ᠮᠠᠨ ᠎ ᠤ ᠤᠷᠤᠨ ᠨᠤᠳᠤᠭ ᠪᠡᠯᠴᠢᠭᠡᠷ ᠎ ᠤᠨ ᠲᠠᠭᠠᠭᠠᠴᠢᠯᠠᠯᠳᠠ ᠎ ᠶᠢᠨ ᠡᠷᠭᠡ ᠎ ᠶᠢ ᠨᠤᠳᠠᠯᠠᠬᠤ  ᠪᠠ ᠦᠨᠳᠦᠰᠦᠨ ᠨᠤᠳᠤᠭ ᠪᠡᠯᠴᠢᠭᠡᠷ ᠤᠨ ᠬᠤᠪᠢᠶᠠᠷᠢᠯᠠᠯ ᠤᠨ ᠠᠵᠢᠯ ᠢ ᠰᠢᠯᠭᠠᠨ ᠬᠤᠷᠢᠶᠠᠬᠤ ᠠᠷᠭ᠎ᠠ ᠶᠢ ᠲᠤᠭᠳᠠᠭᠠᠭᠰᠠᠨ ᠪᠠᠶᠢᠨ᠎ᠠ
ᠨᠡᠶᠢᠲᠡᠯᠡᠭᠰᠡᠨ ᠴᠠᠭ᠄
2015/10/23
      ᠮᠠᠨ ᠤ ᠤᠷᠤᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠢ ᠰᠢᠯᠭᠠᠨ ᠬᠤᠷᠢᠶᠠᠬᠤ ᠠᠷᠭ᠎ᠠ︾ ᠪᠤᠯᠤᠨ ︽ᠦᠪᠦᠷ ᠮᠤᠩᠭᠤᠯ ᠎ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠨ ᠨᠤᠳᠤᠭ ᠪᠡᠯᠴᠢᠭᠡᠷ ᠤᠨ ᠬᠤᠪᠢᠶᠠᠷᠢᠯᠠᠯ ᠤᠨ ᠠᠵᠢᠯ ᠢ ᠰᠢᠯᠭᠠᠨ ᠬᠤᠷᠢᠶᠠᠬᠤ ᠠᠷᠭ᠎ᠠ︾᠎ ᠶᠢ ᠲᠤᠭᠳᠠᠭᠠᠵᠤ᠂ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠤᠨ ᠠᠯᠬᠤᠮ ᠲᠠᠷᠠᠭ᠎ᠠ᠂ ᠠᠭᠤᠯᠭ᠎ᠠ ᠪᠤᠯᠤᠨ ᠠᠷᠭ᠎ᠠ ᠮᠠᠶ᠋ᠢᠭ ᠢ ᠲᠦᠷᠢᠮᠵᠢᠬᠦᠯᠵᠤ᠂ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠤᠨ ᠴᠢᠨᠠᠷ ᠴᠢᠨᠰᠠᠭ᠎ᠠ ᠶᠢ ᠪᠠᠳᠤᠯᠠᠬᠤ ᠪᠤᠯᠤᠨ᠎ᠠ᠃ ᠲᠡᠭᠡᠷᠡᠬᠢ ᠠᠷᠭ᠎ᠠ ᠨᠢ ᠮᠠᠨ ᠤ ᠤᠷᠤᠨ ᠤ ᠬᠠᠷᠢᠶᠠᠨ ᠳᠠᠬᠢ ᠨᠡᠶᠢᠳᠡ ᠶᠢᠨ ᠦᠮᠴᠢᠯᠠᠯ ᠤᠨ ᠨᠤᠳᠤᠭ ᠪᠡᠯᠴᠢᠭᠡᠷ ᠪᠠ ᠤᠯᠤᠰ ᠤᠨ ᠦᠮᠴᠢᠯᠠᠯ ᠤᠨ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠳᠤ ᠲᠤᠬᠢᠷᠠᠨ᠎ᠠ᠃  ᠡᠭᠦᠨ ᠳᠤ ᠮᠠᠯᠵᠢᠬᠤ ᠤᠷᠤᠨ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠤᠷᠤᠨ᠂ ᠤᠶᠢᠳᠤ ᠤᠷᠤᠨ᠂ ᠬᠤᠳᠠ ᠶᠢᠨ ᠲᠡᠭᠦᠷᠭᠡ ᠪᠤᠯᠤᠨ ᠲᠠᠷᠢᠶᠠᠯᠠᠬᠤ ᠤᠷᠤᠨ ᠤ ᠨᠤᠳᠤᠭ ᠪᠡᠯᠴᠢᠭᠡᠷ ᠢ ᠪᠠᠭᠳᠠᠭᠠᠨ᠎ᠠ᠃ ︽ᠠᠷᠭ᠎ᠠ︾᠎ ᠳᠤ᠂ ᠪᠦᠬᠦ ᠤᠷᠤᠨ ᠎ ᠤ ᠨᠤᠳᠤᠭ ᠪᠡᠯᠴᠢᠭᠡᠷ ᠤᠨ  ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠰᠢᠯᠭᠠᠨ ᠬᠤᠷᠢᠶᠠᠬᠤ ᠠᠵᠢᠯ ᠢ ᠬᠤᠰᠢᠭᠤ ᠰᠢᠶᠡᠨ ᠬᠤᠳᠠ ᠲᠤᠭᠤᠷᠢᠭ ᠪᠠᠷ ᠦᠨᠳᠦᠰᠦᠨ ᠨᠢᠬᠡᠴᠡ ᠪᠤᠯᠭᠠᠵᠤ᠂ ᠰᠢᠯᠭᠠᠨ ᠬᠤᠷᠢᠶᠠᠬᠤ ᠶᠢ ᠵᠤᠬᠢᠶᠠᠨ ᠪᠠᠶᠢᠭᠤᠯᠬᠤ ᠠᠵᠢᠯ ᠢ ᠡᠯ᠎ᠡ ᠱᠠᠳᠤᠨ ᠤ ᠨᠤᠳᠤᠭ ᠪᠡᠯᠴᠢᠭᠡᠷ ᠤᠨ  ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠬᠠᠷᠢᠭᠤᠴᠠᠨ᠎ᠠ  ᠃ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠎ ᠶᠢᠨ ᠡᠷᠭᠡ ᠶᠢ ᠨᠤᠳᠠᠯᠠᠬᠤ ᠰᠢᠯᠭᠠᠨ ᠬᠤᠷᠢᠶᠠᠬᠤ ᠠᠵᠢᠯ ᠳᠤ ᠬᠤᠰᠢᠭᠤ ᠰᠢᠶᠡᠨ ᠬᠤᠳᠠ ᠲᠤᠭᠤᠷᠢᠭ ᠠᠴᠠ ᠦᠪᠡᠷᠳᠡᠭᠡᠨ ᠪᠠᠶᠢᠴᠠᠭᠠᠬᠤ᠂ ᠠᠶᠢᠮᠠᠭ ᠬᠤᠳᠠ ᠠᠴᠠ ᠬᠠᠷᠭᠤᠭᠤᠯᠤᠨ ᠪᠠᠶᠢᠴᠠᠭᠠᠬᠤ᠂ ᠦᠪᠡᠷᠳᠡᠭᠡᠨ ᠵᠠᠰᠠᠬᠤ ᠤᠷᠤᠨ ᠎ ᠠᠴᠠ ᠰᠢᠯᠭᠠᠨ ᠬᠤᠷᠢᠶᠠᠬᠤ ᠠᠷᠭ᠎ᠠ ᠬᠡᠮᠵᠢᠶ᠎ᠡ ᠶᠢ ᠠᠪᠤᠨ᠎ᠠ᠃ ᠬᠤᠰᠢᠭᠤ ᠰᠢᠶᠡᠨ ᠬᠤᠳᠠ ᠲᠤᠭᠤᠷᠢᠭ ᠨᠤᠳᠤᠭ ᠪᠡᠯᠴᠢᠭᠡᠷ ᠤᠨ  ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠢᠶᠠᠨ ᠪᠡᠶᠡᠯᠡᠬᠦᠯᠦᠭᠰᠡᠨ ᠤ ᠲᠠᠷᠠᠭ᠎ᠠ᠂ ᠪᠦᠬᠦ ᠲᠠᠯ᠎ᠠ ᠶᠢᠨ ᠪᠠᠶᠢᠴᠠᠭᠠᠯᠳᠠ ᠬᠢᠵᠤ᠂ ᠦᠪᠡᠷᠳᠡᠭᠡᠨ ᠪᠠᠶᠢᠴᠠᠭᠠᠭᠰᠠᠨ ᠮᠡᠳᠡᠬᠦᠯᠦᠯᠳᠡ ᠪᠢᠴᠢᠬᠦ ᠶᠢᠨ ᠬᠠᠮᠳᠤ ᠬᠠᠷᠭᠤᠭᠤᠯᠤᠨ ᠪᠠᠶᠢᠴᠠᠭᠠᠯᠭᠠᠬᠤ ᠪᠠᠷ ᠠᠶᠢᠮᠠᠭ ᠬᠤᠳᠠ ᠳᠤ ᠡᠷᠡᠮᠡᠯᠵᠡᠯᠡᠬᠦ ᠭᠡᠷᠡᠭᠳᠡᠢ᠃ ᠠᠶᠢᠮᠠᠭ ᠬᠤᠳᠠ ᠶᠢᠨ ᠬᠠᠷᠭᠤᠭᠤᠯᠤᠨ ᠪᠠᠶᠢᠴᠠᠭᠠᠯᠳᠠ ᠳᠤ ᠦᠪᠡᠷ ᠤᠨ ᠬᠠᠷᠢᠶᠠᠨ ᠳᠠᠬᠢ ᠨᠤᠳᠤᠭ ᠪᠡᠯᠴᠢᠭᠡᠷ ᠤᠨ ᠲᠠᠭᠠᠭᠠᠴᠢᠯᠠᠯᠳᠠ ᠶᠢᠨ ᠡᠷᠭᠡ ᠶᠢ ᠨᠤᠳᠠᠯᠠᠬᠤ ᠠᠵᠢᠯ ᠢ ᠦᠷᠨᠢᠬᠦᠯᠵᠤ ᠪᠠᠶᠢᠭ᠎ᠠ ᠪᠦᠬᠦ ᠬᠤᠰᠢᠭᠤ ᠰᠢᠶᠡᠨ ᠬᠤᠳᠠ ᠲᠤᠭᠤᠷᠢᠭ ᠪᠠ ᠬᠤᠰᠢᠭᠤ ᠰᠢᠶᠡᠨ ᠬᠤᠳᠠ ᠲᠤᠭᠤᠷᠢᠭ ᠪᠦᠷᠢ ᠠᠴᠠ ᠰᠤᠩᠭᠤᠨ ᠪᠠᠶᠢᠴᠠᠭᠠᠬᠤ ᠰᠤᠮᠤ ᠰᠢᠶᠠᠩ ᠪᠠᠯᠭᠠᠰᠤ ᠶᠢᠨ ᠬᠠᠷᠢᠴᠡᠯ ᠢ 50%᠎ ᠠᠴᠠ ᠲᠤᠤᠭᠤᠷ ᠪᠠᠶᠢᠯᠭᠠᠵᠤ ᠪᠤᠯᠬᠤ ᠦᠬᠡᠢ᠂ ᠭᠠᠴᠠᠭ᠎ᠠ ᠲᠤᠰᠬᠤᠨ ᠤ ᠬᠠᠷᠢᠴᠡᠯ ᠨᠢ 30%᠎ ᠠᠴᠠ ᠲᠤᠤᠭᠤᠷ ᠪᠠᠶᠢᠵᠤ ᠪᠤᠯᠬᠤ ᠦᠬᠡᠢ᠂ ᠭᠠᠴᠠᠭ᠎ᠠ ᠲᠤᠰᠬᠤᠨ ᠪᠦᠷᠢ ᠶᠢᠨ ᠲᠠᠭᠠᠭᠠᠴᠢᠯᠡᠯᠳᠠ ᠶᠢᠨ ᠡᠷᠦᠬᠡ ᠶᠢ ᠰᠤᠩᠭᠤᠨ ᠪᠠᠶᠢᠴᠠᠭᠠᠬᠤ ᠲᠤᠭ᠎ᠠ ᠨᠢ 5 ᠡᠷᠦᠬᠡ ᠠᠴᠠ ᠴᠦᠭᠡᠨ ᠪᠠᠶᠢᠵᠤ ᠪᠤᠯᠬᠤ ᠦᠬᠡᠢ᠂ ᠬᠠᠷᠭᠤᠭᠤᠯᠤᠨ ᠪᠠᠶᠢᠴᠠᠭᠠᠭᠰᠠᠨ ᠤ ᠲᠠᠷᠠᠭ᠎ᠠ᠂ ᠬᠠᠷᠭᠤᠭᠤᠯᠤᠨ ᠪᠠᠶᠢᠴᠠᠭᠠᠭᠰᠠᠨ ᠮᠡᠳᠡᠭᠦᠯᠦᠯᠳᠡ  ᠪᠢᠴᠢᠬᠦ ᠶᠢᠨ ᠬᠠᠮᠳᠤ ᠦᠪᠡᠷᠳᠡᠭᠡᠨ ᠵᠠᠰᠠᠬᠤ ᠤᠷᠤᠨ ᠳᠤ ᠰᠢᠯᠭᠠᠨ ᠬᠤᠷᠢᠶᠡᠯᠭᠠᠬᠤ ᠪᠠᠷ ᠡᠷᠡᠮᠡᠯᠵᠡᠯᠡᠪᠡᠯ ᠵᠤᠬᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号