ᠥᠪᠥᠷ ᠮᠣᠩᠭᠤᠯ ᠤᠨ ᠬᠠᠭᠤᠴᠢ ᠰᠤᠳᠤᠯᠤᠯ ᠤᠨ ᠰᠢᠨ᠎ᠡ ᠢᠯᠡᠷᠡᠭᠦᠯᠦᠯᠲᠡ᠄ ᠡᠷᠲᠡᠨ ᠤ ᠳᠤᠮᠳᠠᠳᠤ ᠤᠯᠤᠰ ᠪᠣᠯ ᠬᠢᠳᠠᠨ
ᠨᠡᠶᠢᠲᠡᠯᠡᠭᠰᠡᠨ ᠴᠠᠭ᠄
2015/10/23
     ᠥᠪᠡᠷᠲᠡᠭᠡᠨ ᠵᠠᠰᠠᠬᠤ ᠣᠷᠣᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶᠠᠨ ᠤ ᠳᠡᠳ᠋ ᠳᠠᠷᠤᠭ᠎ᠠ ᠸᠠᠩ ᠳ᠋ᠠ ᠹᠠᠩ 10 ᠳ᠋ᠤᠭᠠᠷ ᠰᠠᠷ᠎ᠠ ᠶᠢᠨ 21᠎ ᠤ ᠡᠳᠦᠷ ᠢᠯᠡᠳᠬᠡᠭᠰᠡᠨ ᠨᠢ᠂ ᠥᠪᠥᠷ ᠮᠣᠩᠭᠤᠯ ᠤᠨ ᠲᠡᠤᠬᠡ ᠵᠨ ᠳᠤᠷᠠᠰᠬᠠᠯᠲᠤ ᠵᠦᠢᠯ ᠪᠠ ᠤᠷᠭᠤᠮᠠᠯ ᠤᠨ ᠰᠤᠳᠤᠯᠤᠯ ᠤᠨ ᠲᠤᠰᠬᠠᠢ ᠮᠡᠷᠭᠡᠵᠢᠯᠲᠡᠨ ᠡᠷᠳᠡᠮᠲᠡᠳ ᠤᠨ ᠤᠷᠲᠤ ᠬᠤᠭᠤᠴᠠᠭᠠᠨ ᠤ ᠰᠤᠳᠤᠯᠭᠠᠨ ᠢᠶᠠᠷ ᠳᠠᠮᠵᠢᠭᠠᠳ ᠦᠵᠡᠭᠰᠡᠨ ᠨᠢ᠂ ᠤᠷᠭᠤᠮᠠᠯ ᠰᠤᠳᠤᠯᠬᠤ ᠡᠲᠡᠭᠡᠳ ᠤᠨ ᠬᠢᠨ ᠬᠢᠳᠠᠨ ᠨᠢ ᠳᠤᠮᠳᠠᠳᠤ ᠤᠯᠤᠰ ᠢ ᠢᠯᠡᠳᠬᠡᠵᠦ ᠪᠠᠶᠢᠭ᠎ᠠ ᠯᠠᠲ᠋ᠢᠨ ᠬᠡᠯᠡ ᠪᠠᠷ ᠨᠡᠷᠡᠯᠡᠬᠦ ᠳᠦᠷᠢᠮ ᠢ ᠬᠠᠳᠠᠭᠠᠯᠠᠭᠳᠠᠭᠰᠠᠭᠠᠷ ᠪᠣᠢ᠂ ᠡᠭᠦᠨ ᠠᠴᠠ ᠳᠤᠮᠳᠠᠳᠤ ᠤᠯᠤᠰ ᠪᠠ ᠬᠢᠳᠠᠨ ᠨᠢ ᠨᠢᠭᠡ ᠴᠣᠭᠴᠠ ᠪᠣᠯᠣᠨ᠎ᠠ ᠭᠡᠳᠡᠭ ᠢ ᠮᠡᠳᠡᠵᠦ ᠪᠣᠯᠤᠨ᠎ᠠ᠃ ᠲᠡᠭᠦᠨ ᠤ ︽ᠠᠯᠲᠠᠩᠬᠤᠸ᠎ᠠ ᠴᠡᠴᠡᠭ᠂ ᠲᠡᠮᠦᠷ ᠬᠥᠯᠲᠦ ᠡᠪᠡᠰᠦ ᠪᠣᠯᠣᠨ ᠬᠢᠳᠠᠨ ᠤ ᠬᠤᠯᠪᠣᠭᠳᠠᠯ ᠪᠦᠬᠦᠢ ᠤᠷᠭᠤᠮᠠᠯ ᠤᠨ ᠨᠡᠷᠡᠶᠢᠳᠦᠯ︾ ᠭᠡᠬᠦ ᠦᠭᠦᠯᠡᠯ ᠨᠢ ᠬᠤᠶᠠᠳᠤᠭᠠᠷ ᠬᠤᠭᠤᠴᠠᠭᠠᠨ ᠤ ᠣᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠤ ᠨᠡᠶᠢᠲᠡᠯᠡᠭᠰᠡᠨ ᠤ ᠳᠠᠷᠠᠭ᠎ᠠ ᠡᠷᠳᠡᠮ ᠰᠢᠨᠵᠢᠯᠡᠭᠡᠨ ᠤ ᠬᠢᠨ ᠤ ᠠᠩᠬᠠᠷᠤᠯ ᠢ ᠲᠠᠲᠠᠪᠠ᠂ ᠡᠨᠡ ᠪᠣᠯ ᠥᠪᠥᠷ ᠮᠣᠩᠭᠤᠯ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠬᠠᠭᠤᠴᠢ ᠰᠤᠳᠤᠯᠤᠯ ᠤᠨ ᠬᠢᠨ ᠤ ᠨᠢᠭᠡ ᠪᠦᠰᠡ ᠨᠢᠭᠡ ᠵᠠᠮ ᠪᠠ ᠲᠠᠯ᠎ᠠ ᠨᠤᠲᠤᠭ ᠤᠨ ᠲᠣᠷᠭᠠᠨ ᠵᠠᠮ ᠤᠨ ᠰᠤᠳᠤᠯᠭᠠᠨ ᠤ ᠳᠤᠮᠳᠠ ᠣᠯᠤᠭᠰᠠᠨ ᠦᠷ᠎ᠡ ᠪᠦᠲᠦᠭᠡᠯ ᠪᠣᠯᠤᠨ᠎ᠠ᠃      ᠸᠠᠩ ᠳ᠋ᠠ ᠹᠠᠩ ᠤᠨ ᠲᠠᠨᠢᠯᠴᠠᠭᠤᠯᠤᠭᠰᠠᠨ ᠢᠶᠠᠷ᠂ ᠣᠷᠴᠢᠨ ᠪᠠ ᠣᠳᠣ ᠦᠶ᠎ᠡ ᠠᠴᠠ ᠨᠠᠰᠢ᠂ ᠬᠢᠳᠠᠨ ᠢᠶᠠᠷ ᠳᠤᠮᠳᠠᠳᠤ ᠤᠯᠤᠰ ᠢ ᠢᠯᠡᠳᠬᠡᠨ ᠨᠡᠷᠡᠯᠡᠬᠦ ᠶᠡᠷᠦᠩᠬᠡᠢ ᠳᠦᠷᠢᠮ ᠳᠤᠮᠳᠠᠳᠤ ᠤᠯᠤᠰ ᠤᠨ ᠤᠷᠭᠤᠮᠠᠯ ᠤᠨ ᠰᠤᠳᠤᠯᠤᠯ ᠳᠤ ᠣᠷᠣᠵᠤ᠂ ᠠᠩᠭ᠍ᠯᠢ ᠬᠡᠯᠡᠨ ᠤ ᠬᠡᠪᠯᠡᠯ ᠤᠨ ︽ᠳᠤᠮᠳᠠᠳᠤ ᠶᠢᠨ ᠤᠷᠭᠤᠮᠠᠯ ᠤᠨ ᠣᠶᠢᠯᠠᠯᠭ᠎ᠠ ᠶᠢᠨ ᠶᠡᠭᠡ ᠲᠣᠯᠢ ᠪᠢᠴᠢᠭ︾᠎ ᠲᠤ᠂ ︽ᠬᠢᠳᠠᠨ︾ ︵Cathay︶ ᠭᠡᠰᠡᠨ ᠦᠭᠡ ᠶᠢᠨ ᠢᠵᠠᠭᠤᠷ ᠲᠠᠢ 18 ᠤᠷᠭᠤᠮᠠᠯ ᠤᠨ ᠨᠡᠷ᠎ᠡ ᠶᠢ ᠣᠷᠣᠭᠤᠯᠤᠭᠰᠠᠨ ᠪᠠᠶᠢᠨ᠎ᠠ᠃ ᠥᠨᠥᠳᠦᠷ ᠣᠷᠣᠰ ᠬᠡᠯᠡ᠂ ᠮᠣᠩᠭᠤᠯ ᠬᠡᠯᠡ ᠳᠤ ᠮᠥᠨ ᠳᠤᠮᠳᠠᠳᠤ ᠤᠯᠤᠰ ᠢ ᠬᠢᠳᠠᠨ ︵KHTAH︶ ᠭᠡᠵᠦ ᠨᠡᠷᠡᠶᠢᠳᠴᠦ ᠪᠤᠢ︔ ᠧᠦ᠋ᠷᠣᠫᠠ ᠲᠢᠪ ᠤᠨ ᠭᠠᠵᠠᠷ ᠤᠨ ᠳᠤᠮᠳᠠᠳᠤ ᠲᠠᠩᠭᠢᠰ ᠤᠨ ᠡᠷᠭᠢ ᠳᠠᠭᠠᠤ ᠶᠢᠨ ᠯᠠᠲ᠋ᠢᠨ ᠬᠡᠯᠡᠨ ᠤ ᠾᠷᠢᠰᠲ᠋ᠣᠰ ᠤᠨ ᠱᠠᠰᠢᠨ ᠤ ᠤᠯᠤᠰ ᠤᠳ ᠵᠢᠱᠢᠶᠡᠯᠡᠪᠡᠯ ᠢᠲ᠋ᠠᠯᠢ ᠪᠠᠰᠠ ︽ᠳᠤᠮᠳᠠᠳᠤ ᠤᠯᠤᠰ︾᠎ ᠢ Cathay ᠭᠡᠵᠦ ᠨᠡᠷᠡᠯᠡᠳᠡᠭ︔ ᠰᠯᠠᠹᠴᠤᠳ ᠤᠨ ᠪᠠᠶᠢᠭᠤᠯᠤᠭᠰᠠᠨ ᠺᠢᠶᠥᠸ᠋ᠰᠺᠠᠶᠠ ᠣᠷᠣᠰ ᠭᠦᠩᠲᠦ ᠤᠯᠤᠰ ᠳᠤᠮᠳᠠᠳᠤ ᠤᠯᠤᠰ ᠢ ᠨᠣᠶᠠᠷᠬᠠᠵᠤ ᠪᠠᠶᠢᠭᠰᠠᠨ ᠰᠦᠩ ᠤᠯᠤᠰ᠂ ᠠᠯᠲᠠᠨ ᠸᠠᠩᠲᠤ ᠲᠥᠷᠥ ᠶᠢ ᠮᠡᠳᠡᠬᠦ ᠦᠭᠡᠢ ᠲᠤᠯᠠ ᠪᠠᠰᠠ ᠬᠢᠳᠠᠨ ᠢ ᠳᠤᠮᠳᠠᠳᠤ ᠤᠯᠤᠰ ᠪᠣᠯᠭᠠᠨ ᠦᠵᠡᠵᠦ ᠪᠠᠶᠢᠭᠰᠠᠨ ᠠᠴᠠ ᠳᠣᠮᠳᠠᠳᠤ ᠣᠯᠣᠰ ᠢ ᠬᠢᠳᠠᠨ ︵KHTAH︶ ᠭᠡᠵᠦ ᠨᠡᠷᠡᠯᠡᠳᠡᠭ ᠪᠠᠶᠢᠵᠠᠢ᠃ 13 ᠳ᠋ᠤᠭᠠᠷ ᠵᠠᠭᠤᠨ ᠤ ᠡᠬᠢ ᠪᠠᠷ᠂  ᠳᠤᠮᠳᠠᠳᠤ ᠤᠯᠤᠰ ᠤᠨ ᠳᠠᠷᠢ ᠪᠠ ᠭᠠᠯᠲᠤ ᠫᠤᠤ᠂ ᠭᠠᠯ ᠫᠤᠤ ᠵᠡᠷᠭᠡ ᠭᠤᠤᠷᠰᠤᠨ ᠬᠤᠭᠤᠯᠠᠶ ᠬᠡᠯᠪᠡᠷᠢᠲᠦ ᠭᠠᠯᠲᠤ ᠵᠡᠪᠰᠡᠭ ᠤᠳ ᠠᠷᠠᠪ ᠤᠯᠤᠰ ᠲᠤ ᠳᠠᠮᠵᠢᠭᠳᠠᠨ ᠣᠷᠣᠵᠤ᠂ ᠠᠷᠠᠪ ᠤᠨ ᠴᠡᠷᠢᠭ ᠤᠨ ᠪᠢᠴᠢᠭ ︽ᠮᠣᠷᠢᠨ ᠮᠡᠷᠭᠡᠵᠢᠯ ᠪᠣᠯᠣᠨ ᠴᠡᠷᠢᠭ ᠤᠨ ᠵᠡᠷ ᠵᠡᠪᠰᠡᠭ︾᠎ ᠲᠤ ᠳᠤᠮᠳᠠᠳᠤ ᠤᠯᠤᠰ ᠤᠨ ᠳᠥᠷᠪᠡᠨ ᠶᠡᠭᠡ ᠡᠭᠦᠳᠦᠯᠲᠡ ᠶᠢᠨ ᠳᠠᠷᠢ ᠶᠢ ︽ᠬᠢᠳᠠᠨ ᠴᠡᠴᠡᠭ︾ ᠬᠡᠮᠡᠨ ᠨᠡᠷᠡᠯᠡᠨ᠂ ᠳᠤᠮᠳᠠᠳᠤ ᠤᠯᠤᠰ ᠤᠨ ᠴᠠᠭᠠᠰᠦ ᠶᠢ ︽ᠬᠢᠳᠠᠨ ᠴᠠᠭᠠᠰᠤ︾ ᠬᠡᠮᠡᠨ ᠨᠡᠷᠡᠯᠡᠵᠦ᠂ ᠳᠤᠮᠳᠠᠳᠤ ᠤᠯᠤᠰ ᠤᠨ ᠭᠠᠯᠲᠤ ᠵᠡᠪᠰᠡᠭ ᠢ ︽ᠬᠢᠳᠠᠨ ᠭᠠᠯ ᠫᠣᠣ︾᠂ ︽ᠬᠢᠳᠠᠨ ᠲᠡᠶᠢᠷᠦᠯᠳᠦ ᠰᠤᠮᠤ︾ ᠬᠡᠮᠡᠨ ᠨᠡᠷᠡᠯᠡᠵᠡᠢ᠃ ᠡᠭᠦᠨ ᠤ ᠳᠠᠷᠠᠭ᠎ᠠ᠂ ᠳᠡᠯᠡᠬᠡᠶ ᠶᠢᠨ ᠡᠯ᠎ᠡ ᠭᠠᠵᠠᠷ ᠤᠳ ᠢᠶᠠᠷ ᠬᠢᠳᠠᠨ ᠢ ᠳᠤᠮᠳᠠᠳᠤ ᠤᠯᠤᠰ ᠢ ᠢᠯᠡᠳᠬᠡᠨ ᠨᠡᠷᠡᠯᠡᠬᠦ ᠶᠡᠷᠦᠩᠬᠡᠶ ᠳᠦᠷᠢᠮ ᠢᠳᠡᠭ ᠢᠳᠡᠭ ᠢᠶᠠᠷ ᠭᠠᠷᠴᠠᠢ᠃ ᠡᠭᠦᠨ ᠠᠴᠠ ᠣᠯᠵᠤ ᠮᠡᠳᠡᠬᠦ ᠨᠢ᠄ ᠳᠤᠮᠳᠠᠳᠤ ᠤᠯᠤᠰ ᠤᠨ ᠡᠷᠲᠡᠨ ᠤ ᠦᠶ᠎ᠡ ᠶᠢᠨ ᠥᠪᠥᠷ ᠮᠣᠩᠭᠤᠯ ᠤᠨ ᠲᠠᠯ᠎ᠠ ᠨᠤᠲᠤᠭ ᠤᠨ ᠲᠣᠷᠭᠠᠨ ᠵᠠᠮ ᠳᠤ ᠬᠥᠭᠵᠢᠶᠡᠨ ᠲᠠᠢ ᠪᠠᠶᠢᠭᠰᠠᠨ ᠬᠢᠳᠠᠨ ᠦᠨᠳᠦᠰᠦᠲᠡᠨ ᠨᠢ ᠳᠡᠯᠡᠬᠡᠢ ᠶᠢᠨ ᠲᠡᠤᠬᠡᠨ ᠳᠡᠭᠡᠷ᠎ᠡ ᠠᠯᠳᠠᠷ ᠨᠡᠷ᠎ᠡ ᠪᠠᠨ ᠦᠯᠡᠳᠡᠭᠡᠭᠰᠡᠨ ᠢᠶᠠᠷ ᠪᠠᠷᠠᠬᠤ ᠦᠭᠡᠢ ᠪᠠᠰᠠ ᠳᠤᠮᠳᠠᠳᠤ ᠤᠯᠤᠰ ᠤᠨ ᠨᠡᠷ᠎ᠡ ᠶᠢ ᠥᠷᠭᠡᠨ ᠳᠡᠯᠭᠡᠷ ᠤᠯᠠᠮᠵᠢᠯᠠᠨ ᠲᠠᠷᠬᠠᠭᠠᠬᠤ ᠳᠤ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号