ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠭᠦᠸᠧ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ  ᠨᠡᠶᠢᠭᠡᠮ ᠲᠣᠭᠤᠷᠢᠭ ᠲᠠᠬᠢ ᠨᠡᠷᠡᠲᠠᠢ ᠡᠮᠴᠢ ᠶᠢᠨ ᠠᠵᠢᠯ ᠤᠨ ᠲᠠᠰᠤᠭ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2015/10/23
     ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠭᠦᠸᠧ ᠴᠢᠶᠠᠩ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠶᠢᠨ  ᠨᠡᠶᠢᠭᠡᠮ ᠲᠣᠭᠤᠷᠢᠭ ᠎ ᠲᠠᠬᠢ ᠨᠡᠷᠡᠲᠦ ᠡᠮᠴᠢ ᠶᠢᠨ ᠠᠵᠢᠯ ᠤᠨ ᠲᠠᠰᠤᠭ ᠢ ᠪᠠᠶᠢᠴᠠᠭᠠᠨ ᠦᠵᠡᠵᠦ ᠪᠠᠶᠢᠭ᠎ᠠ ᠨᠢ      10 ᠳ᠋ᠤᠭᠠᠷ ᠰᠠᠷ᠎ᠠ ᠶᠢᠨ 16᠎ ᠤ ᠡᠳᠦᠷ᠂ ᠤᠯᠤᠰ ᠤᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠭᠦᠸᠧ ᠴᠢᠶᠠᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ᠂ ᠡᠷᠡᠭᠦᠯ ᠬᠠᠮᠠᠭᠠᠯᠠᠯ ᠤᠨ ᠦᠢᠯᠡᠰ᠂ ᠬᠥᠮᠦᠨ ᠠᠮᠠ ᠶᠢᠨ ᠬᠦᠭᠵᠢᠯᠲᠡ ᠶᠢᠨ ︽12· 5︾᠎ ᠶᠢᠨ ᠲᠥᠯᠥᠪᠵᠢᠭᠦᠯᠭᠡ ᠪᠣᠯᠤᠨ ᠡᠮ ᠡᠮᠨᠡᠯᠭᠡ ᠶᠢᠨ ᠪᠠᠶᠢᠭᠤᠯᠤᠯ ᠤᠨ ᠥᠭᠡᠷᠡᠴᠢᠯᠡᠯᠲᠡ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠣᠬᠠᠢ ᠮᠠᠨ ᠤ ᠣᠷᠣᠨ ᠳᠤ ᠢᠷᠡᠵᠦ ᠰᠢᠮᠳᠠᠭᠤᠯᠤᠨ ᠪᠠᠶᠢᠴᠠᠭᠠᠯᠲᠠ ᠪᠠ ᠪᠠᠶᠢᠴᠠᠭᠠᠨ ᠰᠤᠳᠤᠯᠤᠯᠲᠠ ᠬᠢᠪᠡ᠃  ᠪᠠᠶᠢᠴᠠᠭᠠᠨ ᠰᠤᠳᠤᠯᠤᠯᠲᠠ ᠶᠢᠨ ᠳᠤᠭᠤᠶᠢᠯᠠᠩ ᠤᠨ ᠬᠢᠨ ᠰᠢᠨ᠎ᠡ ᠬᠤᠲᠠ ᠲᠣᠭᠤᠷᠢᠭ ᠤᠨ ᠬᠠᠶᠢᠯᠠᠷ ᠵᠡᠭᠦᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠬᠦᠷᠴᠦ ᠪᠠᠶᠢᠴᠠᠭᠠᠨ ᠰᠤᠳᠤᠯᠬᠤ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠢᠲᠠᠳ ᠡᠮᠨᠡᠯᠭᠡ ᠶᠢᠨ ᠬᠤᠷᠢᠶ᠎ᠠ ᠬᠢᠭᠡᠳ ᠲᠤᠰ ᠲᠥᠪ  ᠎ ᠲᠠᠢ ᠬᠤᠷᠰᠢᠯᠴᠠᠭᠰᠠᠨ ᠭᠡᠳᠡᠰᠦ ᠬᠤᠰᠬᠢᠨᠠᠭ ᠤᠨ ᠰᠠᠯᠠᠭᠠᠨ ᠤ ᠨᠡᠷᠡᠲᠦ ᠡᠮᠴᠢ ᠶᠢᠨ ᠠᠵᠢᠯ ᠤᠨ ᠲᠠᠰᠤᠭ ᠢ ᠪᠠᠶᠢᠴᠠᠭᠠᠨ ᠦᠵᠡᠵᠦ ᠵᠢᠯᠣᠭᠤᠳᠪᠠ᠃ ᠸᠠᠩ ᠭᠦᠸᠧ ᠴᠢᠶᠠᠩ ᠳᠡᠳ᠋ ᠡᠷᠬᠢᠯᠡᠭᠴᠢ ᠠᠵᠢᠯ ᠤᠨ ᠲᠠᠰᠤᠭ ᠤᠨ ᠲᠤᠬᠠᠶᠢᠯᠠᠭᠰᠠᠨ ᠠᠵᠢᠯ ᠦᠷᠨᠢᠭᠦᠯᠦᠭᠰᠡᠨ ᠪᠠᠶᠢᠳᠠᠯ᠂ ᠬᠤᠶᠠᠷ  ᠲᠠᠯ᠎ᠠ ᠶᠢᠨ ᠬᠤᠷᠰᠢᠯᠴᠠᠭ᠎ᠠ ᠶᠢᠨ ᠲᠣᠭᠲᠠᠴᠠ ᠵᠢᠴᠢ ᠵᠠᠷᠢᠮ ᠠᠵᠢᠯ ᠤᠨ ᠰᠡᠳᠬᠢᠮᠵᠢ ᠶᠢ ᠯᠠᠪᠯᠠᠨ ᠠᠰᠠᠭᠤᠬᠤ ᠳᠤ᠂ ᠠᠵᠢᠯ ᠤᠨ ᠲᠠᠰᠤᠭ ᠤᠨ ᠠᠵᠢᠯᠲᠠᠨ ᠨᠠᠷᠢᠨ ᠬᠠᠷᠢᠭᠤ ᠮᠡᠳᠡᠭᠦᠯᠦᠯᠲᠡ ᠬᠢᠭᠰᠡᠨ ᠪᠠᠶᠢᠨ᠎ᠠ᠃ ᠸᠠᠩ ᠭᠦᠸᠧ ᠴᠢᠶᠠᠩ ᠳᠡᠳ᠋ ᠡᠷᠬᠢᠯᠡᠭᠴᠢ ᠨᠡᠶᠢᠭᠡᠮ ᠲᠣᠭᠤᠷᠢᠭ ᠲᠠᠬᠢ ᠨᠡᠷᠡᠲᠦ ᠡᠮᠴᠢ ᠶᠢᠨ ᠠᠵᠢᠯ ᠤᠨ ᠲᠠᠰᠤᠭ  ᠢ ᠭᠦᠢᠴᠡᠳ ᠦᠨᠡᠯᠡᠬᠦ ᠶᠢᠨ ᠬᠠᠮᠲᠤ ᠨᠣᠲᠠᠯᠠᠵᠤ᠂ ᠡᠨᠡᠬᠦ ᠬᠤᠷᠰᠢᠯᠴᠠᠭ᠎ᠠ ᠨᠢ ︽ᠬᠤᠶᠠᠷ ᠲᠡᠶᠢᠰᠢ ᠰᠢᠯᠵᠢᠨ ᠡᠮᠴᠢᠯᠡᠬᠦ︾᠂ ︽ᠱᠠᠲᠤ ᠬᠤᠪᠢᠶᠠᠨ ᠣᠨᠣᠰᠢᠯᠠᠨ ᠡᠮᠴᠢᠯᠡᠬᠦ︾ ᠳᠦᠷᠢᠮ ᠢ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠨ ᠡᠮ ᠡᠮᠨᠡᠯᠭᠡ ᠶᠢᠨ ᠡᠬᠢ ᠪᠠᠶᠠᠯᠢᠭ ᠢ ᠦᠨᠳᠦᠰᠦᠨ ᠱᠠᠲᠤᠨ ᠳᠤ ᠪᠠᠭᠤᠯᠭᠠᠵᠤ᠂ ᠡᠪᠡᠳᠴᠢᠲᠠᠳ ᠲᠤ ᠳᠥᠭᠦᠮ ᠦᠵᠡᠭᠦᠯᠦᠨ᠂ ᠰᠠᠭᠤᠭᠠᠯᠢ ᠠᠷᠠᠳ ᠲᠤ ᠨᠡᠩ ᠰᠠᠶᠢᠨ ᠢᠶᠠᠷ ᠦᠢᠯᠡᠴᠢᠯᠡᠬᠦ ᠪᠣᠯᠤᠨ᠎ᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠵᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠠᠶᠢᠭᠡᠮᠯᠢᠭ ᠤᠨ ᠲᠡᠷᠢᠭᠦᠯᠡᠭᠴᠢ ᠨᠢᠤ ᠭᠤᠸᠠᠩ ᠮᠢᠩ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠡᠷᠬᠢᠯᠡᠭᠴᠢ ᠡᠸᠦ ᠶᠠᠩ ᠰᠢᠶᠤᠤ ᠡᠾᠦ᠋ᠢ ᠵᠢᠴᠢ ᠬᠥᠬᠡᠬᠤᠲᠠ᠂ ᠰᠢᠨ᠎ᠡ ᠬᠤᠲᠠ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号