ᠦᠪᠦᠷ ᠮᠣᠩᠭᠤᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢ ᠲᠦᠯᠬᠢᠨ ᠠᠬᠢᠭᠤᠯᠵᠤ ᠪᠣᠢ
ᠨᠡᠶᠢᠲᠡᠯᠡᠭᠰᠡᠨ ᠴᠠᠭ᠄
2015/10/22
      ᠡᠨᠡ ᠵᠢᠯ ᠪᠣᠯ ︽ᠤᠰᠤᠨ ᠤ ᠠᠷᠪᠠᠨ ᠵᠣᠷᠪᠤᠰ ︾᠎ ᠢ ᠲᠤᠤᠱᠠᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠪᠣᠯᠬᠤ ᠲᠤᠯᠠ᠂ ᠮᠠᠰᠢ ᠠᠷᠪᠢᠨ ᠬᠠᠲᠠᠭᠤ ᠭᠦᠢᠴᠡᠳᠭᠡᠬᠦ ᠲᠤᠭ᠎ᠠ᠂ ᠬᠠᠲᠠᠭᠤ ᠡᠭᠦᠷᠭᠡ ᠶᠢ ᠣᠨ ᠎ ᠤ ᠳᠣᠲᠤᠷ᠎ᠠ ᠪᠡᠶᠡᠯᠡᠭᠦᠯᠬᠦ ᠴᠢᠬᠤᠯᠠᠲᠠᠢ ᠪᠠᠶᠢᠨ᠎ᠠ᠃ ᠣᠳᠣᠬᠠᠨ ᠳᠤ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠨᠢᠭᠡᠨᠲᠡ ᠤᠳᠤᠷᠢᠳᠬᠤ ᠳᠤᠭᠤᠶᠢᠯᠠᠩ ᠪᠠᠶᠢᠭᠤᠯᠤᠭᠰᠠᠨ ᠤ ᠬᠠᠮᠲᠤ ᠤᠯᠤᠰ ᠤᠨ ᠠᠵᠢᠯᠯᠠᠭ᠎ᠠ ᠶᠢᠨ ᠲᠦᠯᠦᠪᠯᠡᠭᠡ ᠶᠢ ᠨᠠᠶᠢᠳᠠᠪᠤᠷᠢᠵᠢᠭᠤᠯᠬᠤ ᠶᠢᠨ ᠬᠡᠷᠡᠭᠵᠢᠭᠦᠯᠬᠦ ᠰᠠᠨᠠᠯ ᠪᠠ ᠠᠵᠢᠯ ᠤᠨ ᠬᠤᠪᠢᠶᠠᠷᠯᠠᠯ ᠤᠨ ᠲᠥᠰᠦᠯ ᠲᠣᠭᠲᠠᠭᠠᠵᠤ᠂ ᠤᠶᠢᠷ᠎ᠠ ᠶᠢᠨ ᠬᠤᠭᠤᠴᠠᠭᠠᠨ ᠳᠤ ᠪᠠᠰᠠ ᠠᠯᠢ ᠤᠯᠠᠨ ᠲᠦᠭᠦᠷ ᠪᠢᠴᠢᠭ ᠮᠠᠲ᠋ᠧᠷᠢᠶᠠᠯ ᠪᠠᠭᠤᠯᠭᠠᠨ ᠪᠦᠬᠦ ᠤᠷᠤᠨ ᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠪᠠ᠃ ᠤᠶᠢᠯᠭᠠᠭᠰᠠᠨ ᠎ ᠢᠶᠠᠷ᠂ ᠮᠠᠨ ᠤ ᠤᠷᠤᠨ ᠤ ᠡᠯ᠎ᠡ ᠭᠠᠵᠠᠷ ᠡᠯ᠎ᠡ ᠰᠠᠯᠠᠭ᠎ᠠ ᠮᠦᠴᠢᠷ ᠤᠨ ᠬᠢᠨ ᠤᠳᠤᠷᠢᠳᠬᠤ ᠲᠣᠭᠲᠠᠴᠠ ᠪᠠ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠬᠠᠷᠠᠯᠲᠠ ᠶᠢᠨ ᠡᠭᠦᠷᠭᠡ ᠪᠠ ᠬᠠᠷᠢᠭᠤᠴᠠᠯᠭ᠎ᠠ ᠶᠢᠨ ᠬᠤᠪᠢᠶᠠᠷᠯᠠᠯ ᠢᠶᠠᠨ ᠲᠣᠳᠤᠷᠬᠠᠶᠢᠯᠠᠨ᠂ ᠠᠵᠢᠯ ᠤᠨ ᠲᠦᠰᠦᠯ ᠲᠣᠭᠲᠠᠭᠠᠵᠤ᠂ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠪᠠ᠃ ᠡᠭᠦᠨ ᠤ ᠵᠡᠷᠭᠡᠴᠡᠪᠡᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠯᠠᠯ ᠶᠣᠰᠤᠭᠠᠷ᠂ ᠨᠢᠭᠲᠠ ᠵᠣᠬᠢᠴᠠᠯᠳᠤᠨ ᠬᠠᠮᠵᠢᠯᠴᠠᠵᠤ᠂ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠰᠠᠶᠢᠲᠤᠷ ᠬᠢᠬᠦ ᠪᠦᠲᠦᠮᠵᠢᠲᠡᠢ ᠨᠡᠶᠢᠯᠡᠮᠡᠯ ᠬᠦᠴᠦᠨ ᠢ ᠪᠣᠢ ᠪᠣᠯᠭᠠᠪᠠ᠃ ᠡᠯ᠎ᠡ ᠲᠦᠷᠦᠯ ᠤᠨ ᠪᠣᠬᠢᠷᠲᠤᠯ ᠭᠠᠳᠠᠭᠰᠢᠯᠠᠭᠤᠯᠬᠤ ᠰᠠᠯᠠᠭ᠎ᠠ ᠮᠦᠴᠢᠷ ᠤᠳ ᠪᠣᠬᠢᠷᠲᠤᠯ ᠢ ᠵᠠᠰᠠᠬᠤ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠪᠠ ᠠᠵᠢᠯᠯᠠᠭᠠᠨ ᠤ ᠬᠠᠮᠢᠶᠠᠷᠤᠯᠲᠠ ᠪᠠᠨ ᠴᠢᠩᠭᠠᠳᠬᠠᠵᠤ᠂ ᠦᠪᠡᠷ ᠲᠡᠭᠡᠨ ᠬᠢᠨᠠᠨ ᠬᠡᠮᠵᠢᠬᠦ ᠠᠵᠢᠯ ᠦᠷᠨᠢᠭᠦᠯᠵᠦ᠂ ᠪᠣᠬᠢᠷᠲᠤᠯ ᠢ ᠵᠠᠰᠠᠵᠤ ᠪᠣᠬᠢᠷᠲᠤᠯ ᠭᠠᠳᠠᠭᠰᠢᠯᠠᠭᠤᠯᠬᠤ ᠶᠢ ᠪᠠᠭᠠᠰᠬᠠᠬᠤ᠂ ᠣᠷᠴᠢᠨ ᠲᠣᠭᠤᠷᠢᠨ ᠤ ᠲᠦᠭᠰᠢᠭᠦᠷᠢ ᠶᠢ ᠰᠡᠷᠭᠡᠶᠢᠯᠡᠬᠦ ᠵᠡᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠡᠭᠦᠨ ᠠᠴᠠ ᠭᠠᠳᠠᠨ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠠᠴᠠ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠯᠤᠭ᠎ᠠ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠬᠠᠷᠠᠯᠲᠠ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠳᠠᠷᠠᠭ᠎ᠠ ᠪᠠᠷ ᠨᠢ ᠮᠠᠨ ᠤ ᠤᠷᠤᠨ ᠪᠠᠰᠠ ᠡᠯ᠎ᠡ ᠠᠶᠢᠮᠠᠭ ᠬᠤᠲᠠ ᠶᠢᠨ ᠵᠠᠰᠠᠭ ᠤᠨ ᠤᠷᠳᠤᠨ ᠯᠤᠭ᠎ᠠ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠡᠯ᠎ᠡ ᠭᠠᠵᠠᠷ ᠤᠷᠤᠨ ᠤ ᠰᠠᠪᠠ ᠭᠠᠵᠠᠷ ᠤᠨ ᠰᠢᠯᠭᠠᠨ ᠬᠢᠨᠠᠬᠤ ᠣᠭᠲᠤᠯᠤᠭᠠᠰᠤ ᠨᠢᠭᠡᠪᠦᠷᠢ ᠶᠢᠨ ᠤᠰᠤᠨ ᠤ ᠴᠢᠨᠠᠷ ᠪᠠ ᠡᠵᠡᠮᠰᠢᠯ ᠎ ᠤᠨ ᠬᠡᠰᠡᠭ᠂ ᠲᠤᠰᠬᠠᠢ ᠤᠷᠤᠨ ᠤ ᠳᠡᠰ ᠤᠨ ᠬᠤᠲᠠ ᠶᠢᠨ ᠲᠥᠪᠯᠡᠷᠡᠩᠭᠦᠢ ᠮᠠᠶ᠋ᠢᠭ ᠤᠨ ᠤᠤᠭᠤᠬᠤ ᠤᠰᠤᠨ ᠤ ᠤᠰᠤᠨ ᠰᠣᠷᠪᠤᠯᠵᠢ᠂ ᠭᠠᠵᠠᠷ ᠳᠣᠣᠷᠠᠬᠢ ᠤᠰᠤᠨ ᠤ ᠴᠢᠨᠠᠷ ᠢ ᠰᠢᠯᠭᠠᠨ ᠬᠢᠨᠠᠬᠤ ᠬᠠᠷᠠᠯᠲᠠ ᠨᠢᠭᠡᠪᠦᠷᠢ ᠶᠢ ᠲᠣᠳᠤᠷᠬᠠᠶᠢᠯᠠᠪᠠ᠃ ᠮᠠᠨ ᠤ ᠤᠷᠤᠨ ᠬᠤᠶᠢᠰᠢᠳᠠ ᠵᠢᠯ ᠪᠦᠷᠢ ︽ᠤᠰᠤᠨ ᠤ ᠠᠷᠪᠠᠨ ᠵᠣᠷᠪᠤᠰ︾᠎ ᠤᠨ ᠭᠤᠣᠯᠳᠠᠯᠭ᠎ᠠ ᠎ ᠲᠠᠢ ᠠᠵᠢᠯ ᠪᠠ ᠤᠰᠤᠨ ᠤ ᠴᠢᠨᠠᠷ ᠤᠨ ᠬᠠᠷᠠᠯᠲᠠ ᠶᠢ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠵᠤ᠂ ᠬᠠᠷᠠᠯᠲᠠ ᠎ ᠶᠢᠨ ᠰᠢᠯᠭᠠᠨ ᠬᠢᠨᠠᠬᠤ ᠳᠤ ᠪᠠᠲᠤᠯᠠᠭᠳᠠᠭᠰᠠᠨ ᠦᠭᠡᠢ᠂ ᠠᠶᠢᠮᠠᠭ ᠬᠤᠲᠠ ᠶᠢᠨ ᠵᠠᠰᠠᠭ ᠤᠨ ᠤᠷᠳᠤᠨ ᠤ ᠬᠠᠷᠢᠭᠤᠴᠠᠯᠭᠠᠲᠠᠨ ᠯᠤᠭ᠎ᠠ ᠪᠣᠯᠵᠤᠨ ᠶᠠᠷᠢᠯᠴᠠᠵᠤ᠂ ᠠᠵᠢᠯ ᠨᠢ ᠰᠤᠯᠠ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠨᠢ ᠲᠤᠲᠠᠭᠤᠳᠠᠭᠰᠠᠨ ᠵᠡᠷᠭᠡ ᠦᠢᠯᠡ ᠠᠵᠢᠯᠯᠠᠭ᠎ᠠ᠂ ᠲᠦᠪ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃      ︽ᠤᠰᠤᠨ ᠤ ᠠᠷᠪᠠᠨ ᠵᠣᠷᠪᠤᠰ ︾᠎ ᠤᠨ ᠱᠠᠭᠠᠷᠳᠠᠯᠭ᠎ᠠ ᠶᠣᠰᠤᠭᠠᠷ᠂ ᠮᠠᠨ ᠤ ᠤᠷᠤᠨ ᠤᠤᠭᠤᠬᠤ ᠤᠰᠤᠨ ᠤ ᠤᠰᠤᠨ ᠰᠣᠷᠪᠤᠯᠵᠢ ᠠᠴᠠ ᠤᠰᠤᠨ ᠭᠤᠭᠤᠵᠢᠭᠤᠷ ᠬᠦᠷᠲᠡᠯᠡᠬᠢ ᠤᠰᠤᠨ ᠤ ᠴᠢᠨᠠᠷ᠂ ᠬᠠᠷ᠎ᠠ ᠦᠮᠡᠬᠡᠢ ᠤᠰᠤᠨ ᠤ ᠨᠠᠷᠢᠨ ᠬᠠᠭᠤᠳᠠᠰᠤ ᠪᠣᠯᠤᠨ ᠵᠠᠰᠠᠬᠤ ᠬᠤᠭᠤᠴᠠᠭ᠎ᠠ ᠬᠢᠵᠠᠭᠠᠷ᠂ ︽ᠤᠰᠤᠨ ᠤ ᠠᠷᠪᠠᠨ ᠵᠣᠷᠪᠤᠰ ︾᠎ ᠢ ᠨᠠᠶᠢᠳᠠᠪᠤᠷᠢᠵᠢᠭᠤᠯᠬᠤ ᠠᠵᠢᠯ ᠤᠨ ᠲᠦᠰᠦᠯ ᠵᠡᠷᠭᠡ ᠬᠠᠮᠢᠶ᠎ᠠ ᠪᠦᠬᠦᠢ ᠮᠡᠳᠡᠭᠡ ᠵᠠᠩᠬᠢ ᠶᠢ ᠲᠣᠭᠲᠠᠮᠠᠯ ᠬᠤᠭᠤᠴᠠᠭ᠎ᠠ ᠎ ᠲᠠᠢ ᠪᠠᠷ ᠨᠡᠶᠢᠭᠡᠮ ᠳᠤ ᠨᠡᠶᠢᠲᠡᠯᠡᠬᠦ ᠪᠣᠯᠤᠨ᠎ᠠ᠃ ᠤᠯᠠᠨ ᠨᠡᠶᠢᠲᠡ ᠶᠢᠨ ᠤᠷᠤᠯᠴᠠᠬᠤ ᠲᠠᠪᠴᠠᠩ ᠢ ᠲᠦᠷᠭᠡᠬᠡᠨ ᠪᠠᠶᠢᠭᠤᠯᠵᠤ᠂ ᠢᠯᠡᠴᠢᠯᠡᠨ ᠮᠡᠳᠡᠭᠦᠯᠬᠦ ᠳᠦᠷᠢᠮ ᠢ ᠪᠦᠷᠢᠨᠰᠢᠭᠦᠯᠦᠨ᠂ ᠠᠷᠠᠳ ᠤᠯᠠᠨ ᠤ ᠤᠷᠴᠢᠨ ᠲᠤᠭᠤᠷᠢᠨ ᠤ ᠪᠠᠶᠢᠳᠠᠯ ᠢ ᠮᠡᠳᠡᠬᠦ ᠡᠷᠬᠡ᠂ ᠤᠷᠤᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠶᠢ ᠪᠠᠲᠤᠯᠠᠵᠤ᠂ ᠪᠦᠬᠦ ᠨᠡᠶᠢᠭᠡᠮ ᠢᠶᠠᠷ ᠎ ᠢᠶᠠᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠳᠤ ᠠᠩᠬᠠᠷᠤᠯ ᠲᠠᠯᠪᠢᠵᠤ ᠳᠡᠮᠵᠢᠵᠦ ᠣᠷᠤᠯᠴᠠᠭᠰᠠᠨ ᠪᠠᠶᠢᠳᠠᠯ ᠢ ᠪᠣᠢ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号