ᠥᠪᠥᠷ ᠵᠠᠰᠠᠭ ᠲᠠᠷᠬᠠᠭᠠᠭᠰᠠᠨ ﹇2015﹈ 47 ᠳ᠋ᠦ᠋ᠭᠠᠷ ᠲᠤᠭᠠᠳᠤ | 4 ᠳ᠋ᠤᠭᠡᠷ ᠰᠠᠷ᠎ᠠ ᠶᠢᠨ 13 ᠤ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠬᠠᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠬᠦᠴᠢᠷᠳᠡᠯᠲᠡᠢ ᠣᠯᠠᠨ ᠲᠦᠮᠡᠨ ᠤ ᠭᠡᠨᠡᠳᠲᠡ ᠶᠢᠨ ᠴᠢᠨᠠᠷᠲᠠᠢ᠂ ᠲᠤᠯᠭᠠᠮ᠎ᠠ ᠴᠢᠨᠠᠷᠲᠠᠢ᠂ ᠲᠦᠷ ᠴᠠᠭ ᠤᠨ | ᠴᠢᠨᠠᠷᠲᠠᠢ ᠠᠮᠢᠳᠤᠷᠠᠯ ᠤᠨ ᠬᠦᠴᠢᠷᠳᠡᠯ ᠢ ᠨᠢ ᠵᠦᠢ ᠵᠣᠬᠢᠰᠲᠠᠢ ᠰᠢᠢᠳᠪᠦᠷᠢᠯᠡᠵᠦ᠂ ᠲᠦᠷ ᠴᠠᠭ ᠠᠪᠤᠷᠠᠨ ᠲᠤᠰᠠᠯᠠᠬᠤ | ᠳᠦᠷᠢᠮ ᠤᠨ ᠬᠠᠮᠤᠭ ᠬᠦᠴᠢᠷᠳᠡᠯᠲᠡᠢ ᠶᠢ ᠨᠢ ᠪᠠᠲᠤᠯᠠᠵᠤ᠂ ᠠᠶᠤᠯ ᠠᠴᠠ ᠠᠪᠤᠷᠠᠨ ᠲᠤᠰᠠᠯᠠᠬᠤ ᠦᠢᠯᠡᠳᠦᠯ ᠢ | ᠭᠦᠢᠴᠡᠳ ᠪᠠᠳᠠᠷᠠᠭᠤᠯᠤᠨ᠂ ᠶᠡᠷᠦᠩᠬᠡᠶᠢᠯᠡᠭᠰᠡᠨ ᠴᠢᠨᠠᠷᠲᠠᠢ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ | ᠲᠦᠷᠭᠡᠳᠭᠡᠨ ᠪᠠᠶᠢᠭᠤᠯᠬᠤ ᠶᠢᠨ ᠲᠤᠰᠠᠳᠠ᠂ ︽ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠬᠦ ᠲᠠᠯ᠎ᠠ ᠪᠠᠷ | ᠪᠠᠶᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2014﹈ | 47 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠳᠦᠭᠡ ᠮᠠᠨ ᠤ ᠣᠷᠣᠨ ᠤ ᠲᠦᠷ ᠴᠠᠭ | ᠠᠪᠤᠷᠠᠨ ᠲᠤᠰᠠᠯᠠᠬᠤ ᠳᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠬᠦ ᠬᠠᠮᠢᠶ᠎ᠠ ᠪᠦᠬᠦᠢ | ᠵᠦᠢᠯᠡᠰ ᠢ ᠳᠤᠤᠷᠠᠬᠢ ᠮᠡᠲᠦ ᠮᠡᠳᠡᠭᠳᠡᠪᠡ᠄ | ᠨᠢᠭᠡ᠂ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠶᠢᠨ ᠴᠢᠬᠤᠯᠠ ᠠᠴᠢ ᠬᠤᠯᠪᠤᠭᠳᠠᠯ ᠢ | ᠭᠦᠢᠴᠡᠳ ᠲᠠᠨᠢᠬᠤ ᠬᠡᠷᠡᠭᠲᠡᠢ | ᠲᠦᠷ ᠴᠠᠭ ᠠᠪᠤᠷᠠᠨ ᠲᠤᠰᠠᠯᠠᠬᠤ ᠪᠣᠯ ᠤᠯᠤᠰ ᠠᠴᠠ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠳᠦᠯ | ᠂ ᠬᠦᠨᠳᠦ ᠶᠡᠭᠡ ᠡᠪᠡᠳᠴᠢᠨ ᠲᠠᠬᠤᠯ ᠳᠤ ᠤᠴᠠᠷᠠᠭᠰᠠᠨ ᠪᠣᠶᠣ ᠪᠤᠰᠤᠳ ᠤᠨᠴᠤᠭᠤᠢ ᠰᠢᠯᠲᠠᠭᠠᠨ ᠠᠴᠠ ᠪᠣᠯᠵᠤ | ᠦᠨᠳᠦᠰᠦᠨ ᠠᠮᠢᠳᠤᠷᠠᠯ ᠨᠢ ᠪᠡᠷᠬᠡ ᠪᠠᠶᠢᠳᠠᠯ ᠳᠤ ᠣᠷᠤᠵᠤ᠂ ᠨᠡᠶᠢᠭᠡᠮ ᠤᠨ ᠪᠤᠰᠤᠳ ᠠᠪᠤᠷᠠᠨ ᠲᠤᠰᠠᠯᠠᠬᠤ ᠳᠦᠷᠢᠮ | ᠲᠦᠷ ᠴᠠᠭ ᠬᠠᠮᠤᠷᠬᠤ ᠶᠢᠨ ᠠᠷᠭ᠎ᠠ ᠦᠭᠡᠢ ᠪᠣᠶᠣ ᠠᠪᠤᠷᠠᠨ ᠲᠤᠰᠠᠯᠠᠭᠰᠠᠨ ᠤ ᠳᠠᠷᠠᠭ᠎ᠠ ᠦᠨᠳᠦᠰᠦᠨ ᠠᠮᠢᠳᠤᠷᠠᠯ ᠨᠢ | ᠲᠦᠷ ᠴᠠᠭ ᠮᠦᠨ ᠬᠦ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠪᠣᠶᠣ ᠬᠤᠪᠢ ᠬᠦᠮᠦᠨ ᠳᠤ ᠣᠯᠭᠤᠭᠰᠠᠨ | ᠪᠠᠴᠢᠮ ᠪᠠᠶᠢᠳᠠᠯ ᠢ ᠠᠷᠭᠠᠴᠠᠬᠤ ᠴᠢᠨᠠᠷᠲᠠᠢ᠂ ᠰᠢᠯᠵᠢᠯᠲᠡ ᠶᠢᠨ ᠴᠢᠨᠠᠷᠲᠠᠢ ᠠᠪᠤᠷᠠᠨ ᠲᠤᠰᠠᠯᠠᠬᠤ ᠶᠠᠪᠤᠳᠠᠯ ᠪᠣᠯᠣᠨ᠎ᠠ᠃ | ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠨᠢ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ | ᠲᠡᠭᠦᠯᠳᠡᠷᠵᠢᠭᠦᠯᠵᠦ᠂ ᠨᠡᠶᠢᠭᠡᠮ ᠤᠨ ᠠᠪᠤᠷᠠᠨ ᠲᠤᠰᠠᠯᠠᠬᠤ ᠠᠮᠦᠷ ᠲᠥᠪᠰᠢᠨ ᠤ ᠲᠣᠣᠷ ᠤᠨ ᠰᠠᠭᠤᠷᠢ ᠶᠢ ᠦᠯᠦ | ᠡᠪᠳᠡᠬᠦ ᠶᠢ ᠦᠨᠡᠨᠬᠦ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠂ ᠦᠭᠡᠷᠡᠴᠢᠯᠡᠯᠲᠡ ᠶᠢ ᠪᠦᠬᠦ | ᠲᠠᠯ᠎ᠠ ᠪᠠᠷ ᠭᠦᠨᠵᠡᠭᠡᠶᠢᠷᠡᠭᠦᠯᠬᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠤᠰᠤ ᠶᠢ ᠠᠬᠢᠭᠤᠯᠬᠤ᠂ ᠨᠡᠶᠢᠭᠡᠮ ᠤᠨ | ᠡᠶ᠎ᠡ ᠵᠣᠬᠢᠴᠠᠯ ᠠᠮᠦᠷ ᠲᠣᠭᠲᠠᠭᠤᠨ ᠢ ᠬᠠᠮᠠᠭᠠᠯᠠᠬᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ ᠳᠤ | ᠴᠢᠬᠤᠯᠠ ᠠᠴᠢ ᠬᠤᠯᠪᠤᠭᠳᠠᠯ ᠲᠠᠢ ᠶᠤᠮ᠃ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ | ᠮᠦᠴᠢᠷ ᠤᠳ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ | ᠴᠢᠨᠠᠷ ᠢ ᠭᠦᠢᠴᠡᠳ ᠲᠠᠨᠢᠵᠤ᠂ ᠦᠪᠡᠷᠲᠡᠭᠡᠨ ᠵᠠᠰᠠᠬᠤ ᠣᠷᠣᠨ ᠤ ︽8337︾ ᠬᠥᠭᠵᠢᠯᠲᠡ ᠶᠢᠨ ᠰᠡᠳᠬᠢᠮᠵᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠤᠨ᠂ ᠡᠭᠦᠷᠭᠡᠲᠦ ᠰᠡᠳᠭᠢᠯᠭᠡ ᠪᠠ | ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠷᠠᠭᠤᠯᠵᠤ᠂ ᠲᠡᠭᠦᠨ ᠢ ᠠᠷᠠᠳ ᠤᠨ ᠠᠮᠢᠳᠤᠷᠠᠯ ᠢ ᠴᠢᠩᠭᠠᠳᠬᠠᠨ | ᠰᠠᠶᠢᠵᠢᠷᠠᠭᠤᠯᠬᠤ ᠨᠢᠭᠡᠨ ᠴᠢᠬᠤᠯᠠ ᠡᠭᠦᠷᠭᠡ ᠪᠣᠯᠭᠠᠨ᠂ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ | ᠠᠬᠢᠭᠤᠯᠬᠤ ᠬᠡᠷᠡᠭᠲᠡᠢ᠃ | ᠬᠤᠶᠠᠷ᠂ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠶᠢᠨ ᠶᠡᠷᠦᠩᠬᠡᠢ ᠱᠠᠭᠠᠷᠳᠠᠯᠭ᠎ᠠ ᠶᠢ | ᠲᠤᠳᠤᠷᠬᠠᠶᠢᠯᠠᠬᠤ ᠬᠡᠷᠡᠭᠲᠡᠢ | ︵ᠨᠢᠭᠡ︶ ᠬᠠᠷᠠᠯᠲᠠ ᠶᠢᠨ ᠡᠭᠦᠷᠭᠡ᠃ | ᠲᠦᠷ ᠴᠠᠭ ᠠᠪᠤᠷᠠᠨ ᠲᠤᠰᠠᠯᠠᠬᠤ ᠳᠦᠷᠢᠮ ᠪᠣᠯ ᠬᠤᠲᠠ ᠬᠦᠳᠡᠭᠡ ᠶᠢᠨ ᠣᠯᠠᠨ ᠲᠦᠮᠡᠨ ᠤ ᠭᠡᠨᠡᠳᠲᠡ ᠶᠢᠨ | ᠴᠢᠨᠠᠷᠲᠠᠢ᠂ ᠲᠤᠯᠭᠠᠮ᠎ᠠ ᠴᠢᠨᠠᠷᠲᠠᠢ᠂ ᠲᠦᠷ ᠴᠠᠭ ᠤᠨ ᠴᠢᠨᠠᠷᠲᠠᠢ ᠦᠨᠳᠦᠰᠦᠨ ᠠᠮᠢᠳᠤᠷᠠᠯ ᠤᠨ ᠬᠦᠴᠢᠷᠲᠡᠢ | ᠠᠰᠠᠭᠤᠳᠠᠯ ᠢ ᠰᠢᠢᠳᠪᠦᠷᠢᠯᠡᠬᠦ ᠪᠠᠷ ᠬᠠᠷᠠᠯᠲᠠ ᠪᠣᠯᠭᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠠ ᠶᠢ | ᠲᠡᠭᠦᠯᠳᠡᠷᠵᠢᠭᠦᠯᠬᠦ ᠪᠠᠷ ᠳᠠᠮᠵᠢᠨ᠂ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠶᠢ ᠴᠢᠩᠭᠠᠷᠠᠭᠤᠯᠤᠨ᠂ ᠨᠡᠶᠢᠭᠡᠮ ᠤᠨ ᠣᠷᠣᠯᠴᠠᠬᠤ ᠶᠢ ᠵᠣᠷᠢᠬᠵᠢᠭᠤᠯᠵᠤ᠂ ᠠᠪᠤᠷᠠᠨ ᠲᠤᠰᠠᠯᠠᠬᠤ | ᠬᠤᠭᠤᠴᠠᠭᠠᠲᠤ ᠦᠢᠯᠡᠳᠦᠯ ᠢ ᠨᠡᠮᠡᠭᠳᠡᠭᠦᠯᠦᠨ᠂ ︽ᠬᠦᠷᠦᠯᠴᠡᠬᠦ ᠦᠭᠡᠢ ᠲᠠᠯ᠎ᠠ︾ ᠪᠠᠨ ᠨᠦᠬᠦᠪᠦᠷᠢᠯᠡᠵᠦ᠂ ︽ | ᠬᠠᠮᠤᠷᠤᠬᠳᠠᠬᠤ ᠦᠬᠡᠢ ᠭᠠᠵᠠᠷ︾ ᠢ ᠠᠷᠢᠯᠭᠠᠨ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠠᠮᠦᠷ ᠲᠥᠪᠰᠢᠨ ᠤ ᠲᠣᠣᠷ ᠢ ᠨᠢᠭᠲᠠ ᠰᠦᠯᠵᠢᠨ ᠪᠠᠳᠤᠳᠬᠠᠵᠦ᠂ ᠬᠦᠴᠢᠷᠳᠡᠯᠲᠡᠢ ᠣᠯᠠᠨ ᠲᠦᠮᠡᠨ ᠤ ᠦᠨᠳᠦᠰᠦᠨ | ᠠᠮᠢᠳᠤᠷᠠᠯ ᠤᠨ ᠡᠷᠬᠡ ᠠᠰᠢᠭ ᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠦᠨᠳᠦᠰᠦᠨ ᠵᠠᠷᠴᠢᠮ᠃ | ᠠᠪᠤᠷᠠᠪᠠᠰᠤ ᠵᠣᠬᠢᠬᠤ ᠶᠢ ᠨᠢ ᠴᠢᠳᠠᠯ ᠤᠨ ᠬᠢᠷᠢ ᠪᠠᠷ ᠢᠶᠠᠨ ᠠᠪᠤᠷᠠᠬᠤ᠂ ᠵᠣᠬᠢᠬᠤ ᠬᠡᠮᠵᠢᠶ᠎ᠠ ᠪᠠᠷ ᠠᠪᠤᠷᠠᠨ | ᠲᠤᠰᠠᠯᠠᠬᠤ᠂ ᠢᠯᠡ ᠲᠣᠳᠣ ᠲᠥᠪ ᠭᠤᠣᠯᠴᠢ ᠪᠠᠶᠢᠬᠤ᠂ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠬᠦ᠂ ᠳᠦᠷᠢᠮ ᠢ | ᠵᠤᠯᠭᠠᠭᠤᠯᠬᠤ᠂ ᠴᠠᠭ ᠲᠤᠬᠠᠢ ᠳᠤᠨᠢ ᠦᠨᠳᠦᠷ ᠪᠦᠲᠦᠮᠵᠢᠲᠡᠢ ᠪᠠᠶᠢᠬᠤ ᠵᠠᠷᠴᠢᠮ ᠢ ᠪᠠᠷᠢᠮᠲᠠᠯᠠᠬᠤ ᠬᠡᠷᠡᠭᠲᠡᠢ᠃ | ︵ᠭᠤᠷᠪᠠ︶ ᠬᠠᠷᠢᠭᠤᠴᠠᠯᠭ᠎ᠠ ᠶᠢᠨ ᠭᠤᠣᠯ ᠴᠤᠭᠴᠠ᠃ | ᠲᠦᠷ ᠴᠠᠭ ᠠᠪᠤᠷᠠᠨ ᠲᠤᠰᠠᠯᠠᠬᠤ ᠳᠦᠷᠢᠮ ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ | ᠱᠠᠲᠤᠨ ᠤ ᠠᠷᠠᠳ ᠤᠨ ᠵᠠᠰᠠᠭ ᠤᠨ ᠣᠷᠳᠤᠨ ᠬᠠᠷᠢᠭᠤᠴᠠᠬᠤ ᠳᠦᠷᠢᠮ ᠢ ᠬᠡᠷᠡᠭᠵᠢᠭᠦᠯᠦᠨ᠎ᠡ᠃ | 1᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠨᠢ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠲᠦᠷ ᠴᠠᠭ ᠠᠪᠤᠷᠠᠨ ᠲᠤᠰᠠᠯᠠᠬᠤ ᠳᠦᠷᠢᠮ ᠢ | ᠲᠣᠭᠲᠠᠭᠠᠬᠤ᠂ ᠪᠡᠯᠡ ᠮᠦᠩᠭᠦ ᠣᠷᠣᠭᠤᠯᠬᠤ᠂ ᠠᠵᠢᠯ ᠢ ᠪᠠᠲᠤᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ | ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ᠃ ᠲᠦᠷ ᠴᠠᠭ ᠠᠪᠤᠷᠠᠨ ᠲᠤᠰᠠᠯᠠᠬᠤ ᠠᠵᠢᠯ ᠢ ᠨᠠᠮ ᠤᠨ ᠬᠤᠷᠢᠶ᠎ᠠ | ᠂ ᠵᠠᠰᠠᠭ ᠤᠨ ᠣᠷᠳᠤᠨ ᠤ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ︽ᠭᠤᠷᠮᠤᠰᠤᠨ | ᠴᠤᠭᠴᠠ︾ ᠪᠠᠷ ᠰᠢᠯᠭᠠᠨ ᠬᠢᠨᠠᠬᠤ ᠭᠦᠢᠴᠡᠳᠭᠡᠯ ᠲᠣᠭᠠᠨ ᠤ ᠰᠢᠰᠲ᠋ᠧᠮᠵᠢ ᠳᠤ ᠣᠷᠣᠭᠤᠯᠬᠤ ᠶᠢᠨ ᠬᠠᠮᠲᠤ᠂ ᠬᠦᠨᠳᠦ | ᠬᠦᠩᠭᠡᠨ ᠢ ᠨᠢ ᠵᠣᠬᠢᠰᠲᠠᠢ ᠲᠣᠭᠲᠠᠭᠠᠵᠤ᠂ ᠰᠢᠯᠭᠠᠨ ᠬᠢᠨᠠᠭᠰᠠᠨ ᠥᠷ᠎ᠡ ᠳ᠋ᠦᠩ ᠢᠶᠠᠨ ᠺᠠᠳ᠋ᠷ ᠢ ᠰᠢᠯᠢᠨ ᠬᠡᠷᠡᠭᠯᠡᠬᠦ᠂ | ᠬᠠᠮᠢᠶᠠᠷᠴᠤ ᠬᠢᠨᠠᠯᠲᠠ ᠲᠠᠯᠪᠢᠬᠤ ᠶᠢᠨ ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠢ᠃ | 2᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ | ᠲᠦᠷ ᠴᠠᠭ ᠠᠪᠤᠷᠠᠨ ᠲᠤᠰᠠᠯᠠᠬᠤ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠨ᠂ ᠨᠢᠭᠡᠲᠦᠯᠲᠡᠢ | ᠲᠦᠯᠦᠪᠯᠡᠨ ᠵᠣᠬᠢᠴᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠬᠤ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ | ᠮᠦᠴᠢᠷ ᠤᠳ ᠲᠦᠷ ᠴᠠᠭ ᠠᠪᠤᠷᠠᠨ ᠲᠤᠰᠠᠯᠠᠬᠤ ᠶᠢᠨ ᠪᠡᠯᠡ ᠮᠦᠩᠭᠦ ᠴᠤᠭᠯᠠᠭᠤᠯᠵᠤ ᠪᠠᠲᠤᠯᠠᠬᠤ ᠠᠵᠢᠯ ᠢ ᠰᠠᠶᠢᠲᠤᠷ | ᠬᠢᠵᠦ᠂ ᠵᠠᠷᠤᠯᠭ᠎ᠠ ᠶᠢᠨ ᠪᠦᠲᠦᠴᠡ ᠶᠢ ᠢᠳᠡᠪᠬᠢᠲᠡᠢ ᠲᠣᠬᠢᠷᠠᠭᠤᠯᠤᠨ᠂ ᠪᠡᠯᠡ ᠮᠦᠩᠭᠦ ᠶᠢ ᠪᠣᠲᠠᠲᠠᠢ ᠭᠠᠵᠠᠷ ᠲᠤᠨᠢ | ᠴᠠᠭ ᠲᠣᠬᠠᠢ ᠳᠤᠨᠢ ᠭᠦᠢᠴᠡᠳ ᠰᠢᠯᠵᠢᠭᠦᠯᠦᠨ ᠥᠭᠬᠦ ᠶᠢ ᠦᠨᠡᠨᠬᠦ ᠪᠠᠲᠤᠯᠠᠬᠤ ᠬᠡᠷᠡᠭᠲᠡᠢ︔ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ᠂ ᠰᠤᠷᠭᠠᠨ ᠬᠦᠮᠦᠵᠢᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ | ᠪᠠᠶᠢᠭᠤᠯᠤᠯᠲᠠ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠤᠳ | ᠰᠠᠨᠠᠭᠠᠴᠢᠯᠠᠭ᠎ᠠ ᠠᠴᠠ ᠪᠠᠨ ᠬᠠᠮᠵᠢᠯᠴᠠᠨ᠂ ᠨᠢᠭᠲᠠ ᠵᠣᠬᠢᠴᠠᠯᠳᠤᠵᠤ᠂ ᠲᠤᠰ ᠲᠤᠰ ᠤᠨ ᠡᠭᠦᠷᠭᠡ ᠬᠠᠷᠢᠭᠤᠴᠠᠯᠭ᠎ᠠ | ᠶᠤᠰᠤᠭᠠᠷ ᠬᠠᠮᠢᠶ᠎ᠠ ᠪᠦᠬᠦᠢ ᠠᠵᠢᠯ ᠢᠶᠠᠨ ᠰᠠᠶᠢᠲᠤᠷ ᠬᠢᠬᠦ ᠬᠡᠷᠡᠭᠲᠡᠢ᠃ | 3᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠨᠢ ᠲᠦᠷ ᠴᠠᠭ ᠠᠪᠤᠷᠠᠨ ᠲᠤᠰᠠᠯᠠᠬᠤ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ︵ | ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ︶᠂ ᠬᠢᠷᠢ ᠭᠡᠮ ᠢ ᠬᠢᠨᠠᠨ ᠬᠠᠷᠭᠤᠭᠤᠯᠬᠤ᠂ ᠡᠳᠦᠷ ᠲᠤᠳᠤᠮ ᠤᠨ ᠬᠢᠨᠠᠯᠲᠠ | ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃ ᠭᠠᠴᠠᠭ᠎ᠠ ᠲᠤᠰᠬᠤᠨ ︵ᠰᠠᠭᠤᠭᠠᠯᠢ︶ ᠤ ᠠᠷᠠᠳ ᠤᠨ ᠵᠦᠪᠯᠡᠯ ᠨᠢ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ︶ ᠤ ᠨᠠᠶᠢᠳᠠᠯᠭ᠎ᠠ ᠪᠠᠷ ᠲᠦᠷ ᠴᠠᠭ ᠠᠪᠤᠷᠠᠨ ᠲᠤᠰᠠᠯᠠᠬᠤ ᠡᠲᠡᠭᠡᠳ ᠢ ᠵᠢᠭᠰᠠᠭᠠᠨ ᠪᠠᠶᠢᠴᠠᠭᠠᠬᠤ᠂ ᠮᠡᠳᠡᠭᠡ ᠵᠠᠩᠭᠢ ᠶᠢ | ᠮᠡᠳᠡᠭᠦᠯᠦᠨ ᠬᠦᠷᠭᠡᠬᠦ᠂ ᠤᠬᠠᠭᠤᠯᠵᠤ ᠬᠦᠲᠦᠯᠦᠨ ᠵᠢᠯᠤᠭᠤᠳᠬᠤ᠂ ᠢᠯᠡ ᠨᠡᠶᠢᠲᠡᠯᠡᠨ ᠬᠢᠨᠠᠯᠲᠠ ᠲᠠᠯᠪᠢᠬᠤ ᠵᠡᠷᠭᠡ | ᠠᠵᠢᠯ ᠢ ᠬᠠᠮᠵᠢᠯᠴᠠᠨ ᠪᠡᠶᠡᠯᠡᠭᠦᠯᠬᠦ ᠬᠡᠷᠡᠭᠲᠡᠢ᠃ | ᠭᠤᠷᠪᠠ᠂ ᠲᠦᠷ ᠴᠠᠭ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠶᠢᠨ ᠭᠤᠣᠯ ᠠᠭᠤᠯᠭ᠎ᠠ | ︵ᠨᠢᠭᠡ︶ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ᠃ | ᠭᠡᠷ ᠪᠦᠯᠢ ᠪᠠ ᠬᠤᠪᠢ ᠬᠦᠮᠦᠨ ᠢ ᠪᠠᠭᠲᠠᠭᠠᠨ᠎ᠠ᠃ | 1᠂ ᠭᠡᠷ ᠪᠦᠯᠢ᠃ ᠭᠠᠯ ᠤᠨ ᠭᠠᠮᠰᠢᠭ᠂ ᠵᠠᠮ ᠬᠠᠷᠢᠯᠴᠠᠭᠠᠨ ᠤ ᠠᠳᠡᠯ ᠵᠡᠷᠭᠡ ᠭᠡᠨᠡᠳᠲᠡ ᠶᠢᠨ ᠬᠡᠷᠡᠭ ᠠᠴᠠ | ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠤᠴᠢᠲᠠᠢ ᠬᠦᠴᠢᠷᠳᠡᠯ ᠳᠤ ᠤᠴᠠᠷᠠᠭᠰᠠᠨ ᠭᠡᠷ ᠪᠦᠯᠢ︔ | ᠭᠡᠷ ᠪᠦᠯᠢ ᠶᠢᠨ ᠪᠦᠷᠢᠯᠳᠦᠭᠦᠨ ᠨᠢ ᠭᠡᠨᠡᠳᠲᠡ ᠪᠠᠷ ᠬᠦᠨᠳᠦ ᠶᠡᠭᠡ ᠡᠪᠡᠳᠴᠢᠨ ᠳᠤ ᠨᠡᠷᠪᠡᠭᠳᠡᠵᠦ᠂ ᠡᠮᠴᠢᠯᠡᠭᠡᠨ ᠤ | ᠰᠦᠢᠳᠭᠡᠯ ᠤᠨ ᠵᠠᠷᠤᠴᠠᠭᠤᠯᠭ᠎ᠠ ᠨᠢ ᠨᠡᠯᠢᠶᠡᠳ ᠶᠡᠭᠡ ᠠᠴᠠ ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ | ᠨᠣᠴᠢᠲᠠᠢ ᠬᠦᠴᠢᠷᠳᠡᠯ ᠳᠤ ᠤᠴᠠᠷᠠᠭᠰᠠᠨ ᠭᠡᠷ ᠪᠦᠯᠢ︔ ᠠᠮᠢᠳᠤᠷᠠᠯ ᠤᠨ ᠴᠢᠬᠤᠯᠠ ᠬᠡᠷᠡᠭᠴᠡᠭᠡ ᠪᠦᠬᠦᠢ | ᠵᠠᠷᠤᠴᠠᠭᠤᠯᠭ᠎ᠠ ᠨᠢ ᠭᠡᠨᠡᠳᠲᠡ ᠪᠠᠷ ᠨᠡᠮᠡᠭᠳᠡᠭᠡᠳ ᠭᠡᠷ ᠪᠦᠯᠢ ᠶᠢᠨ ᠬᠦᠯᠢᠴᠡᠬᠦ ᠴᠢᠳᠠᠪᠤᠷᠢ ᠠᠴᠠ ᠨᠢ ᠬᠡᠲᠦᠷᠡᠭᠰᠡᠨ ᠠᠴᠠ | ᠪᠣᠯᠵᠤ ᠦᠨᠳᠦᠰᠦᠨ ᠠᠮᠢᠳᠤᠷᠠᠯ ᠨᠢ ᠲᠦᠷ ᠴᠠᠭ ᠬᠦᠨᠳᠦ ᠨᠣᠴᠢᠲᠠᠢ ᠬᠦᠴᠢᠷᠳᠡᠯ ᠳᠤ ᠤᠴᠠᠷᠠᠭᠰᠠᠨ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠭᠡᠷ ᠪᠦᠯᠢ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠤᠨ ᠤ ᠲᠣᠭᠲᠠᠭᠠᠭᠰᠠᠨ ᠪᠤᠰᠤᠳ ᠤᠨᠴᠤᠭᠤᠢ ᠬᠦᠴᠢᠷᠳᠡᠯᠲᠡᠢ ᠭᠡᠷ ᠪᠦᠯᠢ᠃ | 2᠂ ᠬᠤᠪᠢ ᠬᠦᠮᠦᠨ᠃ ᠭᠠᠯ ᠤᠨ ᠭᠠᠮᠰᠢᠭ᠂ ᠵᠠᠮ ᠬᠠᠷᠢᠯᠴᠠᠭᠠᠨ ᠤ ᠠᠳᠡᠯ ᠵᠡᠷᠭᠡ ᠭᠡᠨᠡᠳᠲᠡ ᠶᠢᠨ | ᠬᠡᠷᠡᠭ ᠲᠤ ᠤᠴᠠᠷᠠᠵᠤ᠂ ᠲᠦᠷ ᠴᠠᠭ ᠭᠡᠷ ᠪᠦᠯᠢ ᠨᠢ ᠳᠡᠮᠵᠢᠵᠦ ᠳᠡᠶᠢᠯᠬᠦ ᠦᠭᠡᠢ᠂ ᠦᠨᠳᠦᠰᠦᠨ ᠠᠮᠢᠳᠤᠷᠠᠯ ᠨᠢ | ᠪᠡᠷᠬᠡ ᠪᠠᠶᠢᠳᠠᠯ ᠳᠤ ᠣᠷᠣᠭᠰᠠᠨ ᠬᠤᠪᠢ ᠬᠦᠮᠦᠨ︔ ᠭᠡᠨᠡᠳᠲᠡ ᠪᠠᠷ ᠬᠦᠨᠳᠦ ᠡᠪᠡᠳᠴᠢᠨ ᠳᠤ ᠨᠡᠷᠪᠡᠭᠳᠡᠵᠦ᠂ ᠲᠦᠷ | ᠴᠠᠭ ᠭᠡᠷ ᠪᠦᠯᠢ ᠨᠢ ᠳᠡᠮᠵᠢᠵᠦ ᠳᠡᠶᠢᠯᠬᠦ ᠦᠭᠡᠢ᠂ ᠲᠡᠷᠡ ᠳᠣᠣᠷ᠎ᠠ ᠨᠢ ᠡᠮᠨᠡᠭᠦᠯᠬᠦ ᠦᠭᠡᠢ ᠪᠣᠯ ᠪᠡᠶ᠎ᠡ ᠨᠢ ᠵᠡᠮᠳᠡᠭ | ᠪᠣᠯᠬᠤ ᠪᠣᠶᠣ ᠠᠮᠢ ᠨᠠᠰᠤᠨ ᠤ ᠠᠶᠤᠯ ᠳᠤ ᠤᠴᠠᠷᠠᠬᠤ ᠪᠣᠯᠣᠯᠴᠠᠭ᠎ᠠ ᠲᠠᠢ ᠬᠤᠪᠢ ᠬᠦᠮᠦᠨ︔ ᠬᠡᠨᠡᠳᠲᠡ ᠶᠢᠨ | ᠬᠡᠷᠡᠭ ᠲᠤ ᠤᠴᠠᠷᠠᠵᠤ᠂ ᠦᠨᠳᠦᠰᠦᠨ ᠠᠮᠢᠳᠤᠷᠠᠯ ᠨᠢ ᠪᠡᠷᠬᠡ ᠪᠠᠶᠢᠳᠠᠯ ᠳᠤ ᠣᠷᠤᠭᠰᠠᠨ ᠠᠴᠠ ᠦᠪᠡᠷ ᠤᠨ ᠪᠡᠶ᠎ᠡ ᠪᠠᠨ | ᠬᠤᠣᠷᠯᠠᠬᠤ ᠪᠣᠶᠣ ᠣᠯᠠᠨ ᠨᠡᠶᠢᠲᠡ ᠶᠢᠨ ᠠᠮᠦᠷ ᠲᠥᠪᠰᠢᠨ ᠢ ᠬᠦᠨᠦᠭᠡᠬᠦ ᠠᠵᠢᠯᠯᠠᠭ᠎ᠠ ᠶᠢ ᠬᠢᠬᠦ ᠪᠣᠯᠣᠯᠴᠠᠭ᠎ᠠ ᠲᠠᠢ | ᠬᠤᠪᠢ ᠬᠦᠮᠦᠨ︔ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ | ᠲᠣᠭᠲᠠᠭᠠᠭᠰᠠᠨ ᠪᠤᠰᠤᠳ ᠤᠨᠴᠤᠭᠤᠢ ᠬᠦᠴᠢᠷᠳᠡᠯ ᠳᠤ ᠤᠴᠠᠷᠠᠭᠰᠠᠨ ᠬᠤᠪᠢ ᠬᠦᠮᠦᠨ᠃ ᠳᠡᠭᠡᠷ᠎ᠡ ᠳᠤᠷᠠᠳᠤᠭᠰᠠᠨ | ᠬᠤᠪᠢ ᠬᠦᠮᠦᠨ ᠤ ᠲᠤᠳᠤᠷᠠᠬᠢ ᠠᠮᠢᠳᠤᠷᠠᠯ ᠤᠨ ᠢᠷᠡᠯᠲᠡ ᠦᠭᠡᠢ ᠲᠡᠨᠦᠭᠦᠴᠢᠯᠡᠭᠴᠢ᠂ ᠭᠤᠶᠢᠷᠠᠨᠴᠢᠳ ᠢ ᠠᠪᠤᠷᠠᠨ | ᠲᠤᠰᠠᠯᠠᠬᠤ ᠨᠦᠬᠦᠴᠡᠯ ᠳᠤ ᠨᠡᠶᠢᠴᠡᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠤᠨ ᠠᠴᠠ ᠲᠦᠷ ᠴᠠᠭ ᠤᠨ ᠢᠳᠡᠵᠦ ᠤᠤᠭᠤᠵᠤ ᠬᠤᠨᠤᠵᠤ ᠬᠡᠪᠲᠡᠬᠦ ᠭᠠᠵᠠᠷ᠂ ᠪᠠᠴᠢᠮ ᠡᠪᠡᠳᠴᠢᠨ ᠢ ᠠᠪᠤᠷᠠᠨ | ᠵᠠᠰᠠᠬᠤ᠂ ᠬᠠᠪᠰᠤᠷᠤᠨ ᠬᠠᠷᠢᠭᠤᠯᠬᠤ ᠵᠡᠷᠭᠡ ᠠᠪᠤᠷᠠᠨ ᠲᠤᠰᠠᠯᠠᠬᠤ ᠶᠢ ᠬᠠᠮᠢᠶ᠎ᠠ ᠪᠦᠬᠦᠢ ᠲᠣᠭᠲᠠᠭᠠᠯ ᠶᠤᠰᠤᠭᠠᠷ | ᠬᠠᠩᠭᠠᠬᠤ ᠬᠡᠷᠡᠭᠲᠡᠢ᠃ | ᠪᠠᠶᠢᠭᠠᠯᠢ ᠶᠢᠨ ᠭᠠᠢ ᠭᠠᠮᠰᠢᠭ᠂ ᠠᠳᠡᠯ ᠤᠨ ᠭᠠᠢ ᠵᠣᠪᠠᠯᠠᠩ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ | ᠨᠡᠶᠢᠭᠡᠮ ᠤᠨ ᠠᠮᠦᠷ ᠲᠥᠪᠰᠢᠨ ᠵᠡᠷᠭᠡ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠠᠴᠠ ᠪᠣᠯᠵᠤ ᠪᠠᠴᠢᠮ | ᠰᠢᠯᠵᠢᠭᠦᠯᠦᠨ ᠲᠦᠪᠬᠢᠨᠡᠭᠦᠯᠬᠦ ᠪᠠ ᠦᠨᠳᠦᠰᠦᠨ ᠠᠮᠢᠳᠤᠷᠠᠯ ᠢ ᠨᠢ ᠠᠪᠤᠷᠠᠨ ᠲᠤᠰᠠᠯᠠᠬᠤ ᠠᠵᠢᠯ ᠢ ᠦᠷᠨᠢᠭᠦᠯᠬᠦ | ᠴᠢᠬᠤᠯᠠᠲᠠᠢ ᠪᠠ ᠡᠪᠡᠳᠴᠢᠨ ᠲᠠᠬᠤᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠣᠰᠠᠯᠠᠬᠤ ᠬᠡᠪᠴᠢᠶᠡᠨ ᠳᠤ | ᠬᠠᠷᠢᠶᠠᠯᠠᠭᠳᠠᠪᠠᠯ᠂ ᠬᠠᠮᠢᠶ᠎ᠠ ᠪᠦᠬᠦᠢ ᠲᠣᠭᠲᠠᠭᠠᠯ ᠶᠤᠰᠤᠭᠠᠷ ᠬᠡᠷᠡᠭᠵᠢᠭᠦᠯᠬᠦ ᠬᠡᠷᠡᠭᠲᠡᠢ᠃ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ | ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠤᠨ ᠨᠢ ᠲᠣᠬᠠᠢ ᠶᠢᠨ ᠭᠠᠵᠠᠷ ᠤᠨ ᠪᠣᠳᠠᠳᠤ ᠪᠠᠶᠢᠳᠠᠯ ᠢᠶᠠᠨ | ᠦᠨᠳᠦᠰᠦᠯᠡᠨ᠂ ᠲᠦᠷ ᠴᠠᠭ ᠠᠪᠤᠷᠠᠨ ᠲᠤᠰᠠᠯᠠᠬᠤ ᠡᠲᠡᠭᠡᠳ ᠢᠶᠠᠨ ᠲᠣᠭᠲᠠᠭᠠᠬᠤ ᠪᠤᠲᠠᠲᠠᠢ ᠠᠷᠭ᠎ᠠ ᠶᠢ ᠲᠣᠭᠲᠠᠭᠠᠵᠤ | ᠂ ᠰᠠᠨᠠᠭᠠᠨ ᠳᠤ ᠦᠭᠡᠢ ᠬᠡᠷᠡᠭ᠂ ᠭᠡᠨᠡᠳᠲᠡ ᠶᠢᠨ ᠬᠦᠨᠳᠦ ᠶᠡᠭᠡ ᠡᠪᠡᠳᠴᠢᠨ ᠲᠠᠬᠤᠯ᠂ ᠠᠮᠢᠳᠤᠷᠠᠯ ᠳᠤ ᠴᠢᠬᠤᠯᠠ | ᠬᠡᠷᠡᠭᠴᠡᠭᠡ ᠪᠦᠬᠦᠢ ᠵᠠᠷᠤᠴᠠᠭᠤᠯᠭ᠎ᠠ ᠨᠢ ᠭᠡᠨᠡᠳᠲᠡ ᠪᠠᠷ ᠨᠡᠮᠡᠭᠳᠡᠭᠰᠡᠨ ᠵᠢᠴᠢ ᠪᠤᠰᠤᠳ ᠤᠨᠴᠤᠭᠤᠢ ᠬᠦᠴᠢᠷᠳᠡᠯ ᠤᠨ | ᠲᠦᠷᠦᠯ ᠬᠡᠯᠪᠡᠷᠢ ᠪᠠ ᠬᠦᠷᠢᠶ᠎ᠡ ᠬᠡᠪᠴᠢᠶ᠎ᠡ ᠶᠢ ᠲᠣᠭᠲᠠᠭᠠᠬᠤ ᠬᠡᠷᠡᠭᠲᠡᠢ᠃ | ︵ᠬᠤᠶᠠᠷ︶ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ᠃ | ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠪᠠ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ ᠬᠦᠯᠢᠶᠡᠨ | ᠠᠪᠴᠤ ᠰᠢᠢᠳᠪᠦᠷᠢᠯᠡᠬᠦ ᠶᠢ ᠪᠠᠭᠲᠠᠭᠠᠨ᠎ᠠ᠃ | 1᠂ ᠭᠤᠶᠤᠴᠢᠯᠠᠯ ᠶᠤᠰᠤᠭᠠᠷ ᠬᠦᠯᠢᠶᠡᠨ ᠠᠪᠴᠤ ᠰᠢᠢᠳᠪᠦᠷᠢᠯᠡᠨ᠎ᠡ᠃ | ︵1︶ ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠨ᠎ᠡ ᠭᠡᠵᠦ ᠦᠵᠡᠭᠰᠡᠨ ᠬᠤᠲᠠ ᠬᠦᠳᠡᠭᠡ ᠶᠢᠨ | ᠰᠠᠭᠤᠭᠠᠯᠢ ᠠᠷᠠᠳ ᠤᠨ ᠭᠡᠷ ᠪᠦᠯᠢ ᠪᠣᠶᠣ ᠬᠤᠪᠢ ᠬᠦᠮᠦᠨ ᠪᠦᠬᠦᠨ ᠨᠢ ᠪᠦᠷ ᠪᠠᠶᠢᠭ᠎ᠠ ᠭᠠᠵᠠᠷ ᠤᠨ ᠢᠶᠠᠨ ᠰᠤᠮᠤ | ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠲᠦᠷ ᠴᠠᠭ ᠠᠪᠤᠷᠠᠨ ᠲᠤᠰᠠᠯᠠᠬᠤ ᠭᠤᠶᠤᠴᠢᠯᠠᠯ ᠳᠤᠷᠠᠳᠴᠤ ᠪᠣᠯᠣᠨ᠎ᠠ᠃ ᠭᠤᠶᠤᠴᠢᠯᠠᠭᠴᠢ ᠶᠢᠨ ᠨᠠᠶᠢᠳᠠᠯᠭ᠎ᠠ ᠶᠢ | ᠬᠦᠯᠢᠶᠡᠵᠦ᠂ ᠭᠠᠴᠠᠭ᠎ᠠ ᠲᠤᠰᠬᠤᠨ ︵ᠰᠠᠭᠤᠭᠠᠯᠢ︶ ᠤ ᠠᠷᠠᠳ ᠤᠨ ᠵᠦᠪᠯᠡᠯ ᠪᠣᠶᠣ ᠪᠤᠰᠤᠳ ᠨᠢᠭᠡᠴᠡ᠂ ᠬᠤᠪᠢ | ᠬᠦᠮᠦᠨ ᠨᠢ ᠣᠷᠤᠯᠠᠨ ᠲᠦᠷ ᠴᠠᠭ ᠠᠪᠤᠷᠠᠨ ᠲᠤᠰᠠᠯᠠᠬᠤ ᠭᠤᠶᠤᠴᠢᠯᠠᠯ ᠢ ᠳᠤᠷᠠᠳᠤᠨ ᠥᠭᠴᠦ ᠪᠣᠯᠣᠨ᠎ᠠ᠃ ᠵᠦᠢ | ᠶᠤᠰᠤᠨ ᠤ ᠰᠢᠯᠲᠠᠭᠠᠨ ᠦᠭᠡᠢ ᠪᠣᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠦᠯᠢᠶᠡᠨ ᠠᠪᠴᠤ ᠰᠢᠢᠳᠪᠦᠷᠢᠯᠡᠬᠦ ᠶᠢ ᠲᠡᠪᠴᠢᠵᠦ ᠪᠣᠯᠬᠤ ᠦᠭᠡᠢ᠃ | ᠪᠠᠶᠢᠳᠠᠯ ᠨᠢ ᠪᠠᠴᠢᠮ ᠶᠠᠭᠠᠷᠠᠤ ᠠᠴᠠ ᠪᠣᠯᠵᠤ ᠭᠤᠶᠤᠴᠢᠯᠠᠯ ᠳᠤᠷᠠᠳᠬᠤ ᠳᠠᠭᠠᠨ ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ | ᠬᠠᠩᠭᠠᠵᠤ ᠳᠡᠶᠢᠯᠦᠭᠰᠡᠨ ᠦᠭᠡᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠤᠷᠢᠳᠠᠪᠠᠷ ᠬᠦᠯᠢᠶᠡᠨ ᠠᠪᠴᠤ ᠰᠢᠢᠳᠪᠦᠷᠢᠯᠡᠨ ᠥᠭᠬᠦ | ᠬᠡᠷᠡᠭᠲᠡᠢ᠃ | ︵2︶ ᠲᠣᠬᠠᠢ ᠶᠢᠨ ᠭᠠᠵᠠᠷ ᠤᠨ ᠡᠷᠦᠬᠡ ᠠᠮᠠ ᠶᠢᠨ ᠬᠠᠷᠢᠶ᠎ᠠ ᠲᠠᠢ ᠪᠣᠶᠣ ᠲᠣᠬᠠᠢ ᠶᠢᠨ ᠭᠠᠵᠠᠷ ᠤᠨ ᠡᠷᠦᠬᠡ | ᠠᠮᠠ ᠶᠢᠨ ᠬᠠᠷᠢᠶ᠎ᠠ ᠪᠢᠰᠢ ᠪᠣᠯᠪᠠᠴᠤ ᠲᠣᠬᠠᠢ ᠶᠢᠨ ᠭᠠᠵᠠᠷ ᠤᠨ ᠣᠷᠣᠰᠢᠨ ᠰᠠᠭᠤᠬᠤ ᠦᠨᠡᠮᠯᠡᠯ ᠲᠠᠢ ᠪᠠᠶᠢᠪᠠᠯ᠂ | ᠲᠣᠬᠠᠢ ᠶᠢᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ | ︵3︶ ᠲᠣᠬᠠᠢ ᠶᠢᠨ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ᠂ ᠲᠣᠬᠠᠢ ᠶᠢᠨ ᠭᠠᠵᠠᠷ ᠤᠨ ᠣᠷᠣᠰᠢᠨ | ᠰᠠᠭᠤᠬᠤ ᠦᠨᠡᠮᠯᠡᠯ ᠢ ᠭᠦᠢᠴᠡᠳᠭᠡᠭᠰᠡᠨ ᠦᠭᠡᠢ ᠪᠠᠶᠢᠪᠠᠯ᠂ ᠲᠣᠬᠠᠢ ᠶᠢᠨ ᠭᠠᠵᠠᠷ ᠤᠨ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠡᠭᠦᠨ ᠢ ᠬᠠᠮᠵᠢᠨ | ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠤ ᠪᠠᠶᠢᠭᠤᠯᠤᠭᠰᠠᠨ ᠠᠪᠤᠷᠠᠨ ᠲᠤᠰᠠᠯᠠᠵᠤ | ᠬᠠᠮᠢᠶᠠᠷᠬᠤ ᠪᠠᠶᠢᠭᠤᠯᠤᠮᠵᠢ ︵ᠲᠠᠷᠤᠢ ᠠᠪᠤᠷᠠᠨ ᠲᠤᠰᠠᠯᠠᠵᠤ ᠬᠠᠮᠢᠶᠠᠷᠬᠤ ᠥᠷᠲᠡᠭᠡ᠂ ᠨᠠᠰᠤᠨ ᠳᠤ ᠦᠯᠦ | ᠬᠦᠷᠦᠭᠰᠡᠳ ᠢ ᠠᠪᠤᠷᠠᠨ ᠲᠤᠰᠠᠯᠠᠵᠤ ᠬᠠᠮᠠᠭᠠᠯᠠᠬᠤ ᠲᠥᠪ ᠵᠡᠷᠭᠡ︶ ᠳᠤ ᠠᠪᠤᠷᠠᠨ ᠲᠤᠰᠠᠯᠠᠬᠤ ᠪᠠᠷ ᠭᠤᠶᠤᠴᠢᠯᠠᠯ | ᠳᠡᠪᠰᠢᠭᠦᠯᠬᠦ ᠬᠡᠷᠡᠭᠲᠡᠢ︔ ᠲᠣᠬᠠᠢ ᠶᠢᠨ ᠭᠠᠵᠠᠷ ᠤᠨ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠤᠨ ᠨᠢ | ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ ᠪᠠᠶᠢᠭᠤᠯᠤᠭᠰᠠᠨ ᠦᠭᠡᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠲᠡᠭᠦᠨ ᠢ ᠬᠠᠮᠵᠢᠨ | ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠠᠪᠤᠷᠠᠨ ᠲᠤᠰᠠᠯᠠᠬᠤ ᠪᠠᠷ | ᠭᠤᠶᠤᠴᠢᠯᠠᠯ ᠳᠡᠪᠰᠢᠭᠦᠯᠬᠦ ᠬᠡᠷᠡᠭᠲᠡᠢ᠃ | ︵4︶ ᠲᠦᠷ ᠴᠠᠭ ᠠᠪᠤᠷᠠᠨ ᠲᠤᠰᠠᠯᠠᠬᠤ ᠶᠢ ᠭᠤᠶᠤᠴᠢᠯᠠᠬᠤ ᠳᠤ ᠲᠣᠬᠠᠢ ᠶᠢᠨ ᠭᠠᠵᠠᠷ ᠤᠨ ᠬᠤᠰᠢᠭᠤ | ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠤᠨ ᠤ ᠲᠣᠭᠲᠠᠭᠠᠭᠰᠠᠨ ᠬᠠᠮᠢᠶ᠎ᠠ ᠪᠦᠬᠦᠢ ᠭᠡᠷᠡᠴᠢ | ᠮᠠᠲ᠋ᠧᠷᠢᠶᠠᠯ ᠢ ᠲᠤᠰᠢᠶᠠᠬᠤ ᠬᠡᠷᠡᠭᠲᠡᠢ᠃ ᠭᠡᠷᠡᠴᠢ ᠮᠠᠲ᠋ᠧᠷᠢᠶᠠᠯ ᠳᠤ ᠭᠤᠣᠯᠳᠠᠭᠤ᠄ ︽ᠲᠦᠷ ᠴᠠᠭ ᠠᠪᠤᠷᠠᠨ ᠲᠤᠰᠠᠯᠠᠬᠤ | ᠭᠤᠶᠤᠴᠢᠯᠠᠯ ᠤᠨ ᠪᠢᠴᠢᠭ︾᠂ ︽ᠭᠡᠷ ᠪᠦᠯᠢ ᠶᠢᠨ ᠣᠷᠣᠯᠭ᠎ᠠ᠂ ᠡᠳ᠋ ᠬᠦᠷᠦᠩᠭᠡ ᠶᠢᠨ ᠪᠠᠶᠢᠳᠠᠯ ᠤᠨ ᠡᠷᠬᠡ | ᠣᠯᠭᠤᠭᠰᠠᠨ ᠬᠢᠨᠠᠨ ᠪᠠᠶᠢᠴᠠᠭᠠᠬᠤ ᠪᠢᠴᠢᠭ︾ ᠪᠠ ᠬᠦᠴᠢᠷᠳᠡᠯ ᠳᠤ ᠤᠴᠠᠷᠠᠭᠰᠠᠨ ᠪᠠᠶᠢᠳᠠᠯ ᠤᠨ ᠭᠡᠷᠡᠴᠢᠯᠡᠯ︔ | ᠡᠷᠦᠬᠡ ᠠᠮᠠ ᠶᠢᠨ ᠳᠡᠪᠲᠡᠷ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠵᠡᠷᠭᠡ | ᠪᠡᠶ᠎ᠡ ᠠᠬᠤᠢ ᠶᠢᠨ ᠪᠠᠶᠢᠳᠠᠯ ᠤᠨ ᠭᠡᠷᠡᠴᠢᠯᠡᠯ︔ ᠣᠷᠣᠯᠭ᠎ᠠ᠂ ᠡᠳ᠋ ᠬᠦᠷᠦᠩᠭᠡ ᠶᠢᠨ ᠪᠠᠶᠢᠳᠠᠯ ᠤᠨ ᠭᠡᠷᠡᠴᠢᠯᠡᠯ︔ | ᠠᠰᠠᠷᠠᠨ ︵ᠠᠷᠠᠴᠢᠯᠠᠨ︶ ᠲᠡᠵᠢᠭᠡᠬᠦ ᠡᠭᠦᠷᠭᠡ ᠯᠦᠭᠡ ᠬᠤᠯᠪᠤᠭᠳᠠᠬᠤ ᠬᠦᠮᠦᠨ ᠤ ᠣᠷᠣᠯᠭ᠎ᠠ᠂ ᠡᠳ᠋ ᠬᠦᠷᠦᠩᠭᠡ ᠶᠢᠨ | ᠪᠠᠶᠢᠳᠠᠯ ᠤᠨ ᠭᠡᠷᠡᠴᠢᠯᠡᠯ︔ ᠲᠣᠬᠠᠢ ᠶᠢᠨ ᠭᠠᠵᠠᠷ ᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠤᠨ ᠤ ᠬᠠᠩᠭᠠᠬᠤ ᠪᠠᠷ ᠱᠠᠭᠠᠷᠳᠠᠭᠰᠠᠨ ᠪᠤᠰᠤᠳ ᠭᠡᠷᠡᠴᠢ ᠮᠠᠲ᠋ᠧᠷᠢᠶᠠᠯ ᠪᠠᠭᠲᠠᠨ᠎ᠠ᠃ | ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠱᠠᠭᠠᠷᠳᠠᠯᠭ᠎ᠠ ᠳᠤ | ᠨᠡᠶᠢᠴᠡᠭᠰᠡᠨ ᠪᠠᠶᠢᠪᠠᠯ᠂ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠭᠤᠶᠤᠴᠢᠯᠠᠭᠴᠢ ᠳᠤ | ᠪᠢᠴᠢᠭᠯᠡᠭᠰᠡᠨ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠢ ᠭᠠᠷᠭᠠᠵᠤ ᠥᠭᠬᠦ ᠬᠡᠷᠡᠭᠲᠡᠢ᠃ | ᠭᠤᠶᠤᠴᠢᠯᠠᠭᠴᠢ ᠶᠢᠨ ᠬᠠᠩᠭᠠᠭᠰᠠᠨ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠪᠢᠰᠢ ᠪᠤᠶᠤ | ᠱᠠᠭᠠᠷᠳᠠᠯᠭ᠎ᠠ ᠳᠤ ᠦᠯᠦ ᠨᠡᠶᠢᠴᠡᠭᠰᠡᠨ ᠪᠠᠶᠢᠪᠠᠯ᠂ ᠭᠤᠶᠤᠴᠢᠯᠠᠭᠴᠢ ᠪᠣᠶᠣ ᠲᠡᠭᠦᠨ ᠤ ᠣᠷᠤᠯᠠᠭᠴᠢ ᠳᠤᠨᠢ | ᠲᠣᠭᠲᠠᠭᠠᠭᠰᠠᠨ ᠮᠠᠲ᠋ᠧᠷᠢᠶᠠᠯ ᠪᠦᠬᠦᠨ ᠢᠶᠠᠨ ᠨᠦᠬᠦᠵᠦ ᠪᠦᠷᠢᠳᠦᠭᠦᠯᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠪᠠᠷ | ᠮᠡᠳᠡᠭᠳᠡᠬᠦ ᠬᠡᠷᠡᠭᠲᠡᠢ᠃ | 2᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠵᠦ ᠬᠦᠯᠢᠶᠡᠨ ᠠᠪᠴᠤ ᠰᠢᠢᠳᠪᠦᠷᠢᠯᠡᠨ᠎ᠠ᠃ | ︵1︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠪᠣᠯ ᠬᠦᠴᠢᠷᠳᠡᠯᠲᠡᠢ ᠭᠡᠷ ᠪᠦᠯᠢ ᠪᠣᠶᠣ ᠬᠤᠪᠢ ᠬᠦᠮᠦᠨ ᠢ ᠰᠠᠨᠠᠭᠠᠴᠢᠯᠠᠭ᠎ᠠ ᠠᠴᠠ ᠪᠠᠨ | ᠢᠯᠡᠷᠡᠭᠦᠯᠬᠦ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠨ᠎ᠠ᠂ ᠬᠠᠷᠢᠶᠠᠯᠠᠬᠳᠠᠬᠤ ᠣᠷᠣᠨ ᠤ ᠰᠠᠭᠤᠭᠠᠯᠢ ᠠᠷᠠᠳ ᠤᠨ | ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠠᠳᠡᠯ᠂ ᠬᠦᠨᠳᠦ ᠡᠪᠡᠳᠴᠢᠨ ᠳᠤ ᠨᠡᠷᠪᠡᠭᠳᠡᠬᠦ ᠵᠡᠷᠭᠡ ᠤᠨᠴᠤᠭᠤᠢ | ᠬᠦᠴᠢᠷᠳᠡᠯᠲᠡᠢ ᠪᠠᠶᠢᠳᠠᠯ ᠢ ᠡᠵᠡᠮᠰᠢᠬᠦ ᠶᠢᠨ ᠬᠠᠮᠲᠤ᠂ ᠴᠠᠭ ᠲᠣᠬᠠᠢ ᠳᠤᠨᠢ ᠬᠢᠨᠠᠨ ᠬᠠᠷᠭᠤᠭᠤᠯᠵᠤ᠂ ᠬᠦᠴᠢᠷᠳᠡᠯᠲᠡᠢ | ᠪᠠ ᠰᠠᠨᠠᠭᠠᠴᠢᠯᠠᠭ᠎ᠠ ᠠᠴᠠ ᠪᠠᠨ ᠠᠪᠤᠷᠠᠯᠲᠠ ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠭᠡᠷ ᠪᠦᠯᠢ ᠪᠣᠶᠣ ᠬᠤᠪᠢ | ᠬᠦᠮᠦᠨ ᠢ ᠬᠠᠪᠰᠤᠷᠴᠤ ᠠᠪᠤᠷᠠᠨ ᠲᠤᠰᠠᠯᠠᠬᠤ ᠭᠤᠶᠤᠴᠢᠯᠠᠯ ᠳᠡᠪᠰᠢᠭᠦᠯᠬᠦ ᠬᠡᠷᠡᠭᠲᠡᠢ᠃ | ︵2︶ ᠲᠤᠳᠤᠭᠠᠲᠤ ᠶᠢ ᠬᠠᠮᠠᠭᠠᠯᠠᠬᠤ᠂ ᠬᠤᠲᠠ ᠶᠢᠨ ᠬᠠᠮᠢᠶᠠᠷᠤᠯᠲᠠ ᠵᠡᠷᠭᠡ ᠰᠠᠯᠠᠭ᠎ᠠ ᠮᠦᠴᠢᠷ ᠤᠳ ᠬᠠᠤᠯᠢ | ᠬᠡᠷᠡᠭᠵᠢᠭᠦᠯᠬᠦ ᠳᠤᠮᠳᠠ ᠪᠡᠷᠬᠡ ᠪᠠᠶᠢᠳᠠᠯ ᠳᠤ ᠣᠷᠣᠭᠰᠠᠨ ᠨᠠᠰᠤᠨ ᠳᠤ ᠦᠯᠦ ᠬᠦᠷᠦᠭᠰᠡᠳ᠂ ᠮᠡᠳᠡᠷᠡᠯ ᠤᠨ | ᠡᠪᠡᠳᠴᠢᠨ ᠲᠠᠢ ᠵᠡᠷᠭᠡ ᠢᠷᠭᠡᠨ ᠤ ᠬᠡᠷᠡᠭ ᠤᠨ ᠠᠵᠢᠯᠯᠠᠭᠠᠨ ᠤ ᠴᠢᠳᠠᠪᠤᠷᠢ ᠦᠭᠡᠢ ᠪᠣᠶᠣ ᠢᠷᠭᠡᠨ ᠤ ᠬᠡᠷᠡᠭ ᠤᠨ | ᠠᠵᠢᠯᠯᠠᠭᠠᠨ ᠤ ᠴᠢᠳᠠᠪᠤᠷᠢ ᠨᠢ ᠬᠢᠵᠠᠭᠠᠷᠯᠠᠭᠳᠠᠭᠰᠠᠨ ᠬᠦᠮᠦᠨ ᠵᠢᠴᠢ ᠰᠠᠨᠠᠭᠠᠴᠢᠯᠠᠭ᠎ᠠ ᠠᠴᠠ ᠪᠠᠨ ᠠᠪᠤᠷᠠᠯᠲᠠ | ᠭᠤᠶᠤᠴᠢᠯᠠᠬᠤ ᠴᠢᠳᠠᠪᠤᠷᠢ ᠪᠠᠨ ᠠᠯᠳᠠᠭᠰᠠᠨ ᠬᠦᠨᠳᠦ ᠡᠪᠡᠳᠴᠢᠲᠠᠨ ᠵᠡᠷᠭᠡ ᠶᠢ ᠣᠯᠵᠣ ᠮᠡᠳᠡᠪᠡᠯ᠂ | ᠰᠠᠨᠠᠭᠠᠴᠢᠯᠠᠭ᠎ᠠ ᠲᠠᠢ ᠪᠠᠷ ᠴᠢᠬᠤᠯᠠ ᠠᠷᠭ᠎ᠠ ᠬᠡᠮᠵᠢᠶ᠎ᠠ ᠠᠪᠴᠤ ᠪᠠᠶᠢᠭᠠᠳ ᠲᠡᠳᠡᠨ ᠢ ᠬᠠᠪᠰᠤᠷᠤᠨ ᠬᠦᠴᠢᠷᠳᠡᠯᠲᠡᠢ | ᠪᠠᠶᠢᠳᠠᠯ ᠠᠴᠠ ᠨᠢ ᠠᠩᠬᠢᠵᠢᠷᠠᠭᠤᠯᠬᠤ ᠬᠡᠷᠡᠭᠲᠡᠢ᠃ | ︵3︶ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ︶ ᠪᠣᠶᠣ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠠᠪᠤᠷᠠᠨ | ᠲᠤᠰᠠᠯᠠᠵᠤ ᠬᠠᠮᠢᠶᠠᠷᠬᠤ ᠪᠠᠶᠢᠭᠤᠯᠤᠮᠵᠢ ᠨᠤᠭᠤᠳ ᠨᠢ ᠬᠤᠯᠪᠤᠭᠳᠠᠯ ᠪᠦᠬᠦᠢ ᠰᠠᠯᠠᠭ᠎ᠠ ᠮᠦᠴᠢᠷ᠂ ᠨᠡᠶᠢᠭᠡᠮ ᠤᠨ | ᠵᠣᠬᠢᠶᠠᠨ ᠪᠠᠶᠢᠭᠤᠯᠤᠯᠲᠠ᠂ ᠠᠷᠠᠳ ᠢᠷᠭᠡᠳ ᠬᠤᠪᠢ ᠬᠦᠮᠦᠨ ᠤ ᠮᠡᠳᠡᠭᠦᠯᠦᠭᠰᠡᠨ ᠠᠪᠤᠷᠠᠨ ᠲᠤᠰᠠᠯᠠᠬᠤ | ᠰᠦᠪᠡᠭᠴᠢ ᠶᠢ ᠮᠡᠳᠡᠭᠰᠡᠨ ᠪᠣᠶᠣ ᠬᠦᠯᠢᠶᠡᠨ ᠠᠪᠤᠭᠰᠠᠨ ᠤ ᠳᠠᠷᠠᠭ᠎ᠠ᠂ ᠪᠠᠶᠢᠳᠠᠯ ᠢ ᠨᠢ ᠰᠠᠨᠠᠭᠠᠴᠢᠯᠠᠭ᠎ᠠ ᠠᠴᠠ ᠪᠠᠨ | ᠬᠢᠨᠠᠨ ᠬᠠᠷᠭᠤᠭᠤᠯᠵᠤ᠂ ᠲᠡᠳᠡᠨ ᠤ ᠳᠣᠲᠤᠷᠠᠬᠢ ᠲᠦᠷ ᠴᠠᠭ ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠭᠰᠡᠳ ᠢ | ᠬᠠᠪᠰᠤᠷᠴᠤ ᠪᠠᠶᠢᠭᠠᠳ ᠠᠪᠤᠷᠠᠨ ᠲᠤᠰᠠᠯᠠᠬᠤ ᠭᠤᠶᠤᠴᠢᠯᠠᠯ ᠳᠡᠪᠰᠢᠭᠦᠯᠬᠦ ᠶᠢᠨ ᠬᠠᠮᠲᠤ ᠬᠦᠯᠢᠶᠡᠨ ᠠᠪᠴᠤ | ᠰᠢᠢᠳᠪᠦᠷᠢᠯᠡᠬᠦ ᠬᠡᠷᠡᠭᠲᠡᠢ᠃ | ᠡᠯ᠎ᠡ ᠭᠠᠵᠠᠷ ᠣᠷᠣᠨ ᠤ ᠲᠦᠷ ᠴᠠᠭ ᠠᠪᠤᠷᠠᠨ ᠲᠤᠰᠠᠯᠠᠬᠤ ᠭᠤᠶᠤᠴᠢᠯᠠᠯ ᠢ ᠬᠦᠯᠢᠶᠡᠨ ᠠᠪᠴᠤ | ᠰᠢᠢᠳᠪᠦᠷᠢᠯᠡᠬᠦ ᠠᠵᠢᠯ ᠢ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠤ ᠪᠠᠶᠢᠭᠤᠯᠤᠭᠰᠠᠨ ᠨᠡᠶᠢᠭᠡᠮ ᠤᠨ ᠠᠪᠤᠷᠠᠨ ᠲᠤᠰᠠᠯᠠᠬᠤ ᠶᠢᠨ ︽ᠨᠢᠬᠡᠯᠡ ᠭᠠᠵᠠᠷ ᠬᠦᠯᠢᠶᠡᠨ | ᠠᠪᠴᠤ ᠰᠢᠢᠳᠪᠦᠷᠢᠯᠡᠬᠦ ᠴᠤᠩᠬᠤᠪᠴᠢ︾ ᠠᠴᠠ ᠪᠤᠲᠠᠲᠠᠢ ᠭᠦᠢᠴᠡᠳᠭᠡᠨ᠎ᠡ᠃ | ︵ᠭᠤᠷᠪᠠ︶ ᠬᠢᠨᠠᠨ ᠬᠠᠷᠭᠤᠭᠤᠯᠵᠤ ᠬᠢᠨᠠᠨ ᠵᠥᠪᠰᠢᠶᠡᠷᠡᠨ᠎ᠠ᠃ | ᠡᠩ ᠤᠨ ᠳᠡᠰ ᠳᠠᠷᠠᠭᠠᠯᠠᠯ ᠪᠠ ᠪᠠᠴᠢᠮ ᠳᠡᠰ ᠳᠠᠷᠠᠭᠠᠯᠠᠯ ᠢ ᠪᠠᠭᠲᠠᠭᠠᠨ᠎ᠠ᠃ | 1᠂ ᠡᠩ ᠤᠨ ᠳᠡᠰ ᠳᠠᠷᠠᠭᠠᠯᠠᠯ᠃ | ︵1︶ ᠬᠢᠨᠠᠨ ᠬᠠᠷᠭᠤᠭᠤᠯᠬᠤ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠪᠣᠯ ᠲᠦᠷ ᠴᠠᠭ ᠠᠪᠤᠷᠠᠨ ᠲᠤᠰᠠᠯᠠᠬᠤ ᠶᠢ ᠬᠢᠨᠠᠨ | ᠬᠠᠷᠭᠤᠭᠤᠯᠬᠤ ᠶᠢᠨ ᠬᠠᠷᠢᠭᠤᠴᠠᠯᠭ᠎ᠠ ᠶᠢᠨ ᠭᠤᠣᠯ ᠴᠤᠭᠴᠠ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠭᠠᠴᠠᠭ᠎ᠠ ᠲᠣᠰᠬᠤᠨ ︵ᠰᠠᠭᠤᠭᠠᠯᠢ︶ | ᠤ ᠠᠷᠠᠳ ᠤᠨ ᠵᠦᠪᠯᠡᠯ ᠤᠨ ᠬᠠᠮᠵᠢᠯᠴᠠᠭ᠎ᠠ ᠳᠣᠣᠷ᠎ᠠ ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠭᠴᠢ ᠶᠢᠨ | ᠭᠡᠷ ᠪᠦᠯᠢ ᠶᠢᠨ ᠠᠵᠤ ᠠᠬᠤᠢ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ᠂ ᠬᠦᠮᠦᠨ ᠠᠮᠠ ᠶᠢᠨ ᠪᠠᠶᠢᠳᠠᠯ᠂ | ᠬᠦᠴᠢᠷᠳᠡᠯ ᠤᠨ ᠬᠡᠮᠵᠢᠶ᠎ᠡ ᠵᠡᠷᠭᠡ ᠶᠢ ᠨᠢᠭᠡᠳ ᠨᠢᠭᠡ ᠪᠠᠷ ᠪᠠᠶᠢᠴᠠᠭᠠᠵᠤ᠂ ᠪᠠᠶᠢᠳᠠᠯ ᠢ ᠨᠢ ᠦᠵᠡᠵᠦ ᠠᠷᠠᠳᠴᠢᠯᠠᠯ ᠢᠶᠠᠷ | ᠦᠨᠡᠯᠡᠬᠦ ᠪᠣᠶᠣ ᠭᠡᠷᠡᠴᠢ ᠰᠣᠨᠣᠰᠬᠤ ᠬᠤᠷᠠᠯ ᠢ ᠵᠣᠬᠢᠶᠠᠨ ᠪᠠᠶᠢᠭᠤᠯᠵᠤ᠂ ᠬᠢᠨᠠᠨ ᠬᠠᠷᠭᠤᠭᠤᠯᠤᠭᠰᠠᠨ ᠰᠠᠨᠠᠯ ᠢ | ᠳᠤᠷᠠᠳᠬᠤ ᠶᠢᠨ ᠬᠠᠮᠲᠤ᠂ ᠭᠤᠶᠤᠴᠢᠯᠠᠭᠴᠢ ᠶᠢᠨ ᠰᠠᠭᠤᠭ᠎ᠠ ᠭᠠᠵᠠᠷ ᠤᠨ ᠭᠠᠴᠠᠭ᠎ᠠ ᠲᠤᠰᠬᠤᠨ ︵ᠰᠠᠭᠤᠭᠠᠯᠢ︶ ᠤ | ᠠᠷᠠᠳ ᠤᠨ ᠵᠦᠪᠯᠡᠯ ᠳᠤ ᠵᠠᠷ ᠨᠠᠭᠠᠵᠤ ᠨᠡᠶᠢᠲᠡ ᠳᠤ ᠢᠯᠡ ᠨᠡᠶᠢᠲᠡᠯᠡᠭᠰᠡᠨ ᠤ ᠳᠠᠷᠠᠭ᠎ᠠ ᠬᠤᠰᠢᠭᠤ ᠰᠢᠶᠠᠨ ᠤ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠲᠡᠢ᠃ | ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠲᠤᠰ ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ | ᠰᠠᠭᠤᠭᠠᠯᠢ ᠠᠷᠠᠳ ᠤᠨ ᠡᠷᠦᠬᠡ ᠠᠮᠠ ᠶᠢᠨ ᠬᠠᠷᠢᠶᠠᠯᠠᠬᠳᠠᠬᠤ ᠭᠠᠵᠠᠷ ᠤᠨ ᠣᠷᠣᠯᠭ᠎ᠠ᠂ ᠡᠳ᠋ ᠬᠦᠷᠦᠩᠭᠡ ᠪᠠ ᠭᠡᠷ | ᠪᠦᠯᠢ ᠶᠢᠨ ᠪᠦᠷᠢᠯᠳᠦᠭᠦᠨ ᠤ ᠪᠠᠶᠢᠳᠠᠯ ᠵᠢᠴᠢ ᠣᠶᠢᠷ᠎ᠠ ᠶᠢᠨ ᠬᠤᠭᠤᠴᠠᠭᠠᠨ ᠳᠤ ᠲᠣᠬᠠᠢ ᠶᠢᠨ ᠭᠠᠵᠠᠷ ᠤᠨ | ᠲᠤᠰᠠᠯᠠᠮᠵᠢ ᠶᠢ ᠬᠦᠷᠲᠡᠭᠰᠡᠨ ᠡᠰᠡᠬᠦ ᠪᠠ ᠲᠤᠰᠠᠯᠠᠮᠵᠢ ᠬᠦᠷᠲᠡᠭᠰᠡᠨ ᠪᠠᠶᠢᠳᠠᠯ ᠵᠡᠷᠭᠡ ᠶᠢ ᠰᠤᠮᠤ ᠰᠢᠶᠠᠩ ᠪᠠᠯᠭᠠᠰᠤ ᠶᠢᠨ | ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠬᠤᠰᠢᠭᠤ ᠰᠢᠶᠠᠨ ᠤ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢᠶᠠᠷ ᠳᠠᠮᠵᠢᠨ ᠡᠷᠦᠬᠡ ᠠᠮᠠ ᠶᠢᠨ ᠬᠠᠷᠢᠶᠠᠲᠤ ᠬᠤᠰᠢᠭᠤ | ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠤ ᠨᠠᠶᠢᠳᠠᠨ ᠬᠠᠮᠵᠢᠯᠴᠠᠨ ᠪᠠᠶᠢᠴᠠᠭᠠᠯᠭᠠᠵᠤ | ᠬᠢᠨᠠᠨ ᠬᠠᠷᠭᠤᠭᠤᠯᠵᠤ᠂ ᠡᠷᠦᠬᠡ ᠠᠮᠠ ᠶᠢᠨ ᠬᠠᠷᠢᠶᠠᠯᠠᠬᠳᠠᠬ ᠬᠤᠰᠢᠭᠤ ᠰᠢᠶᠠᠨ ᠤ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠨᠢ ᠰᠠᠭᠤᠭ᠎ᠠ ᠭᠠᠵᠠᠷ ᠤᠨ ᠬᠤᠰᠢᠭᠤ ᠰᠢᠶᠠᠨ ᠤ ᠱᠠᠲᠤᠨ ᠤ ᠠᠷᠠᠳ ᠤᠨ | ᠶᠠᠪᠤᠳᠠᠯ ᠤᠨ ᠰᠠᠯᠠᠭ᠎ᠠ ᠮᠦᠴᠢᠷ ᠤᠨ ᠵᠢᠩᠬᠢᠨᠢ ᠵᠠᠬᠢᠳᠠᠯ ᠤᠨ ᠱᠠᠭᠠᠷᠳᠠᠯᠭ᠎ᠠ ᠶᠢ ᠦᠨᠳᠦᠰᠦᠯᠡᠵᠦ᠂ ᠪᠠᠶᠢᠴᠠᠭᠠᠵᠤ ᠬᠢᠨᠠᠨ | ᠬᠠᠷᠭᠤᠭᠤᠯᠤᠭᠰᠠᠨ ᠪᠠᠶᠢᠳᠠᠯ ᠵᠢᠴᠢ ᠦᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ | ᠬᠠᠷᠭᠤᠭᠤᠯᠬᠤ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠨ ᠭᠠᠷᠭᠠᠭᠰᠠᠨ ᠬᠠᠷᠭᠤᠭᠤᠯᠤᠭᠰᠠᠨ ᠮᠡᠳᠡᠭᠦᠯᠦᠯᠲᠡ | ᠳᠡᠭᠡᠷ᠎ᠡ ᠠᠯᠪᠠᠨ ᠤ ᠲᠠᠮᠠᠭ᠎ᠠ ᠶᠢ ᠳᠠᠷᠤᠵᠤ ᠬᠠᠷᠢᠭᠤ ᠲᠤᠰᠬᠠᠨ᠎ᠠ᠃ ᠲᠤᠰ ᠣᠨ ᠳᠤ ᠨᠢᠭᠡᠨᠲᠡ ᠡᠷᠦᠬᠡ ᠠᠮᠠ ᠶᠢᠨ | ᠬᠠᠷᠢᠶᠠᠯᠠᠬᠳᠠᠬᠤ ᠭᠠᠵᠠᠷ ᠲᠠᠭᠠᠨ ᠲᠦᠷ ᠴᠠᠭ ᠤᠨ ᠲᠤᠰᠠᠯᠠᠮᠵᠢ ᠶᠢ ᠬᠦᠷᠲᠡᠭᠰᠡᠨ ᠪᠠᠶᠢᠪᠠᠯ᠂ ᠬᠦᠯᠢᠶᠡᠨ ᠠᠪᠴᠤ | ᠰᠢᠢᠳᠪᠦᠷᠢᠯᠡᠬᠦ ᠦᠭᠡᠢ᠃ | ︵2︶ ᠬᠢᠨᠠᠨ ᠵᠥᠪᠰᠢᠶᠡᠷᠡᠬᠦ᠃ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠪᠣᠯ ᠲᠦᠷ ᠴᠠᠭ ᠠᠪᠤᠷᠠᠨ ᠲᠤᠰᠠᠯᠠᠬᠤ ᠶᠢ ᠬᠢᠨᠠᠨ ᠵᠥᠪᠰᠢᠶᠡᠷᠡᠬᠦ ᠶᠢᠨ ᠬᠠᠷᠢᠭᠤᠴᠠᠯᠭ᠎ᠠ ᠶᠢᠨ ᠭᠤᠣᠯ | ᠴᠤᠭᠴᠠ ᠪᠣᠯᠣᠨ᠎ᠠ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠤ ᠲᠤᠰᠢᠶᠠᠭᠰᠠᠨ ᠪᠠᠶᠢᠴᠠᠭᠠᠯᠲᠠ ᠶᠢᠨ ᠮᠠᠲ᠋ᠧᠷᠢᠶᠠᠯ ᠪᠠ ᠬᠢᠨᠠᠨ ᠬᠠᠷᠭᠤᠭᠤᠯᠤᠭᠰᠠᠨ | ᠰᠠᠨᠠᠯ ᠢ ᠣᠯᠣᠭᠰᠠᠨ ᠤ ᠳᠠᠷᠠᠭ᠎ᠠ ᠬᠢᠨᠠᠨ ᠵᠥᠪᠰᠢᠶᠡᠷᠡᠬᠦ ᠲᠣᠭᠲᠠᠭᠠᠯ ᠢ ᠴᠠᠭ ᠲᠣᠬᠠᠢ ᠳᠤᠨᠢ ᠭᠠᠷᠭᠠᠬᠤ ᠬᠡᠷᠡᠭᠲᠡᠢ᠃ | ᠨᠦᠬᠦᠴᠡᠯ ᠳᠤ ᠦᠯᠦ ᠨᠡᠶᠢᠴᠡᠭᠰᠡᠨ ᠪᠠᠶᠢᠪᠠᠯ ᠭᠤᠶᠤᠴᠢᠯᠠᠭᠴᠢ ᠳᠤ ᠪᠢᠴᠢᠭ ᠢᠶᠠᠷ ᠰᠢᠯᠲᠠᠭᠠᠨ ᠢ ᠨᠢ ᠲᠣᠳᠤᠷᠬᠠᠶᠢᠯᠠᠵᠤ | ᠥᠭᠬᠦ ᠬᠡᠷᠡᠭᠲᠡᠢ᠃ ᠠᠪᠤᠷᠠᠨ ᠲᠤᠰᠠᠯᠠᠬᠤ ᠵᠤᠭᠤᠰᠤᠨ ᠤ ᠲᠤᠭ᠎ᠠ ᠨᠢ ᠨᠡᠯᠢᠶᠡᠳ ᠪᠠᠭ᠎ᠠ ᠪᠠᠶᠢᠪᠠᠯ᠂ ᠬᠤᠰᠢᠭᠤ | ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠨᠠᠶᠢᠳᠠᠨ ᠬᠢᠨᠠᠨ ᠵᠥᠪᠰᠢᠶᠡᠷᠡᠭᠦᠯᠵᠦ᠂ | ᠬᠢᠨᠠᠨ ᠵᠥᠪᠰᠢᠶᠡᠷᠡᠭᠰᠡᠨ ᠤ ᠳᠠᠷᠠᠭ᠎ᠠ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ | ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠡᠷᠬᠡᠪᠰᠢ ᠬᠢᠨᠠᠨ ᠵᠥᠪᠰᠢᠶᠡᠷᠡᠭᠰᠡᠨ ᠵᠦᠢᠯᠡᠰ ᠤᠨ ᠪᠦᠬᠦ | ᠮᠠᠲ᠋ᠧᠷᠢᠶᠠᠯ ᠤᠨ ᠤᠭ ᠵᠦᠢᠯ ᠢ ᠨᠢ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠢ︔ ᠠᠪᠤᠷᠠᠨ ᠲᠤᠰᠠᠯᠠᠬᠤ ᠵᠤᠭᠤᠰᠤᠨ ᠤ ᠲᠤᠭ᠎ᠠ ᠨᠢ ᠨᠡᠯᠢᠶᠡᠳ | ᠶᠡᠭᠡ ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠤ ᠪᠠᠴᠢᠮ ᠠᠪᠤᠷᠠᠨ | ᠲᠤᠰᠠᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠵᠤ | ᠬᠢᠨᠠᠨ ᠲᠣᠭᠲᠠᠭᠠᠯᠭᠠᠵᠤ᠂ ᠪᠤᠲᠠᠲᠠᠢ ᠵᠣᠭᠤᠰᠤᠨ ᠤ ᠲᠤᠭ᠎ᠠ ᠶᠢ ᠨᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠤᠨ᠂ ᠡᠯ᠎ᠡ ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ | ᠣᠷᠳᠤᠨ ᠠᠴᠠ ᠲᠣᠭᠲᠠᠭᠠᠬᠤ ᠬᠡᠷᠡᠭᠲᠡᠢ᠃ ᠵᠠᠷᠴᠢᠮ ᠳᠡᠭᠡᠷ᠎ᠡ ᠪᠠᠨ᠂ ᠭᠤᠶᠤᠴᠢᠯᠠᠭᠴᠢ ᠨᠢ ᠠᠳᠠᠯᠢ ᠨᠢᠭᠡᠨ ᠤᠴᠢᠷ | ᠰᠢᠯᠲᠠᠭᠠᠨ ᠢᠶᠠᠷ ᠲᠦᠷ ᠴᠠᠭ ᠠᠪᠤᠷᠠᠨ ᠲᠤᠰᠠᠯᠠᠬᠤ ᠶᠢ ᠳᠠᠬᠢᠨ ᠳᠠᠪᠲᠠᠨ ᠭᠤᠶᠤᠴᠢᠯᠠᠵᠤ᠂ ᠵᠦᠢ ᠶᠤᠰᠤᠨ ᠤ | ᠰᠢᠯᠲᠠᠭᠠᠨ ᠦᠭᠡᠢ ᠪᠠᠶᠢᠪᠠᠯ᠂ ᠠᠪᠤᠷᠠᠨ ᠲᠤᠰᠠᠯᠠᠬᠤ ᠦᠭᠡᠢ᠃ | ︵3︶ ᠵᠥᠪᠰᠢᠶᠡᠷᠡᠭᠦᠯᠦᠭᠰᠡᠨ ᠤ ᠳᠠᠷᠠᠭ᠎ᠠ ᠲᠦᠷ ᠴᠠᠭ ᠠᠪᠤᠷᠠᠨ ᠲᠤᠰᠠᠯᠠᠬᠤ ᠬᠦᠴᠢᠷᠳᠡᠯᠲᠡᠢ ᠡᠲᠡᠭᠡᠳ ᠲᠤ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠤᠳ ᠴᠠᠭᠠᠰᠤᠨ ᠳᠠᠩᠰᠠ ᠡᠪᠬᠡᠮᠡᠯ ᠪᠠ ᠡᠯᠧᠺᠲᠷᠣᠨ ᠳᠠᠩᠰᠠ ᠡᠪᠬᠡᠮᠡᠯ ᠢ ᠡᠷᠦᠬᠡ ᠪᠠᠷ ᠪᠠᠶᠢᠭᠤᠯᠬᠤ ᠬᠡᠷᠡᠭᠲᠡᠢ | ᠃ ᠬᠢᠨᠠᠨ ᠵᠥᠪᠰᠢᠶᠡᠷᠡᠭᠦᠯᠬᠦ ᠲᠦᠷᠦᠯ ᠤᠨ ᠳᠠᠩᠰᠠ ᠡᠪᠬᠡᠮᠡᠯ ︵ᠡᠷᠦᠬᠡ ᠳᠤ ᠣᠷᠤᠵᠤ ᠪᠠᠶᠢᠴᠠᠭᠠᠯᠲᠠ ᠬᠢᠬᠦ | ᠬᠦᠰᠦᠨᠦᠭᠲᠦ᠂ ᠲᠦᠷ ᠴᠠᠭ ᠠᠪᠤᠷᠠᠨ ᠲᠤᠰᠠᠯᠠᠬᠤ ᠡᠲᠡᠭᠡᠳ ᠤᠨ ᠭᠤᠶᠤᠴᠢᠯᠠᠯ ᠤᠨ ᠪᠢᠴᠢᠭ᠂ ᠭᠡᠷ ᠪᠦᠯᠢ ᠶᠢᠨ | ᠣᠷᠣᠯᠭ᠎ᠠ ᠶᠢᠨ ᠭᠡᠷᠡᠴᠢ᠂ ᠰᠠᠭᠤᠭᠠᠯᠢ ᠠᠷᠠᠳ ᠤᠨ ᠡᠷᠦᠬᠡ ᠠᠮᠠ ᠶᠢᠨ ᠲᠡᠪᠲᠡᠷ ᠪᠣᠶᠣ ᠰᠠᠭᠤᠭᠠᠯᠢ ᠠᠷᠠᠳ ᠤᠨ | ᠪᠡᠶ᠎ᠡ ᠶᠢᠨ ᠦᠨᠡᠮᠯᠡᠯ ᠤᠨ ᠪᠠᠭᠤᠯᠭᠠᠪᠤᠷᠢ ᠵᠢᠴᠢ ᠳᠠᠩᠰᠠᠨ ᠳᠤ ᠣᠷᠤᠭᠤᠯᠬᠤ ᠪᠤᠰᠤᠳ ᠮᠠᠲ᠋ᠧᠷᠢᠶᠠᠯ︶᠂ ᠡᠳᠦᠷ | ᠳᠤᠲᠤᠮ ᠤᠨ ᠬᠠᠮᠢᠶᠠᠷᠤᠯᠲᠠ ᠶᠢᠨ ᠲᠦᠷᠦᠯ ᠤᠨ ᠳᠠᠩᠰᠠ ᠡᠪᠬᠡᠮᠡᠯ ︵ᠲᠦᠷ ᠴᠠᠭ ᠠᠪᠤᠷᠠᠨ ᠲᠤᠰᠠᠯᠠᠬᠤ ᠪᠡᠯᠡ | ᠮᠦᠩᠭᠦ ᠶᠢ ᠤᠯᠭᠤᠬᠤ᠂ ᠪᠤᠳᠠᠳᠦ ᠶᠠᠭᠤᠮ᠎ᠠ ᠶᠢᠨ ᠡᠬᠡ ᠳᠠᠩᠰᠠ᠂ ᠠᠪᠤᠷᠠᠨ ᠲᠤᠰᠠᠯᠠᠬᠤ ᠡᠲᠡᠭᠡᠳ ᠤᠨ ᠨᠡᠷᠡᠰ ᠵᠢᠴᠢ | ᠳᠠᠩᠰᠠᠨ ᠳᠤ ᠣᠷᠤᠭᠤᠯᠬᠤ ᠪᠤᠰᠤᠳ ᠮᠠᠲ᠋ᠧᠷᠢᠶᠠᠯ︶ ᠢ ᠲᠡᠭᠦᠯᠳᠡᠷᠵᠢᠭᠦᠯᠬᠦ ᠬᠡᠷᠡᠭᠲᠡᠢ᠃ ᠬᠤᠰᠢᠭᠤ ᠰᠢᠶᠠᠨ ᠤ | ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ | ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠴᠠᠭᠠᠰᠤᠨ ᠳᠠᠩᠰᠠ ᠡᠪᠬᠡᠮᠡᠯ ᠪᠠ ᠡᠯᠧᠺᠲᠷᠣᠨ | ᠳᠠᠩᠰᠠ ᠡᠪᠬᠡᠮᠡᠯ ᠢ ᠪᠦᠷ ᠬᠠᠳᠠᠭᠠᠯᠠᠬᠤ ᠶᠢᠨ ᠬᠠᠮᠲᠤ᠂ ᠴᠠᠭᠠᠰᠤᠨ ᠳᠠᠩᠰᠠ ᠡᠪᠬᠡᠮᠡᠯ ᠪᠠ ᠡᠯᠧᠺᠲᠷᠣᠨ ᠳᠠᠩᠰᠠ | ᠡᠪᠬᠡᠮᠡᠯ ᠤᠨ ᠠᠭᠤᠯᠭ᠎ᠠ ᠶᠢᠨ ᠨᠢᠭᠡᠲᠦᠯᠲᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵4︶ ᠲᠣᠬᠠᠢ ᠶᠢᠨ ᠭᠠᠵᠠᠷ ᠤᠨ ᠣᠷᠤᠰᠢᠨ ᠰᠠᠭᠤᠬᠤ ᠦᠨᠡᠮᠯᠡᠯ ᠢ ᠭᠦᠢᠴᠡᠳᠭᠡᠭᠰᠡᠨ ᠦᠭᠡᠢ ᠲᠤᠰ | ᠭᠠᠵᠠᠷ ᠤᠨ ᠡᠷᠦᠬᠡ ᠠᠮᠠ ᠶᠢᠨ ᠬᠠᠷᠢᠶ᠎ᠠ ᠪᠤᠰᠤ ᠬᠦᠮᠦᠰ ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ | ᠪᠠᠶᠢᠪᠠᠯ᠂ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠠᠪᠤᠷᠠᠨ ᠲᠤᠰᠠᠯᠠᠵᠤ | ᠬᠠᠮᠢᠶᠠᠷᠬᠤ ᠪᠠᠶᠢᠭᠤᠯᠤᠮᠵᠢ ᠨᠤᠭᠤᠳ ᠠᠮᠢᠳᠤᠷᠠᠯ ᠨᠢ ᠨᠠᠶᠢᠳᠠᠪᠤᠷᠢ ᠦᠭᠡᠢ ᠬᠦᠮᠦᠰ ᠢ ᠠᠪᠤᠷᠠᠨ ᠲᠤᠰᠠᠯᠠᠵᠤ | ᠬᠠᠮᠢᠶᠠᠷᠬᠤ ᠶᠢᠨ ᠬᠠᠮᠢᠶ᠎ᠠ ᠪᠦᠬᠦᠢ ᠲᠣᠭᠲᠠᠭᠠᠯ ᠶᠤᠰᠤᠭᠠᠷ ᠵᠣᠬᠢᠶᠠᠨ ᠪᠠᠶᠢᠭᠤᠯᠵᠤ ᠬᠢᠨᠠᠨ ᠬᠠᠷᠭᠤᠭᠤᠯᠵᠤ ᠬᠢᠨᠠᠨ | ᠵᠥᠪᠰᠢᠶᠡᠷᠡᠬᠦ ᠶᠢᠨ ᠬᠠᠮᠲᠤ ᠵᠣᠬᠢᠬᠤ ᠲᠤᠰᠠᠯᠠᠮᠵᠢ ᠬᠠᠩᠭᠠᠬᠤ ᠬᠡᠷᠡᠭᠲᠡᠢ᠃ | ᠲᠦᠷ ᠴᠠᠭ ᠠᠪᠤᠷᠠᠨ ᠲᠤᠰᠠᠯᠠᠬᠤ ᠶᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠪᠠ ᠬᠢᠨᠠᠨ | ᠵᠥᠪᠰᠢᠶᠡᠷᠡᠬᠦ ᠠᠵᠢᠯ ᠤᠨ ᠴᠠᠭ ᠬᠤᠭᠤᠴᠠᠭ᠎ᠠ ᠨᠢ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ | ᠵᠠᠰᠠᠭ ᠤᠨ ᠣᠷᠳᠤᠨ ᠠᠴᠠ ᠲᠣᠭᠲᠠᠭᠠᠬᠤ ᠬᠡᠷᠡᠭᠲᠡᠢ᠃ | 2᠂ ᠪᠠᠴᠢᠮ ᠳᠡᠰ ᠳᠠᠷᠠᠭᠠᠯᠠᠯ᠃ | ᠪᠠᠶᠢᠳᠠᠯ ᠨᠢ ᠪᠠᠴᠢᠮ᠂ ᠲᠡᠷᠡ ᠳᠤᠤᠷ᠎ᠠ ᠪᠠᠨ ᠠᠷᠭ᠎ᠠ ᠬᠡᠮᠵᠢᠶ᠎ᠠ ᠠᠪᠴᠤ ᠪᠠᠶᠢᠭᠠᠳ ᠨᠦᠬᠦᠪᠦᠷᠢᠯᠡᠵᠦ ᠪᠤᠯᠤᠰᠢ | ᠦᠭᠡᠢ ᠬᠤᠬᠢᠷᠠᠯ ᠪᠣᠶᠣ ᠬᠤᠪᠢᠷᠠᠭᠤᠯᠤᠰᠢ ᠦᠭᠡᠢ ᠬᠦᠨᠳᠦ ᠨᠣᠴᠢᠲᠠᠢ ᠤᠷᠰᠢᠭ ᠲᠠᠲᠠᠬᠤ ᠠᠴᠠ ᠰᠡᠷᠭᠡᠶᠢᠯᠡᠬᠦ | ᠴᠢᠬᠤᠯᠠᠲᠠᠢ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶᠂ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ | ᠪᠠᠴᠢᠮ ᠠᠪᠤᠷᠠᠨ ᠲᠤᠰᠠᠯᠠᠬᠤ ᠳᠡᠰ ᠳᠠᠷᠠᠭᠠᠯᠠᠯ ᠢ ᠡᠬᠢᠯᠡᠭᠦᠯᠦᠨ᠂ ᠭᠤᠶᠤᠴᠢᠯᠠᠯ ᠢ ᠰᠢᠭᠤᠳ ᠬᠦᠯᠢᠶᠡᠨ ᠠᠪᠴᠤ | ᠰᠢᠢᠳᠪᠦᠷᠢᠯᠡᠬᠦ᠂ ᠰᠢᠭᠤᠳ ᠬᠢᠨᠠᠨ ᠵᠥᠪᠰᠢᠶᠡᠷᠡᠬᠦ᠂ ᠴᠠᠭ ᠲᠤᠬᠠᠢ ᠳᠤᠨᠢ ᠤᠯᠭᠤᠬᠤ ᠠᠷᠭ᠎ᠠ ᠮᠠᠶ᠋ᠢᠭ ᠢᠶᠠᠷ ᠤᠷᠢᠳᠠᠪᠠᠷ | ᠠᠪᠤᠷᠠᠨ ᠲᠤᠰᠠᠯᠠᠬᠤ ᠬᠡᠷᠡᠭᠲᠡᠢ᠃ ᠪᠠᠴᠢᠮ ᠪᠠᠶᠢᠳᠠᠯ ᠨᠢ ᠲᠠᠶᠢᠯᠦᠬᠳᠠᠭᠰᠠᠨ ᠤ ᠳᠠᠷᠠᠭ᠎ᠠ᠂ ᠬᠢᠨᠠᠨ ᠬᠠᠷᠭᠤᠭᠤᠯᠵᠤ | ᠬᠢᠨᠠᠨ ᠵᠥᠪᠰᠢᠶᠡᠷᠡᠬᠦ ᠭᠠᠷᠳᠠᠮ ᠢ ᠲᠣᠭᠲᠠᠭᠠᠯ ᠶᠣᠰᠤᠭᠠᠷ ᠨᠦᠬᠦᠪᠦᠷᠢᠯᠡᠨ ᠪᠦᠷᠢᠳᠦᠭᠦᠯᠬᠦ ᠬᠡᠷᠡᠭᠲᠡᠢ᠃ ᠭᠡᠨᠡᠳᠲᠡ ᠶᠢᠨ | ᠴᠢᠨᠠᠷᠲᠠᠢ᠂ ᠲᠤᠯᠭᠠᠮ᠎ᠠ ᠴᠢᠨᠠᠷᠲᠠᠢ᠂ ᠲᠦᠷ ᠴᠠᠭ ᠤᠨ ᠴᠢᠨᠠᠷᠲᠠᠢ ᠠᠮᠢᠳᠤᠷᠠᠯ ᠤᠨ ᠬᠦᠴᠢᠷᠳᠡᠯ ᠳᠤ ᠤᠴᠠᠷᠠᠭᠰᠠᠨ ᠭᠡᠷ | ᠪᠦᠯᠢ ᠪᠠ ᠬᠤᠪᠢ ᠬᠦᠮᠦᠨ ᠢ ᠵᠠᠰᠠᠭ ᠤᠨ ᠣᠷᠳᠣᠨ ᠤ ᠫᠤᠷᠲ᠋ᠧᠯ ᠰᠦᠯᠵᠢᠶ᠎ᠠ᠂ ᠠᠷᠠᠳ ᠤᠨ ᠶᠠᠪᠤᠳᠠᠯ ᠤᠨ ︽ | 12349︾ ᠠᠷᠠᠳ ᠲᠤ ᠳᠦᠭᠦᠮ ᠦᠵᠡᠭᠦᠯᠬᠦ ᠬᠠᠯᠠᠮᠰᠢᠯ ᠤᠲᠠᠰᠤ ᠪᠠᠷ ᠳᠠᠮᠵᠢᠨ ᠲᠤᠯᠭᠠᠷᠠᠭᠰᠠᠨ ᠬᠦᠴᠢᠷᠳᠡᠯ ᠢ ᠨᠢ | ᠦᠨᠡᠨ ᠪᠤᠲᠠᠲᠠᠢ ᠪᠠᠷ ᠲᠤᠰᠬᠠᠵᠤ᠂ ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠤᠳ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠡᠲᠡᠭᠡᠳ ᠤᠨ ᠡᠷᠦᠬᠡ ᠠᠮᠠ ᠶᠢᠨ ᠬᠠᠷᠢᠶᠠᠲᠤ ᠭᠠᠵᠠᠷ ᠤᠨ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ︶ ᠳᠤ ᠴᠠᠭ ᠲᠣᠬᠠᠢ ᠳᠤᠨᠢ ᠬᠠᠷᠢᠭᠤ ᠲᠤᠰᠬᠠᠬᠤ ᠬᠡᠷᠡᠭᠲᠡᠢ︔ ᠴᠢᠬᠤᠯᠠ ᠲᠠᠢ ᠦᠶ᠎ᠡ ᠳᠤ ᠪᠠᠶᠢᠭ᠎ᠠ ᠭᠠᠵᠠᠷ ᠤᠨ | ᠬᠤᠰᠢᠭᠤ ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠤᠷᠢᠳᠠᠪᠠᠷ ᠠᠪᠤᠷᠠᠨ ᠲᠤᠰᠠᠯᠠᠵᠤ᠂ | ᠬᠠᠮᠢᠶ᠎ᠠ ᠪᠦᠬᠦᠢ ᠭᠡᠷᠡᠴᠢ ᠮᠠᠲ᠋ᠧᠷᠢᠶᠠᠯ ᠢ ᠰᠡᠭᠦᠯᠡᠷ ᠨᠢ ᠨᠦᠬᠦᠪᠦᠷᠢᠯᠡᠵᠦ ᠲᠡᠭᠦᠯᠳᠡᠷᠵᠢᠭᠦᠯᠬᠦ ᠬᠡᠷᠡᠭᠲᠡᠢ᠃ | ︵ᠳᠥᠷᠪᠡ︶ ᠠᠪᠤᠷᠠᠨ ᠲᠤᠰᠠᠯᠠᠬᠤ ᠠᠷᠭ᠎ᠠ ᠮᠠᠶ᠋ᠢᠭ᠃ ᠨᠦᠬᠦᠴᠡᠯ ᠳᠤ ᠨᠡᠶᠢᠴᠡᠭᠰᠡᠨ ᠠᠪᠤᠷᠠᠨ ᠲᠤᠰᠠᠯᠠᠬᠤ | ᠡᠲᠡᠭᠡᠳ ᠲᠤ ᠳᠣᠣᠷᠠᠬᠢ ᠮᠡᠲᠦ ᠠᠷᠭ᠎ᠠ ᠮᠠᠶ᠋ᠢᠭ ᠢ ᠠᠪᠴᠤ ᠠᠪᠤᠷᠠᠨ ᠲᠤᠰᠠᠯᠠᠵᠤ ᠪᠣᠯᠣᠨ᠎ᠠ᠄ | 1᠂ ᠲᠦᠷ ᠴᠠᠭ ᠠᠪᠤᠷᠠᠨ ᠲᠤᠰᠠᠯᠠᠬᠤ ᠮᠦᠩᠭᠦ ᠶᠢ ᠤᠯᠭᠤᠬᠤ᠃ ᠡᠯ᠎ᠡ ᠭᠠᠵᠠᠷ ᠣᠷᠣᠨ ᠨᠢ ᠲᠦᠷ ᠴᠠᠭ | ᠠᠪᠤᠷᠠᠨ ᠲᠤᠰᠠᠯᠠᠬᠤ ᠮᠦᠩᠭᠦ ᠶᠢᠨ ᠨᠡᠶᠢᠭᠡᠮᠴᠢᠯᠡᠭᠰᠡᠨ ᠤᠯᠭᠤᠯᠳᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠳ᠋ ᠤᠨ | ᠵᠠᠰᠠᠭ ᠤᠨ ᠤᠯᠤᠰ ᠤᠨ ᠬᠦᠮᠦᠷᠭᠡ ᠶᠢᠨ ᠬᠠᠮᠢᠶᠠᠷᠤᠯᠲᠠ ᠶᠢᠨ ᠳᠦᠷᠢᠮ ᠶᠤᠰᠤᠭᠠᠷ ᠲᠦᠷ ᠴᠠᠭ ᠠᠪᠤᠷᠠᠨ ᠲᠤᠰᠠᠯᠠᠬᠤ | ᠮᠦᠩᠭᠦ ᠶᠢ ᠠᠪᠤᠷᠠᠨ ᠲᠤᠰᠠᠯᠠᠬᠤ ᠡᠲᠡᠭᠡᠳ ᠤᠨ ᠬᠤᠪᠢ ᠬᠦᠮᠦᠨ ᠤ ᠳᠠᠩᠰᠠ ᠡᠷᠦᠬᠡ ᠳᠤ ᠰᠢᠭᠤᠳ ᠣᠯᠭᠤᠵᠤ᠂ | ᠠᠪᠤᠷᠠᠨ ᠲᠤᠰᠠᠯᠠᠬᠤ ᠮᠦᠩᠭᠦ ᠶᠢ ᠲᠤᠭ᠎ᠠ ᠶᠤᠰᠤᠭᠠᠷ ᠨᠢ ᠭᠦᠢᠴᠡᠳ᠂ ᠴᠠᠭ ᠲᠤᠬᠠᠢ ᠳᠤᠨᠢ ᠪᠤᠲᠠᠲᠠᠢ ᠭᠠᠵᠠᠷ ᠲᠤᠨᠢ | ᠤᠯᠭᠤᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠠᠶᠢᠳᠠᠯ ᠨᠢ ᠣᠨᠴᠤᠭᠤᠢ ᠪᠠᠶᠢᠪᠠᠯ᠂ ᠪᠡᠯᠡᠨ ᠵᠤᠭᠤᠰ ᠢ ᠰᠢᠭᠤᠳ | ᠤᠯᠭᠤᠵᠦ ᠪᠣᠯᠬᠤ ᠪᠦᠭᠡᠳ ᠪᠠᠰᠠ ᠬᠠᠷᠢᠭᠤᠴᠠᠯᠭ᠎ᠠ ᠶᠢ ᠲᠤᠳᠤᠷᠬᠠᠶᠢᠯᠠᠵᠤ᠂ ᠭᠠᠷᠳᠠᠮ ᠢ ᠵᠢᠷᠤᠮᠵᠢᠭᠤᠯᠤᠨ᠂ ᠠᠪᠤᠷᠠᠨ | ᠲᠤᠰᠠᠯᠠᠬᠤ ᠡᠲᠡᠭᠡᠳ ᠤᠨ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠣᠷᠤᠰᠢᠨ ᠰᠠᠭᠤᠭ᠎ᠠ ᠭᠠᠵᠠᠷ ᠤᠨ | ᠬᠠᠶ᠋ᠢᠭ᠂ ᠬᠠᠷᠢᠯᠴᠠᠬᠤ ᠤᠲᠠᠰᠤ᠂ ᠬᠦᠴᠢᠷᠳᠡᠯ ᠤᠨ ᠲᠦᠷᠦᠯ ᠬᠡᠯᠪᠡᠷᠢ᠂ ᠠᠪᠤᠷᠠᠨ ᠲᠤᠰᠠᠯᠠᠭᠰᠠᠨ ᠴᠠᠭ ᠬᠤᠭᠤᠴᠠᠭ᠎ᠠ | ᠂ ᠠᠪᠤᠷᠠᠨ ᠲᠤᠰᠠᠯᠠᠭᠰᠠᠨ ᠵᠣᠭᠤᠰᠤᠨ ᠤ ᠲᠤᠭ᠎ᠠ᠂ ᠭᠠᠷᠳᠠᠨ ᠭᠦᠢᠴᠡᠳᠭᠡᠭᠰᠡᠨ ᠬᠠᠷᠢᠭᠤᠴᠠᠯᠭᠠᠲᠠᠨ ᠵᠡᠷᠭᠡ ᠮᠡᠳᠡᠭᠡ | ᠵᠠᠩᠭᠢ ᠶᠢ ᠪᠠᠭᠲᠠᠭᠠᠭᠰᠠᠨ ᠤᠯᠭᠤᠬᠤ ᠡᠬᠡ ᠳᠠᠩᠰᠠ ᠶᠢ ᠪᠠᠶᠢᠭᠤᠯᠬᠤ ᠶᠢᠨ ᠬᠠᠮᠲᠤ ᠤᠯᠭᠤᠭᠰᠠᠨ ᠪᠠᠶᠢᠳᠠᠯ ᠢᠶᠠᠨ | ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | 2᠂ ᠪᠤᠳᠠᠳᠤ ᠶᠠᠭᠤᠮ᠎ᠠ ᠤᠯᠭᠤᠬᠤ᠃ ᠲᠦᠷ ᠴᠠᠭ ᠠᠪᠤᠷᠠᠨ ᠲᠤᠰᠠᠯᠠᠬᠤ ᠪᠠᠷᠢᠮᠵᠢᠶ᠎ᠠ ᠪᠠ ᠠᠪᠤᠷᠠᠨ | ᠲᠤᠰᠠᠯᠠᠬᠤ ᠡᠲᠡᠭᠡᠳ ᠤᠨ ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠨᠢ ᠦᠨᠳᠦᠰᠦᠯᠡᠨ᠂ ᠬᠤᠪᠴᠠᠰᠤ ᠬᠤᠨᠠᠷ᠂ | ᠢᠲᠡᠭᠡᠨ ᠤ ᠵᠦᠢᠯ᠂ ᠤᠤᠭᠤᠬᠤ ᠤᠰᠤ ᠤᠯᠭᠤᠵᠦ᠂ ᠲᠦᠷ ᠴᠠᠭ ᠬᠤᠨᠤᠵᠤ ᠬᠡᠪᠲᠡᠬᠦ ᠭᠠᠵᠠᠷ ᠬᠠᠩᠭᠠᠬᠤ ᠵᠡᠷᠭᠡ | ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠬᠤ ᠬᠡᠷᠡᠭᠲᠡᠢ᠃ ᠪᠤᠳᠠᠳᠤ ᠶᠠᠭᠤᠮ᠎ᠠ ᠤᠯᠭᠤᠬᠤ ᠬᠡᠯᠪᠡᠷᠢ ᠶᠢ ᠠᠪᠤᠭᠰᠠᠨ | ᠪᠠᠶᠢᠪᠠᠯ᠂ ᠪᠠᠴᠢᠮ ᠪᠠᠶᠢᠳᠠᠯ ᠠᠴᠠ ᠭᠠᠳᠠᠨ᠎ᠠ᠂ ᠵᠠᠰᠠᠭ ᠤᠨ ᠣᠷᠳᠤᠨ ᠤ ᠬᠤᠳᠠᠯᠳᠤᠨ ᠠᠪᠬᠤ ᠳᠦᠷᠢᠮ ᠤᠨ ᠬᠠᠮᠢᠶ᠎ᠠ | ᠪᠦᠬᠦᠢ ᠲᠣᠭᠲᠠᠭᠠᠯ ᠢ ᠴᠢᠩᠭ᠎ᠠ ᠵᠢᠷᠤᠮᠯᠡᠨ ᠬᠡᠷᠡᠭᠵᠢᠭᠦᠯᠵᠦ᠂ ᠤᠯᠭᠤᠬᠤ ᠶᠠᠪᠤᠴᠠ ᠳᠤ ᠤᠯᠭᠤᠬᠤ ᠳᠡᠰ ᠳᠠᠷᠠᠭᠠᠯᠠᠯ ᠢ | ᠵᠢᠷᠤᠮᠵᠢᠭᠤᠯᠤᠨ᠂ ᠪᠣᠳᠠᠳᠤ ᠶᠠᠭᠤᠮ᠎ᠠ ᠤᠯᠭᠤᠬᠤ ᠶᠢ ᠪᠦᠷᠢᠳᠭᠡᠬᠦ ᠡᠬᠡ ᠳᠠᠩᠰᠠ ᠶᠢ ᠪᠠᠶᠢᠭᠤᠯᠵᠤ᠂ ᠲᠤᠰᠬᠠᠢ ᠬᠦᠮᠦᠨ | ᠲᠣᠬᠢᠷᠠᠭᠤᠯᠤᠨ ᠲᠡᠮᠲᠡᠭᠯᠡᠭᠦᠯᠬᠦ᠂ ᠬᠠᠳᠠᠭᠠᠯᠠᠬᠤ ᠪᠠ ᠤᠯᠭᠤᠬᠤ ᠶᠢ ᠬᠠᠷᠢᠭᠤᠴᠠᠭᠤᠯᠬᠤ ᠶᠢᠨ ᠬᠠᠮᠲᠤ ᠤᠯᠭᠤᠭᠰᠠᠨ | ᠪᠠᠶᠢᠳᠠᠯ ᠢᠶᠠᠨ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | 3᠂ ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠶᠢ ᠬᠠᠩᠭᠠᠬᠤ᠃ ᠲᠦᠷ ᠴᠠᠭ ᠠᠪᠤᠷᠠᠨ ᠲᠤᠰᠠᠯᠠᠬᠤ | ᠮᠦᠩᠭᠦ᠂ ᠪᠤᠳᠠᠳᠤ ᠶᠠᠭᠤᠮ᠎ᠠ ᠪᠠᠷ ᠠᠪᠤᠷᠠᠨ ᠲᠤᠰᠠᠯᠠᠭᠰᠠᠨ ᠤ ᠳᠠᠷᠠᠭ᠎ᠠ᠂ ᠲᠦᠷ ᠴᠠᠭ ᠠᠪᠤᠷᠠᠨ ᠲᠤᠰᠠᠯᠠᠬᠤ | ᠡᠲᠡᠭᠡᠳ ᠤᠨ ᠬᠦᠴᠢᠷᠳᠡᠯ ᠢ ᠮᠦᠨ ᠬᠦ ᠰᠢᠢᠳᠪᠦᠷᠢᠯᠡᠵᠦ ᠳᠡᠶᠢᠯᠬᠦ ᠦᠭᠡᠢ ᠪᠠᠶᠢᠪᠠᠯ᠂ ᠪᠠᠶᠢᠳᠠᠯ ᠢ ᠨᠢ ᠢᠯᠭᠠᠵᠤ | ᠰᠢᠯᠵᠢᠭᠦᠯᠦᠨ ᠲᠠᠨᠢᠯᠴᠠᠭᠤᠯᠬᠤ ᠦᠢᠯᠡᠴᠢᠯᠡᠭᠡ ᠶᠢ ᠬᠠᠩᠭᠠᠵᠤ ᠪᠣᠯᠣᠨ᠎ᠠ᠃ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠪᠣᠶᠣ ᠡᠮᠴᠢᠯᠡᠭᠡ᠂ ᠰᠤᠷᠭᠠᠨ ᠬᠦᠮᠦᠵᠢᠯ᠂ ᠣᠷᠣᠨ ᠰᠠᠭᠤᠴᠠ᠂ ᠠᠵᠢᠯ ᠣᠯᠭᠤᠬᠤ ᠵᠡᠷᠭᠡ ᠲᠤᠰᠬᠠᠶᠢᠯᠠᠨ | ᠠᠪᠤᠷᠠᠨ ᠲᠤᠰᠠᠯᠠᠬᠤ ᠨᠦᠬᠦᠴᠡᠯ ᠳᠤ ᠨᠡᠶᠢᠴᠡᠭᠰᠡᠳ ᠢ ᠬᠤᠯᠪᠣᠭᠳᠠᠯ ᠪᠦᠬᠦᠢ ᠡᠭᠦᠷᠭᠡ ᠴᠢᠳᠠᠪᠤᠷᠢᠳᠤ ᠰᠠᠯᠠᠭ᠎ᠠ | ᠮᠦᠴᠢᠷ ᠲᠤ ᠴᠠᠭ ᠲᠣᠬᠠᠢ ᠳᠤᠨᠢ ᠰᠢᠯᠵᠢᠭᠦᠯᠦᠨ ᠲᠠᠨᠢᠯᠴᠠᠭᠤᠯᠬᠤ ᠶᠢᠨ ᠬᠠᠮᠲᠤ ᠬᠠᠪᠰᠤᠷᠤᠨ ᠭᠤᠶᠤᠴᠢᠯᠠᠯ | ᠳᠡᠪᠰᠢᠭᠦᠯᠬᠦ ᠬᠡᠷᠡᠭᠲᠡᠢ︔ ᠣᠯᠠᠨ ᠨᠡᠶᠢᠲᠡ ᠶᠢᠨ ᠠᠰᠠᠷᠠᠮᠵᠢ ᠶᠢᠨ ᠨᠢᠬᠦᠯᠡᠰᠦᠩᠬᠦᠢ ᠶᠢᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠵᠡᠷᠭᠡ ᠨᠢᠬᠦᠯᠡᠰᠦᠩᠬᠦᠢ ᠶᠢᠨ ᠲᠦᠷᠦᠯ ᠵᠦᠢᠯ᠂ | ᠨᠡᠶᠢᠭᠡᠮ ᠠᠴᠠ ᠵᠤᠭᠤᠰ ᠴᠤᠭᠯᠠᠭᠤᠯᠬᠤ᠂ ᠲᠤᠰᠬᠠᠢ ᠦᠢᠯᠡᠴᠢᠯᠡᠭᠡ ᠬᠠᠩᠭᠠᠬᠤ᠂ ᠰᠠᠶᠢᠨ ᠳᠤᠷ᠎ᠠ ᠶᠢᠨ ᠦᠢᠯᠡᠴᠢᠯᠡᠭᠡ | ᠵᠡᠷᠭᠡ ᠬᠡᠯᠪᠡᠷᠢ ᠪᠠᠷ ᠳᠠᠮᠵᠢᠨ ᠬᠠᠪᠰᠤᠷᠤᠨ ᠲᠡᠳᠭᠦᠬᠦ ᠴᠢᠬᠤᠯᠠᠲᠠᠢ ᠪᠠᠶᠢᠪᠠᠯ᠂ ᠠᠪᠤᠷᠠᠨ ᠲᠤᠰᠠᠯᠠᠬᠤ ᠬᠦᠰᠡᠯ | ᠡᠷᠡᠮᠡᠯᠵᠡᠯ ᠲᠠᠢ ᠬᠤᠯᠪᠤᠭᠳᠠᠯ ᠪᠦᠬᠦᠢ ᠨᠡᠶᠢᠭᠡᠮ ᠤᠨ ᠪᠦᠯᠬᠦᠮ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ | ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠳᠤ ᠴᠠᠭ ᠲᠣᠬᠠᠢ ᠳᠤᠨᠢ ᠰᠢᠯᠵᠢᠭᠦᠯᠦᠨ ᠲᠠᠨᠢᠯᠴᠠᠭᠤᠯᠬᠤ | ᠬᠡᠷᠡᠭᠲᠡᠢ᠃ | ︵ᠲᠠᠪᠤ︶ ᠠᠪᠤᠷᠠᠨ ᠲᠤᠰᠠᠯᠠᠬᠤ ᠪᠠᠷᠢᠮᠵᠢᠶ᠎ᠠ᠃ | 1᠂ ᠦᠪᠡᠷᠲᠡᠭᠡᠨ ᠵᠠᠰᠠᠬᠤ ᠣᠷᠣᠨ ᠤ ᠲᠦᠷ ᠴᠠᠭ ᠠᠪᠤᠷᠠᠨ ᠲᠤᠰᠠᠯᠠᠬᠤ ᠪᠠᠷᠢᠮᠵᠢᠶ᠎ᠠ ᠶᠢ ᠵᠠᠷᠴᠢᠮ | ᠳᠡᠭᠡᠷ᠎ᠡ ᠪᠠᠨ ᠲᠣᠬᠠᠢ ᠶᠢᠨ ᠭᠠᠵᠠᠷ ᠤᠨ ᠬᠤᠲᠠ ᠪᠠᠯᠭᠠᠰᠤ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ᠂ ᠬᠠᠮᠲᠤᠪᠠᠷ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠤ ᠲᠤᠭ᠎ᠠ ᠪᠠ ᠬᠦᠴᠢᠷᠳᠡᠯ | ᠦᠷᠭᠦᠯᠵᠢᠯᠡᠭᠰᠡᠨ ᠴᠠᠭ ᠬᠤᠭᠤᠴᠠᠭ᠎ᠠ ᠭᠤᠷᠪᠠᠨ ᠬᠦᠴᠦᠨ ᠵᠦᠢᠯ ᠢ ᠪᠤᠳᠤᠯᠬᠢᠯᠠᠵᠤ ᠨᠢᠭᠡᠲᠦᠯᠲᠡᠢ ᠪᠠᠷ ᠲᠣᠭᠲᠠᠭᠠᠨ᠎ᠠ᠂ | ᠪᠤᠲᠠᠲᠠᠢ ᠪᠤᠳᠤᠬᠤ ᠠᠷᠭ᠎ᠠ ᠨᠢ ᠳᠣᠣᠷᠠᠬᠢ ᠮᠡᠲᠦ᠄ | ᠬᠦᠴᠢᠷᠳᠡᠯᠲᠡᠢ ᠭᠡᠷ ᠪᠦᠯᠢ ᠶᠢᠨ ᠨᠢᠭᠡ ᠯᠡ ᠤᠳᠠᠭ᠎ᠠ ᠶᠢᠨ ᠴᠢᠨᠠᠷᠲᠠᠢ ᠲᠦᠷ ᠴᠠᠭ ᠠᠪᠤᠷᠠᠨ ᠲᠤᠰᠠᠯᠠᠬᠤ | ᠪᠠᠷᠢᠮᠵᠢᠶ᠎ᠠ = ᠲᠣᠬᠠᠢ ᠶᠢᠨ ᠭᠠᠵᠠᠷ ᠤᠨ ᠲᠤᠰ ᠵᠢᠯ ᠤᠨ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠰᠠᠷ᠎ᠠ ᠶᠢᠨ ᠪᠠᠷᠢᠮᠵᠢᠶ᠎ᠠ × ᠬᠠᠮᠲᠤᠪᠠᠷ ᠠᠮᠢᠳᠤᠷᠠᠵᠤ ᠪᠠᠶᠢᠭ᠎ᠠ | ᠭᠡᠷ ᠪᠦᠯᠢ ᠶᠢᠨ ᠪᠦᠷᠢᠯᠳᠦᠭᠦᠨ ᠤ ᠲᠤᠭ᠎ᠠ × ᠬᠦᠴᠢᠷᠳᠡᠯ ᠦᠷᠭᠦᠯᠵᠢᠯᠡᠭᠰᠡᠨ ᠴᠠᠭ ᠬᠤᠭᠤᠴᠠᠭ᠎ᠠ ︵ᠰᠠᠷ᠎ᠠ ᠪᠠᠷ | ᠨᠢᠭᠡᠴᠢ ᠪᠣᠯᠭᠠᠨ᠎ᠠ︶᠃ | ᠠᠪᠤᠷᠠᠨ ᠲᠤᠰᠠᠯᠠᠭᠳᠠᠭᠰᠠᠨ ᠬᠦᠴᠢᠷᠳᠡᠯᠲᠡᠢ ᠭᠡᠷ ᠪᠦᠯᠢ ᠪᠠ ᠬᠤᠪᠢ ᠬᠦᠮᠦᠨ ᠤ ᠬᠦᠴᠢᠷᠳᠡᠯ | ᠦᠷᠭᠦᠯᠵᠢᠯᠡᠭᠰᠡᠨ ᠴᠠᠭ ᠬᠤᠭᠤᠴᠠᠭ᠎ᠠ ᠶᠢ ᠡᠩ ᠤᠨ ᠪᠠᠶᠢᠳᠠᠯ ᠳᠣᠣᠷ᠎ᠠ 1 ᠠᠴᠠ 6 ᠰᠠᠷ᠎ᠠ ᠪᠠᠷ ᠲᠣᠭᠲᠠᠭᠠᠨ᠎ᠠ᠃ | 2᠂ ᠣᠨᠴᠤᠭᠤᠢ ᠬᠡᠷᠡᠭ ᠶᠠᠪᠤᠳᠠᠯ᠂ ᠤᠨᠴᠤᠭᠤᠢ ᠡᠲᠡᠭᠡᠳ ᠢ ᠠᠪᠤᠷᠠᠨ ᠲᠤᠰᠠᠯᠠᠬᠤ ᠳᠤ ᠠᠰ ᠠᠰ ᠢᠶᠠᠷ ᠨᠢ | ᠵᠦᠪᠯᠡᠬᠦ ᠠᠷᠭ᠎ᠠ ᠮᠠᠶ᠋ᠢᠭ ᠢ ᠬᠡᠷᠡᠭᠯᠡᠵᠦ᠂ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠤᠨ ᠤ | ᠪᠠᠴᠢᠮ ᠠᠪᠤᠷᠠᠨ ᠲᠤᠰᠠᠯᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠠᠴᠠ | ᠬᠤᠯᠪᠤᠭᠳᠠᠯ ᠪᠦᠬᠦᠢ ᠠᠪᠤᠷᠠᠨ ᠲᠤᠰᠠᠯᠠᠵᠤ ᠬᠠᠮᠢᠶᠠᠷᠬᠤ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ ᠴᠤᠭᠯᠠᠭᠤᠯᠵᠤ | ᠶᠡᠷᠦᠩᠬᠡᠶᠢᠯᠡᠨ ᠠᠪᠤᠷᠠᠨ ᠲᠤᠰᠠᠯᠠᠬᠤ ᠠᠷᠭ᠎ᠠ ᠮᠠᠶ᠋ᠢᠭ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠬᠠᠮᠲᠤᠪᠡᠷ | ᠵᠦᠪᠳᠡᠯᠴᠡᠵᠦ᠂ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠤᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠦᠨ᠎ᠡ᠃ | ᠲᠦᠷ ᠴᠠᠭ ᠠᠪᠤᠷᠠᠨ ᠲᠤᠰᠠᠯᠠᠬᠤ ᠶᠢᠨ ᠡᠩ ᠤᠨ ᠪᠠᠶᠢᠳᠠᠯ ᠪᠠ ᠣᠨᠴᠤᠭᠤᠢ ᠪᠠᠶᠢᠳᠠᠯ ᠤᠨ ᠪᠤᠲᠠᠲᠠᠢ ᠠᠪᠤᠷᠠᠨ | ᠲᠤᠰᠠᠯᠠᠬᠤ ᠪᠠᠷᠢᠮᠵᠢᠶ᠎ᠠ ᠶᠢ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠡᠯ᠎ᠡ | ᠬᠤᠰᠢᠭᠤ ᠰᠢᠶᠠᠨ ︵ᠬᠤᠲᠠ᠂ ᠲᠤᠭᠤᠷᠢᠭ︶ ᠤ ᠠᠷᠠᠳ ᠤᠨ ᠵᠠᠰᠠᠭ ᠤᠨ ᠣᠷᠳᠤᠨ ᠠᠴᠠ ᠠᠪᠤᠷᠠᠨ ᠲᠤᠰᠠᠯᠠᠬᠤ | ᠡᠲᠡᠭᠡᠳ ᠤᠨ ᠬᠦᠴᠢᠷᠳᠡᠯ ᠤᠨ ᠲᠦᠷᠦᠯ ᠬᠡᠯᠪᠡᠷᠢ᠂ ᠬᠦᠴᠢᠷᠳᠡᠯ ᠤᠨ ᠬᠡᠮᠵᠢᠶ᠎ᠡ ᠶᠢ ᠦᠨᠳᠦᠰᠦᠯᠡᠨ᠂ ᠨᠡᠶᠢᠭᠡᠮ ᠤᠨ | ᠪᠤᠰᠤᠳ ᠠᠪᠤᠷᠠᠨ ᠲᠤᠰᠠᠯᠠᠬᠤ ᠳᠦᠷᠢᠮ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠨᠢᠭᠡᠲᠦᠯᠲᠡᠢ ᠲᠦᠯᠦᠪᠯᠡᠵᠦ | ᠪᠤᠳᠤᠯᠬᠢᠯᠠᠭᠰᠠᠨ ᠤ ᠳᠠᠷᠠᠭ᠎ᠠ ᠲᠣᠭᠲᠠᠭᠠᠬᠤ ᠶᠢᠨ ᠬᠠᠮᠲᠤ᠂ ᠵᠢᠯ ᠳᠠᠷᠠᠭᠠᠯᠠᠨ ᠲᠤᠬᠢᠷᠠᠭᠤᠯᠤᠯᠲᠠ ᠬᠢᠬᠦ ᠬᠡᠷᠡᠭᠲᠡᠢ᠃ | ᠡᠭᠦᠨ ᠤ ᠬᠠᠮᠲᠤ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠳᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠢ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | 1᠂ ᠪᠠᠴᠢᠮ ᠠᠪᠤᠷᠠᠨ ᠲᠤᠰᠠᠯᠠᠬᠤ ᠶᠢᠨ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠢ | ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ | ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ | ᠂ ᠲᠤᠳᠤᠭᠠᠲᠤ ᠶᠢ ᠬᠠᠮᠠᠭᠠᠯᠠᠬᠤ᠂ ᠬᠢᠨᠠᠨ ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠦᠴᠢᠷ ᠢᠶᠠᠷ | ᠪᠦᠷᠢᠯᠳᠦᠭᠦᠯᠦᠭᠰᠡᠨ ᠪᠠᠴᠢᠮ ᠠᠪᠤᠷᠠᠨ ᠲᠤᠰᠠᠯᠠᠬᠤ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠢ ᠪᠠᠶᠢᠭᠤᠯᠵᠤ᠂ ᠬᠦᠴᠢᠷᠳᠡᠯᠲᠡᠢ ᠣᠯᠠᠨ ᠲᠦᠮᠡᠨ ᠤ ᠲᠤᠯᠭᠠᠷᠠᠭᠰᠠᠨ ᠪᠠᠴᠢᠮ ᠪᠠᠶᠢᠳᠠᠯ ᠳᠤ ᠴᠢᠭᠯᠡᠭᠦᠯᠦᠨ | ᠂ ᠪᠠᠴᠢᠮ ᠠᠪᠤᠷᠠᠨ ᠲᠤᠰᠠᠯᠠᠬᠤ ᠶᠢᠨ ᠶᠡᠷᠦᠩᠬᠡᠶᠢᠯᠡᠨ ᠵᠣᠬᠢᠴᠠᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ | ᠠᠯᠪᠠᠨ ᠭᠡᠷ ᠠᠴᠠ ᠬᠤᠯᠪᠤᠭᠳᠠᠯ ᠪᠦᠬᠦᠢ ᠪᠦᠷᠢᠯᠳᠦᠭᠦᠨ ᠨᠢᠭᠡᠴᠡ ᠪᠠ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠢ | ᠴᠤᠭᠯᠠᠭᠤᠯᠵᠤ᠂ ᠶᠡᠷᠦᠩᠬᠡᠶᠢᠯᠡᠨ ᠠᠪᠤᠷᠠᠨ ᠲᠤᠰᠠᠯᠠᠬᠤ ᠠᠷᠭ᠎ᠠ ᠮᠠᠶ᠋ᠢᠭ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ | ᠬᠠᠮᠲᠤᠪᠠᠷ ᠵᠦᠪᠳᠡᠯᠴᠡᠨ᠂ ᠠᠯᠢ ᠲᠥᠷᠭᠡᠨ ᠢᠶᠠᠷ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ | 2᠂ ︽ᠨᠢᠬᠡᠯᠡ ᠭᠠᠵᠠᠷ ᠬᠦᠯᠢᠶᠡᠨ ᠠᠪᠴᠤ ᠰᠢᠢᠳᠪᠦᠷᠢᠯᠡᠬᠦ᠂ ᠬᠠᠮᠲᠤᠷᠠᠨ ᠭᠦᠢᠴᠡᠳᠭᠡᠬᠦ︾ ᠲᠣᠭᠲᠠᠴᠠ ᠶᠢ | ᠪᠦᠬᠦ ᠲᠠᠯ᠎ᠠ ᠪᠠᠷ ᠪᠠᠶᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ︽ᠨᠢᠬᠡᠯᠡ ᠭᠠᠵᠠᠷ ᠬᠦᠯᠢᠶᠡᠨ ᠠᠪᠴᠤ | ᠰᠢᠢᠳᠪᠦᠷᠢᠯᠡᠬᠦ᠂ ᠬᠠᠮᠲᠤᠷᠠᠨ ᠭᠦᠢᠴᠡᠳᠭᠡᠬᠦ︾ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ | ᠪᠠᠶᠢᠭᠤᠯᠤᠭᠰᠠᠨ ᠨᠡᠶᠢᠭᠡᠮ ᠤᠨ ᠠᠪᠤᠷᠠᠨ ᠲᠤᠰᠠᠯᠠᠬᠤ ᠴᠤᠩᠬᠤᠪᠴᠢ ᠳᠤ ᠲᠦᠰᠢᠭᠯᠡᠨ᠂ ᠠᠶᠤᠯ ᠠᠴᠠ ᠠᠪᠤᠷᠠᠨ | ᠲᠤᠰᠠᠯᠠᠬᠤ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠨᠡᠶᠢᠭᠡᠮ ᠤᠨ ᠠᠪᠤᠷᠠᠨ ᠲᠤᠰᠠᠯᠠᠬᠤ ᠦᠢᠯᠡᠴᠢᠯᠡᠭᠡᠨ ᠤ | ᠬᠠᠯᠠᠮᠰᠢᠯ ᠤᠲᠠᠰᠤ ᠶᠢ ᠨᠡᠪᠲᠡᠷᠡᠭᠦᠯᠦᠨ᠂ ᠬᠦᠴᠢᠷᠳᠡᠯᠲᠡᠢ ᠣᠯᠠᠨ ᠲᠦᠮᠡᠨ ᠴᠠᠭ ᠲᠣᠬᠠᠢ ᠳᠤᠨᠢ ᠠᠪᠤᠷᠠᠨ | ᠲᠤᠰᠠᠯᠠᠭᠳᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ | ᠣᠷᠳᠤᠨ ᠨᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠨᠢᠭᠡᠲᠦᠯᠲᠡᠢ ᠵᠢᠷᠤᠮᠵᠢᠭᠰᠠᠨ | ᠠᠪᠤᠷᠠᠨ ᠲᠤᠰᠠᠯᠠᠬᠤ ᠴᠤᠪᠤᠷᠠᠯ ᠢ ᠲᠣᠭᠲᠠᠭᠠᠵᠤ᠂ ᠭᠦᠢᠴᠡᠳᠭᠡᠬᠦ ᠴᠠᠭ ᠬᠤᠭᠤᠴᠠᠭ᠎ᠠ ᠪᠠ ᠱᠠᠭᠠᠷᠳᠠᠯᠭ᠎ᠠ ᠶᠢ | ᠲᠤᠳᠤᠷᠬᠠᠶᠢᠯᠠᠨ᠂ ᠬᠦᠴᠢᠷᠳᠡᠯᠲᠡᠢ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠲᠣᠬᠠᠢ ᠭᠤᠶᠤᠴᠢᠯᠠᠭᠰᠠᠨ | ᠵᠦᠢᠯᠡᠰ ᠢ ᠴᠠᠭ ᠲᠣᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠭᠡᠬᠦ᠂ ᠰᠢᠯᠵᠢᠭᠦᠯᠦᠨ | ᠲᠠᠨᠢᠯᠴᠠᠭᠤᠯᠵᠤ᠂ ᠭᠦᠢᠴᠡᠳᠭᠡᠭᠰᠡᠨ ᠦᠷ᠎ᠡ ᠳ᠋ᠦᠩ ᠢ ᠮᠦᠷᠳᠡᠨ ᠪᠠᠶᠢᠴᠠᠭᠠᠬᠤ ᠶᠢᠨ ᠬᠠᠮᠲᠤ᠂ ᠬᠠᠮᠢᠶ᠎ᠠ ᠪᠦᠬᠦᠢ | ᠪᠠᠶᠢᠳᠠᠯ ᠢ ᠲᠤᠰᠠᠯᠠᠮᠵᠢ ᠭᠤᠶᠤᠴᠢᠯᠠᠭᠰᠠᠨ ᠡᠲᠡᠭᠡᠳ ᠲᠤ ᠴᠠᠭ ᠲᠣᠬᠠᠢ ᠳᠤᠨᠢ ᠮᠡᠳᠡᠭᠳᠡᠵᠦ᠂ ᠠᠪᠤᠷᠠᠨ ᠲᠤᠰᠠᠯᠠᠬᠤ | ᠠᠵᠢᠯ ᠤᠨ ᠪᠤᠳᠠᠳᠤ ᠦᠷ᠎ᠡ ᠪᠦᠲᠦᠮᠵᠢ ᠶᠢ ᠦᠨᠡᠨᠬᠦ ᠪᠠᠲᠤᠯᠠᠬᠤ ᠬᠡᠷᠡᠭᠲᠡᠢ᠃ | 3᠂ ᠨᠡᠶᠢᠭᠡᠮ ᠤᠨ ᠬᠦᠴᠦᠨ ᠤ ᠣᠷᠣᠯᠴᠠᠬᠤ ᠲᠣᠭᠲᠠᠴᠠ ᠶᠢ ᠲᠦᠷᠭᠡᠳᠭᠡᠨ ᠪᠠᠶᠢᠭᠤᠯᠬᠤ ᠬᠡᠷᠡᠭᠲᠡᠢ᠃ ᠡᠯ᠎ᠡ | ᠭᠠᠵᠠᠷ ᠣᠷᠣᠨ ᠨᠢ ᠨᠡᠶᠢᠭᠡᠮ ᠤᠨ ᠬᠦᠴᠦᠨ ᠤ ᠬᠢᠨ ᠤ ᠨᠡᠶᠢᠭᠡᠮ ᠤᠨ ᠠᠪᠤᠷᠠᠨ ᠲᠤᠰᠠᠯᠠᠬᠤ ᠳᠤ ᠣᠷᠤᠯᠴᠠᠬᠤ ᠶᠢ | ᠥᠷᠭᠡᠨ ᠳᠡᠯᠭᠡᠷᠡᠩᠭᠦᠢ ᠪᠠᠷ ᠳᠠᠶᠢᠴᠢᠯᠠᠵᠤ᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠ | ᠨᠡᠶᠢᠭᠡᠮ ᠤᠨ ᠠᠵᠢᠯᠲᠠᠳ ᠤᠨ ᠦᠢᠯᠡᠳᠦᠯ ᠢ ᠪᠠᠳᠠᠷᠠᠭᠤᠯᠤᠨ᠂ ᠠᠳᠠᠯᠢ ᠪᠤᠰᠤ ᠠᠪᠤᠷᠠᠨ ᠲᠤᠰᠠᠯᠠᠬᠤ ᠡᠲᠡᠭᠡᠳ ᠲᠤ | ᠴᠢᠭᠯᠡᠭᠦᠯᠦᠨ ᠠᠮᠢᠳᠤᠷᠠᠯ ᠢ ᠨᠢ ᠲᠡᠳᠭᠦᠬᠦ᠂ ᠰᠡᠳᠬᠢᠴᠡ ᠶᠢ ᠨᠢ ᠰᠢᠯᠤᠭᠤᠳᠬᠠᠬᠤ᠂ ᠤᠶᠤᠨ ᠰᠠᠨᠠᠭ᠎ᠠ ᠶᠢ ᠨᠢ | ᠲᠠᠶᠢᠳᠬᠤᠷᠠᠭᠤᠯᠬᠤ᠂ ᠡᠬᠢ ᠪᠠᠶᠠᠯᠢᠭ ᠢ ᠨᠢ ᠬᠤᠯᠪᠤᠬᠤ᠂ ᠴᠢᠳᠠᠪᠤᠷᠢ ᠶᠢ ᠨᠢ ᠳᠡᠭᠡᠭᠰᠢᠯᠡᠭᠦᠯᠬᠦ᠂ ᠨᠡᠶᠢᠭᠡᠮ ᠳᠤ | ᠠᠭᠤᠰᠤᠯᠴᠠᠭᠤᠯᠬᠤ ᠵᠡᠷᠭᠡ ᠣᠯᠠᠨ ᠶᠠᠩᠵᠤ ᠶᠢᠨ᠂ ᠦᠪᠡᠷᠮᠢᠴᠡ ᠲᠤᠰᠬᠠᠢ ᠦᠢᠯᠡᠴᠢᠯᠡᠭᠡ ᠶᠢ ᠦᠷᠨᠢᠭᠦᠯᠬᠦ ᠬᠡᠷᠡᠭᠲᠡᠢ᠃ | ᠲᠤᠰ ᠭᠠᠵᠠᠷ ᠣᠷᠣᠨ ᠤ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠡ ᠵᠡᠷᠭᠡ | ᠨᠢᠬᠦᠯᠡᠰᠦᠩᠬᠦᠢ ᠶᠢᠨ ᠲᠦᠷᠦᠯ ᠵᠦᠢᠯ ᠢ ᠪᠠᠶᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠨ ᠡᠵᠡᠮᠰᠢᠵᠦ᠂ | ᠵᠠᠰᠠᠭ ᠤᠨ ᠣᠷᠳᠤᠨ ᠤ ᠰᠠᠯᠠᠭ᠎ᠠ ᠮᠦᠴᠢᠷ ᠤᠨ ᠠᠪᠤᠷᠠᠨ ᠲᠤᠰᠠᠯᠠᠬᠤ ᠡᠬᠢ ᠪᠠᠶᠠᠯᠢᠭ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠠᠪᠤᠷᠠᠨ ᠲᠤᠰᠠᠯᠠᠬᠤ ᠲᠦᠷᠦᠯ ᠵᠦᠢᠯ ᠪᠠ ᠬᠦᠴᠢᠷᠳᠡᠯᠲᠡᠢ ᠣᠯᠠᠨ ᠲᠦᠮᠡᠨ ᠤ ᠠᠪᠤᠷᠠᠨ | ᠲᠤᠰᠠᠯᠠᠬᠤ ᠬᠡᠷᠡᠭᠴᠡᠭᠡ ᠶᠢ ᠵᠤᠯᠭᠠᠭᠤᠯᠬᠤ ᠮᠡᠳᠡᠭᠡ ᠵᠠᠩᠭᠢ ᠶᠢᠨ ᠲᠡᠪᠴᠡᠩ ᠢ ᠪᠠᠶᠢᠭᠤᠯᠬᠤ ᠬᠡᠷᠡᠭᠲᠡᠢ᠃ | ᠨᠢᠬᠦᠯᠡᠰᠦᠩᠬᠦᠢ ᠶᠢᠨ ᠦᠢᠯᠡᠰ ᠤᠨ ᠠᠪᠤᠷᠠᠨ ᠲᠤᠰᠠᠯᠠᠬᠤ ᠠᠷᠭ᠎ᠠ ᠨᠢ ᠠᠮᠢᠳᠤᠯᠢᠭ᠂ ᠬᠡᠯᠪᠡᠷᠢ ᠨᠢ ᠣᠯᠠᠨ ᠶᠠᠩᠵᠤ ᠶᠢᠨ | ᠪᠠᠶᠢᠬᠤ ᠣᠨᠴᠠᠯᠢᠭ ᠲᠤ ᠴᠢᠭᠯᠡᠭᠦᠯᠦᠨ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠢᠯ ᠦᠢᠯᠡᠰ ᠤᠨ ᠨᠢᠭᠡᠴᠡ ᠪᠠ | ᠬᠠᠶᠢᠷ᠎ᠠ ᠬᠠᠯᠠᠮᠵᠢ ᠬᠦᠷᠭᠡᠭᠰᠡᠳ ᠢ ᠵᠣᠷᠢᠬᠵᠢᠭᠤᠯᠤᠨ ᠬᠦᠲᠦᠯᠦᠨ ᠵᠢᠯᠤᠭᠤᠳᠬᠤ ᠪᠠ ᠳᠡᠮᠵᠢᠵᠦ ᠪᠠᠶᠢᠭᠠᠳ | ᠠᠶᠤᠯ ᠠᠴᠠ ᠠᠪᠤᠷᠠᠬᠤ ᠣᠨᠴᠤᠭᠤᠢ ᠬᠡᠷᠡᠭ ᠶᠠᠪᠤᠳᠠᠯ ᠳᠤ ᠨᠢᠬᠦᠯᠡᠰᠦᠩᠬᠦᠢ ᠠᠪᠤᠷᠠᠨ ᠲᠤᠰᠠᠯᠠᠬᠤ ᠠᠵᠢᠯ ᠢ | ᠦᠷᠨᠢᠭᠦᠯᠬᠦ ᠬᠡᠷᠡᠭᠲᠡᠢ᠃ ᠵᠠᠰᠠᠭ ᠤᠨ ᠣᠷᠳᠤᠨ ᠤ ᠦᠢᠯᠡᠴᠢᠯᠡᠭᠡ ᠬᠤᠳᠠᠯᠳᠤᠨ ᠠᠪᠬᠤ ᠶᠢ ᠲᠦᠷᠭᠡᠳᠭᠡᠨ ᠠᠬᠢᠭᠤᠯᠵᠤ | ᠂ ᠨᠡᠶᠢᠭᠡᠮ ᠤᠨ ᠬᠦᠴᠦᠨ ᠤ ᠬᠢᠨ ᠤ ᠨᠡᠶᠢᠭᠡᠮ ᠤᠨ ᠠᠪᠤᠷᠠᠨ ᠲᠤᠰᠠᠯᠠᠬᠤ ᠳᠤ ᠣᠷᠤᠯᠴᠠᠬᠤ ᠶᠢ ᠠᠬᠢᠭᠤᠯᠬᠤ ᠡᠯ᠎ᠡ | ᠵᠦᠢᠯ ᠤᠨ ᠡᠳ᠋ ᠤᠨ ᠵᠠᠰᠠᠭ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠡᠳ᠋ ᠤᠨ ᠵᠠᠰᠠᠭ ᠤᠨ ᠨᠦᠬᠦᠪᠦᠷᠢ᠂ ᠭᠠᠶᠢᠯᠢ ᠲᠠᠲᠠᠪᠤᠷᠢ ᠶᠢᠨ ᠬᠠᠷᠠᠭᠠᠯᠵᠠᠯ᠂ ᠵᠠᠷᠤᠳᠠᠯ ᠰᠦᠢᠳᠭᠡᠯ ᠢ ᠬᠠᠰᠤᠵᠤ | ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠨᠦᠯᠦᠭᠡᠯᠡᠬᠦ ᠬᠦᠴᠦᠨ ᠲᠠᠢ | ᠨᠢᠬᠦᠯᠡᠰᠦᠩᠬᠦᠢ ᠶᠢᠨ ᠵᠣᠬᠢᠶᠠᠨ ᠪᠠᠶᠢᠭᠤᠯᠤᠯᠲᠠ ᠪᠠ ᠠᠵᠤ ᠠᠬᠤᠶᠢᠯᠠᠯ ᠢ ᠬᠦᠲᠦᠯᠦᠨ ᠵᠢᠯᠤᠭᠤᠳᠴᠤ ᠪᠠᠶᠢᠭᠠᠳ | ᠨᠡᠶᠢᠭᠡᠮ ᠤᠨ ᠠᠪᠤᠷᠠᠨ ᠲᠤᠰᠠᠯᠠᠬᠤ ᠣᠯᠠᠨ ᠨᠡᠶᠢᠲᠡ ᠶᠢᠨ ᠠᠰᠠᠷᠠᠮᠵᠢ ᠶᠢᠨ ᠰᠠᠭᠤᠷᠢ ᠮᠦᠩᠭᠦ ᠶᠢ ᠪᠠᠶᠢᠭᠤᠯᠵᠤ᠂ ᠣᠯᠠᠨ | ᠠᠷᠭ᠎ᠠ ᠵᠠᠮ᠂ ᠣᠯᠠᠨ ᠬᠡᠯᠪᠡᠷᠢ ᠮᠠᠶ᠋ᠢᠭ ᠢᠶᠠᠷ ᠨᠡᠶᠢᠭᠡᠮ ᠤᠨ ᠠᠪᠤᠷᠠᠨ ᠲᠤᠰᠠᠯᠠᠬᠤ ᠳᠤ ᠣᠷᠤᠯᠴᠠᠭᠤᠯᠬᠤ ᠬᠡᠷᠡᠭᠲᠡᠢ᠃ | 4᠂ ᠨᠡᠶᠢᠭᠡᠮ ᠤᠨ ᠠᠪᠤᠷᠠᠨ ᠲᠤᠰᠠᠯᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ | ᠲᠠᠰᠤᠷᠠᠯᠲᠠ ᠦᠭᠡᠢ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ | ᠨᠡᠶᠢᠭᠡᠮ ᠤᠨ ᠠᠪᠤᠷᠠᠨ ᠲᠤᠰᠠᠯᠠᠵᠤ ᠬᠠᠮᠢᠶᠠᠷᠬᠤ ᠮᠡᠳᠡᠭᠡ ᠵᠠᠩᠭᠢ ᠶᠢᠨ ᠰᠢᠰᠲ᠋ᠧᠮ ᠢᠶᠠᠷ ᠳᠠᠮᠵᠢᠨ ᠨᠡᠶᠢᠭᠡᠮ ᠤᠨ ᠪᠤᠰᠤᠳ | ᠠᠪᠤᠷᠠᠨ ᠲᠤᠰᠠᠯᠠᠵᠤ ᠬᠠᠮᠢᠶᠠᠷᠬᠤ ᠰᠠᠯᠠᠭ᠎ᠠ ᠮᠦᠴᠢᠷ ᠲᠤ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢ | ᠬᠦᠷᠲᠡᠬᠦ ᠡᠲᠡᠭᠡᠳ᠂ ᠣᠨᠴᠠ ᠬᠦᠴᠢᠷᠳᠡᠯᠲᠡᠢ ᠠᠰᠠᠷᠠᠬᠤ ᠬᠦᠮᠦᠰ ᠪᠠ ᠪᠤᠰᠤᠳ ᠬᠦᠴᠢᠷᠳᠡᠯᠲᠡᠢ ᠣᠯᠠᠨ ᠲᠦᠮᠡᠨ ᠤ | ᠦᠨᠳᠦᠰᠦᠨ ᠮᠡᠳᠡᠭᠡ ᠵᠠᠩᠭᠢ ᠶᠢ ᠴᠠᠭ ᠲᠣᠬᠠᠢ ᠳᠤᠨᠢ ᠬᠠᠩᠭᠠᠵᠤ᠂ ᠰᠤᠷᠭᠠᠨ ᠬᠦᠮᠦᠵᠢᠯ᠂ ᠣᠷᠣᠨ ᠰᠠᠭᠤᠴᠠ᠂ | ᠠᠵᠢᠯ ᠣᠯᠭᠤᠬᠤ᠂ ᠡᠪᠡᠳᠴᠢᠨ ᠲᠠᠬᠤᠯ ᠤᠨ ᠪᠠᠴᠢᠮ ᠪᠠᠶᠢᠳᠠᠯ ᠢ ᠠᠷᠭᠠᠴᠠᠬᠤ ᠵᠡᠷᠭᠡ ᠠᠪᠤᠷᠠᠨ ᠲᠤᠰᠠᠯᠠᠬᠤ ᠠᠵᠢᠯ ᠢ | ᠦᠷᠨᠢᠭᠦᠯᠬᠦ ᠳᠤ ᠳᠡᠮᠵᠢᠯᠭᠡ ᠬᠠᠩᠭᠠᠬᠤ ᠬᠡᠷᠡᠭᠲᠡᠢ︔ ᠰᠤᠷᠭᠠᠨ ᠬᠦᠮᠦᠵᠢᠯ᠂ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠡᠷᠡᠭᠦᠯ | ᠬᠠᠮᠠᠭᠠᠯᠠᠯ ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠤᠳ ᠰᠤᠷᠭᠠᠨ ᠬᠦᠮᠦᠵᠢᠯ ᠤᠨ ᠠᠪᠤᠷᠠᠨ ᠲᠤᠰᠠᠯᠠᠬᠤ | ᠡᠲᠡᠭᠡᠳ᠂ ᠠᠵᠢᠯ ᠣᠯᠭᠤᠬᠤ ᠪᠠᠷ ᠠᠪᠤᠷᠠᠨ ᠲᠤᠰᠠᠯᠠᠬᠤ ᠡᠲᠡᠭᠡᠳ᠂ ᠣᠷᠣᠨ ᠰᠠᠭᠤᠴᠠ ᠪᠠᠷ ᠠᠪᠤᠷᠠᠨ ᠲᠤᠰᠠᠯᠠᠬᠤ | ᠡᠲᠡᠭᠡᠳ ᠪᠠ ᠡᠪᠡᠳᠴᠢᠨ ᠲᠠᠬᠤᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠲᠡᠭᠡᠳ ᠤᠨ | ᠣᠯᠣᠭᠰᠠᠨ ᠬᠠᠮᠢᠶ᠎ᠠ ᠪᠦᠬᠦᠢ ᠠᠪᠤᠷᠠᠯᠲᠠ ᠶᠢᠨ ᠦᠨᠳᠦᠰᠦᠨ ᠮᠡᠳᠡᠭᠡ ᠵᠠᠩᠭᠢ ᠶᠢ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠲᠤ ᠴᠠᠭ ᠲᠣᠬᠠᠢ ᠳᠤᠨᠢ ᠬᠠᠷᠢᠭᠤ ᠳᠤᠰᠬᠠᠵᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠤᠳ ᠤᠨ | ᠡᠯ᠎ᠡ ᠵᠦᠢᠯ ᠢᠶᠠᠷ ᠠᠪᠤᠷᠠᠨ ᠲᠤᠰᠠᠯᠠᠭᠰᠠᠨ ᠤ ᠳᠠᠷᠠᠭ᠎ᠠ ᠮᠦᠨ ᠬᠦ ᠬᠦᠴᠢᠷᠳᠡᠯᠲᠡᠢ ᠭᠡᠷ ᠪᠦᠯᠢ ᠶᠢ ᠲᠦᠷ ᠴᠠᠭ ᠠᠪᠤᠷᠠᠨ | ᠲᠤᠰᠠᠯᠠᠬᠤ ᠳᠤ ᠦᠨᠳᠦᠰᠦ ᠪᠠᠷᠢᠮᠲᠠ ᠬᠠᠩᠭᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠤᠳ ᠲᠦᠷ ᠴᠠᠭ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ ᠭᠡᠷ ᠪᠦᠯᠢ ᠪᠣᠶᠣ ᠬᠤᠪᠢ ᠬᠦᠮᠦᠨ ᠤ ᠭᠡᠷ | ᠪᠦᠯᠢ ᠶᠢᠨ ᠠᠵᠤ ᠠᠬᠤᠢ ᠶᠢᠨ ᠪᠠᠶᠢᠳᠠᠯ ᠢ ᠨᠢ ᠬᠠᠷᠭᠤᠭᠤᠯᠬᠤ ᠬᠡᠪᠴᠢᠶᠡᠨ ᠳᠤ ᠣᠷᠣᠭᠤᠯᠵᠤ᠂ ᠬᠠᠤᠯᠢ ᠶᠤᠰᠤᠭᠠᠷ | ᠬᠠᠷᠭᠤᠭᠤᠯᠬᠤ ᠶᠢ ᠪᠠᠷᠢᠮᠲᠠᠯᠠᠨ᠂ ᠬᠠᠷᠭᠤᠭᠤᠯᠤᠭᠰᠠᠨ ᠦᠷ᠎ᠡ ᠳ᠋ᠦᠩ ᠤᠨ ᠣᠨᠣᠪᠴᠢᠲᠦ ᠴᠢᠨᠠᠷ ᠪᠠ ᠪᠦᠲᠦᠮᠵᠢᠲᠦ | ᠴᠢᠨᠠᠷ ᠢ ᠦᠨᠡᠨᠬᠦ ᠪᠠᠲᠤᠯᠠᠬᠤ ᠬᠡᠷᠡᠭᠲᠡᠢ᠃ ᠣᠷᠢᠳᠴᠢᠯᠡᠨ ᠰᠡᠷᠭᠡᠶᠢᠯᠡᠵᠦ ᠬᠢᠨᠠᠨ ᠰᠢᠯᠭᠠᠬᠤ ᠶᠢ ᠴᠢᠩᠭᠠᠳᠬᠠᠵᠤ᠂ | ᠲᠣᠣᠷ ᠰᠦᠯᠵᠢᠶ᠎ᠡ ᠪᠠ ᠮᠡᠳᠡᠭᠡ ᠵᠠᠩᠭᠢ ᠶᠢᠨ ᠠᠶᠤᠯ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠢ ᠲᠤᠰ ᠭᠠᠵᠠᠷ ᠣᠷᠣᠨ ᠤ ᠪᠤᠲᠠᠲᠠᠢ ᠲᠠᠢ ᠪᠠᠨ | ᠣᠶᠠᠯᠳᠤᠭᠤᠯᠤᠨ᠂ ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠤᠨ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠤ ᠣᠳᠣ ᠶᠢᠨ ᠪᠠᠶᠢᠭ᠎ᠠ ᠣᠯᠠᠨ | ᠨᠡᠶᠢᠲᠡ ᠶᠢᠨ ᠦᠢᠯᠡᠴᠢᠯᠡᠭᠡ ᠶᠢᠨ ᠡᠬᠢ ᠪᠠᠶᠠᠯᠢᠭ ᠪᠠ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ | ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠨᠢᠭᠡᠳᠭᠡᠵᠦ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ | ᠭᠦᠢᠴᠡᠳᠭᠡᠬᠦ ᠪᠠᠶᠢᠭᠤᠯᠤᠮᠵᠢ ᠪᠠ ᠦᠢᠯᠡᠴᠢᠯᠡᠭᠡᠨ ᠤ ᠲᠠᠯᠠᠪᠤᠷ ᠤᠨ ᠪᠠᠶᠢᠭᠤᠯᠤᠯᠲᠠ ᠶᠢ ᠲᠠᠰᠤᠷᠠᠯᠲᠠ ᠦᠭᠡᠢ | ᠴᠢᠩᠭᠠᠳᠬᠠᠬᠤ ᠬᠡᠷᠡᠭᠲᠡᠢ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠣᠷᠣᠨ | ᠲᠤᠭ᠎ᠠ ᠶᠢᠨ ᠰᠠᠯᠠᠭ᠎ᠠ ᠮᠦᠴᠢᠷ ᠤᠳ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠲᠠᠢ ᠬᠠᠮᠵᠢᠯᠴᠠᠨ ᠦᠢᠯᠡᠴᠢᠯᠡᠬᠦ | ᠡᠲᠡᠭᠡᠳ ᠢᠶᠠᠷ ᠰᠠᠭᠤᠷᠢ ᠲᠤᠭ᠎ᠠ ᠪᠣᠯᠭᠠᠵᠤ᠂ ᠠᠵᠢᠯ ᠤᠨ ᠷᠠᠳᠢᠦ᠋ᠰ᠂ ᠠᠵᠢᠯ ᠤᠨ ᠳᠡᠰ ᠳᠠᠷᠠᠭᠠᠯᠠᠯ ᠪᠠ | ᠦᠢᠯᠡᠴᠢᠯᠡᠭᠡᠨ ᠤ ᠬᠦᠴᠦᠨ ᠲᠡᠭᠦᠯᠳᠡᠷ ᠬᠤᠭᠤᠴᠠᠭ᠎ᠠ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ ᠵᠣᠬᠢᠬᠤ | ᠠᠵᠢᠯᠲᠠᠳ ᠢ ᠲᠣᠬᠢᠷᠠᠭᠤᠯᠬᠤ ᠪᠣᠲᠠᠲᠠᠢ ᠠᠷᠭ᠎ᠠ ᠬᠡᠮᠵᠢᠶ᠎ᠠ ᠶᠢ ᠨᠢᠭᠡᠲᠦᠯᠲᠡᠢ ᠲᠦᠯᠦᠪᠯᠡᠵᠦ ᠰᠤᠳᠤᠯᠤᠨ ᠲᠣᠭᠲᠠᠭᠠᠵᠤ᠂ | ᠵᠠᠬ᠎ᠠ ᠳᠡᠯᠭᠡᠭᠦᠷ ᠤᠨ ᠲᠣᠭᠲᠠᠴᠠ ᠶᠢ ᠭᠦᠢᠴᠡᠳ ᠠᠰᠢᠭᠯᠠᠨ᠂ ᠦᠨᠳᠦᠰᠦᠨ ᠱᠠᠲᠤᠨ ᠤ ᠲᠦᠷ ᠴᠠᠭ ᠠᠪᠤᠷᠠᠨ | ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ | ᠭᠦᠢᠴᠡᠳᠭᠡᠬᠦ ᠬᠦᠴᠦᠨ ᠢ ᠲᠡᠭᠦᠯᠳᠡᠷᠵᠢᠭᠦᠯᠦᠨ ᠴᠢᠩᠭᠠᠳᠬᠠᠬᠤ ᠬᠡᠷᠡᠭᠲᠡᠢ᠃ ᠵᠠᠷᠤᠳᠠᠯ ᠰᠦᠢᠳᠭᠡᠯ ᠤᠨ ᠪᠠᠲᠤᠯᠠᠭ᠎ᠠ ᠶᠢ | ᠴᠢᠩᠭᠠᠳᠬᠠᠵᠤ᠂ ᠲᠦᠷ ᠴᠠᠭ ᠠᠪᠤᠷᠠᠨ ᠲᠤᠰᠠᠯᠠᠬᠤ ᠳᠤ ᠬᠡᠷᠡᠭᠰᠡᠬᠦ ᠠᠵᠢᠯ ᠤᠨ ᠵᠠᠷᠤᠳᠠᠯ ᠰᠦᠢᠳᠭᠡᠯ ᠢ ᠨᠡᠶᠢᠭᠡᠮ ᠤᠨ | ᠠᠪᠤᠷᠠᠨ ᠲᠤᠰᠠᠯᠠᠬᠤ ᠠᠵᠢᠯ ᠤᠨ ᠵᠠᠷᠤᠳᠠᠯ ᠰᠦᠢᠳᠭᠡᠯ ᠳᠤ ᠣᠷᠤᠭᠤᠯᠤᠨ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ | ᠣᠷᠣᠨ ᠨᠤᠲᠤᠭ ᠤᠨ ᠡᠯ᠎ᠡ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠬᠤ ᠬᠡᠷᠡᠭᠲᠡᠢ᠃ ᠡᠯ᠎ᠡ ᠭᠠᠵᠠᠷ | ᠣᠷᠣᠨ ᠨᠢ ᠦᠨᠳᠦᠰᠦᠨ ᠱᠠᠲᠤᠨ ᠤ ᠨᠡᠶᠢᠭᠡᠮ ᠤᠨ ᠠᠪᠤᠷᠠᠨ ᠲᠤᠰᠠᠯᠠᠬᠤ ᠶᠢᠨ ᠭᠠᠷᠳᠠᠨ ᠭᠦᠢᠴᠡᠳᠭᠡᠬᠦ ᠴᠢᠳᠠᠪᠤᠷᠢ ᠶᠢᠨ | ᠪᠠᠶᠢᠭᠤᠯᠤᠯᠲᠠ ᠶᠢᠨ ᠪᠠᠶᠢᠳᠠᠯ ᠢᠶᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠳᠤ ᠣᠷᠣᠭᠤᠯᠤᠨ᠂ ︽ | ᠣᠴᠢᠷ ᠶᠠᠪᠤᠳᠠᠯ ᠢ ᠬᠠᠮᠢᠶᠠᠷᠬᠤ ᠬᠦᠮᠦᠨ ᠲᠠᠢ᠂ ᠬᠠᠷᠢᠭᠤᠴᠠᠯᠭ᠎ᠠ ᠶᠢ ᠡᠭᠦᠷᠭᠡᠯᠡᠬᠦ ᠬᠦᠮᠦᠨ ᠲᠠᠢ︾ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠪᠡᠯᠡ ᠮᠦᠩᠭᠦ ᠶᠢᠨ ᠪᠠᠲᠤᠯᠠᠭ᠎ᠠ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ ᠨᠢ ᠡᠳ᠋ ᠤᠨ ᠵᠠᠰᠠᠭ ᠤᠨ ᠣᠷᠤᠭᠤᠯᠤᠯᠲᠠ᠂ ᠠᠰᠠᠷᠠᠮᠵᠢ ᠶᠢᠨ ᠱᠠᠩᠨᠠᠯᠳᠤ | ᠰᠤᠭᠤᠯᠤᠭ᠎ᠠ ᠶᠢᠨ ᠨᠡᠶᠢᠳᠡ ᠶᠢᠨ ᠠᠰᠠᠷᠠᠮᠵᠢ ᠶᠢᠨ ᠮᠦᠩᠭᠦ᠂ ᠨᠢᠬᠦᠯᠡᠰᠦᠩᠬᠦᠢ ᠬᠠᠨᠳᠢᠪᠯᠡᠨ ᠬᠦᠷᠭᠡᠬᠦ᠂ ᠨᠡᠶᠢᠭᠡᠮ ᠤᠨ | ᠬᠠᠨᠳᠢᠪ ᠲᠤᠰᠠᠯᠠᠮᠵᠢ ᠵᠡᠷᠭᠡ ᠠᠷᠭ᠎ᠠ ᠮᠠᠶ᠋ᠢᠭ ᠢᠶᠠᠷ ᠳᠠᠮᠵᠢᠨ ᠣᠯᠠᠨ ᠠᠷᠭ᠎ᠠ ᠵᠠᠮ ᠢᠶᠠᠷ ᠲᠦᠷ ᠴᠠᠭ ᠠᠪᠤᠷᠠᠨ | ᠲᠤᠰᠠᠯᠠᠬᠤ ᠪᠡᠯᠡ ᠮᠦᠩᠭᠦ ᠶᠢ ᠴᠤᠭᠯᠠᠭᠤᠯᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠨᠢ | ᠲᠦᠷ ᠴᠠᠭ ᠠᠪᠤᠷᠠᠨ ᠲᠤᠰᠠᠯᠠᠬᠤ ᠪᠡᠯᠡ ᠮᠦᠩᠭᠦ ᠶᠢ ᠠᠳᠠᠯᠢ ᠱᠠᠲᠤᠨ ᠤ ᠡᠳ᠋ ᠤᠨ ᠵᠠᠰᠠᠭ ᠤᠨ ᠲᠦᠰᠦᠪ ᠲᠤ | ᠣᠷᠤᠭᠤᠯᠬᠤ ᠶᠢᠨ ᠬᠠᠮᠲᠤ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠲᠦᠷ ᠴᠠᠭ ᠠᠪᠤᠷᠠᠨ ᠲᠤᠰᠠᠯᠠᠬᠤ | ᠬᠡᠷᠡᠭᠴᠡᠭᠡ ᠶᠢ ᠦᠨᠳᠦᠰᠦᠯᠡᠨ᠂ ᠪᠡᠯᠡ ᠮᠦᠩᠭᠦ ᠶᠢᠨ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠤ ᠡᠳ᠋ ᠤᠨ ᠵᠠᠰᠠᠭ ᠨᠢ ᠳᠡᠭᠡᠷ᠎ᠡ ᠣᠨ ᠤ | ᠦᠪᠡᠷᠲᠡᠭᠡᠨ ᠵᠠᠰᠬᠠᠤ ᠣᠷᠣᠨ ᠤ ᠡᠳ᠋ ᠤᠨ ᠵᠠᠰᠠᠭ ᠤᠨ ᠪᠠᠭᠤᠯᠭᠠᠭᠰᠠᠨ ᠲᠦᠷ ᠴᠠᠭ ᠠᠪᠤᠷᠠᠨ ᠲᠤᠰᠠᠯᠠᠬᠤ ᠪᠡᠯᠡ | ᠮᠦᠩᠭᠦ ᠶᠢᠨ ᠲᠤᠭ᠎ᠠ ᠬᠡᠮᠵᠢᠶ᠎ᠠ ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠤᠰᠤᠭᠠᠷ ᠲᠦᠰᠦᠪ ᠢ ᠲᠣᠬᠢᠷᠠᠭᠤᠯᠵᠤ᠂ | ᠪᠤᠲᠠᠲᠠᠢ ᠬᠠᠷᠢᠴᠠᠯ ᠪᠣᠶᠣ ᠲᠤᠭ᠎ᠠ ᠬᠡᠮᠵᠢᠶ᠎ᠠ ᠶᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ | ᠣᠷᠳᠤᠨ ᠠᠴᠠ ᠲᠣᠭᠲᠠᠭᠠᠬᠤ ᠬᠡᠷᠡᠭᠲᠡᠢ᠃ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠪᠡᠯᠡ ᠮᠦᠩᠭᠦ ᠪᠠᠷ ᠦᠯᠡᠳᠡᠪᠦᠷᠢ ᠲᠠᠢ ᠭᠠᠵᠠᠷ ᠣᠷᠣᠨ ᠨᠢ ᠬᠡᠰᠡᠭ ᠪᠡᠯᠡ ᠮᠦᠩᠭᠦ ᠶᠢ ᠲᠣᠬᠢᠷᠠᠭᠤᠯᠤᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ ᠢ ᠲᠦᠷ ᠴᠠᠭ ᠠᠪᠤᠷᠠᠨ ᠲᠤᠰᠠᠯᠠᠬᠤ | ᠵᠠᠷᠤᠯᠭ᠎ᠠ ᠳᠤ ᠬᠡᠷᠡᠭᠯᠡᠵᠦ ᠪᠣᠯᠣᠨ᠎ᠠ᠂ ᠭᠡᠪᠡᠴᠦ᠂ ᠲᠦᠷ ᠴᠠᠭ ᠠᠪᠤᠷᠠᠨ ᠲᠤᠰᠠᠯᠠᠬᠤ ᠲᠦᠰᠦᠪ ᠢ ᠰᠠᠭᠤᠯᠭᠠᠨ ᠠᠪᠴᠤ | ᠪᠣᠯᠬᠤ ᠦᠭᠡᠢ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠤᠨ ᠲᠦᠷ ᠴᠠᠭ ᠠᠪᠤᠷᠠᠨ | ᠲᠤᠰᠠᠯᠠᠬᠤ ᠪᠡᠯᠡ ᠮᠦᠩᠭᠦ ᠳᠤ ᠨᠦᠬᠦᠪᠦᠷᠢ ᠣᠯᠭᠤᠬᠤ ᠶᠢᠨ ᠬᠠᠮᠲᠤ᠂ ᠠᠪᠤᠷᠠᠨ ᠲᠤᠰᠠᠯᠠᠬᠤ ᠡᠭᠦᠷᠭᠡ ᠪᠠᠷ ᠬᠦᠨᠳᠦ᠂ | ᠡᠳ᠋ ᠤᠨ ᠵᠠᠰᠠᠭ ᠨᠢ ᠬᠦᠴᠢᠷᠳᠡᠯᠲᠡᠢ᠂ ᠠᠵᠢᠯ ᠤᠨ ᠦᠷ᠎ᠡ ᠪᠦᠲᠦᠮᠵᠢ ᠪᠠᠷ ᠳᠤᠪᠤᠶᠢᠮ᠎ᠠ ᠭᠠᠵᠠᠷ ᠣᠷᠣᠨ ᠲᠡᠰᠢ | ᠵᠣᠬᠢᠬᠤ ᠬᠡᠮᠵᠢᠶ᠎ᠡ ᠪᠠᠷ ᠬᠡᠯᠪᠠᠶᠢᠯᠭᠡᠬᠦ ᠬᠡᠷᠡᠭᠲᠡᠢ᠃ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠤᠨ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ ᠵᠠᠰᠠᠭ ᠤᠨ ᠣᠷᠳᠤᠨ ᠪᠡᠯᠡ ᠭᠠᠷᠭᠠᠬᠤ᠂ ᠨᠡᠶᠢᠭᠡᠮ ᠠᠴᠠ | ᠲᠤᠰᠠᠯᠠᠬᠤ ᠠᠷᠭ᠎ᠠ ᠵᠠᠮ ᠢᠶᠠᠷ ᠳᠠᠮᠵᠢᠨ ᠪᠡᠯᠡ ᠮᠦᠩᠭᠦ ᠴᠤᠭᠯᠠᠭᠤᠯᠤᠨ ᠪᠠᠭ᠎ᠠ ᠲᠣᠭᠠᠨ ᠤ ᠲᠦᠷ ᠴᠠᠭ ᠠᠪᠤᠷᠠᠨ | ᠲᠤᠰᠠᠯᠠᠬᠤ ᠰᠠᠭᠤᠷᠢ ᠮᠦᠩᠭᠦ ᠶᠢ ᠪᠠᠶᠢᠭᠤᠯᠵᠤ᠂ ᠪᠡᠶ᠎ᠡ ᠪᠠᠨ ᠳᠠᠭᠠᠭᠠᠨ ᠲᠦᠷ ᠴᠠᠭ ᠠᠪᠤᠷᠠᠨ ᠲᠤᠰᠠᠯᠠᠬᠤ ᠠᠵᠢᠯ ᠢ | ᠦᠷᠨᠢᠭᠦᠯᠬᠦ ᠶᠢ ᠵᠣᠷᠢᠬᠵᠢᠭᠤᠯᠬᠤ ᠬᠡᠷᠡᠭᠲᠡᠢ᠃ ᠦᠪᠡᠷᠲᠡᠭᠡᠨ ᠵᠠᠰᠠᠬᠤ ᠣᠷᠣᠨ ᠡᠯ᠎ᠡ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠶᠢᠨ ᠪᠠᠶᠢᠭᠤᠯᠤᠭᠰᠠᠨ ᠪᠠᠭ᠎ᠠ ᠲᠣᠭᠠᠨ ᠤ ᠲᠦᠷ ᠴᠠᠭ ᠠᠪᠤᠷᠠᠨ | ᠲᠤᠰᠠᠯᠠᠬᠤ ᠰᠠᠭᠤᠷᠢ ᠮᠦᠩᠭᠦ ᠶᠢᠨ ᠪᠠᠶᠢᠳᠠᠯ ᠢᠶᠠᠨ ᠲᠦᠷ ᠴᠠᠭ ᠠᠪᠤᠷᠠᠨ ᠲᠤᠰᠠᠯᠠᠬᠤ ᠪᠡᠯᠡ ᠮᠦᠩᠭᠦ ᠶᠢ | ᠬᠤᠪᠢᠶᠠᠷᠢᠯᠠᠬᠤ ᠬᠦᠴᠦᠨ ᠵᠦᠢᠯ ᠳᠤ ᠣᠷᠣᠭᠤᠯᠬᠤ ᠬᠡᠷᠡᠭᠲᠡᠢ᠃ ᠡᠯ᠎ᠡ ᠭᠠᠵᠠᠷ ᠣᠷᠣᠨ ᠨᠢ ᠲᠦᠷ ᠴᠠᠭ ᠠᠪᠤᠷᠠᠨ | ᠲᠤᠰᠠᠯᠠᠬᠤ ᠪᠡᠯᠡ ᠮᠦᠩᠭᠦ ᠶᠢᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠨ᠂ ᠲᠤᠰᠬᠠᠢ ᠳᠠᠩᠰᠠᠨ ᠡᠷᠦᠬᠡ ᠳᠤ | ᠬᠠᠳᠠᠭᠠᠯᠠᠬᠤ᠂ ᠲᠤᠰᠬᠠᠢ ᠳᠠᠩᠰᠠ ᠪᠠᠷ ᠬᠠᠮᠢᠶᠠᠷᠬᠤ᠂ ᠲᠤᠰᠬᠠᠢ ᠮᠦᠩᠭᠦ ᠶᠢ ᠲᠤᠰᠬᠠᠢ ᠵᠦᠢᠯ ᠳᠤ ᠬᠡᠷᠡᠭᠯᠡᠬᠦ ᠶᠢ | ᠬᠡᠷᠡᠭᠵᠢᠭᠦᠯᠵᠦ᠂ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠲᠦᠷ ᠴᠠᠭ | ᠠᠪᠤᠷᠠᠨ ᠲᠤᠰᠠᠯᠠᠬᠤ ᠪᠡᠯᠡ ᠮᠦᠩᠭᠦ ᠶᠢᠨ ᠬᠡᠷᠡᠭᠯᠡᠭᠰᠡᠨ ᠪᠠᠶᠢᠳᠠᠯ ᠢ ᠬᠤᠭᠤᠴᠠᠭ᠎ᠠ ᠲᠣᠭᠲᠠᠭᠠᠨ ᠨᠡᠶᠢᠲᠡᠯᠡᠵᠦ᠂ | ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ | ︵ᠳᠥᠷᠪᠡ︶ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠨ᠎ᠠ᠃ | ᠡᠯ᠎ᠡ ᠱᠠᠲᠤᠨ ᠤ ᠠᠷᠠᠳ ᠤᠨ ᠶᠠᠪᠤᠳᠠᠯ᠂ ᠡᠳ᠋ ᠤᠨ ᠵᠠᠰᠠᠭ᠂ ᠬᠢᠨᠠᠨ ᠪᠤᠳᠤᠬᠤ᠂ ᠬᠢᠨᠠᠨ ᠪᠠᠶᠢᠴᠠᠭᠠᠬᠤ | ᠰᠠᠯᠠᠭ᠎ᠠ ᠮᠦᠴᠢᠷ ᠤᠳ ᠲᠦᠷ ᠴᠠᠭ ᠠᠪᠤᠷᠠᠨ ᠲᠤᠰᠠᠯᠠᠬᠤ ᠳᠦᠷᠢᠮ ᠤᠨ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ᠂ ᠪᠡᠯᠡ ᠮᠦᠩᠭᠦ ᠶᠢᠨ ᠬᠠᠮᠢᠶᠠᠷᠤᠯᠲᠠ ᠪᠠ ᠬᠡᠷᠡᠭᠯᠡᠭᠰᠡᠨ ᠪᠠᠶᠢᠳᠠᠯ ᠢᠶᠠᠨ ᠰᠢᠮᠳᠠᠭᠤᠯᠤᠨ | ᠪᠠᠶᠢᠴᠠᠭᠠᠵᠤ ᠰᠢᠮᠳᠠᠭᠤᠯᠤᠨ ᠭᠦᠢᠴᠡᠳᠭᠡᠯᠭᠡᠬᠦ ᠶᠢᠨ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠬᠤᠭᠤᠴᠠᠭ᠎ᠠ | ᠲᠣᠭᠲᠠᠭᠠᠨ ᠲᠤᠰᠬᠠᠶᠢᠯᠠᠨ ᠪᠠᠶᠢᠴᠠᠭᠠᠬᠤ ᠶᠢ ᠦᠷᠨᠢᠭᠦᠯᠦᠨ᠂ ᠰᠢᠬᠠᠨ ᠡᠵᠡᠯᠡᠬᠦ᠂ ᠨᠡᠭᠦᠯᠭᠡᠨ ᠬᠡᠷᠡᠭᠯᠡᠬᠦ᠂ ᠮᠡᠬᠡᠯᠡᠨ | ᠠᠪᠬᠤ ᠵᠡᠷᠭᠡ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠦᠷᠢᠴᠡᠭᠰᠡᠨ ᠦᠵᠡᠭᠳᠡᠯ ᠭᠠᠷᠬᠤ ᠠᠴᠠ ᠰᠡᠷᠭᠡᠶᠢᠯᠡᠬᠦ | ᠬᠡᠷᠡᠭᠲᠡᠢ᠃ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠭᠠᠷᠭᠠᠵᠤ ᠲᠦᠷ ᠴᠠᠭ ᠠᠪᠤᠷᠠᠨ ᠲᠤᠰᠠᠯᠠᠬᠤ ᠪᠡᠯᠡ ᠮᠦᠩᠭᠦ᠂ | ᠡᠳ᠋ ᠪᠤᠳᠠᠰ ᠪᠣᠶᠣ ᠦᠢᠯᠡᠴᠢᠯᠡᠭᠡ ᠶᠢ ᠮᠡᠬᠡᠯᠡᠨ ᠠᠪᠤᠭᠰᠠᠨ ᠪᠠᠶᠢᠪᠠᠯ᠂ ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ | ᠬᠠᠤᠯᠢ ᠪᠤᠰᠤ ᠪᠠᠷ ᠣᠯᠣᠭᠰᠠᠨ ᠠᠪᠤᠷᠠᠨ ᠲᠤᠰᠠᠯᠠᠬᠤ ᠪᠡᠯᠡ ᠮᠦᠩᠭᠦ᠂ ᠡᠳ᠋ ᠪᠤᠳᠠᠰ ᠢ ᠨᠢ ᠪᠤᠴᠠᠭᠠᠯᠭᠠᠬᠤ ᠪᠠᠷ | ᠵᠠᠷᠯᠢᠭᠳᠠᠵᠤ᠂ ᠬᠠᠤᠯᠢ ᠪᠤᠰᠤ ᠪᠠᠷ ᠤᠯᠤᠭᠰᠠᠨ ᠠᠪᠤᠷᠠᠨ ᠲᠤᠰᠠᠯᠠᠬᠤ ᠵᠤᠭᠤᠰ ᠮᠦᠩᠭᠦ ᠪᠣᠶᠣ ᠡᠳ᠋ ᠪᠤᠳᠠᠰ ᠤᠨ | ᠦᠨ᠎ᠡ ᠥᠷᠲᠡᠭ ᠤᠨ 1 ᠳᠠᠬᠢᠨ ᠠᠴᠠ ᠳᠡᠭᠡᠭᠰᠢ 3 ᠳᠠᠬᠢᠨ ᠠᠴᠠ ᠲᠤᠤᠷ᠎ᠠ ᠵᠤᠭᠤᠰ ᠢᠶᠠᠷ ᠲᠣᠷᠭᠠᠬᠤ ᠶᠢᠨ ᠬᠠᠮᠲᠤ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠳᠤ ᠲᠡᠮᠲᠡᠭᠯᠡᠬᠦ ᠬᠡᠷᠡᠭᠲᠡᠢ᠃ ᠲᠦᠷ ᠴᠠᠭ ᠠᠪᠤᠷᠠᠨ ᠲᠤᠰᠠᠯᠠᠬᠤ ᠶᠢ | ᠬᠡᠷᠡᠭᠵᠢᠭᠦᠯᠦᠭᠰᠡᠨ ᠪᠠᠶᠢᠳᠠᠯ ᠢᠶᠠᠨ ᠬᠤᠭᠤᠴᠠᠭ᠎ᠠ ᠲᠣᠭᠲᠠᠭᠠᠨ ᠨᠡᠶᠢᠭᠡᠮ ᠳᠤ ᠢᠯᠡ ᠨᠡᠶᠢᠲᠡᠯᠡᠵᠦ᠂ ᠨᠡᠶᠢᠭᠡᠮ ᠤᠨ | ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠪᠠ ᠵᠠᠭᠤᠴᠢᠯᠠᠭᠤᠷ ᠤᠨ ᠢᠯᠡᠷᠡᠭᠦᠯᠵᠦ | ᠢᠯᠡᠴᠢᠯᠡᠭᠰᠡᠨ ᠠᠰᠠᠭᠤᠳᠠᠯ ᠢ ᠴᠠᠭ ᠲᠣᠬᠠᠢ ᠳᠤᠨᠢ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠰᠢᠢᠳᠪᠦᠷᠢᠯᠡᠭᠰᠡᠨ | ᠦᠷ᠎ᠡ ᠳ᠋ᠦᠩ ᠢ ᠨᠡᠶᠢᠲᠡᠯᠡᠬᠦ ᠬᠡᠷᠡᠭᠲᠡᠢ᠃ ᠲᠦᠷ ᠴᠠᠭ ᠠᠪᠤᠷᠠᠨ ᠲᠤᠰᠠᠯᠠᠬᠤ ᠶᠢᠨ ᠬᠠᠷᠢᠭᠤᠴᠠᠯᠭ᠎ᠠ ᠨᠡᠬᠡᠮᠵᠢᠯᠡᠬᠦ | ᠳᠦᠷᠢᠮ ᠢ ᠲᠡᠭᠦᠯᠳᠡᠷᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠡᠲᠡᠭᠡᠳ᠂ ᠠᠷᠭ᠎ᠠ ᠮᠠᠶ᠋ᠢᠭ ᠪᠠ ᠳᠡᠰ ᠳᠠᠷᠠᠭᠠᠯᠠᠯ ᠢ | ᠨᠠᠷᠢᠯᠢᠬᠵᠢᠭᠤᠯᠤᠨ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ | ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ᠂ ᠬᠠᠷᠢᠯᠴᠠᠨ ᠲᠦᠯᠬᠢᠯᠴᠡᠭᠰᠡᠨ᠂ ᠴᠠᠭ ᠲᠣᠬᠠᠢ ᠳᠤᠨᠢ ᠦᠯᠦ | ᠰᠢᠢᠳᠪᠦᠷᠢᠯᠡᠭᠰᠡᠨ ᠵᠡᠷᠭᠡ ᠰᠢᠯᠲᠠᠭᠠᠨ ᠠᠴᠠ ᠪᠣᠯᠵᠤ ᠬᠦᠨᠳᠦ ᠨᠣᠴᠢᠲᠠᠢ ᠤᠷᠰᠢᠭ ᠲᠠᠲᠠᠭᠰᠠᠨ ᠨᠢᠭᠡᠴᠡ ᠪᠠ ᠬᠤᠪᠢ | ᠬᠦᠮᠦᠨ ᠠᠴᠠ ᠬᠠᠤᠯᠢ ᠴᠠᠭᠠᠵᠠ ᠰᠠᠬᠢᠯᠭ᠎ᠠ ᠪᠠᠲᠤ ᠶᠤᠰᠤᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ︵ᠲᠠᠪᠤ︶ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ | ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠲᠦᠷ ᠴᠠᠭ ᠠᠪᠤᠷᠠᠨ | ᠲᠤᠰᠠᠯᠠᠬᠤ ᠶᠢᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠬᠢᠨᠠᠭᠠᠮᠠᠢ ᠰᠠᠶᠢᠲᠤᠷ ᠵᠣᠬᠢᠶᠠᠨ | ᠪᠠᠶᠢᠭᠤᠯᠬᠤ ᠬᠡᠷᠡᠭᠲᠡᠢ᠃ ᠰᠣᠨᠢᠨ ᠰᠡᠳᠭᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠤᠯᠠᠮᠵᠢᠯᠠᠯᠲᠤ | ᠵᠠᠭᠤᠴᠢᠯᠠᠭᠤᠷ ᠪᠠ ᠪᠢᠴᠢᠯ ᠮᠡᠳᠡᠭᠡ᠂ ᠪᠢᠴᠢᠯ ᠪᠥᠷᠬᠡ ᠵᠡᠷᠭᠡ ᠰᠢᠨ᠎ᠡ ᠵᠠᠭᠤᠴᠢᠯᠠᠭᠤᠷ ᠵᠢᠴᠢ ᠣᠯᠠᠨ ᠨᠡᠶᠢᠲᠡ ᠶᠢᠨ | ᠪᠠᠶᠢᠴᠠᠭᠠᠨ ᠦᠵᠡᠬᠦ ᠲᠠᠰᠤᠭ᠂ ᠮᠠᠲ᠋ᠧᠷᠢᠶᠠᠯ ᠡᠷᠢᠬᠦ ᠴᠢᠬ᠂ ᠮᠡᠳᠡᠭᠡ ᠵᠠᠩᠭᠢ ᠶᠢᠨ ᠤᠬᠠᠭᠤᠯᠭ᠎ᠠ ᠶᠢᠨ ᠰᠠᠮᠪᠠᠷ᠎ᠠ᠂ | ᠤᠬᠠᠭᠤᠯᠭ᠎ᠠ ᠶᠢᠨ ᠲᠡᠪᠲᠡᠷ ᠵᠡᠷᠭᠡ ᠣᠯᠠᠨ ᠲᠦᠮᠡᠨ ᠤ ᠦᠵᠡᠵᠦ ᠰᠤᠨᠤᠰᠬᠤ ᠳᠤᠷᠠᠲᠠᠢ ᠵᠠᠮ ᠮᠥᠷ ᠪᠠ ᠬᠡᠯᠪᠡᠷᠢ | ᠮᠠᠶ᠋ᠢᠭ ᠢ ᠭᠦᠢᠴᠡᠳ ᠠᠰᠢᠭᠯᠠᠵᠤ᠂ ᠲᠥᠷᠥ ᠶᠢᠨ ᠪᠣᠳᠣᠯᠭ᠎ᠠ ᠶᠢᠨ ᠤᠬᠠᠭᠤᠯᠤᠯ ᠤᠨ ᠡᠷᠴᠢᠮ ᠢ ᠴᠢᠩᠭᠠᠷᠠᠭᠤᠯᠬᠤ ᠶᠢᠨ | ᠬᠠᠮᠲᠤ᠂ ᠡᠯ᠎ᠡ ᠭᠠᠵᠠᠷ ᠣᠷᠣᠨ ᠨᠢ ᠶᠠᠷᠢᠶ᠎ᠠ ᠬᠡᠯᠡᠯᠴᠡᠭᠡᠷ ᠢᠶᠠᠷ ᠬᠦᠲᠦᠯᠦᠨ ᠵᠢᠯᠤᠭᠤᠳᠬᠤ ᠪᠠᠨ ᠴᠢᠩᠭᠠᠳᠬᠠᠨ᠂ | ᠵᠠᠰᠠᠭ ᠤᠨ ᠣᠷᠳᠤᠨ ᠤ ᠦᠢᠯᠡᠳᠦᠯ᠂ ᠬᠤᠪᠢ ᠬᠦᠮᠦᠨ ᠤ ᠡᠷᠬᠡ ᠠᠰᠢᠭ᠂ ᠭᠡᠷ ᠪᠦᠯᠢ ᠶᠢᠨ ᠬᠠᠷᠢᠭᠤᠴᠠᠯᠭ᠎ᠠ᠂ | ᠨᠡᠶᠢᠭᠡᠮ ᠤᠨ ᠣᠷᠤᠯᠴᠠᠯᠭ᠎ᠠ ᠵᠡᠷᠭᠡ ᠲᠠᠯ᠎ᠠ ᠠᠴᠠ ᠲᠦᠷ ᠴᠠᠭ ᠠᠪᠤᠷᠠᠨ ᠲᠤᠰᠠᠯᠠᠬᠤ ᠶᠢᠨ ᠴᠢᠳᠠᠮᠵᠢ ᠶᠢᠨ ᠪᠠᠶᠢᠷᠢ | ᠲᠣᠭᠲᠠᠭᠠᠯᠲᠠ ᠪᠠ ᠳᠦᠷᠢᠮ ᠤᠨ ᠣᠨᠴᠠᠯᠢᠭ ᠢ ᠣᠯᠠᠨ ᠬᠠᠷᠠᠭᠠᠰᠤ ᠠᠴᠠ ᠤᠬᠠᠭᠤᠯᠵᠤ᠂ ᠲᠦᠷ ᠴᠠᠭ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠶᠢ ᠡᠷᠦᠬᠡ ᠨᠢᠭᠡᠪᠦᠷᠢ ᠳᠤ ᠣᠶᠢᠯᠠᠭᠠᠭᠤᠯᠵᠤ᠂ ᠬᠦᠮᠦᠨ ᠪᠦᠬᠦᠨ ᠳᠤ | ᠮᠡᠳᠡᠭᠦᠯᠬᠦ ᠶᠢ ᠦᠨᠡᠨᠬᠦ ᠪᠠᠲᠤᠯᠠᠨ᠂ ᠥᠷᠭᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠣᠶᠢᠯᠠᠭᠠᠭᠤᠯᠵᠤ᠂ | ᠲᠥᠷᠥ ᠶᠢᠨ ᠪᠣᠳᠣᠯᠭ᠎ᠠ ᠶᠢ ᠬᠡᠷᠡᠭᠯᠡᠬᠦ ᠪᠣᠯᠭᠠᠨ᠎ᠠ᠃ | ︽ᠠᠶᠤᠯ ᠠᠴᠠ ᠠᠪᠤᠷᠠᠨ ᠲᠤᠰᠠᠯᠠᠬᠤ︾ ᠲᠣᠷᠰᠢᠯᠲᠠ ᠦᠷᠨᠢᠭᠦᠯᠦᠭᠰᠡᠨ ᠭᠠᠵᠠᠷ ᠣᠷᠣᠨ ᠨᠢ ᠪᠠᠶᠢᠭᠤᠯᠤᠯ ᠤᠨ | ᠲᠣᠭᠲᠠᠴᠠ᠂ ᠦᠢᠯᠡᠴᠢᠯᠡᠭᠡᠨ ᠤ ᠠᠷᠭ᠎ᠠ ᠮᠠᠶ᠋ᠢᠭ᠂ ᠮᠡᠳᠡᠭᠡ ᠵᠡᠩᠭᠢ ᠶᠢ ᠬᠠᠮᠲᠤᠪᠠᠷ ᠬᠦᠷᠲᠡᠬᠦ᠂ ᠡᠳ᠋ ᠤᠨ ᠵᠠᠰᠠᠭ ᠤᠨ | ᠭᠠᠶᠢᠯᠢ ᠰᠦᠢᠳᠭᠡᠯ ᠵᠡᠷᠭᠡ ᠲᠠᠯ᠎ᠠ ᠳᠤ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ | ᠣᠷᠢᠳᠠᠪᠠᠷ ᠲᠣᠷᠰᠢᠨ᠂ ᠲᠦᠷ ᠴᠠᠭ ᠠᠪᠤᠷᠠᠨ ᠲᠤᠰᠠᠯᠠᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ︽ | ᠠᠶᠤᠯ ᠠᠴᠠ ᠠᠪᠤᠷᠠᠨ ᠲᠤᠰᠠᠯᠠᠬᠤ︾ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠳᠤ ᠲᠣᠷᠰᠢᠯᠭ᠎ᠠ ᠬᠠᠩᠭᠠᠬᠤ ᠬᠡᠷᠡᠭᠲᠡᠢ᠃ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠤᠭᠤᠷᠢᠭ︶ ᠨᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠲᠥᠷᠥ ᠲᠠᠷᠬᠠᠭᠠᠭᠰᠠᠨ ﹇2014﹈ 47 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ | ᠱᠠᠭᠠᠷᠳᠠᠯᠭ᠎ᠠ ᠶᠢ ᠦᠨᠳᠦᠰᠦᠯᠡᠨ᠂ ᠪᠤᠲᠠᠲᠠᠢ ᠲᠠᠢ ᠪᠠᠨ ᠤᠶᠠᠯᠳᠤᠭᠤᠯᠵᠤ᠂ 2015 ᠣᠨ ᠤ 5 ᠳ᠋ᠤᠭᠠᠷ ᠰᠠᠷ᠎ᠠ ᠶᠢᠨ | ᠰᠡᠭᠦᠯᠴᠢ ᠠᠴᠠ ᠡᠮᠦᠨ᠎ᠡ ᠲᠤᠰ ᠱᠠᠲᠤᠨ ᠤ ᠪᠠᠨ ᠲᠦᠷ ᠴᠠᠭ ᠠᠪᠤᠷᠠᠨ ᠲᠤᠰᠠᠯᠠᠬᠤ ᠶᠢᠨ ᠬᠡᠷᠡᠭᠵᠢᠭᠦᠯᠬᠦ ᠨᠠᠷᠢᠨ | ᠳᠦᠷᠢᠮ ᠢ ᠲᠣᠭᠲᠠᠭᠠᠵᠤ ᠨᠡᠶᠢᠲᠡᠯᠡᠬᠦ ᠶᠢᠨ ᠬᠠᠮᠲᠤ᠂ ᠳᠠᠷᠦ᠋ᠢᠬᠠᠨ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ | | |