ᠮᠠᠨ ᠤ ᠣᠷᠣᠨ ᠤ ᠶᠡᠷᠦᠩᠬᠡᠢ ᠪᠡᠯᠡ ᠣᠷᠤᠭᠤᠯᠤᠯᠲᠠ ᠨᠢ 488.7 ᠳ᠋ᠦᠩᠰᠢᠭᠤᠷ ᠲᠥᠭᠦᠷᠢᠭ  ᠪᠦᠬᠦᠢ 9 ᠲᠥᠷᠥᠯ ᠵᠦᠢᠯ ᠡᠳ᠋ ᠤᠨ ᠵᠠᠰᠠᠭ ᠤᠨ ᠶᠠᠮᠤᠨ ᠤ ᠬᠤᠶᠠᠳᠠᠬᠢ PPP ᠵᠢᠱᠢᠶ᠎ᠡ ᠦᠵᠡᠭᠦᠯᠬᠦ ᠲᠥᠷᠥᠯ ᠵᠦᠢᠯ ᠳᠤ ᠵᠢᠭᠰᠠᠭᠠᠭᠳᠠᠨ ᠣᠷᠣᠪᠠ
ᠨᠡᠶᠢᠲᠡᠯᠡᠭᠰᠡᠨ ᠴᠠᠭ᠄
2015/10/22
     9 ᠳ᠋ᠦ᠋ᠭᠡᠷ ᠰᠠᠷ᠎ᠠ ᠶᠢᠨ 25᠎ ᠤ ᠡᠳᠦᠷ᠂ ᠡᠳ᠋ ᠤᠨ ᠵᠠᠰᠠᠭ ᠤᠨ ᠶᠠᠮᠤᠨ ᠬᠤᠶᠠᠳᠠᠬᠢ ᠪᠦᠯᠦᠭ ᠵᠠᠰᠠᠭ ᠤᠨ ᠣᠷᠳᠣᠨ ᠬᠢᠭᠡᠳ ᠨᠡᠶᠢᠭᠡᠮ ᠤᠨ ᠬᠥᠷᠥᠩᠭᠡ ᠬᠤᠷᠰᠢᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠢ ᠨᠡᠶᠢᠲᠡᠯᠡᠵᠦ᠂ ᠮᠠᠨ ᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ᠂ ᠡᠮᠴᠢᠯᠡᠭᠡ᠂ ᠬᠤᠲᠠ ᠶᠢᠨ ᠶᠠᠪᠤᠳᠠᠯ᠂ ᠤᠰᠤᠨ ᠤ ᠶᠠᠪᠤᠳᠠᠯ ᠤᠨ ᠬᠦᠷᠢᠶᠡᠨ ᠤ 9 ᠲᠥᠷᠥᠯ ᠵᠦᠢᠯ ᠵᠢᠱᠢᠶ᠎ᠡ ᠦᠵᠡᠭᠦᠯᠬᠦ ᠲᠥᠷᠥᠯ ᠵᠦᠢᠯ ᠳᠤ ᠵᠢᠭᠰᠠᠭᠠᠭᠳᠠᠵᠤ᠂ ᠶᠡᠷᠦᠩᠬᠡᠢ ᠪᠡᠯᠡ ᠣᠷᠤᠠᠭᠤᠯᠤᠯᠲᠠ ᠨᠢ 488.7 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠤᠨ ᠪᠠᠲᠤᠯᠠᠭᠳᠠᠭᠰᠠᠨ ᠨᠤᠷᠮ᠎ᠠ ᠨᠢ 57% ᠪᠣᠯᠣᠨ᠎ᠠ᠃ ᠡᠭᠦᠨ ᠳᠤ᠄ ᠦᠯᠡᠳᠡᠭᠳᠡᠯ ᠲᠥᠷᠥᠯ ᠵᠦᠢᠯ 3 ᠪᠠᠶᠢᠵᠤ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ 6 ᠪᠣᠢ᠃ ᠡᠳ᠋ ᠤᠨ ᠵᠠᠰᠠᠭ ᠤᠨ ᠶᠠᠮᠤᠨ ᠰᠣᠩᠭᠤᠭᠳᠠᠭᠰᠠᠨ ᠵᠢᠱᠢᠶ᠎ᠡ ᠦᠵᠡᠭᠦᠯᠬᠦ ᠲᠥᠷᠥᠯ ᠵᠦᠢᠯ ᠳᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠪᠣᠯᠣᠨ᠎ᠠ᠃      ᠠᠵᠢᠯ ᠲᠦᠷᠦᠯ ᠤᠨ ᠪᠦᠲᠦᠴᠡ ᠠᠴᠠ ᠦᠵᠡᠪᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠥᠷᠥᠯ ᠵᠦᠢᠯ 2 ᠪᠠᠶᠢᠵᠤ᠂ 406.07 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ︔ ᠬᠤᠲᠠ ᠶᠢᠨ ᠶᠠᠪᠤᠳᠠᠯ ᠤᠨ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ ᠲᠥᠷᠥᠯ ᠵᠦᠢᠯ 3 ᠪᠠᠶᠢᠵᠤ᠂ 49.41 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠠᠢ︔ ᠡᠮᠴᠢᠯᠡᠭᠡᠨ ᠤ ᠲᠥᠷᠥᠯ ᠵᠦᠢᠯ 1 ᠪᠠᠶᠢᠵᠤ᠂ 10  ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ︔ ᠤᠰᠤᠨ ᠤ ᠶᠠᠪᠤᠳᠠᠯ ᠤᠨ ᠲᠥᠷᠥᠯ ᠵᠦᠢᠯ 3 ᠪᠠᠶᠢᠵᠤ᠂ 23.22 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃      ᠭᠠᠵᠠᠷ ᠣᠷᠣᠨ ᠤ ᠲᠠᠷᠬᠠᠯᠲᠠ ᠠᠴᠠ ᠦᠵᠡᠪᠡᠯ᠂ ᠬᠥᠬᠡᠬᠤᠲᠠ ᠶᠢᠨ ᠶᠡᠷᠦᠩᠬᠡᠢ ᠪᠡᠯᠡ ᠣᠷᠤᠭᠤᠯᠤᠯᠲᠠ ᠨᠢ 381.49 ᠳ᠋ᠦᠩᠰᠢᠭᠤᠷ ᠲᠥᠭᠦᠷᠢᠭ ᠪᠦᠬᠦᠢ ᠭᠠᠵᠠᠷ ᠳᠣᠣᠷᠠᠬᠢ ᠲᠡᠮᠦᠷ ᠵᠠᠮ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ᠂ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠪᠣᠯᠤᠨ ᠰᠢᠲᠠᠮᠠᠬᠠᠶ ᠬᠡᠢ ᠶᠢᠨ ᠦᠯᠡᠳᠡᠭᠳᠡᠯ ᠲᠥᠷᠥᠯ ᠵᠦᠢᠯ ᠵᠢᠱᠢᠶ᠎ᠡ ᠦᠵᠡᠭᠦᠯᠬᠦ ᠳᠤ ᠵᠢᠭᠰᠠᠭᠠᠭᠳᠠᠨ ᠣᠷᠣᠵᠠᠢ︔ ᠪᠤᠭᠤᠲᠤ ᠬᠤᠳᠠ ᠶᠢᠨ ᠶᠡᠷᠦᠩᠬᠡᠢ ᠪᠡᠯᠡ ᠣᠷᠤᠭᠤᠯᠤᠯᠲᠠ ᠨᠢ 28.1 ᠳ᠋ᠦᠩᠰᠢᠭᠤᠷ ᠲᠥᠭᠦᠷᠢᠭ ᠪᠦᠬᠦᠢ ᠭᠠᠵᠠᠷ ᠳᠣᠤᠷᠠᠬᠢ ᠶᠡᠷᠦᠩᠬᠡᠶᠢᠯᠡᠭᠰᠡᠨ ᠬᠤᠭᠤᠯᠠᠢ ᠶᠢᠨ ᠬᠤᠨᠭ᠍ᠬᠢᠯ ᠪᠠ ᠪᠣᠣ ᠢ ᠣᠯᠠᠨ ᠤᠯᠤᠰ ᠤᠨ ᠡᠮᠨᠡᠯᠭᠡ ᠵᠨ ᠬᠤᠷᠢᠶᠠᠨ ᠤ ᠰᠢᠨ᠎ᠡ ᠪᠠᠷ ᠪᠠᠶᠢᠭᠤᠯᠬᠤ ᠲᠥᠷᠥᠯ ᠵᠦᠢᠯ ᠵᠢᠱᠢᠶ᠎ᠡ ᠦᠵᠡᠭᠦᠯᠬᠦ ᠲᠥᠷᠥᠯ ᠵᠦᠢᠯ ᠳᠤ ᠵᠢᠭᠰᠠᠭᠠᠭᠳᠠᠨ ᠣᠷᠣᠵᠠᠢ︔ ᠤᠯᠠᠭᠠᠨᠬᠠᠳᠠ ᠬᠤᠲᠠ ᠶᠢᠨ ᠶᠡᠷᠦᠩᠬᠡᠢ ᠪᠡᠯᠡ ᠣᠷᠤᠭᠤᠯᠤᠯᠲᠠ ᠨᠢ 61.26 ᠳ᠋ᠦᠩᠰᠢᠭᠤᠷ ᠲᠥᠭᠦᠷᠢᠭ ᠪᠦᠬᠦᠢ ᠳᠡᠭᠡᠳᠦ ᠬᠤᠷᠳᠤ ᠶᠢᠨ ᠵᠠᠰᠠᠮᠠᠯ ᠵᠠᠮ ᠪᠠ ᠭᠤᠣᠯ ᠬᠤᠲᠠ ᠲᠣᠭᠤᠷᠢᠭ ᠤᠨ ᠤᠤᠭᠤᠬᠤ ᠤᠰᠤᠨ ᠤ ᠢᠨᠵᠧᠨᠧᠷᠢᠩ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠵᠢᠱᠢᠶ᠎ᠡ ᠦᠵᠡᠭᠦᠯᠬᠦ ᠳᠤ ᠵᠢᠭᠰᠠᠭᠠᠭᠳᠠᠨ ᠣᠷᠣᠵᠠᠢ︔ ᠤᠷᠳᠤᠰ ᠬᠤᠳᠠ ᠶᠢᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠶᠢᠨ 16.15 ᠳ᠋ᠦᠩᠰᠢᠭᠤᠷ ᠲᠥᠭᠦᠷᠢᠭ ᠤᠨ ᠤᠰᠤ ᠬᠠᠩᠭᠠᠬᠤ ᠪᠠᠷᠢᠯᠭ᠎ᠠ ᠪᠠ ᠲᠦᠩᠯᠢᠶᠣᠤ ᠬᠤᠲᠠ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ 1.7 ᠳ᠋ᠦᠩᠰᠢᠭᠤᠷ ᠲᠥᠭᠦᠷᠢᠭ ᠤᠨ ᠪᠣᠬᠢᠷ ᠤᠰᠤ ᠰᠢᠢᠳᠪᠦᠷᠢᠯᠡᠬᠦ ᠪᠠᠷᠢᠯᠭ᠎ᠠ ᠶᠢᠨ ᠬᠤᠶᠠᠷ ᠦᠯᠡᠳᠡᠭᠳᠡᠯ ᠲᠥᠷᠥᠯ ᠵᠦᠢᠯ ᠵᠢᠱᠢᠶ᠎ᠡ ᠦᠵᠡᠭᠦᠯᠬᠦ ᠲᠥᠷᠥᠯ ᠵᠦᠢᠯ ᠳᠤ ᠵᠢᠭᠰᠠᠭᠠᠭᠳᠠᠨ ᠣᠷᠣᠵᠠᠢ᠃      ᠳᠠᠷᠠᠭᠠᠴᠢ ᠶᠢᠨ ᠠᠯᠬᠤᠮ ᠳᠤ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠵᠠᠬᠢᠷᠭᠠᠨ ᠪᠠ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠲᠤᠷᠠᠨ᠂ ᠲᠥᠷᠥᠯ ᠵᠦᠢᠯ ᠢ ᠬᠡᠷᠡᠭᠵᠢᠭᠦᠯᠬᠦ ᠨᠢᠭᠡᠴᠡ ᠯᠦᠭᠡ ᠶᠢᠨ ᠨᠡᠪᠲᠡᠷᠡᠯᠴᠡᠭᠡ ᠪᠠ ᠵᠣᠬᠢᠴᠠᠭᠤᠯᠭ᠎ᠠ ᠪᠠᠨ ᠴᠢᠩᠭᠠᠳᠬᠠᠵᠤ᠂ ᠵᠢᠱᠢᠶ᠎ᠡ ᠦᠵᠡᠭᠦᠯᠬᠦ ᠲᠥᠷᠥᠯ ᠵᠦᠢᠯ ᠢ ᠮᠥᠷᠲᠡᠨ ᠬᠠᠮᠢᠶᠠᠷᠴᠤ᠂ ᠵᠢᠱᠢᠶ᠎ᠡ ᠦᠵᠡᠭᠦᠯᠬᠦ ᠲᠥᠷᠥᠯ ᠵᠦᠢᠯ ᠢ ᠵᠢᠷᠤᠮᠵᠢᠯ ᠲᠠᠢ ᠬᠡᠷᠡᠭᠵᠢᠭᠦᠯᠬᠦ᠂ ᠡᠷᠲᠡᠬᠡᠨ ᠳᠠᠭᠤᠰᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号