ᠥᠪᠥᠷ ᠮᠣᠩᠭᠤᠯ ᠬᠤᠲᠠ ᠪᠠᠯᠭᠠᠰᠤᠨ ᠤ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠪᠣᠯᠣᠨ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯᠳᠠᠢ ᠭᠡᠷ ᠪᠠᠶᠢᠰᠢᠩ ᠤᠨ ᠰᠢᠨᠡᠳᠬᠡᠨ ᠵᠠᠰᠠᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2015/10/21
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠣᠷᠴᠢᠮᠬᠠᠨ ︽ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠪᠣᠯᠣᠨ ᠬᠤᠲᠠ ᠬᠥᠳᠡᠭᠡ ᠶᠢᠨ ᠨᠣᠷᠠᠬᠤ ᠠᠶᠣᠯᠳᠠᠢ ᠭᠡᠷ ᠪᠠᠶᠢᠰᠢᠩ ᠵᠢᠴᠢ ᠲᠥᠭᠦᠷᠵᠢᠭᠦᠯᠦᠭᠰᠡᠨ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠲᠠ ᠶᠢᠨ ᠠᠵᠢᠯ ᠤᠨ ᠬᠤᠯᠪᠤᠭᠳᠠᠯ ᠪᠥᠬᠦᠢ ᠤᠴᠢᠷ ᠢ ᠤᠯᠠᠮ ᠨᠢᠭᠡ ᠠᠯᠬᠤᠮ ᠰᠠᠶᠢᠳᠤᠷ ᠬᠢᠬᠦ ᠲᠤᠬᠠᠢ ᠮᠡᠳᠡᠭᠳᠡᠯ︾ ᠭᠠᠷᠭᠠᠪᠠ᠃ ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠳᠠ ᠨᠤᠭᠤᠳ ᠲᠤᠰ ᠭᠠᠵᠠᠷ ᠣᠷᠣᠨ ᠤ ᠪᠠᠨ ᠰᠢᠨᠠᠳᠭᠡᠨ ᠵᠠᠰᠠᠬᠤ ᠭᠡᠵᠦ ᠪᠠᠶᠢᠭ᠎ᠠ ᠡᠯ᠎ᠡ ᠲᠦᠷᠦᠯ ᠤᠨ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ᠂ ᠬᠤᠲᠠ ᠲᠤᠳᠤᠷᠠᠬᠢ ᠲᠣᠰᠬᠤᠨ᠂ ᠬᠤᠲᠠ ᠶᠢᠨ ᠨᠤᠷᠠᠬᠤ ᠠᠶᠤᠯᠲᠠᠶ ᠭᠡᠷ ᠪᠠᠶᠢᠰᠢᠩ ᠤᠨ ᠰᠠᠭᠤᠷᠢ ᠲᠤᠭ᠎ᠠ ᠶᠢ ᠰᠠᠶᠢᠨ ᠮᠡᠳᠡᠵᠦ᠂ ︽ᠠᠯᠢ ᠴᠢᠳᠠᠬᠤ ᠪᠠᠷ ᠢᠯᠡᠭᠦᠬᠡᠨ ᠬᠢᠬᠦ︾ ᠪᠠ ︽ᠬᠦᠨᠳᠦ ᠬᠦᠡᠭᠬᠡᠨ ᠪᠠᠴᠢᠮ ᠠᠯᠭᠤᠷ ᠢ ᠢᠯᠭᠠᠬᠤ︾ ᠵᠠᠷᠴᠢᠮ ᠶᠣᠰᠣᠭᠠᠷ᠂ ᠲᠤᠰ ᠭᠠᠵᠠᠷ ᠣᠷᠣᠨ ᠤ ᠪᠠᠨ 2015-2017 ᠣᠨ ᠤ ᠬᠤᠲᠠ ᠪᠠᠯᠭᠠᠰᠤᠨ ᠤ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠬᠡᠨ ᠵᠠᠰᠠᠬᠤ ᠲᠥᠯᠥᠪᠯᠡᠭᠡ ᠪᠣᠯᠣᠨ ᠬᠡᠷᠡᠭᠵᠢᠭᠦᠯᠬᠦ ᠲᠥᠰᠥᠪ ᠢ ᠱᠠᠯᠠᠪᠳᠠᠨ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠠᠶᠢᠮᠠᠭ ᠬᠤᠲᠠ ᠨᠤᠭᠤᠳ ᠬᠤᠲᠠ ᠪᠠᠯᠭᠠᠰᠤᠨ ᠤ ᠳᠥᠭᠦᠮ ᠪᠥᠳᠦᠭᠦᠯᠢᠭ ᠣᠷᠣᠨ ᠰᠠᠭᠤᠴᠠᠳᠤ ᠲᠣᠭᠤᠷᠢᠭ ᠢ ᠰᠢᠨᠡᠳᠬᠡᠨ ᠵᠠᠰᠠᠬᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠬᠤ ᠶᠢᠨ ᠬᠠᠮᠲᠤ 2015-2017 ᠣᠨ ᠤ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠡᠳᠬᠡᠨ ᠵᠠᠰᠠᠬᠤ ᠲᠥᠭᠦᠷᠵᠢᠭᠦᠯᠦᠭᠰᠡᠨ ᠰᠠᠭᠤᠷᠢ ᠪᠡᠯᠡᠳᠬᠡᠮᠵᠢ ᠶᠢᠨ ᠪᠥᠲᠦᠭᠡᠨ ᠪᠠᠶᠢᠭᠤᠯᠤᠯᠳᠠ ᠶᠢᠨ ᠲᠥᠯᠥᠪᠯᠡᠭᠡ ᠶᠢ ᠲᠥᠷᠭᠡᠳᠬᠡᠨ ᠨᠠᠶᠢᠷᠠᠭᠤᠯᠤᠨ ᠵᠣᠬᠢᠶᠠᠵᠤ ᠂ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠠᠳᠭᠡᠨ ᠵᠠᠰᠠᠬᠤ ᠳᠤ ᠲᠥᠪᠬᠢᠨᠡᠭᠦᠯᠬᠦ ᠣᠷᠣᠨ ᠰᠠᠭᠤᠴᠠ ᠶᠢᠨ ᠲᠣᠭᠤᠷᠢᠭ ᠤᠨ ᠲᠥᠭᠦᠷᠵᠢᠭᠦᠯᠦᠭᠰᠡᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠵᠢᠴᠢ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠠᠳᠭᠡᠨ ᠵᠠᠰᠠᠬᠤ ᠳᠤ ᠰᠢᠭᠤᠳ ᠬᠤᠯᠪᠣᠭᠳᠠᠬᠤ ᠬᠤᠳᠠ ᠶᠢᠨ ᠵᠠᠮ ᠪᠣᠯᠤᠨ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠮᠡᠳᠡᠭᠡ ᠬᠤᠯᠪᠤᠭ᠎ᠠ᠂ ᠴᠠᠬᠢᠯᠭᠠᠨ ᠬᠠᠩᠭᠠᠬᠤ᠂ ᠤᠰᠤ ᠬᠠᠩᠭᠠᠬᠤ᠂ ᠬᠡᠢ ᠬᠠᠩᠭᠠᠬᠤ᠂ ᠢᠯᠴᠢ ᠬᠠᠩᠭᠠᠬᠤ᠂ ᠲᠡᠷᠭᠡᠨ ᠤ ᠬᠥᠮᠦᠷᠭᠡ ︵ᠵᠣᠭᠰᠤᠭᠠᠯ︶᠂ ᠪᠣᠬᠢᠷ ᠤᠰᠤ ᠪᠣᠯᠣᠨ ᠬᠤᠭ ᠨᠣᠪᠰᠢ ᠶᠢ ᠰᠢᠢᠳᠪᠦᠷᠢᠯᠡᠬᠦ ᠵᠡᠷᠭᠡ ᠬᠤᠲᠠ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ ᠢ ᠲᠣᠭᠲᠠᠭᠠᠵᠤ᠂ ᠲᠥᠭᠦᠷᠵᠢᠭᠦᠯᠦᠭᠰᠡᠨ ᠪᠡᠯᠡᠳᠬᠡᠮᠵᠢ ᠪᠣᠯᠣᠨ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠠᠳᠭᠡᠨ ᠵᠠᠰᠠᠬᠤ ᠳᠤ ᠲᠥᠪᠬᠢᠨᠡᠭᠦᠯᠬᠦ ᠣᠷᠣᠨ ᠰᠠᠭᠤᠴᠠ ᠶᠢᠨ ᠵᠡᠷᠭᠡᠴᠡᠪᠡᠷ ᠲᠥᠯᠥᠪᠵᠢᠭᠦᠯᠬᠦ᠂ ᠵᠡᠷᠭᠡᠴᠡᠪᠡᠷ ᠮᠡᠳᠡᠭᠦᠯᠦᠨ ᠵᠦᠪᠰᠢᠶᠡᠷᠡᠭᠦᠯᠬᠦ᠂ ᠵᠡᠷᠭᠡᠴᠡᠪᠡᠷ ᠪᠥᠲᠦᠭᠡᠨ ᠪᠠᠶᠢᠭᠤᠯᠬᠤ᠂ ᠵᠡᠷᠭᠡᠴᠡᠪᠡᠷ ᠠᠰᠢᠭᠯᠠᠯᠲᠠ ᠳᠤ ᠣᠷᠤᠭᠤᠯᠬᠤ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠲᠡᠷᠡᠴᠢᠯᠡᠨ 2014 ᠣᠨ ᠤ ᠵᠢᠯ ᠤᠨ ᠰᠡᠭᠦᠯᠴᠢ ᠠᠴᠠ ᠡᠮᠦᠨ᠎ᠡ ᠨᠢᠭᠡᠨᠲᠡ ᠪᠠᠷᠢᠯᠭ᠎ᠠ ᠡᠬᠢᠯᠡᠭᠦᠯᠦᠭᠰᠡᠨ ᠳᠥᠭᠦᠮ ᠪᠥᠳᠦᠭᠦᠯᠢᠭ ᠣᠷᠣᠨ ᠰᠠᠭᠤᠴᠠᠲᠤ ᠲᠣᠭᠤᠷᠢᠭ ᠢ ᠰᠢᠨᠠᠳᠭᠡᠨ ᠵᠠᠰᠠᠬᠤ ᠳᠤ ᠲᠥᠪᠬᠢᠨᠡᠭᠦᠯᠬᠦ ᠣᠷᠣᠨ ᠰᠠᠭᠤᠴᠠ ᠵᠡᠷᠭᠡ ᠪᠠᠲᠤᠯᠠᠭᠠᠲᠤ ᠭᠡᠷ ᠪᠠᠶᠢᠰᠢᠩ ᠤᠨ ᠲᠣᠭᠤᠷᠢᠭ ᠤᠨ ᠲᠥᠬᠦᠷᠵᠢᠭᠦᠯᠦᠭᠰᠡᠨ ᠰᠠᠭᠤᠷᠢ ᠪᠡᠯᠡᠳᠬᠡᠮᠵᠢ ᠶᠢᠨ ᠪᠠᠶᠢᠳᠠᠯ ᠢ ᠳᠠᠷᠠᠭᠠᠯᠠᠨ ᠪᠠᠶᠢᠴᠠᠭᠠᠵᠤ᠂ ᠲᠥᠬᠦᠷᠵᠢᠭᠦᠯᠦᠭᠰᠡᠨ ᠰᠠᠭᠤᠷᠢ ᠪᠡᠯᠡᠳᠬᠡᠮᠵᠢ ᠶᠢᠨ ᠪᠦᠷᠢᠳᠦᠭᠡ ᠦᠭᠡᠢ ᠲᠥᠷᠥᠯ ᠵᠦᠢᠯ ᠢ ᠲᠤᠰ ᠭᠠᠵᠠᠷ ᠣᠷᠣᠨ ᠤ ᠲᠥᠬᠦᠷᠵᠢᠭᠦᠯᠦᠭᠰᠡᠨ ᠪᠥᠲᠦᠭᠡᠨ ᠪᠠᠶᠢᠭᠤᠯᠤᠯᠲᠠ ᠶᠢᠨ ᠲᠥᠯᠥᠪᠯᠡᠭᠡ ᠳᠤ ᠬᠠᠮᠲᠤ ᠳᠤᠨᠢ ᠣᠷᠤᠭᠤᠯᠬᠤ ᠬᠡᠷᠡᠭᠲᠡᠢ ᠭᠡᠪᠡ᠃ ᠮᠡᠳᠡᠭᠳᠡᠯ ᠳᠤ ᠱᠠᠭᠠᠷᠳᠠᠭᠰᠠᠨ ᠎ ᠨᠢ᠂ ᠡᠯ᠎ᠡ ᠠᠶᠢᠮᠠᠭ ᠬᠤᠲᠠ ᠨᠢ 2015-2017 ᠣᠨ ᠤ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯᠳᠠᠢ ᠭᠡᠷ ᠪᠠᠶᠢᠰᠢᠩ ᠢ ᠰᠢᠨᠠᠳᠭᠡᠨ ᠵᠠᠰᠠᠬᠤ ᠲᠥᠯᠥᠪᠵᠢᠭᠦᠯᠭᠡ ᠪᠣᠯᠣᠨ ᠬᠡᠷᠡᠭᠵᠢᠭᠦᠯᠬᠦ ᠲᠥᠰᠥᠪ ᠤᠨ ᠨᠠᠶᠢᠷᠠᠭᠤᠯᠭ᠎ᠠ ᠪᠠᠨ ᠲᠥᠷᠭᠡᠳᠬᠡᠵᠦ᠂ ᠬᠠᠷᠠᠯᠲᠠᠲᠤ ᠡᠭᠦᠷᠭᠡ᠂ ᠪᠡᠯᠡ ᠮᠥᠩᠭᠦᠨ ᠤ ᠲᠣᠬᠢᠷᠠᠭᠤᠯᠬ᠎ᠠ ᠪᠣᠯᠣᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠨ᠂ ᠨᠢᠭᠡ ᠡᠷᠦᠭᠡ ᠳᠤ ᠨᠢᠭᠡ ᠳᠠᠩᠰᠠ ᠪᠠᠶᠢᠭᠤᠯᠬᠤ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯᠳᠠᠢ ᠭᠡᠷ ᠪᠠᠶᠢᠰᠢᠩ ᠢ ᠰᠢᠨᠠᠳᠭᠡᠨ ᠵᠠᠰᠠᠬᠤ ᠮᠡᠳᠡᠭᠡ ᠵᠠᠩᠭᠢ ᠶᠢ ᠰᠢᠰᠲ᠋ᠧᠮᠵᠢ ᠳᠤ ᠪᠢᠴᠢᠵᠦ ᠣᠷᠤᠭᠤᠯᠬᠤ ᠪᠠ ᠬᠠᠮᠢᠶᠠᠷᠬᠤ ᠠᠵᠢᠯ ᠢ ᠰᠠᠶᠢᠲᠤᠷ ᠬᠢᠵᠦ᠂ ᠲᠠᠷᠢᠶᠠᠴᠢᠨ ᠤ ᠭᠡᠷ ᠤᠨ ᠳᠣᠷᠬᠢᠯᠲᠠ ᠳᠠᠭᠠᠭᠠᠬᠤ ᠲᠠᠯ᠎ᠠ ᠪᠠᠷ ᠰᠢᠨᠡᠳᠬᠡᠨ ᠵᠠᠰᠠᠬᠤ ᠶᠢ ᠢᠳᠡᠪᠬᠢᠲᠡᠢ ᠠᠬᠢᠭᠤᠯᠵᠤ᠂ ᠰᠢᠨᠡᠳᠬᠡᠨ ᠵᠠᠰᠠᠭᠰᠠᠨ ᠬᠤᠶᠢᠨᠠᠬᠢ ᠣᠷᠣᠨ ᠰᠠᠭᠤᠴᠠ ᠨᠢ ᠪᠥᠲᠦᠭᠡᠨ ᠪᠠᠶᠢᠭᠤᠯᠤᠯᠲᠠ ᠶᠢᠨ ᠪᠠᠷᠢᠮᠵᠢᠶ᠎ᠡ ᠪᠣᠯᠣᠨ ᠠᠶᠤᠯ ᠦᠭᠡᠢ ᠪᠠᠷᠢᠮᠵᠢᠶ᠎ᠡ ᠳᠤ ᠨᠡᠶᠢᠴᠡᠬᠦ ᠶᠢ ᠪᠠᠲᠤᠯᠬᠠᠤ ᠬᠡᠷᠡᠭᠲᠡᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号