠲᠣᠯᠠᠭ᠎ᠠ ᠲᠠᠢ ᠪᠣᠯᠵᠤ᠂ ᠬᠡᠪᠴᠢᠶ᠎ᠡ ᠨᠢ ᠶᠡᠭᠡ ᠬᠡᠮᠵᠢᠶ᠎ᠡ ᠪᠠᠷ ᠨᠡᠮᠡᠭᠳᠡᠬᠦ ᠪᠣᠯᠣᠨ᠎ᠠ᠃ ᠮᠠᠨ ᠤ | ᠣᠷᠣᠨ ᠤ ᠠᠳᠠᠯ ᠦᠢᠯᠡᠰ ᠴᠣᠭᠴᠠᠯᠠᠬᠤ ᠪᠡᠯᠡ ᠣᠷᠣᠭᠤᠯᠤᠯᠲᠠ ᠶᠢᠨ ᠬᠦᠭᠵᠢᠯᠲᠡ ᠪᠠᠷ ᠬᠠᠷᠢᠴᠠᠩᠭᠤᠢ ᠬᠤᠴᠤᠷᠴᠤ᠂ | ᠤᠳᠤᠬᠠᠨ ᠳᠤ ᠣᠯᠣᠰ ᠤᠨ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ ᠴᠣᠭᠴᠠᠯᠠᠬᠤ ᠪᠡᠯᠡ | ᠤᠷᠤᠭᠤᠯᠤᠯᠳᠠ ᠶᠢᠨ ᠰᠠᠭᠤᠷᠢ ᠮᠦᠩᠭᠦ 3 ᠪᠠᠶᠢᠵᠤ᠂ ᠬᠡᠪᠴᠢᠶ᠎ᠡ ᠨᠢ ᠪᠦᠬᠦ ᠣᠯᠣᠰ ᠤᠨ ᠶᠡᠷᠦᠩᠬᠡᠢ ᠬᠡᠪᠴᠢᠶ᠎ᠡ ᠶᠢᠨ | ᠵᠦᠪᠬᠡᠨ 1.4% ᠶᠢ ᠡᠵᠡᠯᠡᠵᠦ᠂ ᠵᠡᠬᠦᠨ ᠬᠡᠰᠡᠭ ᠤᠨ ᠭᠠᠵᠠᠷ ᠣᠷᠤᠨ ᠯᠤᠭ᠎ᠠ ᠠᠴᠠ ᠨᠡᠯᠢᠶᠡᠳ ᠶᠡᠭᠡ ᠵᠦᠷᠢᠶ᠎ᠡ ᠲᠠᠢ | ᠪᠠᠶᠢᠬᠤ ᠪᠠᠷ ᠪᠠᠷᠠᠬᠤ ᠦᠭᠡᠢ᠂ ᠪᠠᠷᠠᠭᠤᠨ ᠬᠡᠰᠡᠭ ᠤᠨ ᠭᠠᠵᠠᠷ ᠣᠷᠣᠨ ᠳᠤ ᠭᠡᠳ ᠬᠤᠴᠤᠷᠤᠩᠭᠤᠢ ᠪᠠᠶᠢᠷᠢ ᠳᠤ ︵ | ᠤᠶᠢᠯᠠᠭᠠᠭᠰᠠᠨ ᠢᠶᠠᠷ᠂ ᠣᠳᠣᠬᠠᠨ ᠳᠤ ᠪᠡᠭᠡᠵᠢᠩ ᠬᠤᠲᠠ 26 ᠰᠠᠭᠤᠷᠢ ᠮᠦᠩᠭᠦ ᠵᠦᠪᠰᠢᠶᠡᠷᠡᠭᠦᠯᠦᠨ ᠪᠠᠶᠢᠭᠤᠯᠤᠭᠠᠳ᠂ | ᠾᠧᠨᠠᠠ ᠮᠤᠵᠢ 16᠂ ᠬᠤᠪᠧᠢ ᠮᠤᠵᠢ 11᠂ ᠴᠦᠩᠴᠢᠩ ᠬᠤᠲᠠ 6᠂ ᠱᠠᠨ ᠰᠢ ᠮᠤᠵᠢ10 ᠶᠢ | ᠪᠠᠶᠢᠭᠤᠯᠪᠠ︶ ᠤᠷᠤᠰᠢᠵᠤ ᠪᠠᠶᠢᠨ᠎ᠠ᠃ ᠠᠳᠠᠯ ᠦᠢᠯᠡᠰ ᠴᠣᠭᠴᠠᠯᠠᠬᠤ ᠪᠡᠯᠡ ᠣᠷᠤᠭᠤᠯᠤᠯᠲᠠ ᠶᠢ ᠲᠦᠷᠭᠡᠳᠭᠡᠨ | ᠬᠦᠭᠵᠢᠭᠦᠯᠵᠦ᠂ ᠠᠵᠤ ᠠᠬᠤᠶᠢᠯᠠᠯ ᠤᠨ ᠰᠢᠭᠤᠳ ᠪᠡᠯᠡ ᠲᠤᠬᠢᠷᠠᠭᠤᠯᠬᠤ ᠠᠷᠭ᠎ᠠ ᠵᠠᠮ ᠢ ᠦᠷᠭᠡᠵᠢᠭᠦᠯᠬᠦ ᠶᠢᠨ | ᠲᠣᠰᠠᠳᠠ᠂ ︽ᠬᠡᠷᠡᠭᠵᠢᠭᠦᠯᠬᠦ ᠰᠠᠨᠠᠯ︾ ᠳᠤ ᠰᠢᠨ᠎ᠡ ᠪᠠᠷ ᠪᠤᠢ ᠪᠤᠯᠤᠭᠰᠠᠨ ᠠᠵᠤ ᠦᠢᠯᠡᠰ ᠤᠨ ᠠᠳᠠᠯ ᠦᠢᠯᠡᠰ | ᠴᠤᠭᠴᠠᠯᠠᠬᠤ ᠪᠡᠯᠡ ᠤᠷᠤᠭᠤᠯᠤᠯᠳᠠᠶᠢ ᠬᠦᠳᠦᠯᠦᠨ ᠵᠢᠯᠤᠭᠤᠳᠬᠤ 5 ᠳ᠋ᠦᠩᠰᠢᠭᠤᠷ ᠲᠦᠭᠦᠷᠢᠭ ᠪᠦᠬᠦᠢ ᠰᠠᠭᠤᠷᠢ | ᠮᠦᠩᠭᠦ ᠪᠠᠶᠢᠭᠤᠯᠵᠤ᠂ ᠨᠢᠭᠡ ᠲᠠᠯ᠎ᠠ ᠪᠠᠷ ᠬᠦᠳᠦᠯᠦᠨ ᠵᠢᠯᠣᠭᠤᠳᠬᠤ ᠰᠠᠭᠤᠷᠢ ᠮᠦᠩᠭᠦ ᠶᠢ ᠣᠯᠣᠰ ᠤᠨ ᠬᠦᠳᠦᠯᠦᠨ | ᠵᠢᠯᠣᠭᠤᠳᠬᠤ ᠰᠠᠭᠤᠷᠢ ᠮᠦᠩᠭᠦ ᠯᠦᠭᠡ ᠲᠦᠬᠦᠷᠵᠢᠭᠦᠯᠦᠨ᠂ ᠣᠯᠣᠰ ᠤᠨ ᠬᠦᠳᠦᠯᠦᠨ ᠵᠢᠯᠤᠭᠤᠳᠬᠤ ᠰᠠᠭᠤᠷᠢ | ᠮᠦᠩᠭᠦ ᠶᠢᠨ ᠳᠡᠮᠵᠢᠯᠭᠡ ᠶᠢ ᠣᠯᠬᠤ ᠳᠤ ᠰᠠᠭᠤᠷᠢ ᠲᠠᠯᠪᠢᠵᠤ᠂ ᠨᠦᠭᠦᠭᠡ ᠲᠠᠯ᠎ᠠ ᠪᠠᠷ ᠦᠪᠡᠷᠲᠡᠭᠡᠨ ᠵᠠᠰᠠᠬᠤ ᠣᠷᠤᠨ | ᠤᠨᠴᠠᠯᠢᠭᠲᠤ ᠳᠠᠪᠠᠭᠤᠯᠢᠭ ᠠᠵᠤ ᠦᠢᠯᠡᠰ ᠤᠨ ᠬᠦᠷᠢᠶ᠎ᠡ ᠬᠡᠪᠴᠢᠶ᠎ᠡ ᠶᠢᠨ ᠲᠣᠭᠤᠷᠢᠨ ᠳᠤ᠂ ᠦᠪᠡᠷᠲᠡᠭᠡᠨ ᠵᠠᠰᠠᠬᠤ | ᠣᠷᠣᠨ ᠤ ᠰᠢᠨ᠎ᠡ ᠪᠠᠷ ᠪᠤᠢ ᠪᠤᠯᠤᠭᠰᠠᠨᠠᠵᠤ ᠦᠢᠯᠡᠰ ᠤᠨ ᠠᠳᠠᠯ ᠦᠢᠯᠡᠰ ᠴᠤᠭᠴᠠᠯᠠᠬᠤ ᠳᠤ ᠪᠡᠯᠡ ᠤᠷᠤᠭᠤᠯᠬᠤ | ᠨᠢᠭᠡ ᠪᠦᠯᠦᠭ ᠰᠠᠭᠤᠷᠢ ᠮᠦᠩᠭᠦ ᠶᠢ ᠲᠦᠷᠭᠡᠳᠭᠡᠨ ᠪᠠᠶᠢᠭᠤᠯᠵᠤ᠂ ᠠᠳᠠᠯ ᠦᠢᠯᠡᠰ ᠴᠣᠭᠴᠠᠯᠠᠬᠤ ᠪᠡᠯᠡ | ᠣᠷᠣᠭᠤᠯᠤᠯᠲᠠ ᠶᠢᠨ ᠰᠠᠭᠤᠷᠢ ᠮᠦᠩᠭᠦ ᠶᠢᠨ ᠬᠡᠪᠴᠢᠶ᠎ᠡ ᠶᠢ ᠲᠦᠷᠭᠡᠳᠭᠡᠨ ᠦᠷᠭᠡᠳᠭᠡᠬᠦ ᠶᠢ ᠳᠤᠷᠠᠳᠤᠭᠰᠠᠨ ᠪᠠᠶᠢᠨ᠎ᠠ᠃ | | ᠬᠦᠳᠦᠯᠦᠭᠴᠢ᠄ | ︽ᠬᠡᠷᠡᠭᠵᠢᠭᠦᠯᠬᠦ ᠰᠠᠨᠠᠯ︾ ᠢ ᠨᠡᠶᠢᠲᠡᠯᠡᠭᠰᠡᠨ ᠤ ᠳᠠᠷᠠᠭ᠎ᠠ᠂ ᠦᠪᠡᠷᠲᠡᠭᠡᠨ ᠵᠠᠰᠠᠬᠤ ᠣᠷᠤᠨ ᠲᠦᠮᠡᠨ | ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ | ᠠᠬᠢᠭᠤᠯᠬᠤ ᠲᠠᠯ᠎ᠠ ᠪᠠᠷ ᠶᠠᠮᠠᠷ ᠶᠠᠮᠠᠷ ᠭᠤᠣᠯᠳᠠᠯᠭ᠎ᠠ ᠲᠠᠢ ᠠᠵᠢᠯ ᠢ ᠦᠷᠨᠢᠭᠦᠯᠵᠦ ᠡᠯ᠎ᠡ ᠵᠦᠢᠯ ᠤᠨ ᠲᠦᠷᠥ ᠶᠢᠨ | ᠪᠣᠳᠣᠯᠭ᠎ᠠ ᠶᠢ ᠪᠣᠳᠠᠳᠤ ᠭᠠᠵᠠᠷ ᠲᠤᠨᠢ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠪᠣᠢ︖ | ᠺᠧ ᠡᠷᠬᠢᠯᠡᠭᠴᠢ᠄ | ᠨᠢᠭᠡ ᠳᠤ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠦᠨ᠂ ᠡᠭᠦᠷᠭᠡ ᠶᠢᠨ ᠬᠤᠪᠢᠶᠠᠷᠢᠯᠠᠯ ᠢ | ᠲᠤᠳᠤᠷᠬᠠᠶᠢᠯᠠᠨ᠎ᠠ᠃ ᠦᠪᠡᠷᠲᠡᠭᠡᠨ ᠵᠠᠰᠠᠬᠤ ᠣᠷᠣᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠰᠠᠯᠠᠭ᠎ᠠ ᠮᠦᠴᠢᠷ ᠤᠳ ᠤᠨ | ᠬᠠᠮᠳᠤᠷᠠᠭᠰᠠᠨ ᠬᠤᠷᠠᠯᠳᠤᠭᠠᠨ ᠤ ᠳᠦᠷᠢᠮ ᠢ ᠲᠦᠷᠭᠡᠬᠡᠨ ᠪᠠᠶᠢᠭᠤᠯᠵᠤ᠂ ᠠᠵᠢᠯ ᠤᠨ ᠵᠤᠬᠢᠴᠠᠭᠤᠯᠬᠤ | ᠲᠣᠭᠲᠠᠴᠠ ᠪᠠᠨ ᠲᠡᠭᠦᠯᠳᠡᠷᠵᠢᠭᠦᠯᠵᠦ᠂ ᠠᠵᠢᠯ ᠢᠶᠠᠨ ᠲᠦᠯᠬᠢᠨ ᠠᠬᠢᠭᠤᠯᠬᠤ ᠨᠡᠶᠢᠯᠡᠮᠡᠯ ᠬᠦᠴᠦᠨ ᠢ ᠪᠣᠢ ᠪᠤᠯᠭᠠᠨ᠎ᠠ᠃ | ︽ᠬᠡᠷᠡᠭᠵᠢᠭᠦᠯᠬᠦ ᠰᠠᠨᠠᠯ︾ ᠳᠤ ᠳᠤᠷᠠᠳᠤᠭᠰᠠᠨ ᠡᠭᠦᠷᠭᠡ ᠶᠢᠨ ᠬᠤᠪᠢᠶᠠᠷᠢᠯᠠᠯ ᠶᠤᠰᠣᠭᠠᠷ᠂ ᠭᠤᠤᠯᠳᠠᠯᠭ᠎ᠠ ᠲᠠᠢ | ᠡᠭᠦᠷᠭᠡ ᠶᠢ ᠡᠯ᠎ᠡ ᠡᠭᠦᠷᠭᠡ ᠴᠢᠳᠠᠪᠤᠷᠢᠳᠤ ᠰᠠᠯᠠᠭ᠎ᠠ ᠮᠦᠴᠢᠷ ᠲᠤ ᠨᠠᠷᠢᠯᠢᠭᠵᠢᠭᠤᠯᠤᠨ ᠵᠠᠳᠠᠯᠵᠤ᠂ ᠠᠵᠢᠯ ᠤᠨ | ᠠᠬᠢᠴᠠ ᠶᠢᠨ ᠱᠠᠭᠠᠷᠳᠠᠯᠭ᠎ᠠ ᠶᠢ ᠲᠤᠳᠤᠷᠬᠠᠶᠢᠯᠠᠨ᠂ ᠬᠠᠷᠢᠭᠤᠴᠠᠯᠭ᠎ᠠ ᠶᠢᠨ ᠭᠤᠣᠯ ᠴᠤᠭᠴᠠ ᠶᠢ | ᠨᠠᠶᠢᠳᠠᠪᠤᠷᠢᠵᠢᠭᠤᠯᠤᠨ᠎ᠠ᠃ ᠬᠤᠶᠠᠷ ᠲᠤ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠦᠷᠨᠢᠭᠦᠯᠦᠨ᠎ᠡ᠃ ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ | ᠦᠭᠡᠷᠡᠴᠢᠯᠡᠯᠲᠡ ᠶᠢᠨ ᠲᠣᠷᠰᠢᠯᠲᠠ ᠶᠢᠨ ᠲᠦᠰᠦᠯ ᠢ ᠰᠤᠳᠤᠯᠤᠨ ᠲᠣᠭᠲᠠᠭᠠᠵᠤ᠂ ᠨᠦᠬᠦᠴᠡᠯ ᠲᠠᠢ ᠵᠠᠷᠢᠮ ᠭᠠᠵᠠᠷ | ᠣᠷᠤᠨ ᠢ ᠰᠤᠩᠭᠤᠨ ᠠᠳᠠᠯ ᠦᠢᠯᠠᠰ ᠴᠣᠭᠴᠠᠯᠠᠵᠤ ᠰᠢᠨ᠎ᠡ ᠶᠢ ᠡᠭᠦᠳᠬᠦ ᠦᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠢ ᠢᠳᠡᠪᠬᠢᠲᠡᠢ ᠦᠷᠨᠢᠭᠦᠯᠵᠦ᠂ ᠵᠠᠬ᠎ᠠ ᠳᠡᠯᠭᠡᠭᠦᠷ ᠲᠤ ᠭᠤᠣᠯᠴᠢ ᠪᠠᠷ ᠦᠷᠢᠰᠦᠯᠳᠦᠬᠦ᠂ ᠮᠡᠳᠡᠯᠭᠡ ᠶᠢᠨ | ᠪᠦᠳᠦᠭᠡᠭᠳᠡᠬᠦᠨ ᠤ ᠦᠮᠴᠢᠯᠡᠬᠦ ᠡᠷᠬᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠳᠦᠭᠡᠯ ᠢ ᠬᠤᠪᠢᠷᠠᠭᠤᠯᠬᠤ᠂ | ᠴᠢᠳᠠᠪᠤᠷᠢᠲᠠᠨ ᠬᠦᠮᠦᠵᠢᠭᠦᠯᠬᠦ ᠪᠠ ᠣᠷᠮᠠᠰᠢᠭᠤᠯᠬᠤ᠂ ᠮᠦᠩᠭᠦᠨ ᠭᠦᠢᠯᠭᠡᠭᠡᠨ ᠤ ᠰᠢᠨ᠎ᠡ ᠶᠢ ᠡᠭᠦᠳᠬᠦ᠂ | ᠨᠡᠬᠡᠭᠡᠯᠲᠡᠲᠡᠢ ᠪᠠᠷ ᠰᠢᠨ᠎ᠡ ᠶᠢ ᠡᠭᠦᠳᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠵᠡᠷᠭᠡ | ᠲᠠᠯ᠎ᠠ ᠪᠠᠷ ᠴᠢᠬᠤᠯᠠ ᠶᠡᠭᠡ ᠦᠭᠡᠷᠡᠴᠢᠯᠡᠯᠲᠡ ᠶᠢᠨ ᠰᠢᠪᠳᠤᠯᠤᠯᠲᠠ ᠲᠠᠢ ᠪᠤᠯᠭᠠᠵᠤ᠂ ᠲᠣᠷᠰᠢᠯᠭ᠎ᠠ ᠪᠠᠨ ᠴᠠᠭ ᠲᠤᠬᠠᠢ | ᠳᠤᠨᠢ ᠳ᠋ᠦᠩᠨᠡᠨ ᠳᠡᠯᠭᠡᠷᠡᠭᠦᠯᠵᠦ᠂ ᠵᠢᠱᠢᠶ᠎ᠡ ᠦᠵᠡᠭᠦᠯᠬᠦ ᠪᠠ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠎ᠠ᠃ | ᠭᠤᠷᠪᠠ ᠳᠤ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠪᠠ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠶᠢ | ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ ᠃ ᠤᠶᠢᠷ᠎ᠠ ᠶᠢᠨ ᠬᠤᠭᠤᠴᠠᠭᠠᠨ ᠳᠤ ᠣᠷᠤᠨ ᠤ ᠳᠤᠲᠤᠷ᠎ᠠ | ᠭᠠᠳᠠᠨᠠᠬᠢ ᠰᠣᠨᠢᠨ ᠮᠡᠳᠡᠭᠡᠨ ᠤ ᠵᠠᠭᠤᠴᠢᠯᠠᠭᠤᠷ ᠤᠳ ᠢ ᠵᠤᠬᠢᠶᠠᠨ ᠪᠠᠶᠢᠭᠤᠯᠤᠨ ᠨᠢᠭᠡᠨ ᠣᠳᠠᠭᠠᠨ ᠤ ᠤᠬᠠᠭᠤᠯᠤᠨ | ᠮᠡᠳᠡᠭᠡᠯᠡᠬᠦ ᠠᠵᠢᠯᠯᠠᠭ᠎ᠠ ᠶᠢ ᠲᠦᠪᠯᠡᠷᠡᠭᠦᠯᠦᠨ ᠦᠷᠨᠢᠭᠦᠯᠵᠦ᠂ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ | ᠬᠠᠮᠢᠶ᠎ᠠ ᠪᠦᠬᠦᠢ ᠲᠦᠷᠥ ᠶᠢᠨ ᠪᠣᠳᠣᠯᠭ᠎ᠠ᠂ ᠨᠡᠶᠢᠳᠡᠯᠢᠭ ᠵᠢᠱᠢᠶ᠎ᠡ ᠪᠠ ᠲᠤᠷᠰᠢᠯᠭ᠎ᠠ᠂ ᠰᠢᠯᠢᠳᠡᠭ ᠠᠳᠠᠯ ᠦᠢᠯᠡᠰ | ᠴᠣᠭᠴᠠᠯᠠᠭᠴᠢ᠂ ᠰᠢᠨ᠎ᠡ ᠶᠢ ᠡᠭᠦᠳᠦᠭᠰᠡᠨ ᠴᠢᠳᠠᠪᠤᠷᠢᠲᠠᠨ ᠪᠣᠯᠣᠨ ᠪᠦᠯᠬᠦᠮ ᠨᠡᠶᠢᠲᠡ ᠶᠢ ᠶᠡᠬᠡᠪᠡᠷ ᠤᠬᠠᠭᠤᠯᠵᠤ᠂ | ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠰᠢᠨ᠎ᠡ ᠶᠢ ᠡᠭᠦᠳᠬᠦ ᠶᠢ ᠵᠤᠷᠢᠭᠵᠢᠭᠤᠯᠬᠤ᠂ ᠢᠯᠠᠭᠳᠠᠯ ᠢ ᠠᠭᠤᠴᠢᠯᠠᠨ | ᠪᠠᠭᠲᠠᠭᠠᠬᠤ ᠰᠤᠶᠤᠯ ᠪᠤᠯᠤᠨ ᠨᠡᠶᠢᠭᠡᠮ ᠤᠨ ᠤᠷᠴᠢᠨ ᠠᠬᠤᠢ ᠶᠢ ᠴᠢᠷᠮᠠᠶᠢᠨ ᠪᠣᠢ ᠪᠤᠯᠭᠠᠨ᠎ᠠ᠃ ᠡᠭᠦᠨ ᠤ ᠵᠡᠷᠭᠡᠴᠡᠪᠡᠷ᠂ | ᠵᠢᠯ ᠤᠨ ᠡᠴᠦᠰ ᠠᠴᠠ ᠡᠮᠦᠨ᠎ᠡ ᠨᠢᠭᠡᠨ ᠣᠳᠠᠭᠠᠨ ᠤ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠣᠭᠴᠠᠯᠠᠵᠤ | ᠲᠦᠭ ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ | ᠪᠠᠶᠢᠭᠤᠯᠤᠨ ᠦᠷᠨᠢᠭᠦᠯᠵᠦ᠂ ᠲᠥᠷᠥ ᠶᠢᠨ ᠪᠣᠳᠤᠯᠭ᠎ᠠ ᠶᠢ ᠬᠡᠷᠡᠭᠵᠢᠭᠦᠯᠦᠭᠰᠡᠨ ᠢ ᠦᠨᠡᠯᠡᠨ ᠵᠢᠱᠢᠬᠦ ᠰᠢᠰᠲ᠋ᠧᠮᠵᠢ ᠪᠣᠯᠣᠨ | ᠨᠡᠪᠲᠡᠷᠡᠭᠦᠯᠬᠦ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠵᠤ ᠦᠷ᠎ᠡ ᠪᠦᠳᠦᠮᠵᠢ ᠭᠠᠷᠭᠠᠬᠤ ᠶᠢ ᠪᠠᠲᠤᠯᠠᠨ᠎ᠠ᠃ | ᠬᠦᠳᠦᠯᠦᠭᠴᠢ᠄ | ᠵᠠ᠂ ᠺᠧ ᠡᠷᠬᠢᠯᠡᠭᠴᠢ ᠶᠢᠨ ᠨᠠᠷᠢᠨ ᠲᠤᠳᠤᠷᠬᠠᠢ ᠲᠠᠶᠢᠯᠪᠤᠷᠢᠯᠠᠭᠰᠠᠨ ᠳᠤ ᠲᠠᠯᠠᠷᠬᠠᠵᠤ ᠪᠠᠶᠢᠨ᠎ᠠ ᠂ ᠮᠦᠨᠴᠦ | ᠰᠦᠯᠵᠢᠶᠡᠨ ᠠᠨᠳᠠ ᠨᠠᠷ ᠤᠨ ᠤᠷᠤᠯᠴᠠᠭᠰᠠᠨ ᠳᠤ ᠲᠠᠯᠠᠷᠬᠠᠵᠤ ᠪᠠᠶᠢᠨ᠎ᠠ ᠂ ᠳᠠᠷᠠᠭᠠᠴᠢ ᠶᠢᠨ ᠫᠷᠦᠭᠷᠡᠮ ᠳᠤ ᠪᠠᠶᠠᠷᠲᠠᠢ | ᠵᠤᠯᠭᠠᠶ᠎ᠠ︕ | | | | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠺᠧᠲᠷᠤᠨ ᠵᠠᠰᠠᠭ | ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ ᠳᠤ ᠪᠠᠷ᠎ᠠ ᠪᠣᠯᠵᠤ | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ | | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠠᠯᠪᠠᠨ ᠲᠢᠩᠬᠢᠮ ᠤᠨ ᠡᠯᠺᠧᠲᠷᠤᠨ ᠵᠠᠰᠠᠭ | ᠶᠠᠪᠤᠳᠠᠯ ᠤᠨ ᠭᠠᠵᠠᠷ ᠤᠨ ᠳᠠᠷᠤᠭ᠎ᠠ ᠾᠧ ᠪᠢᠶᠤᠤ ᠰᠤᠷᠪᠤᠯᠵᠢᠯᠠᠭ᠎ᠠ ᠬᠦᠯᠢᠶᠡᠭᠰᠡᠨ ᠵᠤᠴᠢᠨ ᠳᠤ ᠪᠠᠷ᠎ᠠ ᠪᠣᠯᠵᠤ | ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ ᠶᠢ ᠲᠣᠭᠤᠷᠢᠨ ᠦᠵᠡᠵᠦ ᠪᠠᠶᠢᠭ᠎ᠠ | | | | | | |