ᠦᠪᠦᠷ ᠮᠤᠩᠭᠤᠯ ᠡᠰ ᠤᠨ ᠠᠮᠢᠳᠤ ᠪᠣᠳᠠᠰ ᠤᠨ ᠡᠭᠡᠯᠢᠯᠡᠭᠡ ᠵᠠᠰᠠᠯ ᠤᠨ ᠠᠩᠬᠠᠳᠠᠭᠴᠢ ᠲᠥᠪ ᠫᠠᠶᠢᠰᠠ ᠎ ᠪᠠᠨ ᠡᠯᠭᠦᠪᠡ
ᠨᠡᠶᠢᠲᠡᠯᠡᠭᠰᠡᠨ ᠴᠠᠭ᠄
2015/10/22
      10 ᠰᠠᠷ᠎ᠠ ᠶᠢᠨ 21 ᠎ ᠤ ᠡᠳᠦᠷ᠂ ᠦᠪᠦᠷ ᠮᠤᠩᠭᠤᠯ ᠤᠨ ᠡᠮᠨᠡᠯᠭᠡ ᠶᠢᠨ ᠶᠡᠭᠡ ᠰᠤᠷᠭᠠᠭᠤᠯᠢ ᠶᠢᠨ ᠬᠠᠪᠤᠳᠠᠷ ᠡᠪᠡᠳᠴᠢᠨ ᠰᠤᠳᠣᠯᠤᠨ ᠵᠠᠰᠠᠬᠤ ᠲᠥᠪ ᠤᠨ ᠫᠠᠶᠢᠰᠠ ᠡᠯᠭᠦᠬᠦ ᠶᠤᠰᠤᠯᠠᠯ ᠢ ᠦᠪᠡᠷᠲᠡᠭᠡᠨ ᠵᠠᠰᠠᠬᠤ ᠤᠷᠤᠨ ᠤ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶᠠᠨ ᠳᠤ ᠬᠢᠪᠡ᠃ ᠡᠨᠡ ᠨᠢ ᠮᠠᠨ ᠤ ᠤᠷᠤᠨ ᠡᠰ ᠤᠨ ᠠᠮᠢᠳᠤ ᠪᠣᠳᠠᠰ ᠤᠨ ᠡᠭᠡᠯᠢᠯᠡᠭᠡ ᠵᠠᠰᠠᠯ ᠤᠨ ᠠᠩᠬᠠᠳᠠᠭᠴᠢ ᠲᠥᠪ ᠪᠣᠯᠬᠤ ᠶᠢ ᠪᠡᠯᠭᠡᠳᠡᠵᠦ᠂ ᠡᠰ ᠤᠨ ᠠᠮᠢᠳᠤ ᠪᠤᠳᠠᠰ ᠤᠨ ᠡᠭᠡᠯᠢᠯᠡᠭᠡ  ᠵᠠᠰᠠᠯ ᠤᠨ ᠲᠥᠷᠦᠯ ᠵᠦᠢᠯ ᠵᠢᠩᠬᠢᠨᠢ ᠪᠠᠷ ᠠᠵᠢᠯ ᠡᠬᠢᠯᠡᠭᠦᠯᠦᠭᠰᠡᠨ ᠪᠠᠶᠢᠨ᠎ᠠ᠃ ᠦᠪᠡᠷᠲᠡᠭᠡᠨ ᠵᠠᠰᠠᠬᠤ ᠣᠷᠣᠨ ᠤ ᠬᠠᠪᠤᠳᠠᠷ ᠡᠪᠡᠳᠴᠢᠨ ᠤ ᠡᠮᠨᠡᠯᠭᠡ ᠶᠢᠨ ᠬᠤᠷᠢᠶ᠎ᠠ ᠶᠢᠨ ᠡᠰ ᠤᠨ ᠠᠮᠢᠳᠤ ᠪᠣᠳᠠᠰ ᠤᠨ ᠡᠭᠡᠯᠢᠯᠡᠭᠡ ᠵᠠᠰᠠᠯ ᠤᠨ ᠲᠥᠪ ᠪᠣᠯ ᠦᠪᠡᠷᠲᠡᠭᠡᠨ ᠵᠠᠰᠠᠬᠤ ᠣᠷᠤᠨ GMP᠎ ᠶᠢᠨ ᠪᠠᠷᠢᠮᠵᠢᠶ᠎ᠠ ᠶᠤᠰᠤᠭᠠᠷ ᠠᠩᠬᠠᠳᠠᠭᠴᠢ ᠪᠠᠶᠢᠭᠤᠯᠤᠨ ᠬᠠᠮᠢᠶᠠᠷᠴᠤ ᠪᠠᠶᠢᠬᠤ ᠪᠦᠭᠡᠳ ᠭᠤᠷᠪᠠᠳᠤᠭᠠᠷ ᠲᠠᠯ᠎ᠠ ᠪᠠᠷ ᠳᠠᠮᠵᠢᠵᠤ ᠰᠢᠯᠭᠠᠨ ᠪᠠᠶᠢᠴᠠᠭᠠᠭᠰᠠᠨ ᠡᠰ ᠤᠨ ᠵᠠᠰᠠᠯᠲᠠ ᠶᠢᠨ ᠲᠤᠷᠰᠢᠯᠲᠠ ᠶᠢᠨ ᠳᠠᠰᠤᠭ ᠪᠣᠯᠵᠤ᠂ ᠶᠡᠷᠥᠩᠬᠡᠢ ᠲᠠᠯᠠᠪᠠᠢ ᠨᠢ 500 ᠲᠡᠭᠰᠢ ᠳᠦᠷᠪᠡᠯᠵᠢᠨ ᠮᠧᠲᠷ ᠪᠤᠯᠤᠨ᠎ᠠ᠃ ᠲᠤᠰ ᠰᠤᠳᠤᠯᠤᠨ ᠵᠠᠰᠠᠬᠤ ᠲᠥᠪ ᠨᠢ ᠣᠯᠠᠨ ᠲᠦᠷᠦᠯ ᠤᠨ ᠪᠡᠶᠡᠲᠦ ᠬᠠᠪᠤᠳᠠᠷ ᠪᠤᠯᠤᠨ ᠴᠢᠰᠤᠨ ᠤ ᠬᠠᠪᠤᠳᠠᠷ ᠡᠪᠡᠳᠴᠢᠨ ᠳᠤ ᠴᠢᠭᠯᠡᠭᠦᠯᠦᠨ ᠣᠯᠠᠨ ᠶᠠᠩᠵᠤ ᠶᠢᠨ ᠡᠰ ᠤᠨ ᠠᠮᠢᠳᠤ ᠪᠣᠳᠠᠰ ᠤᠨ ᠡᠭᠡᠯᠢᠯᠡᠭᠡ ᠵᠠᠰᠠᠯ ᠢ ᠦᠷᠨᠢᠭᠦᠯᠵᠦ ᠪᠤᠯᠤᠨ᠎ᠠ᠃ ᠡᠭᠡᠯᠢᠯᠡᠭᠡ ᠵᠠᠰᠠᠯ ᠤᠨ ᠮᠡᠷᠭᠡᠵᠢᠯ ᠪᠣᠯ 21 ᠳ᠋ᠤᠭᠠᠷ ᠵᠠᠭᠤᠨ ᠤ ᠬᠤᠣᠷᠳᠤ ᠬᠠᠪᠤᠳᠠᠷ ᠡᠪᠡᠳᠴᠢᠨ ᠵᠢᠴᠢ ᠴᠢᠰᠤᠨ ᠤ ᠡᠪᠡᠳᠴᠢᠨ ᠤ ᠵᠠᠰᠠᠯ ᠤᠨ ᠬᠦᠭᠵᠢᠯᠲᠡ ᠶᠢᠨ ᠠᠯᠤᠰ ᠬᠦᠭᠵᠢᠯ ᠤᠨ ᠲᠦᠯᠥᠪ ᠲᠠᠢ ᠮᠡᠷᠭᠡᠵᠢᠯ ᠤᠨ ᠨᠢᠭᠡᠨ ᠎ ᠨᠢ ᠪᠤᠯᠵᠤ᠂ ᠨᠢᠭᠡᠨᠲᠡ ᠮᠡᠰᠡ ᠵᠠᠰᠠᠯ᠂ ᠰᠠᠴᠤᠷᠠᠭ ᠤᠨ ᠵᠠᠰᠠᠯ᠂ ᠬᠢᠮᠢ ᠶᠢᠨ ᠵᠠᠰᠠᠯ ᠤᠨ ᠳᠠᠷᠠᠭᠠᠬᠢ ᠳᠡᠯᠡᠬᠡᠢ ᠳᠠᠶᠠᠭᠠᠷ ᠮᠡᠳᠡᠷᠡᠭᠰᠡᠨ ᠳᠥᠷᠪᠡᠳᠥᠭᠡᠷ ᠶᠡᠭᠡ ᠬᠠᠪᠤᠳᠠᠷ ᠡᠪᠡᠳᠴᠢᠨ ᠤ ᠵᠠᠰᠠᠯ ᠤᠨ ᠠᠷᠭ᠎ᠠ ᠪᠠᠷᠢᠯ ᠪᠤᠯᠤᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号