︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠠᠷᠭ᠎ᠠ︾ | ᠶᠢ 12 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠠᠷᠭ᠎ᠠ ᠳᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ᠂ ᠤᠨᠴᠠ ᠬᠦᠴᠢᠷᠳᠡᠯᠲᠠᠢ᠂ ᠭᠠᠮᠰᠢᠭᠳᠠᠭᠰᠠᠳ ᠤᠨ ᠬᠦᠷᠢᠶ᠎ᠡ ᠬᠡᠪᠴᠢᠶ᠎ᠡ ᠵᠢᠴᠢ ᠡᠳ᠋ᠯᠡᠵᠤ | ᠪᠦᠬᠦᠢ ᠡᠮᠴᠢᠯᠡᠭᠡ᠂ ᠰᠤᠷᠭᠠᠨ ᠬᠦᠮᠦᠵᠢᠯ᠂ ᠤᠷᠤᠨ ᠰᠠᠭᠤᠴᠠ᠂ ᠠᠵᠢᠯ ᠤᠯᠭᠤᠬᠤ ᠵᠡᠷᠭᠡ ᠠᠪᠤᠷᠠᠨ ᠲᠤᠰᠠᠯᠠᠬᠤ | ᠲᠦᠷᠦᠯ ᠵᠦᠢᠯ ᠢ ᠲᠤᠲᠤᠷᠬᠠᠶᠢᠯᠠᠭᠰᠠᠨ ᠤ ᠬᠠᠮᠲᠤ ᠨᠡᠶᠢᠭᠡᠮ ᠤᠨ ᠬᠦᠴᠦᠨ ᠢ ᠵᠤᠷᠢᠭᠵᠢᠭᠤᠯᠤᠨ ᠨᠡᠶᠢᠭᠡᠮ ᠤᠨ ᠠᠪᠤᠷᠠᠨ | ᠲᠤᠰᠠᠯᠠᠯᠲᠠ ᠳᠤ ᠤᠷᠤᠯᠴᠠᠭᠤᠯᠪᠠ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠳᠤ ᠴᠠᠭ ᠲᠤᠨᠢ ᠵᠣᠬᠢᠴᠠᠭᠤᠯᠤᠨ | ᠲᠣᠬᠢᠷᠠᠭᠤᠯᠣᠯᠳᠠ ᠬᠢᠨ᠎ᠡ | ᠲᠤᠰ ᠠᠷᠭ᠎ᠠ ᠳᠤ ᠲᠣᠭᠲᠠᠭᠠᠭᠰᠠᠨ ᠨᠢ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤ | ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠤ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠢ ᠶᠢᠨ | ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠤᠤᠷ᠎ᠠ ᠮᠦᠷᠲᠡᠭᠡᠨ | ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ ᠶᠢᠨ | ᠪᠠᠶᠢᠳᠠᠯ ᠤᠨ ᠲᠤᠭᠲᠠᠭᠠᠯ ᠳᠤ ᠨᠡᠶᠢᠴᠡᠭᠰᠡᠨ ᠭᠡᠷ ᠪᠦᠯᠢ ᠳᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ | ᠤᠯᠭᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠡᠯ᠎ᠡ ᠭᠠᠵᠠᠷ ᠣᠷᠣᠨ ᠲᠤᠰ | ᠭᠠᠵᠠᠷ ᠤᠨ ᠬᠢ ᠪᠠᠨ ᠰᠠᠭᠤᠭᠠᠯᠢ ᠠᠷᠠᠳ ᠤᠨ ᠠᠮᠢᠳᠤᠷᠠᠯ ᠳᠤ ᠡᠷᠬᠡᠪᠰᠢ ᠱᠠᠭᠠᠷᠳᠠᠭᠳᠠᠬᠤ ᠵᠠᠷᠤᠳᠠᠯ ᠢ | ᠲᠣᠭᠲᠠᠭᠠᠭᠰᠠᠨ ᠤ ᠲᠠᠷᠠᠭ᠎ᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ | ᠬᠢᠨᠠᠨ ᠬᠠᠷᠭᠤᠭᠤᠯᠵᠤ ᠨᠡᠶᠢᠲᠡᠯᠡᠬᠦ ᠶᠢᠨ ᠬᠠᠮᠲᠤ᠂ ᠴᠠᠭ ᠲᠤᠨᠢ ᠵᠤᠬᠢᠴᠠᠭᠤᠯᠤᠨ ᠲᠤᠬᠢᠷᠠᠭᠤᠯᠤᠯᠳᠠ ᠬᠢᠨ᠎ᠡ᠃ ᠡᠯ᠎ᠡ | ᠭᠠᠵᠠᠷ ᠣᠷᠣᠨ ᠨᠢ ᠬᠤᠲᠠ ᠬᠥᠳᠡᠭᠡ ᠪᠤᠯᠤᠨ ᠭᠠᠵᠠᠷ ᠣᠷᠣᠨ ᠤ ᠬᠤᠭᠤᠷᠣᠨᠳᠣᠬᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ ᠵᠥᠷᠢᠶ᠎ᠡ ᠶᠢ ᠠᠯᠬᠤᠮ ᠠᠯᠬᠤᠮ ᠢᠶᠠᠷ ᠪᠠᠭᠠᠰᠬᠠᠬᠤ ᠶᠤᠰᠤᠲᠠᠢ᠃ | ᠠᠮᠢᠳᠤᠷᠠᠯ ᠤᠨ ᠨᠠᠭᠠᠳᠤ ᠵᠠᠬ᠎ᠠ ᠵᠨ ᠪᠠᠲᠤᠯᠠᠭ᠎ᠠ ᠶᠢ ᠭᠤᠶᠤᠴᠢᠯᠠᠬᠤ ᠳᠤ᠂ ᠭᠡᠷ ᠪᠦᠯᠢ ᠪᠠᠷ ᠨᠢᠭᠡᠴᠡ ᠪᠤᠯᠭᠠᠨ᠂ | ᠬᠠᠮᠲᠤ ᠠᠮᠢᠳᠤᠷᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠨᠢ ᠡᠷᠦᠬᠡ ᠠᠮᠠ ᠶᠢᠨ ᠪᠠᠶᠢᠭ᠎ᠠ ᠭᠠᠵᠠᠷ ᠤᠨ ᠰᠤᠮᠤ | ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠭᠤᠶᠤᠴᠢᠯᠠᠯ ᠢᠶᠠᠨ ᠪᠢᠴᠢᠭ ᠢᠶᠠᠷ | ᠳᠤᠷᠠᠳᠪᠠᠯ ᠵᠤᠬᠢᠨ᠎ᠠ᠃ ᠭᠡᠷ ᠪᠦᠯᠢ ᠶᠢᠨ ᠪᠦᠷᠢᠯᠳᠦᠬᠦᠨ ᠭᠤᠶᠤᠴᠢᠯᠠᠯ ᠭᠠᠷᠭᠠᠬᠤ ᠳᠤ ᠬᠦᠴᠢᠷ ᠪᠡᠷᠬᠡᠰᠢᠶᠡᠯ ᠲᠠᠢ | ᠪᠠᠶᠢᠪᠠᠯ᠂ ᠭᠠᠴᠠᠭᠠᠨ ᠲᠤᠰᠬᠤᠨ ︵ᠰᠠᠭᠤᠭᠠᠯᠢ ᠠᠷᠠᠳ ᠤᠨ ᠵᠥᠪᠯᠡᠯ︶ ᠳᠤ ᠨᠠᠶᠢᠳᠠᠵᠤ ᠤᠷᠤᠯᠠᠭᠤᠯᠤᠨ ᠭᠤᠶᠤᠴᠢᠯᠠᠯ | ᠭᠠᠷᠭᠠᠵᠤ ᠪᠣᠯᠤᠨ᠎ᠠ᠃ ᠰᠤᠮᠤ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠤᠶᠤᠴᠢᠯᠠᠯ ᠢ ᠬᠦᠯᠢᠶᠡᠨ ᠠᠪᠴᠤ ᠰᠢᠢᠳᠪᠦᠷᠢᠯᠡᠬᠦ ᠶᠢᠨ | ᠬᠠᠮᠲᠤ ᠬᠡᠷᠡᠭᠰᠡᠬᠦ ᠮᠠᠲ᠋ᠧᠷᠢᠶᠠᠯ ᠢ ᠨᠢᠭᠡ ᠯᠡ ᠤᠳᠠᠭ᠎ᠠ ᠳᠤ ᠬᠡᠯᠡᠵᠤ ᠦᠭᠭᠦᠭᠰᠡᠨ ᠤ ᠳᠠᠷᠠᠭ᠎ᠠ᠂ ᠡᠷᠦᠭᠡ ᠳᠤ ᠨᠢ | ᠬᠦᠷᠴᠦ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠭᠤᠶᠤᠴᠢᠯᠠᠭᠴᠢ ᠶᠢᠨ ᠭᠡᠷ ᠪᠦᠯᠢ ᠶᠢᠨ ᠬᠥᠮᠦᠨ ᠠᠮᠠ ᠶᠢᠨ | ᠪᠠᠶᠢᠳᠠᠯ᠂ ᠣᠷᠣᠯᠭ᠎ᠠ ᠶᠢᠨ ᠪᠠᠶᠢᠳᠠᠯ᠂ ᠡᠳ᠋ ᠬᠦᠷᠦᠩᠭᠡ ᠶᠢᠨ ᠪᠠᠶᠢᠳᠠᠯ ᠢ ᠪᠠᠶᠢᠴᠠᠭᠠᠨ ᠬᠠᠷᠭᠤᠭᠤᠯᠤᠭᠠᠳ ᠠᠩᠬ᠎ᠠ | ᠬᠢᠨᠠᠭᠰᠠᠨ ᠰᠠᠨᠠᠯ ᠳᠤᠷᠠᠳᠬᠤ ᠶᠤᠰᠤᠲᠠᠢ᠃ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ ᠲᠤᠰᠬᠤᠨ᠂ ᠨᠡᠶᠢᠭᠡᠮ | ᠲᠣᠭᠤᠷᠢᠭ ᠠᠴᠠ ᠵᠠᠷᠯᠠᠭᠰᠠᠨ ᠤ ᠳᠠᠷᠠᠭ᠎ᠠ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠶᠠᠪᠤᠳᠠᠯ ᠤᠨ | ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃ ᠬᠤᠰᠢᠭᠤ ᠰᠢᠶᠠᠨ ︵ᠬᠤᠳᠠ᠂ ᠲᠣᠭᠤᠷᠢᠭ︶ ᠤ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠮᠠᠲ᠋ᠧᠷᠢᠶᠠᠯ ᠢ ᠬᠢᠨᠠᠨ ᠪᠠᠶᠢᠴᠠᠭᠠᠬᠤ᠂ ᠭᠡᠷ ᠪᠦᠯᠢ ᠶᠢᠨ ᠠᠵᠤ | ᠠᠬᠤᠢ ᠶᠢᠨ ᠪᠠᠶᠢᠳᠠᠯ ᠢ ᠬᠠᠷᠭᠤᠭᠤᠯᠬᠤ ᠪᠠ ᠡᠷᠦᠬᠡ ᠳᠤ ᠬᠦᠷᠴᠦ ᠰᠣᠩᠭᠤᠨ ᠪᠠᠶᠢᠴᠠᠭᠠᠬᠤ ᠪᠠᠷ ᠳᠠᠮᠵᠢᠭᠤᠯᠤᠨ᠂ | ᠨᠥᠬᠦᠴᠡᠯ ᠳᠤ ᠨᠡᠶᠢᠴᠡᠭᠰᠡᠨ ᠭᠤᠶᠤᠴᠢᠯᠠᠯ ᠢ ᠵᠦᠪᠰᠢᠶᠡᠷᠡᠬᠦ ᠶᠢᠨ ᠬᠠᠮᠲᠤ ᠭᠤᠶᠤᠴᠢᠯᠠᠭᠴᠢ ᠶᠢᠨ ᠪᠠᠶᠢᠭ᠎ᠠ ᠭᠠᠴᠠᠭ᠎ᠠ | ᠲᠤᠰᠬᠤᠨ᠂ ᠨᠡᠶᠢᠭᠡᠮ ᠲᠣᠭᠤᠷᠢᠭ ᠲᠤ ᠵᠠᠷᠯᠠᠨ᠎ᠠ︔ ᠨᠥᠬᠦᠴᠡᠯ ᠳᠤ ᠥᠯᠥ ᠨᠡᠶᠢᠴᠡᠬᠦ ᠭᠤᠶᠤᠴᠢᠯᠠᠯ ᠢ ᠦᠯᠦ | ᠵᠦᠪᠰᠢᠶᠡᠷᠡᠬᠦ ᠪᠥᠭᠡᠳ ᠤᠴᠢᠷ ᠰᠢᠯᠲᠠᠭᠠᠨ ᠢ ᠭᠤᠶᠤᠴᠢᠯᠠᠭᠴᠢ ᠳᠤ ᠪᠢᠴᠢᠭ ᠢᠶᠠᠷ ᠲᠤᠲᠤᠷᠬᠠᠶᠢᠯᠠᠵᠤ ᠦᠭᠭᠦᠨ᠎ᠡ᠃ | ᠬᠦᠴᠢᠷᠳᠡᠯ ᠲᠠᠢ ᠭᠡᠷ ᠪᠦᠯᠢ ᠶᠢᠨ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠠᠳ ᠭᠡᠷ ᠪᠦᠯᠢ ᠳᠤ ᠪᠠᠨ ᠲᠦᠰᠢᠭᠯᠡᠨ | ᠠᠮᠢᠳᠤᠷᠠᠵᠤ ᠪᠠᠶᠢᠭ᠎ᠠ ᠨᠠᠰᠤᠨ ᠳᠤ ᠬᠦᠷᠦᠭᠰᠡᠨ ᠬᠦᠨᠳᠦ ᠵᠡᠮᠳᠡᠭ ᠬᠦᠮᠦᠨ ᠢ ᠠᠰ ᠲᠤ ᠨᠢ ᠳᠠᠩᠰᠠᠨ ᠡᠷᠦᠬᠡ | ᠪᠠᠶᠢᠭᠤᠯᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠭᠤᠶᠤᠴᠢᠯᠠᠵᠤ ᠪᠤᠯᠤᠨ᠎ᠠ᠃ | ᠡᠭᠦᠨ ᠤ ᠬᠠᠮᠲᠤ ᠠᠷᠭ᠎ᠠ ᠳᠤ ᠪᠠᠰᠠ ᠲᠣᠭᠲᠠᠭᠠᠭᠰᠠᠨ ᠨᠢ᠂ ᠬᠥᠳᠡᠯᠮᠦᠷᠢᠯᠡᠬᠦ ᠴᠢᠳᠠᠪᠤᠷᠢ ᠦᠭᠡᠢ᠂ | ᠠᠮᠢᠳᠤᠷᠠᠯ ᠤᠨ ᠢᠷᠡᠯᠲᠡ ᠦᠭᠡᠶ ᠮᠦᠷᠲᠡᠭᠡᠨ ᠬᠠᠤᠯᠢ ᠪᠠᠷ ᠲᠤᠭᠲᠠᠭᠠᠭᠰᠠᠨ ᠠᠰᠠᠷᠠᠨ ᠲᠡᠵᠢᠭᠡᠬᠦ᠂ ᠦᠰᠭᠡᠨ | ᠪᠤᠶᠢᠵᠢᠭᠤᠯᠬᠤ᠂ ᠲᠡᠳᠭᠦᠨ ᠲᠡᠵᠢᠬᠡᠬᠦ ᠡᠭᠦᠷᠭᠡ ᠦᠭᠡᠢ ᠬᠦᠮᠦᠨ᠂ ᠡᠰᠡᠭᠦᠯ᠎ᠡ ᠲᠡᠭᠦᠨ ᠤ ᠬᠠᠤᠯᠢ ᠪᠠᠷ ᠲᠤᠭᠲᠠᠭᠠᠭᠰᠠᠨ | ᠠᠰᠠᠷᠠᠨ ᠲᠡᠵᠢᠬᠡᠬᠦ᠂ ᠦᠰᠭᠡᠨ ᠪᠤᠶᠢᠵᠢᠭᠤᠯᠬᠤ᠂ ᠲᠡᠳᠭᠦᠨ ᠲᠡᠵᠢᠬᠡᠬᠦ ᠡᠭᠦᠷᠭᠡ ᠲᠠᠢ ᠬᠦᠮᠦᠨ ᠨᠢ ᠠᠰᠠᠷᠠᠨ | ᠲᠡᠵᠢᠬᠡᠬᠦ᠂ ᠦᠰᠭᠡᠨ ᠪᠤᠶᠢᠵᠢᠭᠤᠯᠬᠤ᠂ ᠲᠡᠳᠭᠦᠨ ᠲᠡᠵᠢᠬᠡᠬᠦ ᠴᠢᠳᠠᠪᠤᠷᠢ ᠦᠭᠡᠢ ᠨᠠᠰᠤᠲᠠᠨ᠂ ᠵᠡᠮᠳᠡᠭ ᠬᠦᠮᠦᠨ᠂ | ᠪᠦᠬᠦᠯᠢ 16 ᠨᠠᠰᠤ ᠬᠦᠷᠦᠬᠡᠳᠤᠢ ᠨᠠᠰᠤᠨ ᠳᠤ ᠦᠯᠦ ᠬᠦᠷᠦᠭᠰᠡᠳ ᠪᠠᠶᠢᠪᠠᠯ ᠤᠨᠴᠠ ᠬᠦᠴᠢᠷᠳᠡᠯᠲᠠᠢ ᠬᠦᠮᠦᠨ ᠤ | ᠠᠰᠠᠷᠠᠮᠵᠢ ᠬᠦᠷᠲᠡᠭᠡᠨ᠎ᠡ᠃ ᠤᠨᠴᠠ ᠬᠦᠴᠢᠷᠳᠡᠯᠲᠠᠢ ᠬᠦᠮᠦᠨ ᠤ ᠠᠰᠠᠷᠠᠨ ᠲᠡᠵᠢᠬᠡᠬᠦ ᠠᠭᠤᠯᠭ᠎ᠠ ᠳᠤ ᠦᠨᠳᠦᠰᠤᠨ | ᠠᠮᠢᠳᠤᠷᠠᠯ ᠤᠨ ᠨᠦᠬᠦᠴᠡᠯ ᠬᠠᠨᠭ᠍ᠭᠠᠬᠤ ᠶᠢ ᠪᠠᠭᠲᠠᠭᠠᠨ᠎ᠠ᠃ ᠠᠮᠢᠳᠤᠷᠠᠯ ᠤᠨ ᠲᠠᠯ᠎ᠠ ᠪᠠᠷ ᠠᠮᠢᠨ ᠳᠠᠭᠠᠨ ᠵᠦᠪ ᠦᠭᠡᠢ | ᠬᠦᠮᠦᠨ ᠢ ᠬᠠᠷᠠᠭᠠᠯᠵᠠᠵᠤ᠂ ᠡᠪᠡᠳᠴᠢᠨ ᠡᠮᠭᠡᠭ ᠢ ᠨᠢ ᠡᠮᠨᠡᠨ ᠵᠠᠰᠠᠵᠤ᠂ ᠤᠷᠤᠰᠢᠭᠤᠯᠭ᠎ᠠ ᠶᠢᠨ ᠶᠠᠪᠤᠳᠠᠯ ᠢ | ᠪᠡᠶᠡᠯᠡᠬᠦᠵᠤ ᠦᠭᠭᠦᠨ᠎ᠡ᠃ ᠣᠨᠴᠠ ᠬᠦᠴᠢᠷᠳᠡᠯ ᠲᠠᠢ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ ᠡᠯ᠎ᠡ ᠭᠠᠵᠠᠷ | ᠣᠷᠣᠨ ᠲᠤᠰ ᠭᠠᠵᠠᠷ ᠤᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠲᠡᠭᠰᠢᠳᠬᠡᠭᠰᠡᠨ ᠬᠡᠷᠡᠭᠯᠡᠭᠡᠨ ᠤ ᠬᠢᠷᠢ | ᠬᠡᠮᠵᠢᠶ᠎ᠡ ᠪᠣᠯᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠬᠢᠨᠠᠭᠤᠯᠤᠨ ᠨᠡᠶᠢᠲᠡᠯᠡᠬᠦ ᠶᠢᠨ ᠬᠠᠮᠲᠤ | ᠴᠠᠭ ᠲᠤᠨᠢ ᠵᠤᠬᠢᠴᠠᠭᠤᠯᠤᠨ ᠲᠣᠬᠢᠷᠠᠭᠤᠯᠤᠯᠲᠠ ᠬᠢᠬᠦ ᠬᠡᠷᠡᠭᠲᠡᠶ᠃ ᠣᠨᠴᠠ ᠬᠦᠴᠢᠷᠳᠡᠯ ᠲᠠᠢ ᠠᠰᠠᠷᠠᠭᠳᠠᠭᠴᠢ ᠨᠢ | ᠲᠤᠬᠠᠢ ᠶᠢᠨ ᠭᠠᠵᠠᠷ ᠤᠨ ᠠᠰᠠᠷᠠᠨ ᠲᠡᠵᠢᠭᠡᠬᠦ ᠦᠢᠯᠡᠴᠢᠯᠡᠭᠡᠨ ᠤ ᠪᠠᠶᠢᠭᠤᠯᠤᠮᠵᠢ ᠳᠤ ᠲᠥᠪᠯᠡᠷᠡᠭᠦᠯᠦᠨ ᠠᠰᠠᠷᠠᠭᠤᠯᠬᠤ | ᠪᠤᠶᠤ ᠭᠡᠷ ᠲᠡᠭᠡᠨ ᠰᠠᠭᠤᠵᠤ ᠠᠰᠠᠷᠠᠭᠤᠯᠬᠤ ᠶᠢ ᠦᠪᠡᠰᠦᠪᠡᠨ ᠰᠣᠩᠭᠤᠵᠤ ᠪᠣᠯᠤᠨ᠎ᠠ ᠬᠡᠪᠡ᠃ | ᠡᠮ ᠡᠮᠨᠡᠯᠭᠡ ᠪᠤᠯᠤᠨ ᠣᠷᠣᠨ ᠰᠠᠭᠤᠴᠠ ᠶᠢᠨ ᠠᠪᠤᠷᠠᠨ ᠲᠤᠰᠠᠯᠠᠯᠲᠠ ᠶᠢ ᠭᠤᠶᠤᠴᠢᠯᠠᠵᠤ ᠪᠣᠯᠤᠨ᠎ᠠ | ᠠᠷᠭ᠎ᠠ ᠶᠢ ᠵᠢᠩᠬᠢᠨᠢ ᠪᠠᠷ ᠬᠡᠷᠡᠭᠵᠢᠭᠦᠯᠦᠭᠰᠡᠨ ᠤ ᠳᠠᠷᠠᠭ᠎ᠠ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ᠂ ᠣᠨᠴᠠ ᠬᠦᠴᠢᠷᠳᠡᠯ ᠲᠠᠢ ᠠᠰᠠᠷᠠᠭᠳᠠᠭᠴᠢ᠂ ᠳᠤᠤᠷ᠎ᠠ ᠣᠷᠣᠯᠭ᠎ᠠ | ᠲᠠᠢ ᠭᠡᠷ ᠪᠦᠯᠢ ᠶᠢᠨ ᠨᠠᠰᠤᠲᠠᠨ᠂ ᠨᠠᠰᠤᠨ ᠳᠤ ᠦᠯᠦ ᠬᠦᠷᠦᠭᠰᠡᠳ᠂ ᠬᠦᠨᠳᠦ ᠬᠡᠮᠵᠢᠶᠡᠨ ᠤ ᠵᠡᠮᠳᠡᠭ ᠬᠥᠮᠦᠨ ᠪᠤᠯᠤᠨ | ᠬᠦᠨᠳᠦ ᠡᠪᠡᠳᠴᠢᠲᠡᠨ ᠬᠢᠭᠡᠳ ᠶᠡᠭᠡ ᠬᠡᠮᠵᠢᠶᠡᠨ ᠤ ᠡᠮᠴᠢᠯᠡᠭᠡᠨ ᠤ ᠵᠠᠷᠤᠳᠠᠯ ᠭᠠᠷᠭᠠᠭᠰᠠᠨ᠂ ᠭᠡᠷ ᠪᠦᠯᠢ ᠶᠢᠨ | ᠳᠠᠭᠠᠭᠠᠴᠠ ᠠᠴᠠ ᠬᠡᠲᠦᠷᠡᠭᠰᠡᠨ᠂ ᠦᠨᠳᠦᠰᠦᠨ ᠠᠮᠢᠳᠤᠷᠠᠯ ᠳᠤ ᠨᠢ ᠬᠦᠨᠳᠦ ᠨᠣᠴᠢᠲᠠᠶ ᠬᠦᠴᠢᠷᠳᠡᠯ ᠭᠠᠷᠤᠭᠰᠠᠨ ᠭᠡᠷ | ᠪᠦᠯᠢ ᠶᠢᠨ ᠬᠦᠨᠳᠦ ᠡᠪᠡᠳᠴᠢᠲᠡᠨ ᠪᠤᠯᠤᠨ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠲᠣᠭᠲᠠᠭᠠᠭᠰᠠᠨ ᠪᠤᠰᠤᠳ ᠣᠨᠴᠠ ᠬᠦᠴᠢᠷᠳᠡᠯᠲᠡᠶ ᠬᠥᠮᠦᠰ ᠡᠮ ᠡᠮᠨᠡᠯᠭᠡ ᠶᠢᠨ ᠠᠪᠤᠷᠠᠨ ᠲᠤᠰᠠᠯᠠᠬᠤ | ᠭᠤᠶᠤᠴᠢᠯᠠᠯ ᠭᠠᠷᠭᠠᠵᠤ ᠪᠣᠯᠤᠨ᠎ᠠ᠃ | ᠠᠷᠭ᠎ᠠ ᠶᠢᠨ ᠲᠣᠭᠲᠠᠭᠠᠯ ᠶᠣᠰᠣᠭᠠᠷ᠂ ᠠᠪᠤᠷᠠᠨ ᠲᠤᠰᠠᠯᠠᠭᠳᠠᠭᠴᠢ ᠬᠤᠲᠠ ᠪᠠᠯᠭᠠᠰᠤᠨ ᠤ ᠰᠠᠭᠤᠭᠠᠯᠢ | ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠪᠤᠶᠤ ᠬᠥᠳᠡᠭᠡ ᠲᠣᠰᠬᠤᠨ ᠤ ᠰᠢᠨ᠎ᠡ ᠮᠠᠶ᠋ᠢᠭ ᠤᠨ | ᠬᠤᠷᠰᠢᠭᠰᠠᠨ ᠡᠮᠨᠡᠯᠭᠡ ᠳᠤ ᠲᠤᠰᠢᠶᠠᠬᠤ ᠬᠤᠪᠢ ᠬᠥᠮᠦᠨ ᠤ ᠰᠦᠢᠳᠭᠡᠯ ᠤᠨ ᠬᠡᠰᠡᠭ ᠢ ᠨᠦᠬᠦᠪᠦᠷᠢᠯᠡᠵᠤ ᠦᠭᠭᠦᠨ᠎ᠡ᠃ | ᠠᠪᠤᠷᠠᠨ ᠲᠤᠰᠠᠯᠠᠭᠳᠠᠭᠴᠢ ᠡᠮ ᠡᠮᠨᠡᠯᠭᠡ ᠶᠢᠨ ᠦᠨᠳᠦᠰᠦᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠣᠯᠤᠨ | ᠪᠤᠰᠤᠳ ᠨᠥᠬᠦᠪᠥᠷᠢ ᠡᠮᠴᠢᠯᠡᠭᠡᠨ ᠤ ᠳᠠᠭᠠᠳᠬᠠᠯ ᠲᠤᠰᠢᠶᠠᠭᠰᠠᠨ ᠤ ᠲᠠᠷᠠᠭ᠎ᠠ᠂ ᠬᠤᠪᠢ ᠬᠥᠮᠦᠨ ᠵᠢᠴᠢ ᠲᠡᠭᠦᠨ ᠤ | ᠭᠡᠷ ᠪᠦᠯᠢ ᠨᠢ ᠡᠭᠦᠷᠭᠡᠯᠡᠵᠤ ᠳᠡᠶᠢᠯᠬᠦ ᠦᠭᠡᠢ ᠪᠦᠭᠡᠳ ᠲᠣᠭᠲᠠᠭᠠᠯ ᠳᠤ ᠨᠡᠶᠢᠴᠡᠬᠦ ᠦᠨᠳᠦᠰᠦᠨ ᠡᠮ ᠡᠮᠨᠡᠯᠭᠡ ᠶᠢᠨ | ᠦᠪᠡᠷ ᠢᠶᠠᠨ ᠬᠠᠷᠢᠭᠤᠴᠠᠬᠤ ᠶᠤᠰᠤᠲᠠᠢ ᠵᠠᠷᠤᠳᠠᠯ ᠳᠤ ᠨᠢ ᠨᠥᠬᠦᠪᠥᠷᠢ ᠮᠥᠩᠭᠦ ᠦᠭᠭᠦᠨ᠎ᠡ᠃ ᠠᠪᠤᠷᠠᠨ | ᠲᠤᠰᠠᠯᠠᠭᠳᠠᠭᠴᠢ ᠳᠠᠬᠢ ᠤᠷᠲᠤ ᠬᠤᠭᠤᠴᠠᠭ᠎ᠠ ᠪᠠᠷ ᠡᠮ ᠲᠠᠩ ᠬᠡᠷᠡᠭᠰᠡᠨ ᠠᠷᠭᠠᠴᠠᠭᠠᠵᠤ ᠪᠠᠶᠢᠭ᠎ᠠ ᠤᠵᠢᠭ | ᠡᠪᠡᠳᠴᠢᠨ᠂ ᠬᠦᠨᠳᠦ ᠣᠨᠴᠠ ᠶᠡᠭᠡ ᠡᠪᠡᠳᠴᠢᠨ ᠡᠮᠭᠡᠭ ᠲᠠᠢ ᠡᠪᠡᠳᠴᠢᠲᠡᠨ ᠳᠤ ᠡᠭᠦᠳᠡᠨ ᠡᠮᠨᠡᠯᠭᠡ ᠶᠢᠨ ᠠᠪᠤᠷᠠᠨ | ᠲᠤᠰᠠᠯᠠᠮᠵᠢ ᠥᠭᠭᠦᠨ᠎ᠡ᠃ ᠡᠮᠨᠡᠯᠭᠡ ᠶᠢᠨ ᠠᠪᠤᠷᠠᠨ ᠲᠤᠰᠠᠯᠠᠭᠳᠠᠭᠴᠢ ᠲᠣᠭᠲᠠᠭᠰᠠᠨ ᠴᠢᠬ ᠪᠦᠬᠦᠢ ᠡᠮᠨᠡᠯᠭᠡ ᠶᠢᠨ | ᠪᠠᠶᠢᠭᠤᠯᠤᠮᠵᠢ ᠳᠤ ᠡᠮᠨᠡᠭᠦᠯᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠡᠭᠦᠳᠡᠨ ᠡᠮᠨᠡᠯᠭᠡ ᠶᠢᠨ ᠳ᠋ᠤᠭᠠᠷᠯᠠᠬᠤ | ᠵᠠᠷᠤᠳᠠᠯ᠂ ᠡᠮᠨᠡᠬᠦ ᠵᠠᠷᠤᠳᠠᠯ᠂ ᠡᠮᠴᠢᠯᠡᠭᠡ ᠶᠢᠨ ᠲᠥᠬᠦᠭᠡᠷᠦᠮᠵᠢ ᠶᠢᠨ ᠰᠢᠯᠭᠠᠨ ᠪᠠᠶᠢᠴᠠᠭᠠᠬᠤ ᠵᠠᠷᠤᠳᠠᠯ᠂ ᠡᠮᠨᠡᠯᠭᠡ ᠳᠤ | ᠰᠠᠭᠤᠬᠤ ᠣᠷᠣ ᠶᠢᠨ ᠵᠠᠷᠤᠳᠠᠯ ᠵᠡᠷᠭᠡ ᠶᠢ ᠬᠥᠩᠭᠡᠯᠡᠵᠦ ᠬᠡᠯᠲᠦᠷᠢᠭᠦᠯᠬᠦ ᠬᠠᠷᠠᠭᠠᠯᠵᠠᠯ ᠦᠵᠡᠭᠦᠯᠦᠨ᠎ᠡ᠃ ᠡᠮᠨᠡᠯᠭᠡ ᠶᠢᠨ | ᠠᠪᠤᠷᠠᠨ ᠲᠤᠰᠠᠯᠠᠬᠤ ᠪᠠᠷᠢᠮᠵᠢᠶ᠎ᠠ ᠶᠢ ᠡᠯ᠎ᠡ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢᠨ | ᠪᠠᠶᠢᠳᠠᠯ ᠢ ᠦᠨᠳᠦᠰᠦᠯᠡᠨ ᠲᠤᠭᠲᠠᠭᠠᠨ ᠨᠡᠶᠢᠲᠡᠯᠡᠨ᠎ᠡ᠃ | ᠡᠭᠦᠨ ᠠᠴᠠ ᠭᠠᠳᠠᠨ᠎ᠠ᠂ ᠠᠷᠭ᠎ᠠ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠪᠣᠯᠤᠨ ᠶᠠᠳᠠᠭᠤ | ᠬᠦᠴᠢᠷᠳᠡᠯᠲᠡᠢ ᠬᠥᠮᠦᠨ ᠤ ᠣᠷᠣᠨ ᠰᠠᠭᠤᠴᠠ ᠶᠢᠨ ᠠᠪᠤᠷᠠᠨ ᠲᠤᠰᠠᠯᠠᠬᠤ ᠲᠠᠯ᠎ᠠ ᠪᠠᠷ ᠲᠤᠲᠤᠷᠬᠠᠢ ᠲᠤᠭᠲᠠᠭᠠᠭᠰᠠᠨ | ᠨᠢ᠂ ᠤᠯᠤᠰ ᠠᠴᠠ ᠪᠠᠷᠢᠮᠵᠢᠶ᠎ᠠ ᠳᠤ ᠨᠡᠶᠢᠴᠡᠭᠰᠡᠨ ᠣᠷᠣᠨ ᠰᠠᠭᠤᠴᠠ ᠶᠢᠨ ᠬᠦᠴᠢᠷᠳᠡᠯ ᠲᠠᠢ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠂ ᠬᠡᠷ ᠡᠷᠦᠬᠡ ᠳᠤ ᠨᠢ ᠰᠠᠭᠤᠯᠭᠠᠨ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠶ ᠬᠥᠮᠦᠰ ᠲᠤ ᠣᠷᠣᠨ ᠰᠠᠭᠤᠴᠠ ᠶᠢᠨ ᠲᠤᠰᠠᠯᠠᠮᠵᠢ ᠦᠭᠭᠦᠨ᠎ᠡ᠃ ᠤᠷᠤᠨ ᠰᠠᠭᠤᠴᠠ ᠶᠢᠨ ᠠᠪᠤᠷᠠᠨ | ᠲᠤᠰᠠᠯᠠᠯᠲᠠ ᠶᠢ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠲᠦᠷᠢᠶᠡᠰᠦᠯᠡᠭᠦᠯᠬᠦ᠂ ᠣᠷᠣᠨ ᠰᠠᠭᠤᠴᠠ | ᠲᠦᠷᠢᠶᠡᠰᠦᠯᠡᠬᠦ ᠨᠥᠬᠦᠪᠥᠷᠢ ᠤᠯᠭᠤᠬᠤ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ | ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠡᠷᠡᠭᠵᠢᠬᠦᠯᠦᠨ᠎ᠡ᠃ ᠣᠷᠣᠨ ᠰᠠᠭᠤᠴᠠ ᠶᠢᠨ | ᠬᠦᠴᠢᠷᠳᠡᠯ ᠤᠨ ᠪᠠᠷᠢᠮᠵᠢᠶ᠎ᠠ ᠪᠠ ᠠᠪᠤᠷᠠᠨ ᠲᠤᠰᠠᠯᠠᠬᠤ ᠪᠠᠷᠢᠮᠵᠢᠶ᠎ᠠ ᠶᠢ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ᠂ | ᠣᠷᠣᠨ ᠰᠠᠭᠤᠴᠠ ᠶᠢᠨ ᠦᠨ᠎ᠡ ᠬᠠᠩᠰᠢ ᠶᠢᠨ ᠬᠢᠷᠢ ᠲᠦᠪᠰᠢᠨ ᠵᠡᠷᠭᠡ ᠡᠯᠧᠮᠧᠨ᠋ᠲ ᠢ ᠦᠨᠳᠦᠰᠦᠯᠡᠨ ᠲᠤᠭᠲᠠᠭᠠᠨ | ᠨᠡᠶᠢᠲᠡᠯᠡᠨ᠎ᠡ ᠬᠡᠪᠡ᠃ | ᠰᠤᠷᠭᠠᠨ ᠬᠥᠮᠦᠵᠢᠯ ᠤᠨ ᠠᠪᠤᠷᠠᠨ ᠲᠤᠰᠠᠯᠠᠯᠲᠠ ᠪᠠ ᠠᠵᠢᠯ ᠤᠯᠭᠤᠵᠤ ᠠᠳᠠᠯ ᠦᠢᠯᠡᠰ ᠴᠤᠭᠴᠠᠯᠠᠬᠤ | ᠲᠤᠰᠠᠯᠠᠮᠵᠢ ᠦᠵᠡᠭᠦᠯᠦᠨ᠎ᠡ | ᠠᠷᠭ᠎ᠠ ᠳᠤ ᠲᠣᠭᠲᠠᠭᠠᠭᠰᠠᠨ ᠨᠢ᠂ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠣᠨ ᠨᠤᠭᠤᠳ ᠰᠤᠷᠭᠠᠨ ᠬᠥᠮᠦᠵᠢᠯ ᠤᠨ ᠠᠪᠤᠷᠠᠨ ᠲᠤᠰᠠᠯᠠᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠪᠠᠶᠢᠭ᠎ᠠ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠪᠦᠷᠢᠯᠳᠦᠬᠦᠨ᠂ ᠣᠨᠴᠠ ᠬᠦᠴᠢᠷᠳᠡᠯᠲᠡᠶ | ᠠᠰᠠᠷᠠᠭᠳᠠᠭᠴᠢ ᠳᠤ ᠰᠤᠷᠭᠠᠨ ᠬᠥᠮᠦᠵᠢᠯ ᠤᠨ ᠲᠤᠰᠠᠯᠠᠮᠵᠢ ᠤᠯᠭᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ᠂ ᠥᠨᠳᠥᠷ ᠵᠡᠷᠭᠡ ᠶᠢᠨ ᠳᠤᠮᠳᠠᠲᠤ ᠰᠤᠷᠭᠠᠭᠤᠯᠢ ᠶᠢᠨ ᠰᠤᠷᠭᠠᠨ ᠬᠥᠮᠦᠵᠢᠯ ︵ᠳᠤᠮᠳᠠ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠠᠭᠲᠠᠨ᠎ᠠ︶᠂ ᠡ᠊ᠩ ᠤᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠱᠠᠲᠤᠨ ᠤ ᠰᠤᠷᠭᠠᠭᠤᠯᠢ ᠳᠤ ᠣᠷᠣᠬᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ | ᠪᠦᠷᠢᠯᠳᠦᠬᠦᠨ᠂ ᠣᠨᠴᠠ ᠬᠦᠴᠢᠷᠳᠡᠯᠲᠡᠶ ᠠᠰᠠᠷᠠᠭᠳᠠᠭᠴᠢ᠂ ᠵᠢᠴᠢ ᠰᠤᠷᠭᠠᠭᠤᠯᠢ ᠳᠤ ᠣᠷᠣᠵᠤ ᠠᠯᠪᠠᠨ ᠵᠢᠷᠤᠮ ᠤᠨ | ᠰᠤᠷᠭᠠᠨ ᠬᠥᠮᠦᠵᠢᠯ ᠬᠦᠷᠲᠡᠵᠦ ᠳᠡᠶᠢᠯᠬᠦ ᠦᠭᠡᠶ ᠵᠡᠮᠳᠡᠭ ᠬᠡᠦᠬᠡᠳ ᠲᠤ ᠪᠣᠳᠠᠲᠤ ᠪᠠᠶᠢᠳᠠᠯ ᠢ ᠦᠨᠳᠦᠰᠦᠯᠡᠨ ᠵᠣᠬᠢᠬᠤ | ᠰᠤᠷᠭᠠᠨ ᠬᠥᠮᠦᠵᠢᠯ ᠤᠨ ᠲᠤᠰᠠᠯᠠᠮᠵᠢ ᠦᠵᠡᠭᠦᠯᠦᠨ᠎ᠡ ᠬᠡᠪᠡ᠃ | ᠠᠷᠭ᠎ᠠ ᠳᠤ ᠪᠠᠰᠠ ᠲᠤᠲᠤᠷᠬᠠᠢ ᠲᠤᠭᠲᠠᠭᠠᠭᠰᠠᠨ ᠨᠢ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠭᠡᠷ ᠪᠦᠯᠢ ᠳᠤ ᠪᠠᠶᠢᠭ᠎ᠠ ᠬᠠᠤᠯᠢ ᠪᠠᠷ ᠲᠣᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ ᠬᠥᠳᠡᠯᠮᠦᠷᠢᠯᠡᠬᠦ ᠴᠢᠳᠠᠪᠤᠷᠢ | ᠲᠠᠢ᠂ ᠠᠵᠢᠯ ᠤᠯᠬᠤ ᠬᠦᠰᠡᠯ ᠲᠠᠢ ᠪᠥᠭᠡᠳ ᠠᠵᠢᠯ ᠠᠯᠳᠠᠭᠰᠠᠨ ᠪᠠᠶᠢᠳᠠᠯ ᠲᠠᠢ ᠪᠦᠷᠢᠯᠳᠦᠭᠦᠨ ᠨᠢ ᠥᠪᠡᠷᠲᠡᠭᠡᠨ | ᠵᠠᠰᠠᠬᠤ ᠣᠷᠣᠨ ᠤ ᠠᠵᠢᠯ ᠤᠯᠭᠤᠵᠤ ᠠᠳᠠᠯ ᠴᠤᠭᠴᠠᠯᠠᠬᠤ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠳᠤ | ᠨᠡᠶᠢᠴᠡᠵᠤ ᠪᠠᠶᠢᠪᠠᠯ᠂ ᠲᠣᠭᠲᠠᠭᠠᠯ ᠶᠣᠰᠣᠭᠠᠷ ᠠᠳᠠᠯ ᠴᠤᠭᠴᠠᠯᠠᠬᠤ ᠪᠠᠲᠤᠯᠠᠭᠠᠲᠤ ᠵᠢᠭᠡᠯᠡᠯᠭᠡ᠂ ᠨᠡᠶᠢᠭᠡᠮ ᠤᠨ | ᠳᠠᠭᠠᠳᠬᠠᠯ ᠤᠨ ᠨᠦᠬᠦᠪᠦᠷᠢ᠂ ᠪᠣᠯᠪᠠᠰᠤᠷᠠᠯ ᠤᠨ ᠨᠥᠬᠦᠪᠥᠷᠢ᠂ ᠭᠠᠢᠯᠢ ᠰᠦᠢᠳᠬᠡᠯ ᠢ ᠬᠥᠩᠭᠡᠷᠡᠭᠦᠯᠦᠨ ᠬᠡᠯᠲᠦᠷᠢᠭᠦᠯᠬᠦ | ᠵᠡᠷᠭᠡ ᠠᠵᠢᠯ ᠤᠯᠭᠤᠵᠤ ᠠᠳᠠᠯ ᠴᠤᠭᠴᠠᠯᠠᠬᠤ ᠲᠤᠰᠠᠯᠠᠮᠵᠢ ᠦᠵᠡᠭᠦᠯᠵᠤ ᠪᠤᠯᠤᠨ᠎ᠠ᠃ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠳᠤ ᠪᠠᠶᠢᠭ᠎ᠠ ᠬᠠᠤᠯᠢ ᠪᠠᠷ ᠲᠤᠭᠲᠠᠭᠠᠭᠰᠠᠨ ᠬᠥᠳᠡᠯᠮᠦᠷᠢᠯᠡᠬᠦ ᠨᠠᠰᠤᠨ ᠳᠠᠬᠢ | ᠬᠥᠳᠡᠯᠮᠦᠷᠢᠯᠡᠬᠦ ᠴᠢᠳᠠᠪᠤᠷᠢ ᠲᠠᠢ ᠪᠦᠷᠢᠯᠳᠦᠬᠦᠨ ᠨᠢ ᠠᠵᠢᠯ ᠠᠯᠳᠠᠭᠰᠠᠨ ᠪᠠᠶᠢᠳᠠᠯ ᠲᠠᠢ ᠪᠠᠶᠢᠪᠠᠯ ᠨᠡᠶᠢᠲᠡ ᠶᠢᠨ ᠠᠵᠢᠯ | ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠳᠤ ᠠᠵᠢᠯ ᠠᠯᠳᠠᠭᠰᠠᠨ ᠳᠠᠩᠰᠠᠯᠠᠯᠲᠠ ᠬᠢᠯᠭᠡᠭᠰᠡᠨ ᠤ ᠬᠠᠮᠲᠤ ᠠᠵᠢᠯ | ᠣᠯᠤᠭᠰᠠᠨ ᠦᠭᠡᠢ ᠭᠡᠷ ᠪᠦᠯᠢ ᠪᠠᠷ ᠮᠡᠳᠡᠭᠦᠯᠦᠨ ᠦᠨᠡᠮᠰᠢᠭᠦᠯᠦᠭᠰᠡᠨ ᠪᠠᠶᠢᠪᠠᠯ᠂ ᠬᠤᠰᠢᠭᠤ ᠰᠢᠶᠠᠨ ᠤ ᠱᠠᠲᠤᠨ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠤᠭᠤᠳ ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠠᠪᠴᠤ᠂ ᠡᠨᠡ | ᠬᠦ ᠭᠡᠷ ᠪᠦᠯᠢ ᠳᠤ ᠶᠠᠳᠠᠬᠤ ᠳᠠᠭᠠᠨ 1 ᠬᠥᠮᠦᠨ ᠳᠤ ᠨᠢ ᠠᠵᠢᠯ ᠤᠯᠭᠤᠨ᠎ᠠ᠃ ᠠᠵᠢᠯ ᠣᠯᠭᠤᠯᠲᠠ ᠶᠢ | ᠪᠡᠶᠡᠯᠡᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠭᠰᠡᠳ ᠤᠨ ᠭᠡᠷ ᠪᠦᠯᠢ ᠶᠢᠨ ᠬᠢᠨᠢ | ᠣᠷᠣᠯᠭ᠎ᠠ ᠶᠢᠨ ᠲᠣᠭᠠᠴᠠᠭ᠎ᠠ ᠬᠢᠬᠦ ᠦᠶ᠎ᠡ ᠳᠤ ᠴᠢᠬᠤᠯᠠ ᠪᠦᠬᠦᠢ ᠠᠵᠢᠯ ᠤᠯᠤᠭᠰᠠᠨ ᠦᠪᠡᠷ ᠤᠨ ᠥᠷᠲᠡᠭ ᠢ ᠨᠢ | ᠬᠠᠰᠤᠵᠤ ᠪᠤᠯᠤᠨ᠎ᠠ ᠬᠡᠪᠡ᠃ | ᠳᠣᠲᠣᠭᠠᠳᠤ ᠶᠢ ᠬᠠᠮᠠᠭᠠᠯᠠᠬᠤ ᠬᠤᠲᠠ ᠶᠢᠨ ᠬᠠᠮᠢᠶᠠᠷᠤᠯᠲᠠ ᠶᠢᠨ ᠬᠢᠨ ᠲᠡᠨᠦᠭᠦᠴᠢᠯᠡᠨ ᠭᠤᠶᠢᠷᠠᠨᠴᠢ ᠶᠢ | ᠡᠷᠬᠡᠪᠰᠢ ᠰᠠᠨᠠᠭᠠᠴᠢᠯᠠᠭ᠎ᠠ ᠲᠠᠢ ᠪᠠᠷ ᠲᠤᠰᠠᠯᠠᠬᠤ ᠶᠤᠰᠤᠲᠠᠢ | ᠠᠷᠭ᠎ᠠ ᠳᠤ ᠲᠣᠭᠲᠠᠭᠠᠭᠰᠠᠨ ᠶᠣᠰᠣᠭᠠᠷ᠂ ᠭᠠᠯ ᠤᠨ ᠠᠶᠤᠯ᠂ ᠵᠠᠮ ᠬᠠᠷᠢᠯᠴᠠᠭᠠᠨ ᠤ ᠠᠳᠡᠭᠳᠡᠯ ᠵᠡᠷᠭᠡ | ᠰᠠᠨᠠᠭᠠᠨ ᠳᠤ ᠦᠭᠡᠶ ᠬᠡᠷᠡᠭ ᠭᠠᠷᠤᠭᠰᠠᠨ᠂ ᠭᠡᠷ ᠪᠦᠯᠢ ᠶᠢᠨ ᠪᠦᠷᠢᠯᠳᠦᠬᠦᠨ ᠨᠢ ᠭᠡᠨᠡᠳᠲᠡ ᠶᠢᠨ ᠬᠦᠨᠳᠦ ᠶᠡᠭᠡ | ᠡᠪᠡᠳᠴᠢᠨ ᠡᠮᠭᠡᠭ ᠲᠤ ᠨᠡᠷᠪᠡᠭᠳᠡᠭᠰᠡᠨ ᠵᠡᠷᠭᠡ ᠰᠢᠯᠲᠠᠭᠠᠨ ᠠᠴᠠ ᠪᠣᠯᠵᠤ ᠦᠨᠳᠦᠰᠦᠨ ᠠᠮᠢᠳᠤᠷᠠᠯ ᠳᠤ ᠨᠢ ᠲᠦᠷ ᠴᠠᠭ | ᠬᠦᠨᠳᠦ ᠬᠦᠴᠢᠷᠳᠡᠯ ᠤᠴᠠᠷᠠᠭᠰᠠᠨ ᠭᠡᠷ ᠪᠦᠯᠢ᠂ ᠡᠰᠡᠬᠦᠯ᠎ᠡ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠠᠷᠤᠯᠭ᠎ᠠ ᠨᠢ | ᠭᠡᠨᠡᠳᠲᠡ ᠭᠡᠷ ᠪᠦᠯᠢ ᠶᠢᠨ ᠳᠠᠭᠠᠭᠠᠬᠤ ᠴᠢᠳᠠᠪᠤᠷᠢ ᠠᠴᠠ ᠬᠡᠲᠦᠷᠡᠭᠰᠡᠨ ᠠᠴᠠ ᠪᠣᠯᠵᠤ ᠦᠨᠳᠦᠰᠦᠨ ᠠᠮᠢᠳᠤᠷᠠᠯ ᠳᠤ ᠨᠢ | ᠲᠦᠷ ᠴᠠᠭ ᠬᠦᠨᠳᠦ ᠪᠡᠷᠬᠡᠰᠢᠶᠡᠯ ᠲᠤᠯᠭᠠᠷᠠᠭᠰᠠᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠷ ᠪᠦᠯᠢ᠂ | ᠵᠢᠴᠢ ᠪᠤᠰᠤᠳ ᠣᠨᠴᠠᠭᠠᠶ ᠬᠦᠴᠢᠷᠳᠡᠯ ᠲᠤᠯᠭᠠᠷᠠᠭᠰᠠᠨ ᠭᠡᠷ ᠪᠦᠯᠢ ᠨᠢ ᠴᠥᠮ ᠲᠦᠷ ᠴᠠᠭ ᠤᠨ ᠲᠤᠰᠠᠯᠠᠮᠵᠢ | ᠭᠤᠶᠤᠴᠢᠯᠠᠵᠤ ᠪᠣᠯᠤᠨ᠎ᠠ᠃ ᠲᠦᠷ ᠴᠠᠭ ᠤᠨ ᠲᠤᠰᠠᠯᠠᠮᠵᠢ ᠶᠢᠨ ᠪᠣᠳᠠᠲᠠᠢ ᠵᠦᠢᠯᠡᠰ ᠪᠤᠯᠤᠨ ᠪᠠᠷᠢᠮᠵᠢᠶ᠎ᠠ ᠶᠢ ᠡᠯ᠎ᠡ | ᠭᠠᠵᠠᠷ ᠣᠷᠣᠨ ᠲᠤᠰᠠᠯᠠᠭᠤᠯᠤᠭᠴᠢ ᠶᠢᠨ ᠬᠦᠴᠢᠷ ᠪᠡᠷᠬᠡᠰᠢᠶᠡᠯ ᠤᠨ ᠲᠥᠷᠥᠯ ᠵᠦᠢᠯ᠂ ᠬᠦᠴᠢᠷ ᠤᠨ ᠬᠡᠮᠵᠢᠶ᠎ᠡ ᠶᠢ | ᠦᠨᠳᠦᠰᠦᠯᠡᠨ᠂ ᠨᠡᠶᠢᠭᠡᠮ ᠤᠨ ᠠᠪᠤᠷᠠᠨ ᠲᠤᠰᠠᠯᠠᠬᠤ ᠪᠤᠰᠤᠳ ᠳᠦᠷᠢᠮ ᠤᠨ ᠪᠠᠲᠤᠯᠠᠬᠤ ᠬᠢᠷᠢ ᠬᠡᠮᠵᠢᠶ᠎ᠡ ᠶᠢ | ᠨᠢᠭᠡᠳᠦᠯᠲᠡᠶ ᠲᠥᠯᠥᠪᠯᠡᠨ ᠪᠤᠳᠤᠯᠬᠢᠯᠠᠭᠰᠠᠨ ᠤ ᠳᠠᠷᠠᠭ᠎ᠠ ᠲᠤᠭᠲᠠᠭᠠᠬᠤ ᠶᠢᠨ ᠬᠠᠮᠲᠤ ᠵᠢᠯ ᠳᠠᠷᠠᠭᠠᠯᠠᠨ | ᠲᠣᠬᠢᠷᠠᠭᠤᠯᠤᠯᠲᠠ ᠬᠢᠨ᠎ᠡ᠃ | ᠠᠷᠭ᠎ᠠ ᠳᠤ ᠲᠤᠭᠲᠠᠭᠠᠭᠰᠠᠨ ᠨᠢ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠵᠢᠴᠢ ᠲᠡᠭᠦᠨ ᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠨᠢ | ᠰᠠᠶᠢᠨ ᠳᠤᠷ᠎ᠠ ᠠᠴᠠ ᠪᠠᠨ ᠪᠠᠶᠢᠬᠤ᠂ ᠦᠨ᠎ᠡ ᠲᠥᠯᠥᠪᠦᠷᠢ ᠦᠭᠡᠶ ᠪᠠᠷ ᠠᠪᠤᠷᠠᠨ ᠲᠤᠰᠠᠯᠠᠬᠤ ᠵᠠᠷᠴᠢᠮ ᠢ | ᠪᠠᠷᠢᠮᠲᠠᠯᠠᠵᠤ᠂ ᠲᠡᠨᠦᠭᠦᠯᠴᠢᠨ ᠭᠤᠶᠢᠷᠠᠨᠴᠢ ᠳᠤ ᠲᠦᠷ ᠴᠠᠭ ᠤᠨ ᠬᠤᠭᠤᠯᠠ ᠤᠮᠳᠠ᠂ ᠲᠦᠷᠭᠡᠨ ᠡᠪᠡᠳᠴᠢᠨ ᠢ | ᠠᠪᠤᠷᠠᠨ ᠵᠠᠰᠠᠬᠤ᠂ ᠬᠠᠮᠵᠢᠨ ᠬᠠᠷᠢᠭᠤᠯᠬᠤ ᠵᠡᠷᠭᠡ ᠠᠪᠤᠷᠠᠨ ᠲᠤᠰᠠᠯᠠᠯᠲᠠ ᠬᠠᠨᠭ᠍ᠭᠠᠬᠤ ᠶᠤᠰᠤᠲᠠᠢ᠃ | ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ᠂ ᠬᠤᠲᠠ ᠶᠢᠨ ᠬᠠᠮᠢᠶᠠᠷᠤᠯᠲᠠ ᠪᠣᠯᠤᠨ ᠪᠤᠰᠤᠳ ᠬᠤᠯᠪᠣᠭᠳᠠᠯ ᠪᠦᠬᠦᠢ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠠᠯᠪᠠᠨ ᠶᠠᠪᠤᠳᠠᠯ ᠢ ᠭᠦᠢᠴᠡᠳᠬᠡᠬᠦ ᠦᠶ᠎ᠡ ᠳᠤ ᠲᠡᠨᠦᠭᠦᠯᠴᠢᠨ᠂ | ᠭᠤᠶᠢᠷᠠᠨᠴᠢ ᠶᠢ ᠣᠯᠵᠤ ᠮᠡᠳᠡᠪᠡᠯ᠂ ᠠᠪᠤᠷᠠᠨ ᠲᠤᠰᠠᠯᠠᠬᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠰᠠᠯᠠᠮᠵᠢ | ᠭᠤᠶᠤᠴᠢᠯᠠᠵᠤ ᠪᠤᠯᠬᠤ ᠶᠢ ᠲᠡᠳᠡᠨ ᠳᠤ ᠭᠡᠯᠡᠵᠤ ᠦᠭᠭᠦ ᠶᠤᠰᠤᠲᠠᠢ᠃ ᠲᠡᠭᠦᠨ ᠤ ᠳᠣᠲᠣᠷᠠᠬᠢ ᠵᠡᠮᠳᠡᠭᠴᠦᠳ᠂ | ᠨᠠᠰᠤᠨ ᠳᠤ ᠦᠯᠦ ᠬᠦᠷᠦᠭᠰᠡᠳ᠂ ᠨᠠᠰᠤᠲᠠᠨ ᠦᠳᠡᠭᠦᠰ᠂ ᠬᠥᠳᠡᠯᠵᠦ ᠪᠠᠷᠢᠬᠤ ᠳᠤ ᠳᠥᠭᠦᠮ ᠦᠭᠡᠢ ᠪᠠ ᠪᠤᠰᠤᠳ | ᠣᠨᠴᠠᠭᠠᠢ ᠬᠦᠴᠢᠷᠳᠡᠯᠲᠡᠢ ᠬᠥᠮᠦᠰ ᠢ ᠬᠦᠲᠦᠯᠦᠨ ᠬᠠᠷᠠᠭᠠᠯᠵᠠᠵᠤ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠪᠠᠶᠢᠭᠤᠯᠤᠮᠵᠢ ᠳᠤ ᠬᠦᠷᠭᠡᠬᠦ ᠶᠤᠰᠤᠲᠠᠢ︔ ᠭᠡᠨᠡᠳᠲᠡ ᠶᠢᠨ ᠲᠦᠷᠭᠡᠨ ᠡᠪᠡᠳᠴᠢᠨ ᠲᠠᠢ ᠬᠥᠮᠦᠨ ᠢ ᠲᠦᠷᠭᠡᠨ | ᠠᠪᠤᠷᠠᠬᠤ ᠪᠠᠶᠢᠭᠤᠯᠤᠮᠵᠢ ᠳᠤ ᠪᠠᠷᠢᠨ ᠳᠤᠤᠷ᠎ᠠ ᠪᠠᠨ ᠮᠡᠳᠡᠭᠳᠡᠨ ᠠᠪᠤᠷᠠᠨ ᠲᠤᠰᠠᠯᠠᠬᠤ ᠶᠤᠰᠤᠲᠠᠢ ᠭᠡᠪᠡ᠃ |