| ᠰᠤᠷᠪᠤᠯᠵᠢᠯᠠᠨ ᠶᠠᠷᠢᠯᠴᠠᠭᠰᠠᠨ ᠴᠠᠭ᠄ | 2015 ᠤᠨ ᠤ 8 ᠳ᠋ᠤᠭᠠᠷ ᠰᠠᠷ᠎ᠠ ᠶᠢᠨ 24 ᠤ ᠡᠳᠦᠷ ᠤᠨ ᠦᠳᠡ ᠶᠢᠨ ᠬᠤᠶᠢᠨᠠᠬᠢ 15 ᠴᠠᠭ | ᠰᠤᠷᠪᠤᠯᠵᠢᠯᠠᠨ ᠶᠠᠷᠢᠯᠴᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ ᠲᠢᠩᠬᠢᠮ ᠤᠨ ᠶᠡᠷᠦᠩᠬᠡᠶ ᠬᠢᠨᠠᠨ ᠪᠣᠳᠣᠭᠴᠢ | ᠯᠢᠦ ᠸᠧᠨ ᠯᠸᠢ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ ᠶᠢᠨ ᠲᠣᠪᠴᠢ᠄ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠬᠠᠤᠯᠢ ᠪᠠᠷ ᠤᠯᠤᠰ ᠢᠶᠠᠨ ᠵᠠᠰᠠᠬᠤ ᠶᠢ | ᠳᠥᠯᠭᠢᠨ ᠠᠬᠢᠭᠤᠯᠬᠤ ᠨᠢ ᠨᠢᠭᠡᠨᠲᠡ ᠦᠨᠦ ᠶᠢᠨ ᠮᠠᠨ ᠤ ᠤᠯᠤᠰ ᠤᠨ ᠱᠠᠲᠤ ᠦᠶ᠎ᠡ ᠶᠢᠨ ᠴᠢᠨᠠᠷᠲᠠᠶ ᠬᠦᠭᠵᠢᠯᠲᠡ ᠶᠢᠨ | ᠰᠢᠨ᠎ᠡ ᠬᠡᠪ ᠤᠨ ᠪᠠᠶᠢᠳᠠᠯ ᠪᠤᠯᠪᠠ᠂ ᠬᠢᠨᠠᠨ ᠪᠣᠳᠣᠯᠲᠠ ᠨᠢ ᠤᠯᠤᠰ ᠢᠶᠠᠨ ᠵᠠᠰᠠᠬᠤ ᠴᠢᠬᠤᠯᠠ ᠪᠠᠭᠠᠵᠢ ᠪᠣᠯᠤᠭᠰᠠᠨ ᠤ | ᠬᠤᠪᠢ ᠳᠤ᠂ ᠥᠭᠡᠷᠡᠴᠢᠯᠡᠯᠲᠡ ᠬᠦᠭᠵᠢᠯᠲᠡ ᠳᠤ ᠦᠢᠯᠡᠴᠢᠯᠡᠬᠦ᠂ ᠠᠵᠤ ᠠᠬᠤᠶ ᠶᠢᠨ ᠡᠮᠬᠢ ᠲᠢᠭᠯᠢᠮ ᠢ ᠬᠠᠮᠠᠭᠠᠯᠠᠬᠤ᠂ | ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠴᠢᠬᠤᠯᠠ ᠡᠭᠦᠷᠭᠡ ᠶᠢ | ᠡᠭᠦᠷᠭᠡᠯᠡᠵᠤ ᠪᠠᠶᠢᠭ᠎ᠠ ᠶᠤᠮ᠃ ᠰᠢᠨ᠎ᠡ ᠬᠡᠪ ᠤᠨ ᠪᠠᠶᠢᠳᠠᠯ ᠳᠣᠣᠷ᠎ᠠ᠂ ᠮᠠᠨ ᠤ ᠣᠷᠣᠨ ᠤ ᠬᠢᠨᠠᠨ ᠪᠣᠳᠣᠬᠤ ᠰᠠᠯᠠᠭ᠎ᠠ | ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ ᠡᠭᠦᠷᠭᠡ ᠬᠠᠷᠢᠭᠤᠴᠠᠯᠭ᠎ᠠ ᠪᠠᠨ ᠬᠡᠷᠬᠢᠨ | ᠬᠦᠢᠴᠡᠳᠭᠡᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠳᠤ ᠬᠡᠷᠬᠢᠨ ᠦᠢᠯᠡᠴᠢᠯᠡᠵᠤ ᠪᠠᠶᠢᠭ᠎ᠠ ᠶᠢ | ᠨᠡᠩ ᠰᠠᠶᠢᠨ ᠤᠶᠢᠯᠠᠭᠠᠬᠤ ᠶᠢᠨ ᠲᠤᠯᠠᠳᠠ᠂ ᠤᠶᠢᠷ᠎ᠠ ᠳᠤ ᠪᠢᠳᠡ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠵᠤ ᠰᠦᠯᠵᠢᠶᠡᠨ ᠳᠡᠭᠡᠷ᠎ᠡ ᠲᠠ ᠨᠠᠷ ᠲᠠᠢ | ᠶᠠᠷᠢᠯᠴᠠᠭᠤᠯᠬᠤ ᠪᠤᠯᠤᠨ᠎ᠠ᠃ ᠲᠤᠬᠠᠢ ᠶᠢᠨ ᠴᠠᠭ ᠲᠤ᠂ ᠥᠷᠭᠡᠨ ᠣᠯᠠᠨ ᠰᠦᠯᠵᠢᠶᠡᠨ ᠠᠨᠳᠠ ᠨᠠᠷ ᠮᠢᠨᠢ ᠢᠳᠡᠪᠬᠢᠲᠠᠢ | ᠤᠷᠤᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | ﹇ᠬᠦᠲᠦᠯᠦᠭᠴᠢ﹈ | ᠰᠦᠯᠵᠢᠶᠡᠨ ᠠᠨᠳᠠ ᠨᠠᠷ ᠡ ᠰᠠᠶᠢᠨ ᠪᠠᠶᠢᠵᠠᠭᠠᠨᠠᠤ︕ ᠲᠠ ᠪᠦᠬᠦᠨ ᠲᠤᠰ ᠬᠤᠭᠤᠴᠠᠭᠠᠨ ᠤ ︽ᠳᠤᠮᠳᠠᠳᠤ | ᠤᠯᠤᠰ ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢ ᠬᠦᠯᠢᠶᠡᠨ ᠦᠵᠡᠬᠦ ᠶᠢ ᠪᠠᠶᠠᠷᠯᠠᠨ | ᠤᠭᠲᠤᠵᠤ ᠪᠠᠶᠢᠨ᠎ᠠ᠃ ᠦᠨᠦᠳᠦᠷ ᠪᠢᠳᠡ ᠠᠵᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠬᠢᠨᠠᠨ ᠪᠣᠳᠣᠬᠤ | ᠲᠢᠩᠬᠢᠮ ᠤᠨ ᠶᠡᠷᠦᠩᠬᠡᠶ ᠬᠢᠨᠠᠨ ᠪᠣᠳᠣᠭᠴᠢ ᠯᠢᠦ ᠸᠧᠨ ᠯᠸᠢ ᠶᠢ ᠤᠷᠢᠨ᠂ ᠰᠢᠨ᠎ᠡ ᠬᠡᠪ ᠤᠨ ᠪᠠᠶᠢᠳᠠᠯ ᠳᠣᠣᠷ᠎ᠠ᠂ | ᠮᠠᠨ ᠤ ᠣᠷᠣᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠰᠢᠨ᠎ᠡ ᠥᠷᠢᠰᠥᠯᠳᠦᠭᠡᠨ ᠢ ᠬᠡᠷᠬᠢᠨ ᠤᠭᠲᠤᠵᠤ᠂ ᠰᠢᠨ᠎ᠡ | ᠡᠭᠦᠷᠭᠡ ᠬᠠᠷᠢᠭᠤᠴᠠᠯᠭ᠎ᠠ ᠪᠠᠨ ᠬᠡᠷᠬᠢᠨ ᠬᠦᠢᠴᠡᠳᠭᠡᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠬᠥᠭᠵᠢᠯᠲᠡ ᠳᠤ | ᠬᠡᠷᠬᠢᠨ ᠦᠢᠯᠡᠴᠢᠯᠡᠵᠤ ᠪᠠᠶᠢᠭ᠎ᠠ ᠬᠤᠯᠪᠤᠭᠳᠠᠯ ᠪᠦᠬᠦᠢ ᠪᠠᠶᠢᠳᠠᠯ ᠢ ᠲᠠᠶᠢᠯᠪᠤᠷᠢᠯᠠᠭᠤᠯᠬᠤ ᠪᠠᠷ ᠪᠤᠯᠪᠠ᠃ ᠯᠢᠦ | ᠶᠡᠷᠦᠩᠬᠡᠶ ᠬᠢᠨᠠᠨ ᠪᠣᠳᠣᠭᠴᠢ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ﹇ᠯᠢᠦ ᠸᠧᠨ ᠯᠸᠢ﹈ | ᠬᠥᠲᠥᠯᠥᠭᠴᠢ ᠰᠠᠶᠢᠨ ᠤᠤ︕ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨᠠᠤ︕ ᠲᠠ ᠪᠦᠬᠦᠨ ᠲᠠᠢ | ᠶᠠᠷᠢᠯᠴᠠᠬᠤ ᠪᠤᠯᠤᠭᠰᠠᠨ ᠳᠠᠭᠠᠨ ᠰᠡᠳᠬᠢᠯ ᠮᠠᠰᠢ ᠦᠨᠳᠦᠷ ᠪᠠᠶᠢᠨ᠎ᠠ︕ | ﹇ᠬᠦᠲᠦᠯᠦᠭᠴᠢ﹈ | ᠰᠢᠨ᠎ᠡ ᠬᠡᠪ ᠤᠨ ᠪᠠᠶᠢᠳᠠᠯ ᠨᠢ ᠬᠢᠨᠠᠨ ᠪᠣᠳᠣᠬᠤ ᠠᠵᠢᠯ ᠳᠤ ᠶᠠᠮᠠᠷ ᠰᠢᠨ᠎ᠡ ᠱᠠᠭᠠᠷᠳᠠᠯᠭ᠎ᠠ ᠨᠤᠭᠤᠳ ᠢ | ᠲᠠᠯᠪᠢᠭᠰᠠᠨ ᠪᠤᠶ︖ | ﹇ᠯᠢᠦ ᠸᠧᠨ ᠯᠸᠢ﹈ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠦᠭᠦᠳᠡ | ᠬᠤᠷᠠᠯ ᠠᠴᠠ ᠬᠢᠨᠠᠨ ᠪᠣᠳᠣᠬᠤ ᠳᠦᠷᠢᠮ ᠢ ᠲᠡᠭᠦᠯᠳᠡᠷᠵᠢᠬᠦᠯᠵᠤ᠂ ᠬᠠᠤᠯᠢ ᠶᠣᠰᠣᠭᠠᠷ ᠪᠡᠶ᠎ᠡ ᠪᠠᠨ ᠳᠠᠭᠠᠭᠠᠭᠰᠠᠨ ᠬᠢᠨᠠᠨ | ᠪᠤᠳᠤᠬᠤ ᠬᠢᠨᠠᠯᠲᠠ ᠲᠠᠯᠪᠢᠬᠤ ᠡᠷᠬᠡ ᠪᠠᠨ ᠬᠡᠷᠡᠭᠵᠢᠭᠦᠯᠬᠦ ᠶᠢ ᠪᠠᠲᠤᠯᠠᠬᠤ ᠬᠡᠷᠡᠭᠲᠠᠢ᠃ ᠣᠯᠠᠨ ᠨᠡᠶᠢᠲᠡ ᠶᠢᠨ ᠪᠡᠯᠡ | ᠮᠥᠩᠭᠦ᠂ ᠤᠯᠤᠰ ᠤᠨ ᠡᠳ᠋ ᠬᠥᠷᠥᠩᠭᠡ᠂ ᠤᠯᠤᠰ ᠤᠨ ᠡᠬᠢ ᠪᠠᠶᠠᠯᠢᠭ ᠬᠢᠭᠡᠳ ᠤᠳᠤᠷᠢᠳᠬᠤ ᠺᠠᠳ᠋ᠷ ᠤᠨ ᠠᠵᠤ | ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠵᠤ ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢ ᠪᠦᠷᠢᠨ ᠪᠦᠷᠬᠦᠬᠦᠯᠬᠦ | ᠬᠡᠷᠡᠭᠲᠠᠢ᠃ ᠬᠢᠨᠠᠨ ᠪᠣᠳᠣᠯᠲᠠ ᠶᠢᠨ ᠠᠵᠢᠯ ᠢ ᠲᠤᠰᠬᠠᠢ ᠮᠡᠷᠬᠡᠵᠢᠬᠦᠯᠬᠦ ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃ | ᠡᠭᠦᠨ ᠤ ᠬᠠᠮᠲᠤ᠂ ᠪᠠᠰᠠ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠢ ᠨᠠᠮ ᠪᠠ ᠤᠯᠤᠰ ᠤᠨ ᠨᠠᠢᠮᠠᠨ ᠶᠡᠭᠡ | ᠬᠢᠨᠠᠯᠲᠠ ᠲᠠᠯᠪᠢᠬᠤ ᠰᠢᠰᠲ᠋ᠧᠮᠵᠢ ᠶᠢᠨ ᠨᠢᠭᠡ ᠪᠤᠯᠭᠠᠨ᠂ ᠤᠯᠤᠰ ᠤᠨ ᠵᠠᠰᠠᠯᠲᠠ ᠶᠢᠨ ᠰᠢᠰᠲ᠋ᠧᠮᠵᠢ ᠶᠢᠨ ᠴᠢᠬᠤᠯᠠ | ᠪᠦᠷᠢᠯᠳᠦᠬᠦᠨ ᠬᠡᠰᠡᠭ ᠪᠤᠯᠭᠠᠬᠤ ᠬᠡᠷᠡᠭᠲᠠᠢ ᠬᠡᠵᠤ ᠳᠤᠷᠠᠳᠴᠤ᠂ ᠬᠢᠨᠠᠨ ᠪᠣᠳᠣᠯᠲᠠ ᠶᠢ ᠰᠢᠨᠡᠴᠢᠯᠡᠬᠦ ᠳᠤ ᠨᠡᠩ | ᠦᠨᠳᠦᠷ ᠬᠠᠷᠢᠭᠤᠴᠠᠯᠭ᠎ᠠ ᠪᠠ ᠡᠭᠦᠷᠭᠡ ᠤᠯᠭᠤᠭᠰᠠᠨ ᠪᠠᠶᠢᠨ᠎ᠠ᠃ | ︽ᠬᠢᠨᠠᠨ ᠪᠣᠳᠣᠬᠤ ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠬᠦᠯᠬᠦ ᠰᠠᠨᠠᠯ︾ ︵ᠳᠣᠷᠣᠭᠰᠢ ︽ᠬᠡᠷᠡᠭᠵᠢᠬᠦᠯᠬᠦ ᠰᠠᠨᠠᠯ︾ | ᠭᠡᠵᠦ ᠲᠤᠪᠴᠢᠯᠠᠨ᠎ᠠ︶ ᠳᠤ ᠲᠥᠪ ᠤᠨ ᠴᠢᠬᠤᠯᠠ ᠶᠡᠭᠡ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠮᠥᠷᠳᠡᠨ | ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠤᠨ ᠵᠠᠷᠯᠢᠭ ᠤᠨ ᠰᠢᠯᠤᠭᠤᠬᠠᠨ ᠶᠠᠪᠤᠭᠳᠠᠬᠤ ᠶᠢ | ᠠᠬᠢᠭᠤᠯᠬᠤ ᠬᠡᠷᠡᠭᠲᠠᠢ︔ ᠠᠵᠤ ᠠᠬᠤᠶ ᠨᠡᠶᠢᠭᠡᠮ ᠤᠨ ᠠᠵᠢᠯᠯᠠᠭᠠᠨ ᠤ ᠳᠤᠮᠳᠠᠬᠢ ᠲᠦᠭᠰᠢᠭᠦᠷᠢ ᠶᠢᠨ ᠳᠠᠯᠳᠠ ᠭᠡᠮ ᠢ | ᠢᠯᠡᠷᠡᠭᠦᠯᠬᠦ ᠪᠠ ᠲᠤᠰᠬᠠᠬᠤ ᠡᠷᠴᠢᠮ ᠢᠶᠠᠨ ᠴᠢᠩᠭᠠᠷᠠᠭᠤᠯᠵᠤ᠂ ᠤᠯᠤᠰ ᠣᠷᠣᠨ ᠤ ᠠᠵᠤ ᠠᠬᠤᠶ ᠶᠢᠨ ᠠᠮᠤᠷ | ᠲᠦᠪᠰᠢᠨ ᠢ ᠬᠠᠮᠠᠭᠠᠯᠠᠬᠤ ᠬᠡᠷᠡᠭᠲᠠᠢ︔ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ | ᠠᠰᠠᠭᠤᠳᠠᠯ ᠢ ᠢᠯᠡᠴᠢᠯᠡᠬᠦ ᠪᠠ ᠪᠠᠶᠢᠴᠠᠭᠠᠨ ᠰᠢᠳᠭᠡᠬᠦ ᠡᠷᠴᠢᠮ ᠢᠶᠠᠨ ᠴᠢᠩᠭᠠᠷᠠᠭᠤᠯᠵᠤ᠂ ᠬᠢᠨᠠᠨ ᠪᠣᠳᠣᠬᠤ ᠪᠠᠷ | ᠳᠠᠮᠵᠢᠨ ᠤᠯᠵᠤ ᠮᠡᠳᠡᠭᠰᠡᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠲᠤᠮᠤ ᠠᠰᠠᠭᠤᠳᠠᠯ ᠢ ᠨᠡᠪᠲᠡ | ᠭᠦᠨᠵᠡᠭᠡᠶ ᠲᠤᠤᠱᠲᠠᠢ ᠪᠠᠶᠢᠴᠠᠭᠠᠬᠤ ᠬᠡᠷᠡᠭᠲᠡᠶ︔ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠠᠷᠠᠳᠴᠢᠯᠠᠯᠲᠤ ᠬᠠᠤᠯᠢ ᠪᠠᠷ ᠵᠠᠰᠠᠬᠤ | ᠪᠠᠶᠢᠭᠤᠯᠤᠯᠲᠠ ᠶᠢ ᠠᠬᠢᠭᠤᠯᠬᠤ ᠬᠡᠷᠡᠭᠲᠠᠢ︔ ᠡᠷᠬᠡ ᠪᠠᠨ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠ ᠬᠢᠵᠠᠭᠠᠷᠯᠠᠬᠤ | ᠡᠷᠴᠢᠮ ᠢᠶᠠᠨ ᠴᠢᠩᠭᠠᠳᠬᠠᠵᠤ᠂ ᠬᠠᠷᠢᠭᠤᠴᠠᠯᠭ᠎ᠠ ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ | ᠲᠡᠭᠦᠯᠳᠡᠷᠵᠢᠬᠦᠯᠦᠨ ᠪᠦᠷᠢᠨᠰᠢᠬᠦᠯᠬᠦ ᠶᠢ ᠠᠬᠢᠭᠤᠯᠬᠤ ᠬᠡᠷᠡᠭᠲᠠᠢ︔ ᠠᠮᠵᠢᠯᠲᠠ ᠪᠦᠲᠦᠭᠡᠯ ᠳᠤ ᠬᠢᠨᠠᠨ ᠪᠤᠳᠤᠬᠤ | ᠡᠷᠴᠢᠮ ᠢᠶᠠᠨ ᠴᠢᠩᠭᠠᠷᠠᠭᠤᠯᠵᠤ᠂ ᠦᠷ᠎ᠡ ᠠᠰᠢᠭ ᠱᠠᠭᠠᠷᠳᠠᠬᠤ᠂ ᠪᠦᠲᠦᠮᠵᠢ ᠠᠰᠠᠭᠤᠬᠤ᠂ ᠬᠠᠷᠢᠭᠤᠴᠠᠯᠭ᠎ᠠ | ᠨᠡᠬᠡᠮᠵᠢᠯᠡᠬᠦ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠵᠤ᠂ ᠣᠯᠠᠨ ᠨᠡᠶᠢᠲᠡ ᠶᠢᠨ ᠪᠡᠯᠡ ᠮᠦᠡᠭᠭᠦ ᠶᠢ | ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠬᠤ ᠬᠡᠷᠡᠭᠲᠠᠢ︔ ᠠᠷᠠᠳ ᠤᠨ ᠠᠮᠢᠳᠤᠷᠠᠯ ᠢᠶᠠᠷ | ᠭᠤᠣᠯᠳᠠᠯᠭ᠎ᠠ ᠪᠣᠯᠭᠠᠭᠰᠠᠨ ᠨᠡᠶᠢᠭᠡᠮ ᠤᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ | ᠴᠢᠩᠭᠠᠷᠠᠭᠤᠯᠵᠤ᠂ ᠠᠷᠠᠳ ᠣᠯᠠᠨ ᠤ ᠦᠨᠳᠦᠰᠦᠨ ᠠᠰᠢᠭ ᠲᠤᠰᠠ ᠶᠢ ᠬᠠᠮᠠᠭᠠᠯᠠᠬᠤ ᠬᠡᠷᠡᠭᠲᠠᠢ ᠭᠡᠵᠤ ᠱᠠᠭᠠᠷᠳᠠᠪᠠ᠃ | ᠡᠨᠡ ᠨᠢ ᠬᠢᠨᠠᠨ ᠪᠣᠳᠣᠬᠤ ᠳᠤ ᠳᠠᠩᠰᠠ ᠶᠢ ᠪᠠᠶᠢᠴᠠᠭᠠᠬᠤ ᠮᠦᠷᠲᠡᠭᠡᠨ ᠪᠠᠰᠠ ᠬᠥᠮᠦᠨ ᠢ ᠬᠢᠨᠠᠵᠤ᠂ ᠪᠣᠳᠠᠰ ᠢ ᠬᠢᠨᠠᠵᠤ᠂ | ᠲᠥᠷᠥ ᠶᠢᠨ ᠪᠣᠳᠣᠯᠭ᠎ᠠ ᠶᠢ ᠬᠢᠨᠠᠵᠤ᠂ ᠬᠢᠨᠠᠨ ᠪᠣᠳᠣᠬᠤ ᠬᠢᠨᠠᠯᠲᠠ ᠲᠠᠯᠪᠢᠬᠤ ᠳᠤ ︽ᠪᠦᠬᠦᠨ ᠢ ᠪᠦᠷᠬᠦᠬᠦᠯᠬᠦ︾ ᠶᠢ | ᠪᠡᠶᠡᠯᠡᠬᠦᠯᠬᠦ ᠶᠢ ᠬᠠᠷᠠᠭᠤᠯᠵᠤ ᠪᠤᠢ᠃ | ᠰᠢᠨ᠎ᠡ ᠬᠡᠪ ᠤᠨ ᠪᠠᠶᠢᠳᠠᠯ ᠳᠤᠤᠷ᠎ᠠ ᠬᠢᠨᠠᠨ ᠪᠣᠳᠣᠬᠤ ᠠᠵᠢᠯ ᠢ ᠰᠠᠶᠢᠲᠤᠷ ᠬᠢᠬᠦ ᠳᠤ᠂ ᠵᠠᠪᠠᠯ ᠦᠵᠡᠯ ᠰᠠᠨᠠᠭ᠎ᠠ | ᠪᠣᠯᠤᠨ ᠦᠢᠯᠡ ᠠᠵᠢᠯᠯᠠᠭ᠎ᠠ ᠪᠠᠨ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠤ ᠲᠠᠨᠢᠯᠲᠠ ᠪᠠ ᠮᠠᠭᠠᠳᠯᠠᠯᠲᠠ ᠲᠠᠢ ᠨᠢᠭᠡᠳᠬᠡᠵᠦ᠂ ᠰᠢᠨ᠎ᠡ ᠬᠡᠪ ᠪᠠᠶᠢᠳᠠᠯ ᠢ ᠲᠠᠨᠢᠨ᠂ ᠰᠢᠨ᠎ᠡ ᠬᠡᠪ | ᠪᠠᠶᠢᠳᠠᠯ ᠳᠤ ᠵᠤᠬᠢᠴᠠᠨ᠂ ᠰᠢᠨ᠎ᠡ ᠬᠡᠪ ᠪᠠᠶᠢᠳᠠᠯ ᠳᠤ ᠦᠢᠯᠡᠴᠢᠯᠡᠵᠤ᠂ ᠰᠢᠨ᠎ᠡ ᠰᠡᠳᠬᠢᠬᠦᠶ᠂ ᠰᠢᠨ᠎ᠡ ᠠᠷᠭ᠎ᠠ᠂ ᠰᠢᠨ᠎ᠡ | ᠬᠢᠳᠡᠯ ᠢ ᠬᠡᠷᠡᠭᠯᠡᠨ ᠬᠢᠨᠠᠨ ᠪᠣᠳᠣᠬᠤ ᠠᠵᠢᠯ ᠤᠨ ᠰᠠᠨᠠᠭᠠᠴᠢᠯᠠᠭᠠᠲᠤ ᠴᠢᠨᠠᠷ ᠪᠠ ᠵᠣᠬᠢᠴᠠᠬᠤ ᠴᠢᠨᠠᠷ ᠢ ᠲᠠᠰᠤᠷᠠᠯᠲᠠ | ᠦᠭᠡᠶ ᠴᠢᠩᠭᠠᠷᠠᠭᠤᠯᠬᠤ ᠬᠡᠷᠡᠭᠲᠠᠢ᠃ | ﹇ᠬᠦᠲᠦᠯᠦᠭᠴᠢ﹈ | ︽ᠬᠡᠷᠡᠭᠵᠢᠬᠦᠯᠬᠦ ᠰᠠᠨᠠᠯ︾ ᠨᠢ ᠬᠤᠶᠢᠰᠢᠳᠠ ᠶᠢᠨ ᠬᠢᠨᠠᠨ ᠪᠣᠳᠣᠬᠤ ᠳᠤ ᠠᠵᠢᠯ ᠶᠠᠮᠠᠷ ᠶᠠᠮᠠᠷ ᠰᠢᠨ᠎ᠡ | ᠱᠠᠭᠠᠷᠳᠠᠯᠭ᠎ᠠ ᠪᠠ ᠰᠢᠨ᠎ᠡ ᠲᠤᠭᠲᠠᠭᠠᠯ ᠭᠠᠷᠭᠠᠭᠰᠠᠨ ᠪᠤᠶ︖ | ﹇ᠯᠢᠦ ᠸᠧᠨ ᠯᠸᠢ﹈ | ︽ᠬᠡᠷᠡᠭᠵᠢᠬᠦᠯᠬᠦ ᠰᠠᠨᠠᠯ︾ ᠳᠤ ᠤᠯᠤᠰ ᠤᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢᠨ ᠨᠠᠶᠢᠳᠠᠪᠤᠷᠢᠵᠢᠭᠤᠯᠤᠯ ᠢ ᠠᠬᠢᠭᠤᠯᠬᠤ ᠲᠠᠯ᠎ᠠ ᠪᠠᠷ ᠬᠢᠨᠠᠨ ᠪᠤᠳᠤᠬᠤ ᠶᠢᠨ ᠪᠠᠲᠤᠯᠠᠭ᠎ᠠ ᠶᠢᠨ | ᠦᠢᠯᠡᠳᠦᠯ᠂ ᠬᠢᠨᠠᠨ ᠪᠣᠳᠣᠬᠤ ᠶᠢᠨ ᠬᠢᠨᠠᠯᠲᠠ ᠲᠠᠯᠪᠢᠯᠲᠠ ᠶᠢᠨ ᠦᠢᠯᠡᠳᠦᠯ ᠢ ᠪᠠᠳᠠᠷᠠᠭᠤᠯᠬᠤ ᠶᠢ ᠲᠠᠪᠤᠨ ᠲᠠᠯ᠎ᠠ ᠪᠠᠷ | ᠴᠢᠬᠤᠯᠠᠴᠢᠯᠠᠪᠠ᠃ | ᠨᠢᠭᠡ ᠳᠤ᠂ ᠬᠢᠨᠠᠨ ᠪᠤᠳᠤᠬᠤ ᠲᠠᠯ᠎ᠠ ᠶᠢ ᠤᠯᠠᠮ ᠨᠢᠭᠡ ᠠᠯᠬᠤᠮ ᠲᠤᠲᠤᠷᠬᠠᠶᠢᠯᠠᠪᠠ᠃ ᠤᠯᠠᠨ ᠨᠡᠶᠢᠲᠡ ᠶᠢᠨ | ᠪᠡᠯᠡ ᠮᠥᠩᠭᠦ᠂ ᠤᠯᠤᠰ ᠤᠨ ᠡᠳ᠋ ᠬᠥᠷᠥᠩᠭᠡ᠂ ᠤᠯᠤᠰ ᠤᠨ ᠦᠮᠴᠢᠯᠡᠯᠲᠦ ᠡᠬᠢ ᠪᠠᠶᠠᠯᠢᠭ ᠢ ᠬᠠᠮᠢᠶᠠᠷᠬᠤ᠂ | ᠬᠤᠪᠢᠶᠠᠷᠢᠯᠠᠬᠤ᠂ ᠬᠡᠷᠡᠭᠯᠡᠬᠦ ᠳᠤ ᠬᠤᠯᠪᠤᠭᠳᠠᠭᠰᠠᠨ ᠰᠠᠯᠠᠭ᠎ᠠ ᠮᠥᠴᠢᠷ᠂ ᠨᠢᠭᠡᠴᠡ ᠪᠤᠯᠤᠨ ᠬᠤᠪᠢ ᠬᠥᠮᠦᠨ ᠶᠤᠮ | ᠪᠤᠯ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠶᠢ ᠬᠦᠢᠴᠡᠳᠭᠡᠭᠰᠡᠨ ᠪᠠᠶᠢᠳᠠᠯ ᠳᠤ ᠴᠥᠮ ᠬᠢᠨᠠᠨ | ᠪᠣᠳᠣᠯᠲᠠ ᠶᠢ ᠬᠦᠯᠢᠶᠡᠵᠤ᠂ ᠬᠢᠨᠠᠨ ᠪᠣᠳᠣᠯᠲᠠ ᠶᠢ ᠬᠠᠮᠵᠢᠨ᠂ ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ︽ | ᠪᠦᠬᠦᠨ ᠢ ᠪᠦᠷᠬᠦᠬᠦᠯᠬᠦ︾ ᠶᠢ ᠦᠯᠡᠳᠡᠭᠡᠯ ᠦᠬᠡᠢ ᠪᠡᠶᠡᠯᠡᠬᠦᠯᠬᠦ ᠬᠡᠷᠡᠭᠲᠠᠢ᠃ | ᠬᠤᠶᠠᠷ ᠲᠤ᠂ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠦᠢᠯᠡᠳᠦᠯ ᠢ ᠴᠢᠩᠭᠠᠷᠠᠭᠤᠯᠪᠠ᠃ ᠬᠠᠤᠯᠢ | ᠶᠣᠰᠣᠭᠠᠷ ᠵᠠᠰᠠᠭ ᠶᠠᠪᠤᠭᠤᠯᠬᠤ ᠪᠠᠶᠢᠳᠠᠯ ᠳᠤ ᠬᠢᠨᠠᠨ ᠪᠤᠳᠤᠬᠤ ᠡᠷᠴᠢᠮ ᠢᠶᠠᠨ ᠴᠢᠩᠭᠠᠷᠠᠭᠤᠯᠵᠤ᠂ ᠬᠠᠤᠯᠢ ᠪᠠᠶᠢᠭᠠᠳ | ᠵᠢᠷᠤᠮᠯᠠᠬᠤ ᠦᠭᠡᠶ᠂ ᠬᠠᠤᠯᠢ ᠬᠡᠷᠡᠭᠵᠢᠭᠦᠯᠬᠦ ᠨᠢ ᠴᠢᠩᠭ᠎ᠠ ᠪᠤᠰᠤ ᠵᠡᠷᠭᠡ ᠠᠰᠠᠭᠤᠳᠠᠯ ᠢ ᠣᠯᠵᠤ ᠮᠡᠳᠡᠬᠦ ᠶᠢ ᠠᠩᠬᠠᠷᠴᠤ᠂ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠵᠤ᠂ ᠬᠠᠤᠯᠢ ᠴᠠᠭᠠᠵᠠ ᠶᠢᠨ ᠰᠦᠷ | ᠬᠦᠴᠦᠨ ᠢ ᠦᠨᠡᠨ ᠬᠦ ᠬᠠᠮᠠᠭᠠᠯᠠᠬᠤ ᠬᠡᠷᠡᠭᠲᠠᠢ᠃ ᠣᠯᠠᠨ ᠲᠦᠮᠡᠨ ᠤ ᠠᠰᠢᠭ ᠲᠤᠰᠠ ᠶᠢ ᠬᠦᠨᠳᠦ ᠨᠣᠴᠢᠲᠠᠶ | ᠬᠤᠬᠢᠷᠠᠭᠤᠯᠤᠭᠰᠠᠨ᠂ ᠡᠷᠬᠡ ᠲᠡᠭᠰᠢ ᠥᠷᠢᠰᠥᠯᠳᠦᠭᠡᠨ ᠢ ᠬᠠᠷᠰᠢᠯᠠᠭᠰᠠᠨ ᠵᠡᠷᠭᠡ ᠠᠰᠠᠭᠤᠳᠠᠯ ᠢ ᠬᠦᠴᠦ ᠲᠠᠯᠪᠢᠨ | ᠲᠤᠰᠬᠠᠵᠤ᠂ ᠵᠠᠬ᠎ᠠ ᠳᠡᠯᠭᠡᠭᠦᠷ ᠤᠨ ᠠᠵᠤ ᠠᠬᠤᠶ ᠶᠢᠨ ᠡᠮᠬᠢ ᠲᠢᠭᠯᠢᠮ ᠪᠣᠯᠤᠨ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠶᠢ ᠬᠠᠮᠠᠭᠠᠯᠠᠬᠤ ᠬᠡᠷᠡᠭᠲᠠᠢ᠃ | ﹇ᠯᠢᠦ ᠸᠧᠨ ᠯᠸᠢ﹈ | ︽ᠬᠡᠷᠡᠭᠵᠢᠬᠦᠯᠬᠦ ᠰᠠᠨᠠᠯ︾ ᠳᠤ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠳᠥᠯᠭᠢᠨ | ᠠᠬᠢᠭᠤᠯᠬᠤ ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠬᠢᠨᠠᠨ ᠪᠣᠳᠣᠯᠲᠠ ᠶᠢᠨ ᠳᠤᠮᠳᠠ | ᠤᠯᠵᠤ ᠮᠡᠳᠡᠭᠰᠡᠨ ᠬᠠᠤᠯᠢ ᠴᠠᠭᠠᠵᠠ ᠰᠠᠬᠢᠯᠭ᠎ᠠ ᠪᠠᠲᠤ ᠶᠢ ᠵᠥᠷᠢᠴᠡᠭᠰᠡᠨ ᠴᠢᠬᠤᠯᠠ ᠶᠡᠭᠡ ᠠᠰᠠᠭᠤᠳᠠᠯ ᠢ᠂ ᠬᠦᠨᠵᠡᠭᠡᠢ᠂ | ᠨᠡᠪᠲᠡ᠂ ᠲᠤᠤᠱᠲᠠᠢ ᠪᠠᠶᠢᠴᠠᠭᠠᠬᠤ ᠬᠡᠷᠡᠭᠲᠡᠶ᠃ ᠡᠳ᠋ ᠤᠨ ᠵᠠᠰᠠᠭ ᠤᠨ ᠪᠡᠯᠡ ᠮᠥᠩᠭᠦ ᠶᠢᠨ ᠬᠤᠪᠢᠶᠠᠷᠢᠯᠠᠯᠲᠠ᠂ | ᠴᠢᠬᠤᠯᠠ ᠶᠡᠭᠡ ᠪᠡᠯᠡ ᠣᠷᠣᠭᠤᠯᠤᠯᠲᠠ ᠶᠢᠨ ᠰᠢᠢᠳᠪᠦᠷᠢᠲᠦ ᠪᠣᠳᠣᠯᠭ᠎ᠠ ᠪᠤᠯᠤᠨ ᠲᠦᠷᠦᠯ ᠵᠦᠢᠯ ᠤᠨ ᠬᠢᠨᠠᠨ | ᠵᠦᠪᠰᠢᠶᠡᠷᠡᠯ᠂ ᠴᠢᠬᠤᠯᠠ ᠶᠡᠭᠡ ᠡᠳ᠋ ᠪᠣᠳᠠᠰ ᠬᠤᠳᠠᠯᠳᠤᠨ ᠠᠪᠬᠤ ᠪᠠ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠳᠤ ᠣᠷᠣᠯᠴᠠᠬᠤ᠂ ᠵᠢᠭᠡᠯᠡᠯᠭᠡ ᠲᠠᠯᠪᠢᠬᠤ ᠪᠠ ᠦᠨᠡᠲᠦ ᠲᠡᠮᠳᠡᠭᠲᠦ ᠰᠤᠯᠢᠯᠴᠠᠭ᠎ᠠ᠂ ᠤᠯᠤᠰ ᠤᠨ | ᠦᠮᠴᠢᠯᠡᠯᠲᠦ ᠡᠳ᠋ ᠬᠥᠷᠥᠩᠭᠡ ᠪᠤᠯᠤᠨ ᠰᠲ᠋ᠣᠺ ᠤᠨ ᠡᠷᠬᠡ ᠶᠢ ᠰᠢᠯᠵᠢᠭᠦᠯᠦᠨ ᠥᠭᠬᠦ᠂ ᠭᠠᠵᠠᠷ ᠰᠢᠷᠣᠶ ᠪᠤᠯᠤᠨ | ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠰᠤᠯᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠪᠣᠯᠤᠨ | ᠵᠠᠩᠭᠢᠯᠠᠭ᠎ᠠ ᠶᠢᠨ ᠭᠤᠭᠴᠤᠭ᠎ᠠ ᠶᠢ ᠭᠤᠤᠯᠳᠠᠯᠭ᠎ᠠ ᠲᠠᠢ ᠠᠩᠬᠠᠷᠴᠤ᠂ ᠡᠷᠬᠡ ᠪᠠᠨ ᠠᠰᠢᠭᠯᠠᠨ ᠠᠮᠢ ᠪᠠᠨ ᠪᠤᠷᠳᠤᠭᠰᠠᠨ᠂ | ᠬᠠᠷᠢᠭᠤᠴᠠᠯᠭ᠎ᠠ ᠪᠠᠨ ᠠᠯᠳᠠᠭᠰᠠᠨ ᠲᠤᠰᠢᠶᠠᠯ ᠢᠶᠠᠨ ᠭᠤᠲᠤᠭᠠᠭᠰᠠᠨ᠂ ᠱᠠᠮᠰᠢᠭᠰᠠᠨ ᠬᠠᠭ᠋ᠤᠤᠯᠢ ᠢᠳᠡᠭᠰᠡᠨ᠂ | ᠳᠣᠲᠣᠭᠠᠳᠤ ᠳᠠᠭᠠᠨ ᠰᠤᠯᠢᠯᠴᠠᠭᠰᠠᠨ ᠵᠡᠷᠭᠡ ᠠᠰᠠᠭᠤᠳᠠᠯ ᠢ ᠢᠯᠡᠴᠢᠯᠡᠨ᠂ ᠠᠷᠢᠭᠤᠨ ᠴᠢᠬᠡᠴᠢ ᠵᠠᠰᠠᠭ ᠤᠨ ᠣᠷᠳᠣᠨ ᠤ | ᠪᠠᠶᠢᠭᠤᠯᠤᠯᠲᠠ ᠶᠢ ᠠᠬᠢᠭᠤᠯᠬᠤ ᠬᠡᠷᠡᠭᠲᠠᠢ᠃ ᠤᠳᠤᠷᠢᠳᠬᠤ ᠺᠠᠳ᠋ᠷᠴᠤᠳ ᠤᠨ ᠠᠵᠤ ᠠᠬᠤᠶ ᠶᠢᠨ | ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠵᠦ᠂ ᠤᠳᠤᠷᠢᠳᠬᠤ ᠺᠠᠳ᠋ᠷᠴᠤᠳ ᠤᠨ ᠬᠠᠤᠯᠢ ᠴᠠᠭᠠᠵᠠ | ᠰᠠᠬᠢᠯᠭ᠎ᠠ ᠪᠠᠲᠤ ᠳᠦᠷᠢᠮ ᠲᠤᠭᠲᠠᠭᠠᠯ ᠢ ᠵᠢᠷᠤᠮᠯᠠᠨ ᠰᠠᠬᠢᠵᠤ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ | ᠬᠦᠴᠦ ᠲᠠᠯᠪᠢᠨ ᠪᠠᠶᠢᠴᠠᠭᠠᠵᠤ᠂ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠤᠨ ᠰᠠᠨᠠᠭᠠᠴᠢᠯᠠᠭ᠎ᠠ ᠲᠠᠢ ᠠᠵᠢᠯᠯᠠᠬᠤ᠂ | ᠪᠦᠲᠦᠮᠵᠢᠲᠠᠢ ᠠᠵᠢᠯᠯᠠᠬᠤ ᠶᠢ ᠲᠦᠯᠬᠢᠨ ᠠᠬᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠬᠦ | ᠬᠡᠷᠡᠭᠲᠠᠢ᠃ ᠠᠵᠢᠯ ᠶᠠᠪᠤᠳᠠᠯ ᠬᠢᠳᠡᠭ ᠦᠭᠡᠢ᠂ ᠠᠵᠢᠯ ᠶᠠᠪᠤᠳᠠᠯ ᠢ ᠤᠳᠠᠭᠠᠨ ᠪᠡᠶᠡᠯᠡᠭᠦᠯᠳᠡᠭ᠂ ᠠᠵᠢᠯ ᠶᠠᠪᠤᠳᠠᠯ ᠢ | ᠳᠤᠷ᠎ᠠ ᠪᠠᠷ ᠢᠶᠠᠨ ᠬᠢᠳᠡᠭ ᠠᠰᠠᠭᠤᠳᠠᠯ ᠢ ᠬᠠᠤᠯᠢ ᠴᠠᠭᠠᠵᠠ ᠰᠠᠬᠢᠯᠭ᠎ᠠ ᠪᠠᠲᠤ ᠶᠣᠰᠣᠭᠠᠷ ᠲᠤᠰᠬᠠᠵᠤ᠂ ᠬᠠᠷᠢᠭᠤᠴᠠᠯᠭ᠎ᠠ | ᠨᠡᠬᠡᠮᠵᠢᠯᠡᠬᠦ ᠪᠠ ᠬᠠᠷᠢᠭᠤᠴᠠᠯᠭ᠎ᠠ ᠠᠰᠠᠭᠤᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠬᠦᠯᠬᠦ ᠶᠢ ᠠᠬᠢᠭᠤᠯᠬᠤ | ᠬᠡᠷᠡᠭᠲᠠᠢ᠃ | ︽ᠬᠡᠷᠡᠭᠵᠢᠬᠦᠯᠬᠦ ᠰᠠᠨᠠᠯ︾ ᠳᠤ ᠬᠢᠨᠠᠨ ᠪᠤᠳᠤᠯᠲᠠ ᠨᠢ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ | ᠬᠡᠮᠵᠢᠶ᠎ᠡ ᠶᠢ ᠵᠣᠬᠢᠴᠠᠭᠤᠯᠤᠨ ᠤᠶᠠᠯᠳᠤᠭᠤᠯᠤᠭᠰᠠᠨ ᠪᠠᠶᠢᠳᠠᠯ ᠢ ᠨᠢᠭᠲᠠ ᠠᠩᠬᠠᠷᠴᠤ᠂ ᠥᠭᠡᠷᠡᠴᠢᠯᠡᠯᠲᠡ ᠶᠢᠨ | ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ ᠪᠠ ᠵᠣᠬᠢᠴᠠᠯᠳᠤ ᠴᠢᠨᠠᠷ ᠢ ᠴᠢᠩᠭᠠᠳᠬᠠᠬᠤ ᠪᠠᠨ ᠠᠬᠢᠭᠤᠯᠬᠤ | ᠬᠡᠷᠡᠭᠲᠠᠢ᠃ ᠥᠭᠡᠷᠡᠴᠢᠯᠡᠯᠲᠡ ᠪᠠ ᠬᠥᠭᠵᠢᠯᠲᠡ ᠶᠢᠨ ᠳᠤᠮᠳᠠ ᠢᠯᠡᠷᠡᠭᠰᠡᠨ ᠰᠢᠨ᠎ᠡ ᠪᠠᠶᠢᠳᠠᠯ ᠢ ᠵᠥᠪ ᠡᠵᠡᠮᠳᠡᠵᠦ᠂ | ᠴᠠᠭ ᠦᠶ᠎ᠡ ᠳᠤ ᠲᠤᠬᠢᠷᠠᠬᠤ ᠦᠭᠡᠢ᠂ ᠬᠥᠭᠵᠢᠯᠲᠡ ᠶᠢ ᠬᠢᠵᠠᠭᠠᠷᠯᠠᠬᠤ᠂ ᠥᠭᠡᠷᠡᠴᠢᠯᠡᠯᠲᠡ ᠶᠢ ᠬᠠᠷᠰᠢᠯᠠᠬᠤ ᠳᠦᠷᠢᠮ | ᠲᠣᠭᠲᠠᠭᠠᠯ ᠢ ᠴᠠᠭ ᠲᠤᠬᠠᠶ ᠳᠤᠨᠢ ᠲᠤᠰᠬᠠᠵᠤ᠂ ᠰᠠᠶᠢᠵᠢᠷᠠᠭᠤᠯᠬᠤ ᠪᠠ ᠲᠡᠭᠦᠯᠳᠡᠷᠵᠢᠭᠦᠯᠬᠦ ᠶᠢ ᠳᠥᠯᠭᠢᠨ ᠠᠬᠢᠭᠤᠯᠬᠤ | ᠬᠡᠷᠡᠭᠲᠠᠢ ᠭᠡᠵᠤ ᠲᠤᠲᠤᠷᠬᠠᠶᠢᠯᠠᠪᠠ᠃ | ﹇ᠯᠢᠦ ᠸᠧᠨ ᠯᠸᠢ﹈ | ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠨᠡᠬᠡᠮᠵᠢᠯᠡᠬᠦ ᠳᠤ ᠰᠢᠨ᠎ᠡ ᠱᠠᠭᠠᠷᠳᠠᠯᠭ᠎ᠠ | ᠳᠤᠷᠠᠳᠪᠠ᠃ ︽ᠬᠡᠷᠡᠭᠵᠢᠬᠦᠯᠬᠦ ᠰᠠᠨᠠᠯ︾ ᠳᠤ ᠴᠡᠭᠴᠡᠯᠡᠨ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠬᠤ ᠶᠢ ᠬᠤᠶᠠᠷ | ᠲᠠᠯ᠎ᠠ ᠪᠠᠷ ᠲᠤᠭᠲᠠᠭᠠᠪᠠ᠄ ᠨᠢᠭᠡ ᠨᠢ ᠢᠯᠡ ᠲᠣᠳᠣ ᠪᠠᠶᠢᠯᠭᠠᠬᠤ ᠶᠠᠪᠤᠳᠠᠯ ᠪᠤᠯᠤᠨ᠎ᠠ᠂ ᠦᠭᠡᠷ᠎ᠡ ᠪᠠᠷ ᠬᠡᠯᠡᠪᠡᠯ ᠬᠢᠨᠠᠨ | ᠪᠤᠳᠤᠯᠲᠠ ᠬᠢᠯᠭᠡᠭᠰᠡᠨ ᠨᠢᠭᠡᠴᠡ ᠨᠢ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠵᠤ᠂ ᠨᠡᠶᠢᠭᠡᠮ ᠤᠨ ᠬᠢᠨᠠᠯᠲᠠ ᠶᠢ | ᠬᠦᠯᠢᠶᠡᠬᠦ ᠶᠢ ᠱᠠᠭᠠᠷᠳᠠᠪᠠ︔ ᠨᠦᠬᠦᠭᠡ ᠨᠢ ᠳᠠᠷᠤᠢ ᠬᠠᠷᠢᠭᠤᠴᠠᠯᠭ᠎ᠠ ᠠᠰᠠᠭᠤᠬᠤ ᠶᠠᠪᠤᠳᠠᠯ ᠪᠤᠯᠤᠨ᠎ᠠ᠂ | ᠬᠠᠷᠢᠭᠤᠴᠠᠯᠭ᠎ᠠ ᠶᠢᠨ ᠳᠦᠷᠢᠮ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ | ᠨᠡᠬᠡᠮᠵᠢᠯᠡᠬᠦ ᠠᠵᠢᠯ ᠢ ᠴᠢᠩᠭᠠᠳᠬᠠᠨ᠎ᠠ᠃ ︽ᠬᠡᠷᠡᠭᠵᠢᠬᠦᠯᠬᠦ ᠰᠠᠨᠠᠯ︾ ᠳᠤ ᠬᠢᠨᠠᠨ ᠪᠤᠳᠤᠯᠲᠠ ᠬᠢᠯᠭᠡᠭᠰᠡᠨ ᠨᠢᠭᠡᠴᠡ᠂ | ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠢᠨᠠᠨ ᠪᠤᠳᠤᠬᠤ ᠳᠤ ᠢᠯᠡᠷᠡᠭᠦᠯᠦᠭᠰᠡᠨ ᠠᠰᠠᠭᠤᠳᠠᠯ ᠢ | ᠦᠨᠡᠨᠬᠦ ᠴᠡᠭᠴᠡᠯᠡᠨ ᠰᠠᠶᠢᠵᠢᠷᠠᠭᠤᠯᠵᠤ᠂ ᠬᠢᠨᠠᠨ ᠪᠣᠳᠣᠯᠲᠠ ᠶᠢᠨ ᠦᠷ᠎ᠡ ᠪᠦᠲᠦᠮᠵᠢ ᠶᠢ ᠭᠦᠢᠴᠡᠳ ᠬᠡᠷᠡᠭᠯᠡᠬᠦ ᠶᠢ | ᠰᠢᠮᠳᠠᠭᠤᠯᠬᠤ ᠶᠢᠨ ᠲᠤᠯᠠᠳᠠ᠂ ᠬᠠᠮᠢᠶ᠎ᠠ ᠪᠦᠬᠦᠢ ᠨᠢᠭᠡᠴᠡ ᠶᠢᠨ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ᠃ | ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠪᠡᠶᠡᠴᠢ ᠴᠣᠭᠴᠠ ᠶᠢ ᠲᠤᠲᠤᠷᠬᠠᠶᠢᠯᠠᠵᠤ᠂ ᠬᠢᠨᠠᠨ | ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠢ ᠴᠡᠭᠴᠡᠯᠡᠨ ᠰᠠᠶᠢᠵᠢᠷᠠᠭᠤᠯᠬᠤ ᠶᠢᠨ ᠨᠢᠭᠡᠳᠦᠭᠡᠷ | ᠬᠠᠷᠢᠭᠤᠴᠠᠯᠭᠠᠲᠠᠨ ᠪᠤᠯᠭᠠᠬᠤ ᠶᠢ ᠱᠠᠭᠠᠷᠳᠠᠪᠠ᠃ ᠴᠡᠭᠴᠡᠯᠡᠨ ᠰᠠᠶᠢᠵᠢᠷᠠᠭᠤᠯᠬᠤ ᠶᠢ ︽ᠨᠢᠭᠡᠳᠦᠭᠡᠷ ᠭᠠᠷ︾ ᠤᠨ | ᠢᠨᠵᠧᠨᠧᠷᠢᠩ ᠪᠤᠯᠭᠠᠪᠠᠯ᠂ ᠨᠢᠭᠡᠴᠡ ᠨᠢ ᠠᠶᠠᠨᠳᠠᠭᠠᠨ ᠨᠡᠩ ᠴᠢᠬᠤᠯᠠᠴᠢᠯᠠᠨ ᠦᠵᠡᠬᠦ ᠪᠤᠯᠤᠨ᠎ᠠ᠃ ᠬᠢᠨᠠᠨ ᠪᠤᠳᠤᠭᠤᠯᠬᠤ | ᠨᠢᠬᠡᠴᠡ ᠨᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠢᠨᠠᠨ ᠪᠣᠳᠣᠬᠤ ᠪᠠᠶᠢᠭᠤᠯᠭ᠎ᠠ ᠳᠤ ᠪᠢᠴᠢᠭ ᠢᠶᠠᠷ | ᠮᠡᠳᠡᠭᠳᠡᠬᠦ ᠶᠢᠨ ᠬᠠᠮᠲᠤ ᠠᠳᠠᠯᠢ ᠱᠠᠲᠤᠨ ᠤ ᠵᠠᠰᠠᠭ ᠤᠨ ᠣᠷᠳᠣᠨ ᠪᠤᠶᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ | ᠲᠡᠭᠡᠨ ᠮᠡᠳᠡᠭᠦᠯᠬᠦ ᠶᠢᠨ ᠳᠠᠭᠠᠤ ᠨᠡᠶᠢᠭᠡᠮ ᠨᠡᠶᠢᠲᠡ ᠳᠤ ᠵᠠᠷᠯᠠᠨ ᠮᠡᠳᠡᠭᠳᠡᠬᠦ ᠶᠢ ᠱᠠᠭᠠᠷᠳᠠᠪᠠ᠃ ᠡᠯ᠎ᠡ ᠱᠠᠲᠤᠨ ᠤ | ᠵᠠᠰᠠᠭ ᠤᠨ ᠣᠷᠳᠣᠨ ᠵᠢᠯ ᠪᠦᠷᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠤᠰᠬᠠᠶ ᠰᠡᠳᠦᠪ ᠢᠶᠠᠷ ᠰᠤᠳᠤᠯᠬᠤ ᠶᠢᠨ | ᠬᠠᠮᠲᠤ ᠴᠡᠭᠴᠡᠯᠡᠨ ᠰᠠᠶᠢᠵᠢᠷᠠᠭᠤᠯᠬᠤ ᠶᠢ ᠬᠢᠨᠠᠨ ᠪᠠᠶᠢᠴᠠᠭᠠᠵᠤ ᠰᠢᠪᠠᠳᠠᠨ ᠰᠢᠢᠳᠪᠦᠷᠢᠯᠡᠬᠦ ᠶᠠᠪᠤᠳᠠᠯ ᠳᠤ ᠣᠷᠣᠭᠤᠯᠵᠤ᠂ | ᠬᠢᠨᠠᠨ ᠪᠤᠳᠤᠭᠤᠯᠬᠤ ᠨᠢᠬᠡᠴᠡ ᠶᠢᠨ ᠬᠤᠯᠪᠣᠭᠳᠠᠯ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠨᠢ ᠴᠠᠭ | ᠲᠤᠬᠠᠶ ᠳᠤᠨᠢ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠠᠢ᠃ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠬᠢᠨᠠᠨ ᠪᠣᠳᠣᠭᠰᠠᠨ ᠦᠷ᠎ᠡ ᠳ᠋ᠦᠩ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠬᠢᠨᠠᠨ | ᠰᠢᠯᠭᠠᠬᠤ᠂ ᠱᠠᠩᠨᠠᠵᠤ ᠰᠢᠳᠬᠡᠬᠦ ᠶᠢᠨ ᠴᠢᠬᠤᠯᠠ ᠦᠨᠳᠦᠰᠦ ᠪᠠᠷᠢᠮᠲᠠ ᠪᠤᠯᠭᠠᠨ᠂ ᠴᠡᠭᠴᠡᠯᠡᠨ ᠰᠠᠶᠢᠵᠢᠷᠠᠭᠤᠯᠬᠤ ᠶᠢ | ᠲᠤᠤᠱᠲᠠᠢ ᠬᠢᠭᠰᠡᠨ ᠦᠭᠡᠢ ᠪᠤᠯ ᠬᠢᠨᠠᠨ ᠪᠤᠳᠤᠭᠤᠯᠬᠤ ᠨᠢᠭᠡᠴᠡ ᠶᠢᠨ ᠭᠤᠣᠯ ᠬᠠᠷᠢᠭᠤᠴᠠᠯᠭᠠᠲᠠᠨ ᠯᠤᠭ᠎ᠠ ᠪᠣᠯᠵᠣᠨ | ᠶᠠᠷᠢᠯᠴᠠᠵᠤ᠂ ᠰᠠᠶᠢᠲᠤᠷ ᠴᠡᠭᠴᠡᠯᠡᠨ ᠦᠭᠡᠷᠡᠴᠢᠯᠡᠭᠰᠡᠨ ᠦᠭᠡᠢ᠂ ᠬᠢᠨᠠᠨ ᠪᠤᠳᠤᠬᠤ ᠪᠦᠷᠢ ᠴᠦᠮ ᠵᠦᠷᠢᠴᠡᠭᠰᠡᠨ | ᠠᠰᠠᠭᠤᠳᠠᠯ ᠲᠠᠢ ᠪᠤᠯ ᠬᠠᠷᠢᠭᠤᠴᠠᠯᠭ᠎ᠠ ᠶᠢ ᠨᠢ ᠴᠢᠩᠭ᠎ᠠ ᠨᠡᠬᠡᠮᠵᠢᠯᠡᠨ ᠠᠰᠠᠭᠤᠬᠤ ᠬᠡᠷᠡᠭᠲᠠᠢ᠃ ᠬᠢᠨᠠᠨ ᠪᠣᠳᠣᠬᠤ | ᠪᠠᠶᠢᠭᠤᠯᠭ᠎ᠠ ᠨᠢ ᠴᠡᠭᠴᠡᠯᠡᠨ ᠰᠠᠶᠢᠵᠢᠷᠠᠭᠤᠯᠬᠤ ᠶᠢ ᠪᠠᠶᠢᠴᠠᠭᠠᠨ ᠮᠥᠷᠳᠡᠬᠦ ᠲᠣᠭᠲᠠᠴᠠ ᠶᠢ ᠪᠠᠶᠢᠭᠤᠯᠵᠤ᠂ ᠴᠢᠬᠤᠯᠠ | ᠲᠠᠢ ᠦᠶ᠎ᠡ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠤᠷᠢᠵᠤ ᠴᠡᠭᠴᠡᠯᠡᠨ ᠰᠠᠶᠢᠵᠢᠷᠠᠭᠤᠯᠬᠤ ᠰᠠᠨᠠᠯ ᠢ | ᠬᠠᠮᠵᠢᠯᠴᠠᠨ ᠨᠠᠶᠢᠳᠠᠪᠤᠷᠢᠵᠢᠭᠤᠯᠬᠤ ᠪᠣᠯᠤᠨ᠎ᠠ᠂ ᠡᠭᠦᠨ ᠤ ᠬᠠᠮᠲᠤ ᠪᠠᠰᠠ ᠬᠤᠯᠪᠣᠭᠳᠠᠯ ᠪᠦᠬᠦᠢ ᠨᠢᠭᠡᠴᠡ ᠶᠢᠨ ᠬᠠᠷᠢᠭᠤ | ᠲᠤᠰᠬᠠᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠨᠡᠶᠢᠭᠡᠮ ᠨᠡᠶᠢᠲᠡ ᠳᠤ ᠬᠠᠷᠢᠴᠠᠩᠭᠤᠢ ᠪᠠᠷ ᠨᠡᠶᠢᠲᠡᠯᠡᠬᠦ | ᠪᠤᠯᠤᠨ᠎ᠠ᠃ | ﹇ᠯᠢᠦ ᠸᠧᠨ ᠯᠸᠢ﹈ | ᠳᠦᠷᠪᠡ ᠳᠤ᠂ ᠬᠢᠨᠠᠨ ᠪᠣᠳᠣᠬᠤ ᠠᠵᠢᠯ ᠢ ᠬᠠᠮᠵᠢᠯᠴᠠᠬᠤ ᠳᠤ ᠰᠢᠨ᠎ᠡ ᠵᠢᠷᠤᠮᠯᠠᠯ ᠲᠠᠢ ᠪᠤᠯᠪᠠ᠃ ᠬᠢᠨᠠᠨ | ᠪᠤᠳᠤᠬᠤ ᠶᠢᠨ ᠬᠢᠨᠠᠯᠲᠠ ᠲᠠᠯᠪᠢᠬᠤ ᠨᠢ ᠮᠠᠨ ᠤ ᠤᠯᠤᠰ ᠲᠤ ᠪᠠᠨ ᠨᠡᠯᠢᠶᠡᠳ ᠬᠦᠴᠢᠷ ᠲᠠᠢ ᠠᠰᠠᠭᠤᠳᠠᠯ ᠪᠤᠯᠤᠨ᠎ᠠ᠂ | ᠬᠢᠨᠠᠨ ᠪᠤᠳᠤᠭᠤᠯᠬᠤ ᠲᠠᠯ᠎ᠠ ᠨᠢ ᠬᠢᠨᠠᠨ ᠪᠤᠳᠤᠬᠤ ᠶᠢ ᠬᠠᠤᠯᠢ ᠶᠣᠰᠣᠭᠠᠷ ᠬᠦᠯᠢᠶᠡᠨ ᠠᠪᠬᠤ ᠦᠵᠡᠯ ᠤᠬᠠᠮᠰᠠᠷ ᠢᠶᠠᠷ | ᠳᠤᠲᠠᠮᠠᠭ ᠠᠴᠠ ᠪᠤᠯᠤᠭᠠᠳ᠂ ᠬᠢᠨᠠᠨ ᠪᠣᠳᠣᠭᠴᠢᠳ ᠵᠠᠷᠢᠮ ᠳᠠᠭᠠᠨ ᠤᠨᠴᠠ ᠵᠠᠷᠢᠮ ᠪᠤᠳᠤᠭᠤᠯᠬᠤ ᠲᠠᠯ᠎ᠠ ᠶᠢᠨ | ᠬᠠᠮᠵᠢᠯᠴᠠᠵᠤ ᠦᠭᠭᠦ ᠦᠭᠡᠢ ᠬᠦᠴᠢᠷᠳᠡᠯ ᠳᠤ ᠲᠤᠯᠭᠠᠷᠠᠳᠠᠭ᠃ ᠲᠡᠳᠡᠨ ᠤ ᠵᠠᠷᠢᠮ ᠨᠢ ᠬᠢᠨᠠᠨ ᠪᠣᠳᠣᠯᠲᠠ ᠳᠤ ᠴᠢᠬᠤᠯᠠ | ᠪᠦᠬᠦᠢ ᠮᠠᠲ᠋ᠧᠷᠢᠶᠠᠯ ᠢ ᠬᠠᠩᠭᠠᠬᠤ ᠶᠢ ᠲᠠᠪᠴᠢᠬᠦ ᠪᠤᠶᠤ ᠵᠤᠷᠢᠭᠤᠳᠠ ᠭᠡᠷᠡᠴᠢ ᠪᠠᠷᠢᠮᠲᠠ ᠶᠢ ᠤᠰᠠᠳᠬᠠᠬᠤ᠂ | ᠬᠠᠭᠤᠷᠮᠠᠭ ᠭᠡᠷᠡᠴᠢ ᠪᠠᠷᠢᠮᠲᠠ ᠬᠠᠨᠭ᠍ᠭᠠᠬᠤ᠂ ᠵᠠᠷᠢᠮ ᠨᠢ ᠴᠢᠨᠠᠭᠰᠢᠯᠠᠭᠠᠳ ᠬᠢᠨᠠᠨ ᠪᠣᠳᠣᠭᠴᠢᠳ ᠢ ᠠᠶᠤᠯᠭᠠᠨ | ᠰᠦᠷᠳᠡᠭᠦᠯᠳᠡᠭ᠃ ᠡᠭᠦᠨ ᠠᠴᠠ ᠭᠠᠳᠠᠨ᠎ᠠ᠂ ᠣᠨᠴᠠ ᠵᠠᠷᠢᠮ ᠬᠠᠮᠵᠢᠨ ᠪᠠᠶᠢᠴᠠᠭᠠᠬᠤ ᠨᠢᠭᠡᠴᠡ ᠨᠢ ᠨᠢᠭᠤᠴᠠ ᠶᠢ | ᠬᠠᠮᠠᠭᠠᠯᠠᠬᠤ ᠦᠵᠡᠯ ᠤᠬᠠᠮᠰᠠᠷ ᠳᠤᠲᠠᠮᠠᠭ ᠪᠠᠶᠢᠵᠤ᠂ ᠬᠢᠨᠠᠨ ᠪᠣᠳᠣᠬᠤ ᠠᠵᠢᠯ ᠤᠨ ᠪᠠᠶᠢᠳᠠᠯ ᠢ ᠵᠠᠳᠠᠷᠠᠭᠤᠯᠳᠠᠭ | ᠪᠠᠶᠢᠨ᠎ᠠ᠃ | ︽ᠬᠡᠷᠡᠭᠵᠢᠬᠦᠯᠬᠦ ᠰᠠᠨᠠᠯ︾ ᠳᠤ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠬᠢᠨᠠᠨ ᠪᠣᠳᠣᠯᠲᠠ ᠳᠤ ᠬᠠᠮᠵᠢᠯᠴᠠᠬᠤ | ᠲᠠᠯ᠎ᠠ ᠪᠠᠷ ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠂ ᠬᠢᠨᠠᠨ ᠪᠣᠳᠣᠯᠲᠠ ᠶᠢ ᠬᠦᠯᠢᠶᠡᠭᠰᠡᠳ ᠪᠦᠬᠦᠨ | ᠬᠠᠷᠰᠢ ᠰᠠᠭᠠᠳ ᠭᠠᠷᠭᠠᠵᠤ ᠪᠤᠯᠬᠤ ᠦᠭᠡᠢ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠯᠤᠨ ᠨᠢᠭᠡᠴᠡ ᠨᠢ ᠬᠢᠨᠠᠨ | ᠪᠣᠳᠣᠯᠲᠠ ᠳᠤ ᠬᠡᠷᠡᠭᠴᠡᠭᠡ ᠪᠦᠬᠦᠢ ᠡᠳ᠋ ᠤᠨ ᠶᠠᠪᠤᠳᠠᠯ ᠤᠨ ᠨᠢᠭᠲᠠᠯᠠᠨ ᠪᠣᠳᠣᠬᠤ᠂ ᠲᠤᠬᠠᠶᠢᠯᠠᠭᠰᠠᠨ ᠠᠵᠢᠯ ᠪᠣᠯᠤᠨ | ᠬᠠᠮᠢᠶᠠᠷᠤᠯᠲᠠ ᠵᠡᠷᠭᠡ ᠮᠠᠲ᠋ᠧᠷᠢᠶᠠᠯ ᠢ ᠬᠠᠤᠯᠢ ᠶᠣᠰᠣᠭᠠᠷ᠂ ᠴᠠᠭ ᠲᠤᠬᠠᠶ ᠳᠤᠨᠢ᠂ ᠪᠦᠷᠢᠨ ᠪᠦᠲᠦᠨ᠂ ᠦᠨᠡᠨ | ᠪᠣᠳᠠᠲᠤ᠂ ᠪᠦᠬᠦ ᠲᠠᠯ᠎ᠠ ᠪᠠᠷ ᠬᠠᠨᠭ᠍ᠭᠠᠬᠤ ᠬᠡᠷᠡᠭᠲᠠᠢ᠂ ᠬᠤᠯᠪᠣᠭᠳᠠᠯ ᠪᠦᠬᠦᠢ ᠡᠯᠧᠺᠲᠷᠣᠨ ᠲᠤᠭ᠎ᠠ ᠪᠠᠷᠢᠮᠲᠠ ᠶᠢᠨ | ᠮᠡᠳᠡᠭᠡ ᠵᠠᠩᠭᠢ᠂ ᠴᠢᠬᠤᠯᠠ ᠪᠦᠬᠦᠢ ᠮᠡᠷᠭᠡᠵᠢᠯ ᠤᠨ ᠪᠢᠴᠢᠭᠯᠡᠯ ᠵᠢᠴᠢ ᠴᠢᠬᠤᠯᠠ ᠪᠦᠬᠦᠢ ᠠᠵᠢᠯ ᠤᠨ ᠣᠷᠴᠢᠨ | ᠲᠣᠭᠤᠷᠢᠨ ᠢ ᠪᠠᠭᠲᠠᠭᠠᠭᠰᠠᠨ ᠬᠢᠨᠠᠨ ᠪᠣᠳᠣᠬᠤ ᠪᠠᠶᠢᠭᠤᠯᠭ᠎ᠠ ᠳᠤ ᠮᠠᠲ᠋ᠧᠷᠢᠶᠠᠯ ᠬᠠᠨᠭ᠍ᠭᠠᠬᠤ ᠪᠠ ᠺᠣᠮᠫᠢᠦ᠋ᠲ᠋ᠧᠷ ᠤᠨ | ᠮᠡᠳᠡᠭᠡ ᠵᠠᠩᠭᠢ ᠶᠢᠨ ᠰᠢᠰᠲ᠋ᠧᠮ ᠢ ᠨᠡᠭᠡᠭᠡᠵᠤ ᠪᠠᠶᠢᠴᠠᠭᠠᠨ ᠯᠠᠪᠯᠠᠬᠤ ᠡᠷᠬᠡ ᠮᠡᠳᠡᠯ ᠢ ᠬᠢᠵᠠᠭᠠᠷᠯᠠᠬᠤ ᠲᠤᠭᠲᠠᠭᠠᠯ | ᠲᠤᠭᠲᠠᠭᠠᠵᠤ ᠪᠤᠯᠬᠤ ᠦᠭᠡᠢ᠂ ᠨᠢᠭᠡᠨᠲᠡ ᠲᠣᠭᠲᠠᠭᠠᠭᠰᠠᠨ ᠪᠠᠶᠢᠪᠠᠯ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠶ | ᠪᠣᠯᠭᠠᠬᠤ ᠭᠡᠷᠡᠭᠲᠠᠢ᠃ | ﹇ᠯᠢᠦ ᠸᠧᠨ ᠯᠸᠢ﹈ | ᠲᠠᠪᠤ ᠳᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠨᠢ ᠬᠦᠴᠦᠲᠡᠶ ᠪᠠᠲᠤᠯᠠᠭ᠎ᠠ ᠲᠠᠢ ᠪᠣᠯᠪᠠ᠃ | ︽ᠬᠡᠷᠡᠭᠵᠢᠭᠦᠯᠬᠦ ᠰᠠᠨᠠᠯ︾ ᠳᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠢ ᠬᠠᠮᠠᠭᠠᠯᠠᠵᠤ᠂ ᠣᠷᠣᠨ | ᠨᠤᠲᠤᠭ ᠤᠨ ᠡᠯ᠎ᠡ ᠱᠠᠲᠤᠨ ᠤ ᠵᠠᠰᠠᠭ ᠤᠨ ᠣᠷᠳᠣᠨ ᠨᠤᠭᠤᠳ ᠬᠢᠨᠠᠨ ᠪᠣᠳᠣᠯᠲᠠ ᠶᠢᠨ ᠪᠠᠶᠢᠭᠤᠯᠭ᠎ᠠ ᠶᠢᠨ ᠬᠠᠤᠯᠢ | ᠶᠣᠰᠣᠭᠠᠷ ᠬᠢᠨᠠᠨ ᠪᠣᠳᠣᠬᠤ᠂ ᠠᠰᠠᠭᠤᠳᠠᠯ ᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ᠂ ᠬᠢᠨᠠᠨ ᠪᠣᠳᠣᠭᠰᠠᠨ | ᠦᠷ᠎ᠡ ᠳ᠋ᠦᠩ ᠢ ᠨᠡᠶᠢᠭᠡᠮ ᠨᠡᠶᠢᠲᠡ ᠳᠤ ᠬᠠᠤᠯᠢ ᠶᠣᠰᠣᠭᠠᠷ ᠵᠠᠷᠯᠠᠨ ᠮᠡᠳᠡᠭᠳᠡᠬᠦ ᠶᠢ ᠪᠠᠲᠤᠯᠠᠬᠤ ᠬᠡᠷᠡᠭᠲᠡᠢ᠂ ᠪᠤᠰᠤᠳ | ᠵᠠᠰᠠᠭ ᠵᠠᠬᠢᠷᠭᠠᠨ ᠤ ᠪᠠᠶᠢᠭᠤᠯᠭ᠎ᠠ᠂ ᠨᠡᠶᠢᠭᠡᠮ ᠤᠨ ᠪᠦᠯᠬᠦᠮ ᠪᠣᠯᠣᠨ ᠬᠤᠪᠢ ᠬᠥᠮᠦᠨ ᠤ ᠭᠠᠷ ᠲᠦᠷᠦᠭᠦ ᠶᠢ ᠬᠦᠯᠢᠶᠡᠬᠦ | ᠦᠭᠡᠢ᠂ ᠬᠠᠤᠯᠢ ᠴᠠᠭᠠᠵᠠ ᠬᠠᠤᠯᠢ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠨ ᠪᠣᠳᠣᠯᠲᠠ ᠶᠢᠨ | ᠬᠢᠨᠠᠯᠲᠠ ᠪᠠᠶᠢᠴᠠᠭᠠᠯᠲᠠ ᠬᠢᠬᠦ ᠶᠢ ᠲᠤᠭᠲᠠᠮᠠᠯ ᠬᠤᠭᠤᠴᠠᠭ᠎ᠠ ᠪᠠᠷ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ | ᠬᠢᠨᠠᠨ ᠪᠣᠳᠣᠯᠲᠠ ᠶᠢᠨ ᠬᠢᠨᠠᠯᠲᠠ ᠲᠠᠯᠪᠢᠬᠤ ᠶᠢ ᠲᠡᠪᠴᠢᠬᠦ᠂ ᠬᠢᠨᠠᠨ ᠪᠣᠳᠣᠬᠤ ᠠᠵᠢᠯ ᠢ ᠬᠠᠷᠰᠢᠯᠠᠬᠤ ᠰᠠᠭᠠᠲᠠᠭᠠᠬᠤ᠂ | ᠥᠯᠦ ᠬᠠᠮᠵᠢᠯᠴᠠᠬᠤ᠂ ᠡᠰᠡᠭᠦᠯ᠎ᠡ ᠬᠢᠨᠠᠨ ᠪᠣᠳᠣᠭᠴᠢᠳ ᠢ ᠠᠶᠤᠯᠭᠠᠨ ᠰᠦᠷᠳᠡᠬᠦᠯᠬᠦ ᠪᠣᠶᠤ ᠥᠰᠢᠶ᠎ᠡ ᠠᠪᠤᠭᠰᠠᠨ | ᠶᠠᠪᠤᠳᠠᠯ ᠢ ᠬᠠᠦᠯᠢ ᠳᠦᠷᠢᠮ ᠰᠠᠬᠢᠯᠭ᠎ᠠ ᠶᠣᠰᠣᠭᠠᠷ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ ᠣᠷᠣᠨ ᠨᠤᠲᠤᠭ ᠤᠨ | ᠡᠯ᠎ᠡ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠨᠤᠭᠤᠳ ᠬᠢᠨᠠᠨ ᠪᠣᠳᠣᠭᠰᠠᠨ ᠦᠷ᠎ᠡ ᠳ᠋ᠦᠩ ᠪᠣᠯᠣᠨ ᠬᠦᠨᠳᠦ ᠶᠡᠭᠡ | ᠬᠡᠷᠡᠭ ᠤᠨ ᠰᠦᠪᠡᠭᠴᠢ ᠶᠢ ᠠᠳᠠᠯᠢ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠡᠷᠬᠡᠪᠰᠢ ᠳᠡᠭᠡᠷ᠎ᠡ | ᠨᠢᠭᠡᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠢ ᠭᠡᠵᠦ ᠲᠣᠳᠣᠷᠬᠠᠶᠢᠯᠠᠪᠠ᠂ ᠡᠨᠡ ᠨᠢ | ᠠᠳᠠᠯᠢ ᠱᠠᠲᠤᠨ ᠤ ᠵᠠᠰᠠᠭ ᠤᠨ ᠣᠷᠳᠣᠨ ᠤ ᠨᠣᠶᠠᠨ ᠨᠣᠶᠠᠨ ᠢᠶᠠᠨ ᠬᠠᠷᠢᠯᠴᠠᠨ ᠥᠮᠦᠭᠡᠷᠡᠬᠦ ᠶᠢ ᠰᠡᠷᠭᠡᠶᠢᠯᠡᠵᠦ᠂ ᠬᠢᠨᠠᠨ | ᠪᠣᠳᠣᠬᠤ ᠠᠵᠢᠯ ᠤᠨ ᠤᠷᠤᠭᠰᠢᠲᠠᠶ ᠶᠠᠪᠤᠭᠳᠠᠬᠤ ᠳᠤ ᠠᠰᠢᠭᠲᠠᠢ ᠪᠣᠯᠪᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠨᠢ | ᠬᠢᠨᠠᠨ ᠪᠣᠳᠣᠬᠤ ᠠᠵᠢᠯ ᠳᠠᠬᠢ ᠪᠠᠲᠤ ᠴᠢᠩᠭ᠎ᠠ ᠳᠡᠮᠵᠢᠯᠭᠡ ᠪᠣᠯᠣᠨ ᠬᠦᠨᠳᠦ ᠨᠠᠶᠢᠳᠠᠯᠭ᠎ᠠ ᠶᠢ ᠢᠯᠡᠷᠡᠭᠦᠯᠵᠦ᠂ ᠬᠢᠨᠠᠨ | ᠪᠣᠳᠣᠬᠤ ᠠᠵᠢᠯ ᠰᠢᠨ᠎ᠡ ᠬᠡᠪ ᠪᠠᠶᠢᠳᠠᠯ ᠳᠤ ᠤᠷᠤᠭᠰᠠᠨ ᠢ ᠬᠠᠷᠠᠭᠤᠯᠵᠠᠢ᠄ ᠡᠭᠦᠷᠭᠡ ᠬᠠᠷᠢᠭᠤᠴᠠᠯᠭ᠎ᠠ ᠶᠢᠨ ᠣᠷᠣᠨ | ᠪᠠᠶᠢᠷᠢ ᠨᠡᠩ ᠥᠨᠳᠥᠷᠵᠢᠵᠦ᠂ ᠡᠭᠦᠷᠭᠡ ᠨᠡᠩ ᠬᠥᠨᠳᠦᠷᠡᠵᠦ᠂ ᠡᠷᠬᠡ ᠮᠡᠳᠡᠯ ᠨᠡᠩ ᠶᠡᠬᠡᠳᠴᠦ᠂ ᠱᠠᠭᠠᠷᠳᠠᠯᠭ᠎ᠠ ᠨᠡᠩ | ᠴᠢᠩᠭᠠᠷᠠᠵᠤ᠂ ᠲᠦᠭᠰᠢᠭᠦᠷᠢ ᠴᠦ ᠪᠠᠰᠠ ᠨᠡᠩ ᠶᠡᠭᠡ ᠪᠣᠯᠵᠤ᠂ ᠬᠢᠨᠠᠨ ᠪᠣᠳᠣᠯᠲᠠ ᠶᠢᠨ ᠤᠯᠤᠰ ᠣᠷᠣᠨ ᠢ ᠵᠠᠰᠠᠬᠤ | ᠪᠠᠭᠠᠵᠢ ᠶᠢᠨ ᠥᠪᠡᠷᠮᠢᠴᠡ ᠣᠨᠴᠠᠯᠢᠭ ᠨᠢ ᠡᠳᠦᠷ ᠢᠷᠡᠬᠦᠶ᠎ᠡ ᠳᠣᠪᠣᠶᠢᠮ᠎ᠠ ᠪᠣᠯᠪᠠ᠃ ︽ᠨᠡᠮᠡᠭᠳᠡᠯ ᠢ | ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ︾ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠳᠤ᠂ ᠬᠢᠨᠠᠨ ᠪᠣᠳᠣᠬᠤ ᠠᠵᠢᠯ ᠤᠨ | ᠬᠦᠨᠳᠦ ᠡᠭᠦᠷᠭᠡ ᠶᠢ ᠡᠭᠦᠷᠭᠡᠯᠡᠨ᠂ ᠲᠦᠯᠬᠢᠵᠤ ᠪᠣᠯᠣᠰᠢ ᠦᠭᠡᠢ ᠬᠠᠷᠢᠭᠤᠴᠠᠯᠭ᠎ᠠ ᠲᠠᠢ ᠪᠠᠶᠢᠨ᠎ᠠ᠃ | ﹇ᠬᠥᠲᠥᠯᠦᠭᠴᠢ﹈ | ᠮᠠᠨ ᠤ ᠬᠢᠨᠠᠨ ᠪᠣᠳᠣᠬᠤ ᠰᠠᠯᠠᠭ᠎ᠠ ᠮᠥᠴᠢᠷ ᠤᠳ ᠨᠢ ᠰᠢᠨ᠎ᠡ ᠬᠡᠪ ᠪᠠᠶᠢᠳᠠᠯ ᠳᠣᠣᠷ᠎ᠠ ᠡᠯ᠎ᠡ ᠵᠦᠢᠯ ᠤᠨ | ᠱᠠᠭᠠᠷᠳᠠᠯᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠪᠤᠶ︖ | ﹇ᠯᠢᠦ ᠸᠧᠨ ᠯᠸᠢ﹈ | ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠬᠢᠨᠠᠨ ᠪᠣᠳᠣᠬᠤ ᠶᠢᠨ ᠠᠭᠤᠯᠤᠭᠳᠠᠬᠤᠨ ᠮᠠᠰᠢ ᠲᠥᠷᠭᠡᠨ | ᠪᠠᠶᠠᠯᠢᠭᠵᠢᠵᠤ᠂ ᠠᠭᠤᠯᠬᠤᠨ ᠨᠢ ᠦᠳᠲᠡᠷ ᠲᠦᠷᠭᠡᠨ ᠥᠷᠭᠡᠳᠪᠡ᠂ ᠡᠨᠡ ᠨᠢ ᠬᠢᠨᠠᠨ ᠪᠣᠳᠣᠯᠲᠠ ᠶᠢᠨ ᠺᠠᠳ᠋ᠷ ᠰᠢᠨ᠎ᠡ | ᠬᠡᠪ ᠪᠠᠶᠢᠳᠠᠯ ᠳᠤ ᠦᠳᠲᠡᠷ ᠲᠦᠷᠭᠡᠨ ᠵᠣᠬᠢᠴᠠᠬᠤ ᠶᠢ ᠱᠠᠭᠠᠷᠳᠠᠪᠠ᠃ | ᠰᠢᠨ᠎ᠡ ᠬᠡᠪ ᠪᠠᠶᠢᠳᠠᠯ᠂ ᠰᠢᠨ᠎ᠡ ᠡᠭᠦᠷᠭᠡ᠃ ᠰᠢᠨ᠎ᠡ ᠱᠠᠭᠠᠷᠳᠠᠯᠭ᠎ᠠ᠂ ᠲᠣᠭᠲᠠᠭᠠᠯ ᠳᠣᠣᠷ᠎ᠠ᠂ ᠥᠪᠡᠷᠲᠡᠭᠡᠨ | ᠵᠠᠰᠠᠬᠤ ᠣᠷᠣᠨ ᠤ ᠡᠯ᠎ᠡ ᠱᠠᠲᠤᠨ ᠤ ᠬᠢᠨᠠᠨ ᠪᠣᠳᠣᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠪᠣᠳᠠᠲᠠᠶ | ᠲᠤᠬᠠᠶᠢᠯᠠᠭᠰᠠᠨ ᠠᠵᠢᠯ ᠤᠨ ᠲᠠᠯ᠎ᠠ ᠪᠠᠷ ᠪᠠᠰᠠ ᠨᠢᠭᠡ ᠬᠡᠮᠵᠢᠶᠡᠨ ᠤ ᠲᠣᠬᠢᠷᠠᠭᠤᠯᠤᠯᠲᠠ ᠬᠢᠬᠦ ᠪᠣᠯᠣᠨ᠎ᠠ᠃ | ᠡᠳ᠋ ᠤᠨ ᠵᠠᠰᠠᠭ ᠤᠨ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ᠎ᠡ᠃ ᠡᠳ᠋ ᠤᠨ ᠵᠠᠰᠠᠭ ᠤᠨ ᠬᠢᠨᠠᠨ | ᠪᠣᠳᠣᠯᠲᠠ ᠶᠢᠨ ᠬᠦᠴᠦᠯᠡᠬᠦ ᠴᠢᠭ᠋ ᠢ ᠣᠯᠠᠨ ᠨᠡᠶᠢᠲᠡ ᠶᠢᠨ ᠪᠡᠯᠡ ᠮᠥᠩᠭᠦᠨ ᠤ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠶᠢ ᠠᠬᠢᠭᠤᠯᠬᠤ ᠳᠡᠭᠡᠷ᠎ᠡ ᠲᠠᠯᠪᠢᠵᠤ᠂ ᠨᠢᠭᠡ ᠳᠤ ᠲᠥᠪ ᠤᠨ ᠨᠠᠢᠮᠠᠨ ᠵᠤᠷᠪᠤᠰ ᠲᠣᠭᠲᠠᠭᠠᠯ ᠤᠨ | ᠵᠣᠷᠢᠭ ᠰᠠᠨᠠᠭ᠎ᠠ ᠪᠣᠯᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠰᠠᠬᠢᠶ᠎ᠠ ᠳᠦᠷᠢᠮ︾ ᠤᠨ ᠱᠠᠭᠠᠷᠳᠠᠯᠭ᠎ᠠ ᠶᠢ | ᠲᠣᠣᠱᠯᠠᠭᠤᠯᠬᠤ ᠲᠣᠭᠤᠷᠢᠨ ᠳᠤ᠂ ᠠᠯᠪᠠᠨ ᠵᠠᠷᠤᠯᠭ᠎ᠠ ᠪᠣᠯᠣᠨ ᠠᠯᠪᠠᠨ ᠤ ᠵᠣᠭᠤᠰ ᠤᠨ ᠬᠡᠷᠡᠭᠯᠡᠭᠡ ᠶᠢᠨ ᠬᠢᠨᠠᠨ | ᠪᠣᠳᠣᠯᠲᠠ ᠶᠢ ᠴᠢᠩᠭᠠᠳᠬᠠᠵᠤ᠂ ᠬᠡᠳᠦ ᠬᠡᠬᠡᠨᠴᠢᠷ ᠪᠦᠷᠢᠯᠭᠡᠨ ᠰᠦᠢᠳᠬᠡᠬᠦ ᠪᠠᠶᠢᠭᠤᠯᠤᠯᠲᠠ ᠶᠢᠨ ᠬᠢᠨᠠᠨ ᠪᠣᠳᠣᠯᠲᠠ ᠶᠢ | ᠴᠢᠩᠭᠠᠳᠬᠠᠨ᠂ ᠠᠯᠪᠠᠨ ᠲᠡᠷᠭᠡ ᠶᠢᠨ ᠳᠦᠷᠢᠮ ᠤᠨ ᠥᠭᠡᠷᠡᠴᠢᠯᠡᠯᠲᠡ ᠶᠢᠨ ᠬᠢᠨᠠᠨ ᠪᠣᠳᠣᠯᠲᠠ ᠶᠢ ᠴᠢᠩᠭᠠᠳᠬᠠᠵᠤ᠂ | ᠲᠤᠰᠬᠠᠶ ᠵᠦᠢᠯ ᠤᠨ ᠬᠢᠨᠠᠨ ᠪᠣᠳᠣᠯᠲᠠ ᠶᠢᠨ ᠡᠷᠴᠢᠮ ᠢ ᠴᠢᠩᠭᠠᠷᠠᠭᠤᠯᠤᠨ᠂ ᠠᠷᠪᠢᠯᠠᠨ ᠭᠠᠮᠨᠠᠬᠤ ᠪᠠ | ᠬᠠᠮᠢᠶᠠᠷᠤᠯᠲᠠ ᠪᠠᠨ ᠵᠢᠷᠤᠮᠵᠢᠭᠤᠯᠬᠤ ᠶᠢ ᠠᠬᠢᠭᠤᠯᠵᠤ᠂ ᠪᠣᠷᠣᠭᠵᠢᠭᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠠ᠃ ᠪᠠᠲᠤᠯᠠᠭ᠎ᠠ ᠶᠢᠨ ᠴᠢᠨᠠᠷᠲᠠᠶ ᠠᠮᠤᠭᠤᠯᠠᠩ ᠣᠷᠣᠨ ᠰᠠᠭᠤᠴᠠ ᠶᠢᠨ ᠢᠨᠵᠧᠨᠧᠷᠢᠩ᠂ | ᠲᠠᠷᠢᠶᠠᠯᠠᠩ ᠣᠶ ᠰᠢᠭᠤᠶ ᠤᠰᠤᠨ ᠤ ᠶᠠᠪᠤᠳᠠᠯ᠂ ᠰᠤᠷᠭᠠᠨ ᠬᠥᠮᠦᠵᠢᠯ᠂ ᠡᠮ ᠡᠮᠨᠡᠯᠭᠡ᠂ ᠬᠤᠨᠵᠢᠪᠤᠷᠢᠲᠤ | ᠰᠤᠭᠤᠯᠤᠭ᠎ᠠ ᠵᠡᠷᠭᠡ ᠪᠡᠯᠡ ᠮᠥᠩᠭᠦ ᠪᠣᠯᠣᠨ ᠲᠥᠷᠥᠯ ᠵᠦᠢᠯ ᠤᠨ ᠬᠢᠨᠠᠨ ᠪᠣᠳᠣᠯᠲᠠ ᠶᠢ ᠴᠢᠩᠭᠠᠳᠬᠠᠵᠤ᠂ ᠣᠯᠠᠨ | ᠲᠦᠮᠡᠨ ᠤ ᠳᠡᠷᠭᠡᠳᠡ ᠡᠭᠦᠰᠴᠦ ᠪᠠᠶᠢᠭ᠎ᠠ ᠬᠠᠦᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠥᠷᠢᠴᠡᠭᠰᠡᠨ ᠠᠰᠠᠭᠤᠳᠠᠯ ᠢ | ᠢᠯᠡᠷᠡᠭᠦᠯᠦᠨ ᠲᠤᠰᠬᠠᠨ᠎ᠠ᠃ ᠣᠯᠠᠨ ᠨᠡᠶᠢᠲᠡ ᠶᠢᠨ ᠪᠡᠯᠡ ᠮᠥᠩᠭᠦ ᠶᠢ ᠴᠢᠩᠭ᠎ᠠ ᠬᠠᠮᠢᠶᠠᠷᠴᠤ᠂ ᠱᠠᠮᠰᠢᠬᠤ᠂ ᠪᠦᠷᠢᠯᠭᠡᠬᠦ | ᠵᠡᠷᠭᠡ ᠬᠠᠤᠯᠢ ᠶᠢ ᠵᠥᠷᠢᠴᠡᠵᠦ ᠰᠠᠬᠢᠯᠭ᠎ᠠ ᠪᠠᠲᠤ ᠶᠢ ᠵᠦᠷᠢᠴᠡᠬᠦ ᠦᠢᠯᠡ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠎ᠡ᠃ | ᠬᠤᠶᠠᠷ ᠲᠤ᠂ ᠨᠡᠶᠢᠭᠡᠮ ᠨᠡᠶᠢᠲᠡ ᠳᠤ ᠢᠯᠡ ᠪᠣᠯᠭᠠᠵᠤ᠂ ᠬᠢᠨᠠᠨ ᠪᠣᠳᠣᠬᠤ ᠠᠵᠢᠯ ᠤᠨ ᠪᠠᠶᠢᠳᠠᠯ ᠢ ᠢᠯᠡ ᠪᠣᠯᠭᠠᠵᠤ᠂ | ᠬᠢᠨᠠᠨ ᠪᠣᠳᠣᠭᠰᠠᠨ ᠦᠷ᠎ᠡ ᠳ᠋ᠦᠩ ᠢ ᠢᠯᠡ ᠪᠣᠯᠭᠠᠵᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠳ᠋ᠦᠩ ᠢ ᠢᠯᠡ ᠪᠣᠯᠭᠠᠨ᠎ᠠ᠃ ᠦᠷ᠎ᠡ ᠠᠰᠢᠭ ᠢ ᠯᠠᠪᠯᠠᠬᠤ᠂ ᠠᠮᠵᠢᠯᠲᠠ ᠶᠢ ᠯᠠᠪᠯᠠᠬᠤ᠂ | ᠬᠠᠷᠢᠭᠤᠴᠠᠯᠭ᠎ᠠ ᠶᠢ ᠠᠰᠠᠭᠤᠬᠤ ᠶᠢ ᠬᠢᠨᠠᠨ ᠪᠣᠳᠣᠬᠤ ᠠᠵᠢᠯ ᠳᠤ ᠨᠡᠶᠢᠳᠡᠮ ᠲᠤᠤᠱᠯᠠᠭᠤᠯᠤᠨ᠂ ᠣᠯᠠᠨ ᠨᠡᠶᠢᠲᠡ ᠶᠢᠨ | ᠪᠡᠯᠡ ᠮᠥᠡᠭᠭᠦ ᠶᠢ ᠠᠮᠤᠷ ᠲᠦᠪᠰᠢᠨ ᠥᠨᠳᠥᠷ ᠪᠦᠲᠦᠮᠵᠢᠲᠡᠶ ᠬᠡᠷᠡᠭᠯᠡᠬᠦ ᠶᠢ ᠠᠬᠢᠭᠤᠯᠤᠨ᠎ᠠ᠃ | ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠶᠢ ᠴᠢᠩᠭᠠᠳᠬᠠᠨ᠎ᠠ᠃ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠤᠭᠳᠠᠬᠤ ᠮᠥᠷᠲᠡᠭᠡᠨ ᠪᠠᠰᠠ | ᠠᠵᠤ ᠠᠬᠤᠶ ᠶᠢᠨ ᠨᠡᠮᠡᠭᠳᠡᠯ ᠳᠠᠬᠢ ᠲᠣᠳᠣᠭᠠᠲᠤ ᠬᠡᠷᠡᠭᠯᠡᠭᠡ ᠶᠢᠨ ᠳᠠᠶᠢᠴᠢᠯᠠᠬᠤ ᠬᠦᠦᠴᠨ ᠢ ᠨᠡᠮᠡᠭᠳᠡᠬᠦᠯᠬᠦ ᠶᠢᠨ | ᠬᠡᠷᠡᠭᠴᠡᠭᠡ ᠮᠦᠨ᠃ ᠠᠷᠠᠳ ᠤᠨ ᠠᠮᠢᠳᠤᠷᠠᠯ ᠤᠨ ᠬᠢᠨᠠᠨ ᠪᠣᠳᠣᠯᠲᠠ ᠳᠤ ᠭᠤᠯᠳᠣᠰᠢ ᠪᠣᠳᠣᠬᠤ ᠶᠢ ᠪᠠᠷᠢᠮᠲᠠᠯᠠᠵᠤ᠂ | ᠪᠡᠯᠡ ᠮᠥᠡᠭᠭᠦᠨ ᠤ ᠬᠠᠨᠳᠤᠰᠢ ᠶᠢ ᠳᠠᠭᠠᠭᠤᠯᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ᠂ ᠲᠥᠰᠦᠪ ᠤᠨ | ᠲᠣᠬᠢᠷᠠᠭᠤᠯᠤᠯᠲᠠ᠂ ᠪᠡᠯᠡ ᠮᠥᠩᠭᠦ ᠬᠤᠪᠢᠶᠠᠷᠢᠯᠠᠨ ᠥᠭᠬᠦ ᠠᠴᠠ ᠠᠪᠤᠭᠠᠳ ᠲᠥᠷᠥᠯ ᠵᠦᠢᠯ ᠬᠦᠷᠲᠡᠯ᠎ᠡ᠂ ᠬᠤᠪᠢ | ᠬᠥᠮᠦᠨ ᠬᠦᠷᠲᠡᠯ᠎ᠡ ᠮᠦᠷᠳᠡᠵᠦ᠂ ᠣᠯᠠᠨ ᠲᠦᠮᠡᠨ ᠡᠭᠦᠨ ᠤ ᠳᠤᠮᠳᠠ ᠠᠴᠠ ᠦᠨᠡᠨ ᠬᠦ ᠠᠰᠢᠭ ᠬᠦᠷᠲᠡᠬᠦ ᠶᠢ ᠨᠢ | ᠪᠠᠲᠤᠯᠠᠨ᠎ᠠ᠃ ᠣᠷᠣᠰᠢᠵᠤ ᠪᠠᠶᠢᠭ᠎ᠠ ᠬᠦᠴᠢᠷ ᠪᠡᠷᠬᠡᠰᠢᠶᠡᠯ᠂ ᠠᠰᠠᠭᠤᠳᠠᠯ ᠪᠣᠯᠣᠨ ᠲᠦᠭᠰᠢᠭᠦᠷᠢ ᠶᠢ ᠢᠯᠡᠷᠡᠭᠦᠯᠵᠦ᠂ | ᠠᠷᠭᠠᠴᠠᠬᠤ ᠪᠣᠳᠣᠯᠭ᠎ᠠ ᠰᠠᠨᠠᠭᠤᠯᠭ᠎ᠠ ᠳᠤᠷᠠᠳᠤᠨ᠎ᠠ᠃ | ﹇ᠯᠢᠦ ᠸᠧᠨ ᠯᠸᠢ﹈ | ᠪᠡᠯᠡ ᠣᠷᠤᠭᠤᠯᠤᠯᠲᠠ ᠶᠢ ᠬᠢᠨᠠᠨ ᠪᠣᠳᠣᠬᠤ ᠶᠢ ᠰᠠᠶᠢᠲᠤᠷ ᠠᠳᠬᠤᠬᠤ ᠬᠡᠷᠡᠭᠲᠡᠢ᠃ ︽ᠪᠦᠬᠦᠨ ᠢ ᠬᠠᠮᠤᠷᠬᠤ︾ | ᠶᠢᠨ ᠰᠡᠳᠬᠢᠮᠵᠢ᠂ ᠣᠨᠣᠯᠵᠢᠬᠤᠨ ᠢᠶᠠᠷ ᠲᠤᠰ ᠠᠵᠢᠯ ᠢ ᠬᠥᠲᠥᠯᠥᠨ ᠳᠠᠭᠠᠭᠤᠯᠬᠤ ᠪᠠ ᠠᠬᠢᠭᠤᠯᠣᠨ᠎ᠠ᠃ ᠬᠢᠨᠠᠨ | ᠪᠣᠳᠣᠬᠤ ᠰᠢᠨ᠎ᠡ ᠠᠷᠭ᠎ᠠ ᠶᠢ ᠡᠭᠦᠳᠴᠦ᠂ ᠮᠥᠷᠳᠡᠵᠦ ᠬᠢᠨᠠᠨ ᠪᠣᠳᠣᠬᠤ ᠡᠷᠴᠢᠮ ᠢᠶᠠᠨ ᠴᠢᠩᠭᠠᠷᠠᠭᠤᠯᠵᠤ᠂ ᠴᠢᠬᠤᠯᠠ | ᠶᠡᠭᠡ ᠲᠥᠷᠥᠯ ᠵᠦᠢᠯ ᠤᠨ ᠪᠦᠬᠦ ᠶᠠᠪᠤᠴᠠ ᠳᠤ ᠬᠢᠨᠠᠨ ᠪᠣᠳᠣᠬᠤ ᠶᠢᠨ ᠬᠢᠨᠠᠯᠲᠠ ᠲᠠᠯᠪᠢᠬᠤ ᠶᠢ ᠴᠢᠷᠮᠠᠶᠢᠨ | ᠪᠡᠶᠡᠯᠡᠭᠦᠯᠦᠨ᠎ᠡ᠃ ᠬᠢᠨᠠᠨ ᠪᠣᠳᠣᠬᠤ ᠪᠠᠶᠢᠭᠤᠯᠭ᠎ᠠ ᠤᠯᠤᠰ ᠤᠨ ᠪᠡᠯᠡ ᠣᠷᠣᠭᠤᠯᠤᠯᠲᠠ ᠶᠢᠨ ᠢᠨᠵᠧᠨᠧᠷᠢᠩ ᠤᠨ | ᠪᠥᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠢᠨᠠᠨ ᠪᠣᠳᠣᠬᠤ ᠶᠠᠪᠤᠴᠠ ᠳᠤ ᠣᠯᠵᠤ ᠮᠡᠳᠡᠭᠰᠡᠨ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠳᠤ ᠬᠠᠦᠯᠢ ᠠᠴᠠ ᠵᠦᠷᠢᠴᠡᠵᠦ ᠰᠠᠬᠢᠯᠭ᠎ᠠ ᠪᠠᠲᠤ ᠶᠢ | ᠵᠥᠷᠢᠴᠡᠭᠰᠡᠨ ᠠᠰᠠᠭᠤᠳᠠᠯ ᠢ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ | ᠬᠦᠷᠭᠡᠵᠦ ᠰᠢᠢᠳᠪᠦᠷᠢᠯᠡᠭᠦᠯᠦᠨ᠎ᠡ︔ ᠬᠢᠨᠠᠨ ᠲᠣᠭᠲᠠᠭᠠᠭᠰᠠᠨ ᠲᠤᠭ᠎ᠠ ᠪᠣᠯᠣᠨ ᠳᠠᠭᠠᠭᠠᠴᠢᠯᠠᠯᠲᠠ ᠣᠯᠣᠭᠰᠠᠨ | ᠦᠨ᠎ᠡ ᠶᠢᠨ ᠵᠥᠷᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠠᠳᠠᠯᠢ ᠪᠤᠰᠤ ᠪᠠᠶᠢᠳᠠᠯ ᠢᠶᠠᠷ ᠨᠢ ᠲᠥᠷᠥᠯ | ᠵᠦᠢᠯ ᠤᠨ ᠥᠮᠴᠢᠲᠡᠨ ᠢ ᠵᠠᠷᠯᠢᠭᠳᠠᠵᠤ ᠪᠠᠶᠢᠭᠠᠳ ᠴᠠᠭ ᠲᠤᠬᠠᠶ ᠳᠤᠨᠢ ᠲᠥᠷᠥᠯ ᠵᠦᠢᠯ ᠢ ᠬᠢᠨᠠᠨ ᠵᠥᠪᠰᠢᠶᠡᠷᠡᠬᠦ | ᠰᠠᠯᠠᠭ᠎ᠠ ᠮᠥᠴᠢᠷ ᠲᠤ ᠳᠡᠭᠡᠭᠰᠢ ᠮᠡᠳᠡᠭᠦᠯᠦᠨ ᠵᠦᠪᠰᠢᠶᠡᠷᠡᠭᠦᠯᠬᠦ᠂ ᠡᠰᠡᠬᠦᠯ᠎ᠡ ᠬᠢᠨᠠᠨ ᠪᠠᠶᠢᠴᠠᠭᠠᠬᠤ ᠪᠤᠶᠤ ᠬᠠᠤᠯᠢ | ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠢᠨᠠᠨ ᠪᠠᠶᠢᠴᠠᠭᠠᠯᠭᠠᠵᠤ | ᠰᠢᠢᠳᠪᠦᠷᠢᠯᠡᠭᠦᠯᠦᠨ᠎ᠡ︔ ᠬᠢᠨᠠᠨ ᠬᠠᠰᠤᠬᠤ ᠲᠤᠭ᠎ᠠ ᠬᠡᠮᠵᠢᠶ᠎ᠡ ᠨᠢ ᠨᠡᠯᠢᠶᠡᠳ ᠶᠡᠭᠡ ᠲᠥᠷᠥᠯ ᠵᠦᠢᠯ ᠢ ᠪᠣᠯ ᠬᠢᠨᠠᠨ | ᠪᠠᠶᠢᠴᠠᠭᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠴᠠᠭ ᠲᠤᠬᠠᠶ ᠳᠤᠨᠢ ᠰᠢᠯᠵᠢᠭᠦᠯᠦᠨ ᠬᠦᠷᠭᠡᠵᠦ ᠬᠢᠨᠠᠨ | ᠪᠠᠶᠢᠴᠠᠭᠠᠯᠭᠠᠨ ᠰᠢᠢᠳᠪᠦᠷᠢᠯᠡᠭᠦᠯᠬᠦ ᠵᠡᠷᠭᠡ ᠬᠠᠮᠢᠶ᠎ᠡ ᠪᠦᠬᠦᠢ ᠲᠣᠭᠲᠠᠭᠠᠯ ᠢ ᠪᠣᠲᠠᠲᠠᠢ ᠨᠠᠶᠢᠳᠠᠪᠤᠷᠢᠵᠢᠭᠤᠯᠤᠨ᠎ᠠ᠃ | ᠠᠵᠤ ᠠᠬᠤᠶ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠶᠢ᠃ ᠠᠮᠵᠢᠯᠲᠠ ᠪᠦᠲᠦᠮᠵᠢ ᠶᠢᠨ | ᠣᠨᠣᠯᠵᠢᠬᠤᠨ ᠢ ᠠᠵᠤ ᠠᠬᠤᠶ ᠶᠢᠨ ᠬᠠᠷᠢᠭᠤᠴᠠᠯᠭ᠎ᠠ ᠶᠢ ᠬᠢᠨᠠᠨ ᠪᠣᠳᠣᠬᠤ ᠠᠵᠢᠯ ᠳᠤ ᠪᠦᠷᠢᠨ ᠲᠤᠤᠱᠯᠠᠭᠤᠯᠵᠤ᠂ | ᠲᠤᠰᠢᠶᠠᠯ ᠤᠨ ᠬᠤᠭᠤᠴᠠᠭᠠᠨ ᠳᠤ ᠬᠢᠨᠠᠨ ᠪᠣᠳᠣᠬᠤ ᠪᠠᠷ ᠭᠤᠣᠯ ᠪᠣᠯᠭᠠᠵᠤ᠂ ᠲᠤᠰᠢᠶᠠᠯ ᠤᠨ ᠬᠤᠭᠤᠴᠠᠭᠠᠨ ᠳᠤ | ᠬᠢᠨᠠᠨ ᠪᠣᠳᠣᠬᠤ ᠪᠠ ᠲᠤᠰᠢᠶᠠᠯ ᠠᠴᠠ ᠪᠠᠨ ᠰᠠᠯᠤᠭᠰᠠᠨ ᠤ ᠬᠤᠶᠢᠨ᠎ᠠ ᠬᠢᠨᠠᠨ ᠪᠣᠳᠣᠬᠤ ᠶᠢ ᠤᠶᠠᠯᠳᠤᠭᠤᠯᠬᠤ ᠬᠢᠨᠠᠨ | ᠪᠣᠳᠣᠬᠤ ᠠᠷᠭ᠎ᠠ ᠶᠢ ᠴᠢᠩᠭᠠᠳᠬᠠᠵᠤ᠂ ᠤᠳᠤᠷᠢᠳᠬᠤ ᠺᠠᠳ᠋ᠷ ᠤᠨ ᠠᠵᠤ ᠠᠬᠤᠶ ᠶᠢᠨ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠳᠤ ᠬᠢᠨᠠᠨ ᠪᠣᠳᠣᠯᠲᠠ ᠶᠢᠨ ᠪᠥᠬᠦᠨ ᠢ ᠪᠥᠷᠬᠦᠬᠦᠯᠬᠦ ᠶᠢ ᠬᠡᠷᠡᠭᠵᠢᠭᠦᠯᠵᠦ᠂ ᠪᠦᠬᠦ ᠲᠠᠯ᠎ᠠ ᠪᠠᠷ | ᠬᠢᠨᠠᠯᠲᠠ ᠲᠠᠯᠪᠢᠬᠤ ᠠᠴᠠ ᠭᠠᠳᠠᠨ᠎ᠠ ᠪᠠᠰᠠ ᠪᠦᠬᠦ ᠲᠠᠯ᠎ᠠ ᠪᠠᠷ ᠵᠠᠳᠠᠯᠵᠤ᠂ ᠬᠠᠮᠤᠭ ᠰᠡᠭᠦᠯ ᠳᠤᠨᠢ ᠬᠢᠨᠠᠨ ᠪᠣᠳᠣᠯᠲᠠ ᠶᠢ | ᠬᠦᠯᠢᠶᠡᠭᠰᠡᠨ ᠤᠳᠤᠷᠢᠳᠬᠤ ᠺᠠᠳ᠋ᠷ ᠤᠨ ᠲᠤᠰᠢᠶᠠᠯ ᠡᠭᠦᠷᠭᠡᠯᠡᠵᠦ ᠪᠠᠶᠢᠭ᠎ᠠ ᠬᠤᠭᠤᠴᠠᠭᠠᠨ ᠳᠠᠬᠢ ᠡᠭᠦᠷᠭᠡᠯᠡᠬᠦ ᠶᠣᠰᠣᠲᠠᠶ | ᠠᠵᠤ ᠠᠬᠤᠶ ᠶᠢᠨ ᠬᠠᠷᠢᠭᠤᠴᠠᠯᠭ᠎ᠠ ᠪᠠᠶᠢᠳᠠᠯ ᠳᠤ ᠵᠥᠪ ᠣᠨᠣᠪᠴᠢᠲᠠᠶ᠂ ᠦᠨ᠎ᠡ ᠴᠡᠨ᠎ᠡ ᠲᠠᠢ᠂ ᠲᠣᠯᠢᠳᠠᠭᠤᠰᠢᠲᠠᠢ | ᠦᠨᠡᠯᠡᠯᠲᠡ ᠥᠭᠴᠦ᠂ ᠵᠣᠬᠢᠶᠠᠨ ᠪᠠᠶᠢᠭᠤᠯᠬᠤ ᠠᠵᠢᠯᠲᠠᠨ ᠤ ᠶᠠᠪᠤᠳᠠᠯ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠲᠤ ᠤᠳᠤᠷᠢᠳᠬᠤ ᠺᠠᠳ᠋ᠷ ᠢ ᠬᠢᠨᠠᠨ ᠰᠢᠯᠭᠠᠬᠤ ᠪᠠ ᠲᠣᠮᠢᠯᠠᠨ ᠬᠡᠷᠡᠭᠯᠡᠬᠦ ᠳᠤ ᠦᠨᠳᠦᠰᠦ | ᠪᠠᠷᠢᠮᠲᠠ ᠬᠠᠨᠭ᠍ᠭᠠᠨ᠎ᠠ᠃ | ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠨᠠᠨ ᠪᠣᠳᠣᠯᠲᠠ ᠶᠢ ᠭᠦᠨᠵᠡᠭᠡᠶᠢᠷᠡᠭᠦᠯᠦᠨ ᠠᠬᠢᠭᠤᠯᠤᠨ᠎ᠠ᠃ | ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠬᠢ ᠡᠭᠦᠰᠦᠯ ᠠᠴᠠ ᠨᠢ ᠴᠢᠩᠭ᠎ᠠ ᠰᠡᠷᠭᠡᠶᠢᠯᠡᠬᠦ᠂ ᠶᠠᠪᠤᠴᠠ ᠶᠢ ᠨᠢ | ᠴᠢᠩᠭ᠎ᠠ ᠬᠠᠮᠢᠶᠠᠷᠬᠤ᠂ ᠦᠷ᠎ᠡ ᠳ᠋ᠥᠡᠭ ᠢ ᠨᠢ ᠴᠢᠩᠭ᠎ᠠ ᠰᠢᠳᠬᠡᠬᠦ ᠲᠤᠬᠠᠢ ᠱᠠᠭᠠᠷᠳᠠᠯᠭ᠎ᠠ ᠶᠢᠨ ᠲᠣᠭᠤᠷᠢᠨ ᠳᠤ᠂ ᠡᠬᠢ | ᠪᠠᠶᠠᠯᠢᠭ ᠢ ᠬᠠᠮᠢᠶᠠᠷᠬᠤ᠂ ᠪᠣᠬᠢᠷᠲᠤᠯ ᠢ ᠵᠠᠰᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠪᠠᠶᠢᠳᠠᠯ ᠤᠨ ᠬᠢᠨᠠᠨ | ᠪᠣᠳᠣᠯᠲᠠ ᠶᠢ ᠴᠢᠩᠭᠠᠳᠬᠠᠨ᠎ᠠ᠃ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠬᠠᠮᠠᠭᠠᠯᠠᠬᠤ ᠪᠠᠶᠢᠳᠠᠯ ᠢ ᠬᠢᠨᠠᠨ ᠪᠣᠳᠣᠬᠤ ᠪᠠᠨ ᠴᠢᠩᠭᠠᠳᠬᠠᠵᠤ᠂ ᠬᠠᠮᠢᠶ᠎ᠡ ᠪᠦᠬᠦᠢ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠵᠢᠭᠤᠯᠤᠯ᠂ ᠠᠭᠤᠷᠬᠠᠶ ᠶᠢᠨ ᠠᠵᠤ ᠦᠢᠯᠡᠰ ᠤᠨ ᠡᠷᠬᠡ ᠶᠢᠨ ᠬᠠᠮᠢᠶᠠᠷᠤᠯᠲᠠ᠂ ᠪᠡᠯᠡ ᠮᠥᠩᠭᠦ ᠶᠢᠨ | ᠲᠠᠲᠠᠪᠤᠷᠢᠯᠠᠯᠲᠠ ᠬᠠᠮᠢᠶᠠᠷᠤᠯᠲᠠ ᠵᠡᠷᠭᠡ ᠪᠠᠶᠢᠳᠠᠯ ᠢ ᠠᠩᠬᠠᠷᠴᠤ᠂ ᠬᠠᠤᠯᠢ ᠠᠴᠠ ᠵᠥᠷᠢᠴᠡᠵᠦ ᠰᠠᠬᠢᠯᠭ᠎ᠠ ᠪᠠᠲᠤ ᠶᠢ | ᠵᠥᠷᠢᠴᠡᠭᠰᠡᠨ᠂ ᠣᠷᠴᠢᠨ ᠲᠣᠭᠤᠷᠢᠨ ᠢ ᠡᠪᠳᠡᠭᠰᠡᠨ ᠵᠡᠷᠭᠡ ᠠᠰᠠᠭᠤᠳᠠᠯ ᠢ ᠭᠤᠣᠯᠯᠠᠨ ᠢᠯᠡᠷᠡᠭᠦᠯᠵᠦ᠂ ᠤᠯᠤᠰ ᠤᠨ | ᠥᠮᠴᠢᠯᠡᠯ ᠤᠨ ᠡᠷᠬᠡ ᠠᠰᠢᠭ ᠪᠠ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠨ᠎ᠠ᠃ | ﹇ᠬᠥᠲᠥᠯᠦᠭᠴᠢ﹈ | ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ ᠬᠦᠨᠳᠦ ᠶᠣᠮ᠂ ᠬᠢᠨᠠᠨ ᠪᠣᠳᠣᠬᠤ ᠠᠵᠢᠯ ᠢ ᠰᠠᠶᠢᠲᠤᠷ | ᠬᠢᠬᠦ ᠶᠢᠨ ᠲᠤᠰᠠᠲᠠ᠂ ᠮᠠᠨ ᠤ ᠬᠢᠨᠠᠨ ᠪᠣᠳᠣᠬᠤ ᠰᠠᠯᠠᠭ᠎ᠠ ᠮᠥᠴᠢᠷ ᠨᠢ ᠲᠤᠰ ᠡᠩᠨᠡᠭᠡ ᠶᠢᠨ ᠪᠠᠶᠢᠭᠤᠯᠤᠯᠲᠠ ᠪᠠᠨ | ᠬᠡᠷᠬᠢᠨ ᠴᠢᠩᠭᠠᠳᠬᠠᠬᠤ ᠪᠤᠶ︖ | ﹇ᠯᠢᠦ ᠸᠧᠨ ᠯᠸᠢ﹈ | ᠬᠢᠨᠠᠨ ᠪᠣᠳᠣᠭᠴᠢᠳ ᠪᠣᠯᠤᠭᠰᠠᠨ ᠤ ᠬᠤᠪᠢ ᠳᠤ᠂ ᠬᠠᠷᠢᠭᠤᠴᠠᠯᠭ᠎ᠠ ᠬᠦᠨᠳᠦ᠂ ᠡᠭᠦᠷᠭᠡ ᠥᠩᠭᠡ ᠭᠡᠷᠡᠯᠲᠡᠶ | ᠭᠡᠳᠡᠭ ᠢᠶᠠᠨ ᠣᠶᠢᠯᠠᠭᠠᠵᠤ ᠪᠠᠶᠢᠨ᠎ᠠ᠃ ᠰᠢᠨ᠎ᠡ ᠴᠠᠭ ᠦᠶ᠎ᠡ ᠳᠤ ᠰᠢᠨ᠎ᠡ ᠡᠭᠦᠷᠭᠡ ᠡᠭᠦᠷᠭᠡᠯᠡᠬᠦ ᠳᠤ᠂ ᠡᠷᠬᠡᠪᠰᠢ ᠬᠢᠨᠠᠨ | ᠪᠣᠳᠣᠬᠤ ᠳᠦᠷᠢᠮ ᠤᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ ᠵᠣᠷᠢᠭ ᠰᠠᠨᠠᠭ᠎ᠠ ᠪᠠᠷ ᠡᠯ᠎ᠡ ᠵᠦᠢᠯ ᠤᠨ ᠠᠵᠢᠯ ᠢᠶᠠᠨ ᠠᠬᠢᠭᠤᠯᠵᠤ᠂ ᠬᠢᠨᠠᠨ ᠪᠣᠳᠣᠬᠤ ᠠᠵᠢᠯ ᠢ ᠢᠮᠠᠭᠲᠠ | ᠠᠮᠢᠵᠢᠷᠠᠯ ᠤᠨ ᠬᠦᠴᠦᠨ ᠲᠠᠢ ᠪᠠᠶᠢᠯᠭᠠᠵᠤ᠂ ᠬᠢᠨᠠᠨ ᠪᠣᠳᠣᠬᠤ ᠠᠵᠢᠯ ᠤᠨ ᠪᠦᠲᠦᠭᠡᠯᠴᠢ ᠴᠢᠳᠠᠪᠤᠷᠢ ᠶᠢ ᠬᠥᠭᠵᠢᠭᠡᠨ᠂ | ᠬᠢᠨᠠᠨ ᠪᠣᠳᠣᠬᠤ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠵᠦ᠂ ᠬᠢᠨᠠᠨ ᠪᠣᠳᠣᠯᠲᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠨᠢᠭᠡ ᠳᠤ᠂ ᠤᠯᠤᠰ ᠲᠥᠷᠥ ᠶᠢᠨ ᠰᠢᠯᠢᠳᠡᠭ ᠵᠠᠩ ᠴᠢᠨᠠᠷ ᠢ ᠳᠠᠪᠳᠠᠨ ᠪᠣᠯᠪᠠᠰᠤᠷᠠᠭᠤᠯᠤᠨ᠎ᠠ᠃ ᠬᠢᠨᠠᠨ | ᠪᠣᠳᠣᠬᠤ ᠠᠵᠢᠯ ᠢ ᠬᠢᠬᠦ ᠳᠤ ᠡᠷᠬᠡᠪᠰᠢ ᠬᠡᠬᠦᠳᠡᠭ ᠴᠡᠭᠡᠵᠢᠨ ᠳᠡᠭᠡᠨ ᠪᠦᠬᠦ ᠲᠠᠯ᠎ᠠ ᠶᠢ ᠪᠠᠭᠳᠠᠭᠠᠵᠤ᠂ ᠥᠨᠳᠥᠷ ᠲᠤ | ᠵᠣᠭᠰᠣᠨ ᠠᠯᠤᠰ ᠢ ᠪᠠᠷᠠᠯᠠᠨ᠂ ᠬᠢᠨᠠᠨ ᠪᠣᠳᠣᠯᠲᠠ ᠶᠢᠨ ᠺᠠᠳ᠋ᠷᠴᠤᠳ ᠡᠷᠬᠡᠪᠰᠢ ᠨᠠᠮ ᠪᠠ ᠤᠯᠤᠰ ᠣᠷᠣᠨ ᠤ ᠠᠵᠢᠯ | ᠦᠢᠯᠡᠰ ᠤᠨ ᠬᠥᠭᠵᠢᠯᠲᠡ ᠶᠢᠨ ᠶᠡᠭᠡ ᠲᠠᠯ᠎ᠠ ᠳᠤ ᠵᠣᠭᠰᠣᠨ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠂ ᠡᠨᠡ ᠨᠢ ᠪᠢᠳᠡᠨ ᠢ ᠡᠷᠬᠡᠪᠰᠢ ᠤᠯᠤᠰ ᠲᠥᠷᠥ ᠶᠢᠨ ᠰᠢᠯᠢᠳᠡᠭ ᠵᠠᠩ ᠴᠢᠨᠠᠷ ᠲᠠᠢ ᠪᠠᠶᠢᠵᠤ᠂ | ᠡᠭᠦᠷᠭᠡ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠨ᠂ ᠨᠠᠮ ᠪᠠ ᠤᠯᠤᠰ ᠣᠷᠣᠨ ᠤ ᠠᠵᠢᠯ ᠦᠢᠯᠡᠰ ᠤᠨ | ᠬᠥᠭᠵᠢᠯᠲᠡ ᠳᠤ ᠣᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠡᠷᠡᠰ ᠪᠠᠲᠤ ᠢᠲᠡᠭᠡᠯ | ᠬᠦᠰᠡᠯᠡᠩ ᠲᠠᠢ ᠪᠠᠶᠢᠬᠤ ᠬᠡᠷᠡᠭᠲᠡᠶ᠃ ᠬᠠᠷᠢᠴᠠᠯᠠᠰᠢᠭᠦᠶ ᠪᠠᠷ ᠨᠠᠮ ᠳᠠᠭᠠᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ | ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ᠂ ᠬᠢᠨᠠᠨ ᠪᠣᠳᠣᠬᠤ ᠦᠢᠯᠡᠰ ᠲᠡᠭᠡᠨ ᠬᠢᠵᠠᠭᠠᠯᠠᠰᠢ | ᠦᠭᠡᠢ ᠦᠨᠡᠨᠴᠢ ᠰᠢᠳᠤᠷᠭᠤ ᠪᠠᠶᠢᠵᠤ᠂ ᠠᠰᠠᠭᠤᠳᠠᠯ ᠢ ᠢᠯᠡᠴᠢᠯᠡᠬᠦ᠂ ᠬᠡᠷᠡᠭ ᠢ ᠪᠠᠶᠢᠴᠠᠭᠠᠨ ᠰᠢᠢᠳᠪᠦᠷᠢᠯᠡᠬᠦ᠂ | ᠢᠳᠬᠠᠯ ᠳᠠᠭᠠᠨ ᠴᠢᠳᠠᠮᠠᠭᠠᠢ ᠪᠠᠶᠢᠬᠤ ᠪᠠᠷ ᠠᠮᠢᠳᠤᠷᠠᠬᠤᠢ ᠶᠢᠨ ᠬᠥᠭᠡᠭᠡᠴᠡᠯᠳᠦᠯ ᠪᠣᠯᠭᠠᠵᠤ᠂ ᠪᠡᠷᠬᠡ ᠰᠡᠳᠦᠪ ᠢ | ᠰᠢᠢᠳᠪᠦᠷᠢᠯᠡᠬᠦ᠂ ᠬᠤᠪᠢ ᠨᠡᠮᠡᠷᠢ ᠦᠵᠡᠭᠦᠯᠬᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠪᠠᠷ ᠬᠥᠮᠦᠨ ᠤ | ᠠᠮᠢᠳᠤᠷᠠᠯ ᠤᠨ ᠦᠨ᠎ᠡ ᠴᠡᠨ᠎ᠡ ᠪᠣᠯᠭᠠᠬᠤ ᠬᠡᠷᠡᠭᠲᠡᠢ᠃ ᠪᠦᠬᠦ ᠲᠠᠯ᠎ᠠ ᠶᠢᠨ ᠴᠢᠩᠭ᠎ᠠ ᠦᠵᠡᠯ ᠤᠬᠠᠮᠰᠠᠷ ᠪᠠᠶᠢᠬᠤ | ᠬᠡᠷᠡᠭᠲᠡᠶ᠃ ᠬᠢᠨᠠᠨ ᠪᠣᠳᠣᠬᠤ ᠠᠵᠢᠯᠲᠠᠳ ᠶᠡᠭᠡ ᠲᠠᠯ᠎ᠠ ᠳᠤ ᠦᠢᠯᠡᠴᠢᠯᠡᠬᠦ ᠶᠢ ᠢᠮᠠᠭᠲᠠ ᠪᠠᠷᠢᠮᠲᠠᠯᠠᠵᠤ᠂ ᠤᠯᠤᠰ | ᠣᠷᠣᠨ ᠤ ᠵᠠᠰᠠᠯᠲᠠ ᠶᠢ ᠲᠡᠭᠦᠯᠳᠡᠷᠵᠢᠭᠦᠯᠦᠨ ᠠᠬᠢᠭᠤᠯᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠳᠤ | ᠦᠢᠯᠡᠴᠢᠯᠡᠬᠦ ᠵᠣᠭᠰᠤᠴᠠ ᠠᠴᠠ ᠠᠰᠠᠭᠤᠳᠠᠯ ᠢ ᠪᠣᠳᠣᠯᠬᠢᠯᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠨ᠂ | ᠠᠵᠢᠯ ᠢᠶᠠᠨ ᠠᠳᠬᠤᠵᠣ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠨᠠᠮ ᠤᠨ ᠬᠤᠷᠢᠶ᠎ᠠ᠂ | ᠵᠠᠰᠠᠭ ᠤᠨ ᠣᠷᠳᠣᠨ ᠤ ᠰᠠᠶᠢᠨ ᠵᠥᠪᠯᠡᠭᠴᠢ ᠪᠣᠯᠬᠤ ᠬᠡᠷᠡᠭᠲᠡᠢ᠃ ᠬᠤᠪᠢ ᠨᠡᠮᠡᠷᠢ ᠦᠵᠡᠭᠦᠯᠬᠦ ᠵᠣᠷᠢᠭ ᠰᠠᠨᠠᠭ᠎ᠠ ᠶᠢ | ᠪᠠᠳᠠᠷᠠᠭᠤᠯᠬᠤ ᠬᠡᠷᠡᠭᠲᠡᠢ ᠭᠡᠳᠡᠭ ᠢ ᠱᠠᠭᠠᠷᠳᠠᠵᠠᠢ᠃ ᠰᠢᠨ᠎ᠡ ᠪᠠᠶᠢᠳᠠᠯ ᠤᠨ ᠳᠣᠣᠷ᠎ᠠ᠂ ᠪᠢᠳᠡ ᠠᠵᠢᠯ ᠦᠢᠯᠡᠰ ᠢᠶᠠᠨ | ᠨᠡᠩ ᠢᠯᠡᠭᠦᠦ ᠬᠡᠴᠢᠶᠡᠨ ᠡᠷᠬᠢᠮᠯᠡᠨ᠂ ᠡᠭᠦᠷᠭᠡ ᠲᠤᠰᠢᠶᠠᠯ ᠢᠶᠠᠨ ᠨᠡᠩ ᠢᠯᠡᠭᠦᠦ ᠬᠡᠴᠢᠶᠡᠩᠭᠦᠶᠢᠯᠡᠨ ᠭᠦᠢᠴᠡᠳᠬᠡᠵᠦ᠂ | ᠨᠡᠩ ᠢᠯᠡᠭᠦᠦ ᠣᠷᠭᠢᠯᠤᠮ᠎ᠠ ᠰᠡᠳᠬᠢᠯᠭᠡ ᠪᠠᠷ ᠠᠵᠢᠯᠯᠠᠵᠤ᠂ ᠬᠤᠪᠢ ᠨᠡᠮᠡᠷᠢ ᠦᠵᠡᠭᠦᠯᠬᠦ ᠳᠤᠮᠳᠠ ᠬᠥᠮᠦᠨ ᠤ | ᠠᠮᠢᠳᠤᠷᠠᠯ ᠤᠨ ᠦᠨ᠎ᠡ ᠴᠡᠨ᠎ᠡ ᠶᠢ ᠢᠯᠡᠷᠡᠭᠦᠯᠬᠦ ᠬᠡᠷᠡᠭᠲᠡᠢ᠃ | ﹇ᠯᠢᠦ ᠸᠧᠨ ᠯᠸᠢ﹈ | ᠬᠤᠶᠠᠷ ᠲᠤ ᠨᠠᠷᠢᠨ ᠨᠢᠮᠪᠠᠢ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠨ᠎ᠠ᠃ | ᠬᠢᠨᠠᠨ ᠪᠣᠳᠣᠬᠤ ᠠᠵᠢᠯ ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠪᠠᠶᠢᠳᠠᠭ ᠲᠤᠯᠠ᠂ ᠬᠢᠨᠠᠨ | ᠪᠣᠳᠣᠭᠴᠢᠳ ᠡᠷᠬᠡᠪᠰᠢ ᠴᠠᠭᠠᠷᠠᠭᠰᠠᠨ ᠦᠨᠳᠦᠰᠦᠨ ᠮᠡᠳᠡᠯᠭᠡ ᠶᠢ ᠪᠦᠷᠢᠯᠳᠦᠭᠦᠯᠦᠭᠰᠡᠨ ᠪᠠᠶᠢᠬᠤ ᠶᠢ ᠱᠠᠭᠠᠷᠳᠠᠨ᠎ᠠ᠃ | ᠳᠠᠩᠰᠠ ᠪᠠᠶᠢᠴᠠᠭᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠦᠵᠡᠭᠳᠡᠯ ᠢ ᠲᠤᠩᠭᠠᠨ ᠮᠥᠨ ᠴᠢᠨᠠᠷ ᠢ ᠨᠢ | ᠬᠠᠷᠠᠵᠤ ᠴᠢᠳᠠᠬᠤ ᠬᠡᠷᠡᠭᠲᠡᠢ︔ ᠲᠤᠭ᠎ᠠ ᠪᠠᠷᠢᠮᠲᠠ ᠶᠢ ᠬᠢᠨᠠᠵᠤ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠲᠤᠭ᠎ᠠ | ᠪᠠᠷᠢᠮᠲᠠ ᠪᠠᠷ ᠳᠠᠮᠵᠢᠭᠤᠯᠤᠨ ᠵᠢᠮ᠎ᠡ ᠶᠣᠰᠣ ᠶᠢ ᠡᠷᠢᠵᠦ ᠴᠢᠳᠠᠬᠤ ᠬᠡᠷᠡᠭᠲᠡᠢ︔ ᠡᠳ᠋ ᠤᠨ ᠶᠠᠪᠤᠳᠠᠯ ᠳᠤ ᠨᠡᠪᠲᠡᠷᠡᠬᠦ ᠪᠠᠷ | ᠪᠠᠷᠠᠬᠤ ᠦᠭᠡᠢ ᠨᠡᠩ ᠢᠯᠡᠭᠦᠦ ᠲᠥᠷᠥ ᠶᠢᠨ ᠪᠣᠳᠣᠯᠭ᠎ᠠ ᠶᠢ ᠰᠠᠶᠢᠨ ᠣᠶᠢᠯᠠᠭᠠᠬᠤ ᠬᠡᠷᠡᠭᠲᠡᠢ︔ ᠠᠰᠠᠭᠤᠳᠠᠯ ᠢ ᠣᠯᠵᠤ | ᠮᠡᠳᠡᠵᠦ ᠴᠢᠳᠠᠬᠤ ᠪᠠᠷ ᠪᠠᠷᠠᠬᠤ ᠦᠭᠡᠢ ᠨᠡᠩ ᠢᠯᠡᠭᠦᠦ ᠠᠰᠠᠭᠤᠳᠠᠯ ᠰᠢᠢᠳᠪᠦᠷᠢᠯᠡᠬᠦ ᠳᠤ ᠴᠢᠳᠠᠮᠠᠭᠠᠢ ᠪᠠᠶᠢᠬᠤ | ᠬᠡᠷᠡᠭᠲᠡᠢ︔ ︽ᠠᠵᠢᠯ ᠳᠠᠭᠠᠨ ᠴᠠᠭᠠᠷᠠᠬᠤ︾ ᠪᠠᠷ ᠪᠠᠷᠠᠬᠤ ᠦᠭᠡᠢ ᠨᠡᠩ ᠢᠯᠡᠭᠦᠦ ︽ᠣᠯᠠᠨ ᠴᠢᠳᠠᠪᠤᠷᠢ︾ ᠲᠠᠢ | ᠪᠠᠶᠢᠬᠤ ᠬᠡᠷᠡᠭᠲᠡᠢ᠃ | ᠭᠤᠷᠪᠠ ᠳᠤ ᠡᠷᠡᠰ ᠴᠢᠩᠭ᠎ᠠ ᠰᠠᠬᠢᠯᠭ᠎ᠠ ᠰᠤᠷᠲᠠᠯ ᠢ ᠪᠣᠢ ᠪᠣᠯᠭᠠᠨ᠎ᠠ᠃ ᠣᠳᠣᠬᠠᠨ ᠳᠤ᠂ ᠪᠦᠬᠦ ᠣᠷᠣᠨ ᠤ | ᠭᠤᠷᠪᠠᠨ ᠱᠠᠲᠤᠨ ᠤ ᠬᠢᠨᠠᠨ ᠪᠣᠳᠣᠬᠤ ᠪᠠᠶᠢᠭᠤᠯᠭ᠎ᠠ ᠶᠢᠨ ᠬᠢᠨᠠᠨ ᠪᠣᠳᠣᠬᠤ ᠡᠩᠨᠡᠭᠡᠨ ᠤ ᠶᠡᠷᠦᠩᠬᠡᠶ ᠪᠠᠶᠢᠳᠠᠯ ᠨᠢ | ᠰᠠᠶᠢᠨ ᠪᠠᠶᠢᠨ᠎ᠠ᠂ ᠭᠡᠪᠡᠴᠦ ᠨᠠᠮ ᠪᠣᠯᠣᠨ ᠠᠷᠠᠳ ᠲᠦᠮᠡᠨ ᠤ ᠱᠠᠭᠠᠷᠳᠠᠯᠭ᠎ᠠ ᠠᠴᠠ ᠪᠠᠰᠠ ᠵᠦᠷᠢᠶ᠎ᠡ ᠲᠠᠢ ᠪᠠᠶᠢᠨ᠎ᠠ᠂ | ᠪᠢᠳᠡᠨᠠᠷ ᠨᠠᠮ ᠤᠨ ᠣᠯᠠᠨ ᠲᠦᠮᠡᠨᠴᠢ ᠱᠤᠭᠤᠮ ᠤᠨ ᠬᠥᠮᠦᠵᠢᠯ ᠦᠢᠯᠡᠳᠦᠯᠭᠡ ᠶᠢᠨ ᠠᠵᠢᠯᠯᠠᠭᠠᠨ ᠤ ᠦᠷ᠎ᠡ | ᠪᠥᠲᠦᠭᠡᠯ ᠢ ᠦᠨᠡᠨ ᠬᠦ ᠪᠠᠬᠢᠵᠢᠭᠦᠯᠵᠦ᠂ ︽ᠭᠤᠷᠪᠠᠨ ᠴᠢᠩᠭ᠎ᠠ ᠭᠤᠷᠪᠠᠨ ᠪᠣᠳᠠᠲᠠᠶ︾ ᠶᠢᠨ ᠱᠠᠭᠠᠷᠳᠠᠯᠭ᠎ᠠ ᠶᠢ | ᠰᠤᠷᠤᠯᠴᠠᠨ ᠦᠢᠯᠡᠳᠦᠯᠭᠡᠵᠢᠭᠦᠯᠵᠦ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠂ ᠪᠣᠰᠤᠳ ᠢ ᠵᠠᠰᠠᠬᠤ ᠠᠴᠠ | ᠡᠮᠦᠨ᠎ᠡ ᠥᠪᠡᠷ ᠢ ᠪᠠᠨ ᠵᠠᠰᠠᠵᠤ᠂ ᠤᠯᠤᠰ ᠲᠥᠷᠥ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ | ᠰᠠᠬᠢᠯᠭ᠎ᠠ ᠪᠠᠲᠤ᠂ ᠡᠳ᠋ ᠤᠨ ᠵᠠᠰᠠᠭ ᠠᠵᠤ ᠠᠬᠤᠶ ᠶᠢᠨ ᠰᠠᠬᠢᠯᠭ᠎ᠠ ᠪᠠᠲᠤ᠂ ᠨᠢᠭᠤᠴᠠ ᠶᠢ ᠬᠠᠮᠠᠭᠠᠯᠠᠬᠤ ᠰᠠᠬᠢᠯᠭ᠎ᠠ | ᠪᠠᠲᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠨᠠᠮ ᠤᠨ ᠳᠣᠲᠣᠭᠠᠳᠤᠬᠢ | ᠠᠮᠢᠳᠤᠷᠠᠯ ᠤᠨ ᠳᠦᠷᠢᠮ ᠢ ᠴᠢᠩᠭᠠᠳᠬᠠᠵᠤ᠂ ᠨᠠᠮ ᠤᠨ ᠳᠤᠳᠤᠭᠠᠳᠤᠬᠢ ᠠᠮᠢᠳᠤᠷᠠᠯ ᠤᠨ ᠪᠣᠯᠬᠢᠴᠢᠯᠠᠭᠰᠠᠨ᠂ | ᠴᠡᠩᠬᠡᠯᠳᠤᠭᠰᠡᠨ᠂ ᠬᠡᠯᠪᠡᠷᠢᠴᠢᠯᠡᠭᠰᠡᠨ᠂ ᠥᠡᠭᠭᠡᠪᠴᠢᠯᠡᠭᠰᠡᠨ ᠬᠡᠯᠪᠡᠷᠢᠯ ᠢ ᠡᠷᠡᠰ ᠡᠰᠡᠷᠭᠦᠴᠡᠵᠦ᠂ ᠨᠠᠮ ᠤᠨ | ᠳᠣᠲᠣᠭᠠᠳᠤᠬᠢ ᠠᠮᠢᠳᠤᠷᠠᠯ ᠢ ᠳᠦᠷᠢᠮᠵᠢᠭᠦᠯᠬᠦ᠂ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠶᠢ ᠪᠡᠶᠡᠯᠡᠭᠦᠯᠬᠦ | ᠬᠡᠷᠡᠭᠲᠡᠢ᠃ ᠰᠠᠬᠢᠯᠭ᠎ᠠ ᠪᠠᠲᠤ ᠶᠢᠨ ᠬᠡᠷᠡᠭᠵᠢᠭᠦᠯᠦᠯᠲᠡ ᠶᠢᠨ ᠬᠠᠷᠢᠭᠤᠴᠠᠯᠭ᠎ᠠ ᠠᠰᠠᠭᠤᠬᠤ ᠶᠢ ᠴᠢᠩᠭᠠᠳᠬᠠᠵᠤ᠂ | ᠠᠷᠢᠭᠤᠨ ᠴᠢᠬᠡᠴᠢ ᠪᠠᠷ ᠵᠠᠰᠠᠭ ᠪᠠᠷᠢᠬᠤ ᠰᠠᠬᠢᠯᠭ᠎ᠠ ᠪᠠᠲᠤ ᠪᠣᠯ ᠬᠢᠨᠠᠨ ᠪᠣᠳᠣᠬᠤ ᠠᠵᠢᠯ ᠤᠨ ︽ᠥᠨᠳᠥᠷ | ᠬᠦᠴᠦᠳᠡᠯᠲᠦ ᠴᠠᠬᠢᠯᠭᠠᠨ ᠤᠲᠠᠰᠤ︾ ᠮᠦᠨ ᠭᠡᠳᠡᠭ ᠢ ᠢᠮᠠᠭᠲᠠ ᠪᠠᠲᠤ ᠴᠡᠭᠡᠵᠢᠯᠡᠵᠦ᠂ ︽ᠨᠠᠢᠮᠠ ᠶᠢ ᠵᠦᠪᠰᠢᠶᠡᠷᠡᠬᠦ | ᠦᠭᠡᠢ︾ ᠬᠢᠨᠠᠨ ᠪᠣᠳᠣᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠠᠷᠢᠭᠤᠨ ᠴᠢᠬᠡᠴᠢ ᠬᠥᠮᠦᠨ ᠪᠣᠯᠵᠤ᠂ ᠠᠵᠢᠯ | ᠦᠢᠯᠡᠰ ᠢ ᠰᠢᠳᠤᠷᠭᠤ ᠰᠢᠭᠤᠷᠬᠠᠢ ᠭᠦᠢᠴᠡᠳᠬᠡᠬᠦ ᠶᠢ ᠦᠨᠡᠨ ᠬᠦ ᠪᠡᠶᠡᠯᠡᠭᠦᠯᠵᠦ᠂ ᠰᠠᠬᠢᠯᠭ᠎ᠠ ᠪᠠᠲᠤ ᠵᠦᠷᠢᠴᠡᠭᠰᠡᠳ ᠢ | ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠠᠰᠠᠭᠤᠬᠤ ᠬᠡᠷᠡᠭᠲᠡᠢ | ᠃ ︽ᠬᠠᠷᠢᠭᠤᠴᠠᠯᠭ᠎ᠠ ᠲᠠᠢ᠂ ᠦᠨᠡᠨᠴᠢ ᠰᠢᠳᠤᠷᠭᠤ᠂ ᠴᠢᠭᠡᠴᠢ ᠪᠠᠶᠢᠬᠤ ᠪᠠ ᠬᠠᠤᠯᠢ ᠶᠣᠰᠣ ᠶᠢ ᠵᠢᠷᠤᠮᠯᠠᠬᠤ᠂ | ᠪᠡᠶ᠎ᠡ ᠪᠠᠨ ᠳᠠᠭᠠᠭᠠᠬᠤ᠂ ᠬᠤᠪᠢ ᠨᠡᠮᠡᠷᠢ ᠦᠵᠡᠭᠦᠯᠬᠦ︾ ᠬᠢᠨᠠᠨ ᠪᠣᠳᠣᠭᠴᠢᠳ ᠤᠨ ᠭᠤᠣᠯᠯᠠᠭᠴᠢ ᠥᠷᠲᠡᠭ ᠤᠨ | ᠦᠵᠡᠯᠲᠡ ᠶᠢ ᠪᠠᠲᠤ ᠰᠠᠬᠢᠵᠤ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠨ᠂ ᠬᠠᠷᠠᠮ ᠦᠭᠡᠢ ᠵᠣᠷᠢᠭᠤᠯᠬᠤ | ᠮᠥᠷᠲᠡᠭᠡᠨ ᠠᠶᠤᠬᠤ ᠵᠦᠢᠯ ᠦᠭᠡᠢ ᠪᠠᠶᠢᠵᠤ᠂ ︽ᠪᠣᠳᠠᠲᠤ᠂ ᠥᠨᠳᠥᠷ᠂ ᠰᠢᠨ᠎ᠡ᠂ ᠴᠢᠩᠭ᠎ᠠ᠂ ᠨᠠᠷᠢᠨ︾ ᠠᠵᠢᠯ ᠤᠨ | ᠰᠤᠷᠲᠠᠯ ᠢ ᠤᠯᠠᠮ ᠨᠢᠭᠡ ᠠᠯᠬᠤᠮ ᠪᠣᠢ ᠪᠣᠯᠭᠠᠵᠤ᠂ ︽ᠪᠣᠯᠬᠢ ᠠᠯᠵᠠᠭᠤ ᠵᠠᠳᠠᠭᠠᠢ︾᠂ ︽ᠣᠮᠣᠷᠬᠠᠭ ᠲᠠᠩᠬᠢᠯ | ᠰᠦᠯᠳᠡ ᠦᠭᠡᠢ︾ ᠪᠠᠶᠢᠬᠤ ᠶᠢ ᠴᠢᠩᠭ᠎ᠠ ᠴᠡᠭᠡᠷᠯᠡᠵᠦ᠂ ᠬᠠᠷᠢᠭᠤᠴᠠᠯᠭ᠎ᠠ ᠡᠭᠦᠷᠭᠡᠯᠡᠬᠦ ᠪᠠᠷ ᠵᠣᠷᠢᠭ ᠢᠶᠠᠨ ᠬᠥᠪᠴᠢᠯᠡᠵᠦ | ᠂ ᠶᠣᠰᠣ ᠮᠤᠷᠠᠯ ᠢᠶᠠᠷ ᠪᠡᠶ᠎ᠡ ᠪᠠᠨ ᠵᠠᠰᠠᠵᠤ᠂ ᠡᠷᠳᠡᠮ ᠴᠢᠳᠠᠪᠤᠷᠢ ᠪᠠᠷ ᠦᠢᠯᠡᠰ ᠴᠣᠭᠴᠠᠯᠠᠵᠤ᠂ ᠦᠢᠯᠡ | ᠠᠵᠢᠯᠯᠠᠭ᠎ᠠ ᠪᠠᠷ ᠢᠶᠠᠨ ᠢᠲᠡᠬᠡᠯ ᠢ ᠣᠯᠵᠤ᠂ ᠬᠢᠨᠠᠨ ᠪᠣᠳᠣᠯᠲᠠ ᠶᠢᠨ ︽ᠢᠯᠭᠤᠭᠰᠠᠨ ᠴᠡᠷᠢᠭ ᠠᠩᠭᠢ︾ ᠶᠢ ᠪᠣᠢ | ᠪᠣᠯᠭᠠᠬᠤ ᠬᠡᠷᠡᠭᠲᠡᠢ᠃ | ﹇ᠬᠥᠲᠥᠯᠦᠭᠴᠢ﹈ | ᠲᠠᠶᠢᠮᠤ ᠡ᠂ ᠮᠠᠨ ᠳᠤ ᠡᠶᠢᠮᠦ ᠨᠢᠭᠡᠨ ᠬᠡᠪ ᠴᠢᠨᠠᠷ ᠡᠷᠳᠡᠮ ᠴᠢᠳᠠᠪᠤᠷᠢ ᠬᠤᠣᠰᠯᠠᠭᠰᠠᠨ ︽ᠢᠯᠭᠤᠭᠰᠠᠨ | ᠴᠡᠷᠢᠭ ᠠᠩᠭᠢ︾ ᠪᠠᠶᠢᠬᠤ ᠲᠣᠯᠠ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠲᠡᠮᠦᠷ ᠬᠡᠷᠡᠮ | ᠪᠣᠯᠣᠳ ᠬᠠᠨ᠎ᠠ ᠶᠢ ᠯᠠᠪᠲᠠᠢ ᠴᠤᠭᠴᠠᠯᠠᠵᠤ᠂ ᠰᠢᠨ᠎ᠡ ᠬᠡᠪ ᠪᠠᠶᠢᠳᠠᠯ ᠳᠣᠣᠷ᠎ᠠ ᠥᠪᠡᠷᠲᠡᠭᠡᠨ ᠵᠠᠰᠠᠬᠤ ᠣᠷᠣᠨ ᠤ ᠠᠵᠤ | ᠠᠬᠤᠶ ᠨᠡᠶᠢᠭᠡᠮ ᠤᠨ ᠬᠥᠭᠵᠢᠯᠲᠡ ᠳᠤ ᠨᠡᠩ ᠶᠡᠭᠡ ᠬᠤᠪᠢ ᠨᠡᠮᠡᠷᠢ ᠦᠵᠡᠭᠦᠯᠦᠨ᠎ᠡ ᠭᠡᠳᠡᠭ ᠢ ᠢᠲᠡᠭᠡᠵᠦ ᠪᠠᠶᠢᠨ᠎ᠠ︕ | ᠵᠠ ᠰᠠᠶᠢᠨ ᠪᠣᠯᠣᠯ᠎ᠠ᠂ ᠯᠢᠦ ᠶᠡᠷᠦᠩᠬᠡᠶ ᠬᠢᠨᠠᠨ ᠪᠣᠳᠣᠭᠴᠢ ᠶᠢᠨ ᠲᠠᠶᠢᠯᠪᠤᠷᠢᠯᠠᠯᠳᠠ ᠬᠢᠭᠰᠡᠨ ᠳᠤ ᠲᠠᠯᠠᠷᠬᠠᠵᠦ ᠪᠠᠶᠢᠨ᠎ᠠ᠃ | ᠮᠦᠨᠴᠤ ᠰᠦᠯᠵᠢᠶᠡᠨ ᠠᠨᠳᠠ ᠨᠠᠷ ᠤᠨ ᠣᠷᠣᠯᠴᠠᠭᠰᠠᠨ ᠳᠤ ᠲᠠᠯᠠᠷᠬᠠᠵᠦ ᠪᠠᠶᠢᠨ᠎ᠠ᠃ ᠡᠨᠡ ᠤᠳᠠᠭᠠᠨ ᠤ | ᠰᠤᠷᠪᠤᠯᠵᠢᠯᠠᠭ᠎ᠠ ᠶᠠᠷᠢᠯᠴᠠᠭ᠎ᠠ ᠠᠳᠡ ᠬᠦᠷᠦᠭᠡᠳ ᠲᠠᠭᠦᠰᠤᠯᠠ᠂ ᠲᠠᠷᠠᠭᠠᠴᠢ ᠶᠢᠨ ᠫᠷᠦᠭᠷᠡᠮ ᠳᠤ ᠪᠠᠶᠠᠷᠲᠠᠢ ᠵᠤᠯᠭᠠᠶ᠎ᠠ ︕ | |