ᠳᠤᠮᠳᠠᠳᠤ ᠮᠣᠩᠭᠤᠯ ᠬᠤᠶᠠᠷ ᠤᠯᠤᠰ ᠤᠨ ᠠᠳᠤᠭᠤᠨ ᠤ ᠠᠵᠤ ᠦᠢᠯᠡᠰ ᠤᠨ ᠲᠤᠰᠬᠠᠢ ᠮᠡᠷᠭᠡᠵᠢᠯᠲᠡᠨ ᠡᠷᠳᠡᠮᠲᠡᠳ ᠬᠠᠮᠲᠤᠷᠠᠯᠴᠠᠭᠠᠨ ᠤ ᠬᠥᠭᠵᠢᠯᠲᠡ ᠶᠢᠨ ᠵᠠᠮ ᠢ ᠬᠠᠮᠲᠤᠪᠡᠷ ᠰᠢᠨᠵᠢᠯᠡᠨ ᠰᠤᠳᠤᠯᠪᠠ
ᠨᠡᠶᠢᠲᠡᠯᠡᠭᠰᠡᠨ ᠴᠠᠭ᠄
2015/10/26
     10 ᠳ᠋ᠤᠭᠠᠷ ᠰᠠᠷ᠎ᠠ ᠵᠨ 23᠎ ᠤ ᠡᠳᠦᠷ ᠤᠨ ᠦᠳᠡ ᠶᠢᠨ ᠬᠤᠶᠢᠨ᠎ᠠ᠂ ᠣᠯᠠᠨ ᠤᠯᠤᠰ ᠤᠨ ᠠᠳᠤᠭᠤᠨ ᠤ ᠠᠵᠤ ᠦᠢᠯᠡᠰ ᠤᠨ ᠶᠠᠷᠢᠯᠴᠠᠭᠠᠨ ᠤ ᠲᠠᠪᠴᠠᠩ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠲᠤ ᠬᠤᠷᠠᠯᠳᠤᠭᠤᠯᠵᠤ᠂ ᠳᠤᠮᠳᠠᠳᠤ ᠤᠯᠤᠰ᠂ ᠮᠣᠩᠭᠤᠯ ᠤᠯᠤᠰ ᠠᠴᠠ ᠢᠷᠡᠭᠰᠡᠨ 70 ᠭᠠᠷᠤᠢ ᠲᠤᠰᠬᠠᠶ ᠮᠡᠷᠭᠡᠵᠢᠯᠲᠡᠨ ᠡᠷᠳᠡᠮᠲᠡᠳ ᠠᠳᠤᠭᠤᠨ ᠤ ᠠᠵᠤ ᠦᠢᠯᠡᠰ ᠤᠨ ᠬᠠᠮᠲᠤᠷᠠᠯᠴᠠᠭᠠᠨ ᠤ ᠬᠥᠭᠵᠢᠯᠲᠡ ᠶᠢᠨ ᠵᠠᠮ ᠢ ᠬᠠᠮᠲᠤᠪᠡᠷ ᠰᠢᠨᠵᠢᠯᠡᠨ ᠰᠤᠳᠤᠯᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠶᠠᠷᠢᠯᠴᠠᠭᠠᠨ ᠤ ᠲᠠᠪᠴᠠᠩ ᠨᠢ ᠠᠳᠤᠭᠤᠨ ᠤ ᠠᠵᠤ  ᠦᠢᠯᠡᠰ ᠤᠨ ᠬᠠᠮᠲᠤᠷᠠᠯᠴᠠᠭ᠎ᠠ ᠪᠣᠯᠤᠨ ᠬᠥᠭᠵᠢᠯᠲᠡ ᠪᠠᠷ ᠭᠤᠤᠯ ᠵᠥᠪᠯᠡᠬᠦ ᠵᠦᠢᠯ ᠪᠣᠯᠭᠠᠨ᠂ ᠠᠳᠤᠭᠤᠨ ᠤ ᠠᠵᠤ ᠦᠢᠯᠡᠰ ᠤᠨ ᠢᠷᠡᠭᠡᠳᠦᠢ ᠶᠢ ᠵᠠᠳᠠᠯᠬᠤ ᠵᠢᠴᠢ ᠰᠢᠨ᠎ᠡ ᠪᠠᠷ ᠬᠥᠭᠵᠢᠭᠰᠡᠨ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ︔ ᠳᠤᠮᠳᠠᠳᠤ ᠤᠯᠤᠰ ᠤᠨ ᠮᠣᠷᠢᠨ ᠤᠷᠤᠯᠳᠤᠭᠠᠨ ᠵᠢᠴᠢ ᠮᠣᠩᠭᠤᠯ ᠤᠯᠤᠰ ᠤᠨ ᠮᠣᠷᠢᠨ ᠤᠷᠤᠯᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠬᠦᠷᠢᠶᠡᠨ ᠳᠠᠬᠢ ᠣᠯᠠᠨ ᠤᠯᠤᠰ ᠤᠨ ᠬᠠᠮᠲᠤᠷᠠᠭᠰᠠᠨ ᠠᠵᠢᠯᠯᠠᠭ᠎ᠠ︔ ᠳᠤᠮᠳᠠᠳᠤ ᠤᠯᠤᠰ ᠤᠨ ᠮᠣᠷᠢᠨ ᠤᠷᠤᠯᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠲᠤᠬᠠᠢ ᠰᠠᠨᠠᠭᠤᠯᠭ᠎ᠠ︔ ᠮᠣᠷᠢᠨ ᠤ ᠦᠢᠯᠡᠳᠬᠦᠨ ᠢ ᠨᠡᠭᠡᠭᠡᠨ ᠠᠰᠢᠭᠯᠠᠬᠤ ᠴᠢᠭᠯᠡᠯ ᠵᠢᠴᠢ ᠡᠵᠡᠩᠨᠡᠯᠲᠡ ᠶᠢᠨ ᠵᠠᠭᠪᠤᠷ︔ ᠴᠡᠭᠡ ︵ᠡᠭᠡᠳᠡᠭᠰᠡᠨ ᠭᠡᠭᠦᠦ ᠶᠢᠨ ᠰᠦ︶᠎ ᠪᠠᠷ ᠰᠣᠪᠢᠯᠠᠵᠤ ᠡᠮᠨᠡᠬᠦ ᠠᠷᠭ᠎ᠠ︔ ᠠᠳᠤᠭᠤᠨ ᠰᠣᠶᠣᠯ ᠢ ᠤᠯᠠᠮᠵᠢᠯᠠᠨ ᠵᠠᠯᠭᠠᠮᠵᠢᠯᠠᠬᠤ ᠪᠠ ᠬᠥᠭᠵᠢᠭᠦᠯᠬᠦ᠂  ᠠᠳᠤᠭᠤᠨ ᠰᠣᠶᠣᠯ ᠤᠨ ᠠᠵᠤ ᠦᠢᠯᠡᠰᠵᠢᠭᠦᠯᠬᠦ ᠬᠢᠭᠡᠳ ᠡᠷᠲᠡᠨ ᠡᠳᠦᠭᠡ ᠶᠢᠨ ᠲᠠᠯ᠎ᠠ ᠨᠤᠲᠤᠭ ᠤᠨ ᠲᠣᠷᠭᠠᠨ ᠵᠠᠮ ᠤᠨ ᠬᠠᠷᠢᠴᠠᠭ᠎ᠠ︔ ᠮᠣᠷᠢᠨ ᠮᠡᠷᠭᠡᠵᠢᠯ ᠤᠨ ᠬᠥᠳᠡᠯᠭᠡᠭᠡᠨ ᠢ ᠳᠡᠯᠭᠡᠷᠡᠭᠦᠯᠦᠨ ᠬᠡᠷᠡᠭᠯᠡᠬᠦ︔ ᠳᠤᠮᠳᠠᠳᠤ ᠮᠣᠩᠭᠤᠯ ᠤᠯᠤᠰ ᠤᠨ ᠵᠢᠭᠤᠯᠴᠢᠯᠠᠯ ᠤᠨ ᠦᠢᠯᠡᠰ ᠲᠠᠬᠢ ᠳᠦᠷᠢ ᠲᠥᠷᠬᠦ ᠲᠤᠲᠤᠷᠬᠠᠢ ᠠᠳᠤᠭᠤᠨ ᠤ ᠦᠢᠯᠡᠰ ᠤᠨ  ᠦᠢᠯᠡᠳᠦᠯ ᠢ ᠪᠠᠶᠢᠭᠤᠯᠬᠤ︔ ᠬᠤᠶᠠᠷ ᠲᠠᠯ᠎ᠠ ᠶᠢᠨ ᠬᠢᠨ ᠤ ᠠᠳᠤᠭᠤᠨ ᠤ ᠦᠢᠯᠡᠰ ᠤᠨ ᠠᠷᠠᠯᠵᠢᠶᠠᠨ ᠤ ᠢᠷᠡᠭᠡᠳᠦᠢ ᠵᠢᠴᠢ ᠬᠠᠤᠯᠢ ᠴᠠᠭᠠᠵᠠ ᠶᠢᠨ ᠮᠡᠳᠡᠯᠭᠡ ᠲᠦᠭᠡᠮᠡᠯᠵᠢᠭᠦᠯᠬᠦ ᠪᠠ ᠪᠣᠭᠤᠮᠲᠠ ᠪᠠᠷ ᠥᠩᠭᠡᠷᠡᠭᠦᠯᠬᠦ ᠳᠤ ᠳᠦᠭᠦᠮ ᠦᠵᠡᠭᠦᠯᠬᠦ ᠨᠦᠬᠦᠴᠡᠯ ᠢ ᠪᠣᠢ ᠪᠣᠯᠭᠠᠬᠤ ᠵᠡᠷᠭᠡ ᠬᠤᠯᠪᠣᠭᠳᠠᠯ ᠪᠦᠬᠦᠢ ᠠᠰᠠᠭᠤᠳᠠᠯ ᠢ ᠭᠤᠣᠯᠳᠠᠯᠭ᠎ᠠ ᠲᠠᠢ ᠰᠢᠨᠵᠢᠯᠡᠨ ᠰᠤᠳᠤᠯᠪᠠ᠃       ᠶᠠᠷᠢᠯᠴᠠᠭᠠᠨ ᠤ ᠲᠠᠪᠴᠠᠩ ᠳᠡᠭᠡᠷ᠎ᠡ᠂ ᠮᠣᠩᠭᠤᠯ ᠤᠯᠤᠰ ᠤᠨ ᠢᠳᠡᠭᠡᠨ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠶᠠᠮᠤᠨ ᠤ ᠳ᠋᠊· ᠰᠠᠮᠳᠠᠨᠵᠠᠮᠴᠢ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠦᠹᠧᠰᠰᠤᠷ ᠮᠠᠩᠯᠠᠶ᠂ ᠮᠣᠩᠭᠤᠯ ᠤᠯᠤᠰ ᠤᠨ ᠢᠳᠡᠭᠡᠨ ᠬᠢᠭᠡᠳ ᠲᠠᠷᠢᠶᠠᠯᠠᠩ ᠮᠠᠯ ᠠᠵᠤ ᠠᠬᠤᠢ ᠶᠢᠨ ᠶᠠᠮᠤᠨ ᠤ ᠨ᠊ · ᠪᠢᠮᠪᠠᠳᠤᠷᠵᠢ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ  ᠶᠢᠨ ᠵᠣᠣ ᠴᠦᠨ ᠵᠢᠶᠠᠩ᠂ ᠮᠣᠩᠭᠤᠯ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠮᠠᠯ ᠠᠵᠤ ᠠᠬᠤᠢ ᠶᠢᠨ ᠠᠮᠢᠳᠤ ᠪᠣᠳᠠᠰ ᠤᠨ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲ᠊· ᠰᠠᠶᠢᠨᠪᠣᠯᠣᠳ · ᠴᠢᠩᠳᠣᠤ ᠶᠢᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠫᠷᠤᠹᠧᠰᠰᠤᠷ ᠰᠦᠨ ᠢᠦᠢ ᠵᠢᠶᠠᠩ᠂ ᠮᠣᠩᠭᠤᠯ ᠤᠯᠤᠰ ᠤᠨ ᠤᠯᠤᠰ ᠤᠨ ᠶᠡᠭᠡ ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠡᠭᠡᠳᠦ ᠰᠤᠷᠭᠠᠭᠤᠯᠢ ᠎ ᠶᠢᠨ ᠪ᠊ · ᠪᠠᠶᠠᠷᠮᠠᠩᠨᠠᠢ᠂  ᠬᠥᠯᠥᠨ ᠪᠤᠶᠢᠷ ᠬᠤᠲᠠ ᠶᠢᠨ ᠡᠸᠡᠩᠬᠢ ᠬᠤᠰᠢᠭᠤᠨ ᠤ ᠺᠧ ᠰᠢᠩ ᠠᠳᠤᠭᠤᠨ ᠤ ᠦᠢᠯᠡᠰ ᠤᠨ ᠺᠣᠮᠫᠠᠨᠢ ᠶᠢᠨ ᠫᠠᠮᠢᠷ᠂ ᠮᠣᠩᠭᠤᠯ ᠤᠯᠤᠰ ᠤᠨ ᠮᠠᠯ ᠤᠨ ᠡᠮᠨᠡᠯᠭᠡ ᠶᠢᠨ ᠨᠡᠶᠢᠭᠡᠮᠯᠢᠭ ᠤᠨ  ᠳ᠋᠊ · ᠰᠠᠮᠳᠠᠨᠵᠠᠮᠴᠢ ᠲᠤᠰ ᠲᠤᠰ ᠰᠣᠯᠢᠯᠴᠠᠭ᠎ᠠ ᠬᠢᠵᠦ ᠶᠠᠷᠢᠶ᠎ᠠ ᠲᠠᠯᠪᠢᠪᠠ ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号