ᠥᠪᠥᠷ ᠮᠣᠩᠭᠤᠯ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠤᠶᠢᠷ᠎ᠠ ᠬᠠᠪᠢ ᠎ ᠳᠠᠭᠠᠨ ᠰᠢᠩᠭᠡᠭᠡᠬᠦ ᠲᠤᠷᠰᠢᠯᠲᠠ ᠶᠢᠨ ᠴᠢᠭ᠋ ᠪᠣᠯᠪᠠ
ᠨᠡᠶᠢᠲᠡᠯᠡᠭᠰᠡᠨ ᠴᠠᠭ᠄
2015/10/21
     ᠲᠥᠪ ᠤᠨ ᠡᠳ᠋ ᠤᠨ ᠵᠠᠰᠠᠭ ᠠᠵᠤ ᠠᠬᠤᠶ ᠶᠢᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠬᠤᠷᠠᠯᠳᠤᠭᠠᠨ ᠤ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ︽ᠴᠠᠬᠢᠯᠭᠠᠨ ᠬᠦᠴᠦᠨ ᠤ ᠠᠵᠢᠯᠯᠠᠭ᠎ᠠ ᠶᠢᠨ ᠲᠣᠬᠢᠷᠠᠭᠤᠯᠭ᠎ᠠ ᠎ ᠶᠢ ᠬᠠᠯᠠᠨ ᠰᠠᠶᠢᠵᠢᠷᠠᠭᠤᠯᠤᠨ ᠠᠷᠢᠭᠤᠨ ᠴᠡᠪᠡᠷ ᠡᠨᠧᠷᠬᠢ ᠶᠢᠨ ᠰᠣᠷᠪᠣᠯᠵᠢ ᠶᠢ ᠢᠯᠡᠭᠦᠬᠡᠨ ᠪᠦᠭᠡᠳ ᠳᠦᠬᠦᠷᠡᠩ ᠭᠠᠷᠭᠠᠬᠤ ᠶᠢ ᠲᠦᠯᠬᠢᠨ ᠠᠬᠢᠭᠤᠯᠬᠤ ᠲᠣᠬᠠᠢ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠶᠢᠨ ᠵᠢᠯᠣᠭᠤᠳᠬᠤ ᠰᠠᠨᠠᠯ︾᠎ ᠳᠤ ᠱᠠᠭᠠᠷᠳᠠᠭᠰᠠᠨ ᠢᠶᠠᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠢᠭᠡᠳ ᠤᠯᠤᠰ ᠤᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠵᠥᠪᠳᠡᠯᠴᠡᠬᠦ ᠪᠠᠷ ᠳᠠᠮᠵᠢᠭᠠᠳ᠂ ᠭᠠᠨᠰᠦ ᠮᠤᠵᠢ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠭᠠᠵᠠᠷ ᠣᠷᠣᠨ ᠳᠤ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠶᠢᠷ᠎ᠠ ᠬᠠᠪᠢ ᠳᠠᠭᠠᠨ ᠰᠢᠩᠭᠡᠭᠡᠬᠦ ᠲᠤᠷᠰᠢᠯᠲᠡ ᠶᠢᠨ ᠠᠵᠢᠯ ᠦᠷᠨᠢᠭᠦᠯᠬᠦ ᠪᠠᠷ ᠲᠣᠭᠲᠠᠪᠠ᠃ ᠭᠠᠨᠰᠦ ᠪᠣᠯᠤᠨ ᠥᠪᠥᠷ ᠮᠣᠩᠭᠤᠯ ᠤᠨ ᠬᠡᠰᠡᠭ ᠭᠠᠵᠠᠷ ᠣᠷᠣᠨ ᠳᠤ ᠳᠠᠬᠢᠨ ᠡᠭᠦᠰᠴᠦ ᠪᠤᠯᠬᠤ ᠡᠨᠧᠷᠬᠢ ᠶᠢᠨ ᠰᠤᠷᠪᠤᠯᠵᠢ ᠶᠢ ᠣᠶᠢᠷ᠎ᠡ ᠬᠤᠪᠢ ᠳᠠᠭᠠᠨ ᠰᠢᠩᠭᠡᠭᠡᠬᠦ ᠲᠤᠷᠰᠢᠯᠲᠠ ᠶᠢᠨ ᠠᠵᠢᠯ ᠦᠷᠨᠢᠭᠦᠯᠬᠦ ᠵᠣᠷᠢᠯᠭ᠎ᠠ ᠨᠢ ᠪᠤᠰᠤᠳ ᠭᠠᠵᠠᠷ ᠣᠷᠣᠨ ᠳᠤ ᠲᠤᠷᠰᠢᠯᠭ᠎ᠠ ᠬᠤᠷᠠᠮᠳᠤᠭᠤᠯᠵᠤ᠂ ᠰᠠᠯᠬᠢ ᠂ ᠭᠡᠷᠡᠯ ᠢ ᠬᠦᠨᠳᠦ ᠨᠣᠴᠢᠲᠠᠢ ᠬᠠᠶᠠᠵᠤ ᠪᠠᠶᠢᠭ᠎ᠠ  ᠣᠳᠣᠬᠢ ᠦᠵᠡᠭᠳᠡᠯ ᠢ ᠴᠢᠷᠮᠠᠶᠢᠨ ᠰᠢᠢᠳᠪᠦᠷᠢᠯᠡᠬᠦ ᠶᠢ ᠵᠣᠷᠢᠭᠲᠠᠢ ᠪᠠᠷ ᠬᠠᠶᠢᠨ ᠰᠦᠪᠡᠭᠴᠢᠯᠡᠵᠦ᠂ ᠴᠠᠬᠢᠯᠭᠠᠨ ᠬᠦᠴᠦᠨ ᠤ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢᠨ ᠠᠬᠤᠶ ᠪᠠᠶᠢᠳᠠᠯ ᠳᠣᠣᠷ᠎ᠠ ᠳᠠᠬᠢᠨ ᠡᠭᠦᠰᠴᠦ ᠪᠣᠯᠬᠤ ᠡᠨᠧᠷᠬᠢ ᠶᠢᠨ ᠰᠣᠷᠪᠣᠯᠵᠢ ᠶᠢᠨ ᠬᠥᠭᠵᠢᠯᠲᠡ ᠶᠢ ᠲᠦᠯᠬᠢᠨ ᠠᠬᠢᠭᠤᠯᠬᠤ ᠲᠣᠭᠲᠠᠴᠠ ᠶᠢᠨ ᠰᠢᠨ᠎ᠡ ᠶᠢ ᠡᠭᠦᠳᠬᠦ ᠎ ᠳᠤ ᠣᠷᠤᠰᠢᠨ᠎ᠠ᠃ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠭᠠᠨᠰᠦ ᠮᠤᠵᠢ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠶᠢ ᠲᠦᠷᠦᠭᠦᠯᠡᠨ ᠬᠢᠬᠦ ᠰᠠᠯᠠᠭ᠎ᠠ ᠮᠦᠴᠢᠷ ᠶᠢᠨ ᠦᠢᠯᠡᠳᠦᠯ ᠪᠠᠨ ᠰᠠᠶᠢᠲᠤᠷ ᠪᠠᠳᠠᠷᠠᠭᠤᠯᠬᠤ ᠶᠢ ᠱᠠᠭᠠᠷᠳᠠᠵᠤ᠂ ᠲᠤᠷᠰᠢᠯᠲᠠ ᠶᠢᠨ ᠪᠣᠳᠠᠲᠠᠢ ᠠᠭᠤᠯᠭ᠎ᠠ ᠶᠢ ᠲᠣᠲᠤᠷᠬᠠᠶᠢᠯᠠᠨ᠂ ᠨᠠᠷᠢᠨ ᠨᠢᠮᠪᠠᠶ ᠪᠠᠶᠢᠷᠢᠯᠠᠭᠤᠯᠤᠯᠲᠠ ᠬᠢᠵᠦ᠂ ᠬᠤᠷᠰᠢᠯᠴᠠᠭ᠎ᠠ ᠪᠠᠨ ᠴᠢᠩᠭᠠᠳᠬᠠᠵᠤ᠂ ᠲᠤᠷᠰᠢᠯᠲᠠ ᠶᠢᠨ ᠠᠵᠢᠯ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠵᠤ ᠪᠠᠶᠢᠭᠠᠳ ᠥᠭᠡᠷᠡᠴᠢᠯᠡᠯᠲᠡ ᠲᠤᠷᠰᠢᠯᠲᠠ ᠶᠢᠨ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠵᠠᠳᠠᠯᠵᠤ᠂  ᠲᠤᠷᠰᠢᠯᠲᠠ ᠶᠢᠨ ᠠᠵᠢᠯ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠲᠤᠬᠠᠶ ᠰᠠᠨᠠᠯ ᠪᠠ ᠰᠠᠨᠠᠭᠤᠯᠭ᠎ᠠ ᠳᠤᠷᠠᠳᠪᠠ︔ ᠡᠭᠦᠨ ᠤ ᠵᠡᠷᠭᠡᠴᠡᠭᠡᠪᠡᠷ ᠤᠯᠤᠰ ᠤᠨ ᠴᠠᠬᠢᠯᠭᠠᠨ ᠲᠣᠤᠷ ᠤᠨ ᠺᠣᠮᠫᠠᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠺᠣᠮᠫᠠᠨᠢ ᠢᠳᠡᠪᠬᠢᠲᠡᠢ ᠬᠠᠮᠵᠢᠯᠴᠠᠨ᠂ ᠳᠠᠬᠢᠠ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ ᠣᠶᠢᠷ᠎ᠠ ᠬᠠᠪᠢ ᠳᠠᠭᠠᠨ ᠰᠢᠩᠭᠡᠭᠡᠬᠦ ᠶᠢ ᠱᠠᠭᠠᠷᠳᠠᠪᠠ  ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号