ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ  ᠦᠵᠡᠭᠦᠯᠦᠯᠭᠡ ᠶᠢᠨ ᠴᠤᠭᠯᠠᠭᠠᠨ ᠤ ᠡᠬᠢᠯᠡᠬᠦ ᠶᠣᠰᠣᠯᠠᠯ ᠳᠤ ᠤᠷᠤᠯᠴᠠᠭᠰᠠᠨ ᠤᠳᠤᠷᠢᠳᠤᠯᠭ᠎ᠠ ᠪᠤᠯᠤᠨ ᠵᠣᠴᠢᠳ ᠳᠡᠯᠭᠡᠨ ᠦᠵᠡᠬᠦᠯᠦᠯᠭᠡ ᠶᠢ ᠲᠤᠭᠤᠷᠢᠨ ᠦᠵᠡᠪᠡ
ᠨᠡᠶᠢᠲᠡᠯᠡᠭᠰᠡᠨ ᠴᠠᠭ᠄
2015/10/26
     10 ᠳ᠋ᠤᠭᠠᠷ ᠰᠠᠷ᠎ᠠ ᠶᠢᠨ 23᠎ ᠤ ᠦᠳᠡ ᠶᠢᠨ ᠡᠮᠦᠨ᠎ᠡ᠂ ᠠᠩᠬᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠳᠡᠯᠭᠡᠨ ᠦᠵᠡᠬᠦᠯᠦᠯᠭᠡ ᠶᠢᠨ ᠴᠤᠭᠯᠠᠭᠠᠨ ᠤ ᠡᠬᠢᠯᠡᠬᠦ ᠶᠤᠰᠤᠯᠠᠯ ᠳᠤ ᠤᠷᠤᠯᠴᠠᠭᠰᠠᠨ ᠤᠳᠤᠷᠢᠳᠤᠯᠭ᠎ᠠ ᠪᠤᠯᠤᠨ ᠵᠤᠴᠢᠳ  ᠡᠬᠢᠯᠡᠬᠦ ᠶᠤᠰᠤᠯᠠᠯ ᠲᠡᠭᠦᠰᠦᠭᠰᠡᠨ ᠤ ᠳᠠᠷᠠᠭ᠎ᠠ ᠳᠡᠯᠭᠡᠨ ᠦᠵᠡᠬᠦᠯᠦᠯᠭᠡ ᠶᠢ ᠲᠤᠭᠤᠷᠢᠨ ᠦᠵᠡᠪᠡ      ᠲᠤᠰ ᠤᠳᠠᠭᠠᠨ ᠤ ᠳᠡᠯᠭᠡᠨ ᠦᠵᠡᠬᠦᠯᠦᠯᠭᠡ ᠶᠢᠨ ᠴᠤᠭᠯᠠᠭᠠᠨ ᠤ ᠭᠤᠤᠯ ᠦᠵᠡᠰᠬᠦᠯᠡᠩ ᠤᠨ ᠲᠠᠯᠠᠪᠠᠢ ᠶᠢ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠭᠦᠯᠡᠩ ᠤᠨ ᠲᠥᠪ ᠲᠤ ᠲᠣᠬᠢᠷᠠᠭᠤᠯᠵᠤ᠂ ᠨᠡᠶᠢᠲᠡ A᠂ B᠂ C᠂ D ᠤᠷᠳᠤᠨ ᠳᠤ ᠳᠦᠷᠪᠡᠨ ᠦᠵᠡᠭᠦᠯᠦᠯᠭᠡ ᠶᠢᠨ ᠲᠤᠭᠤᠷᠢᠭ ᠭᠠᠷᠭᠠᠪᠠ᠃ A᠂ B  ᠤᠷᠳᠤᠨ ᠢ ᠬᠤᠷᠠᠯ ᠦᠵᠡᠰᠭᠦᠯᠡᠩ ᠤᠨ  ᠲᠦᠪ ᠤᠨ ᠨᠢᠭᠡᠳᠤᠭᠡᠷ ᠳᠡᠪᠬᠤᠷ ᠲᠤ ᠪᠠᠶᠢᠷᠢᠯᠠᠭᠤᠯᠵᠤ᠂ ᠳᠡᠭᠡᠲᠦ ᠳᠡᠰ ᠤᠨ ᠤᠨᠴᠠ ᠬᠤᠪᠴᠠᠰᠤ ᠬᠤᠨᠠᠷ ᠤᠨ ᠦᠵᠡᠬᠦᠯᠦᠯᠭᠡ ᠪᠠᠷ ᠢᠶᠠᠷ ᠭᠤᠤᠯᠳᠠᠭᠤᠯᠵᠠᠢ᠃ C ᠤᠷᠳᠤᠨ ᠢ ᠬᠤᠷᠠᠯ ᠦᠵᠡᠰᠭᠦᠯᠡᠩ ᠤᠨ ᠲᠦᠪ ᠤᠨ ᠬᠤᠶᠠᠳᠤᠭᠠᠷ ᠳᠠᠪᠬᠤᠷ ᠲᠤ ᠪᠠᠶᠢᠷᠢᠯᠠᠭᠤᠯᠵᠤ᠂ ᠦᠪᠦᠷ ᠮᠤᠩᠭᠤᠯ ᠤᠨ ᠪᠤᠬᠢᠷᠳᠤᠯ ᠦᠭᠡᠢ ᠤᠷᠭᠠᠨᠢᠭ ᠮᠠᠯ ᠲᠠᠷᠢᠶᠠᠯᠠᠩ ᠤᠨ ᠪᠦᠲᠦᠭᠡᠭᠳᠡᠬᠦᠨ ᠤ ᠦᠵᠡᠬᠦᠯᠦᠯᠭᠡ ᠶᠢᠨ ᠲᠤᠭᠤᠷᠢᠭ  ᠂ ᠰᠤᠶᠤᠯ ᠵᠢᠭᠤᠯᠴᠢᠯᠠᠯ ᠤᠨ ᠦᠵᠡᠬᠦᠯᠦᠯᠭᠡ ᠶᠢᠨ ᠲᠤᠭᠤᠷᠢᠭ ᠬᠢᠭᠡᠳ ᠬᠡᠷᠡᠯ ᠵᠢᠷᠤᠭ ᠤᠨ ᠪᠦᠲᠦᠭᠡᠯ ᠤᠨ ᠦᠵᠡᠬᠦᠯᠦᠯᠬᠡ ᠶᠢᠨ ᠲᠤᠭᠤᠷᠢᠭ ᠬᠡᠵᠤ  ᠬᠤᠪᠢᠶᠠᠵᠠᠢ᠃ D ᠤᠷᠳᠤᠨ ᠢ ᠬᠤᠷᠠᠯ ᠦᠵᠡᠰᠭᠦᠯᠡᠩ ᠤᠨ ᠲᠥᠪ ᠤᠨ ᠡᠮᠦᠨ᠎ᠡ ᠲᠠᠯᠠᠪᠠᠢ ᠳᠤ ᠪᠠᠶᠢᠷᠢᠯᠠᠭᠤᠯᠵᠤ᠂ ᠲᠦᠷ ᠴᠠᠭ ᠤᠨ ᠦᠵᠡᠬᠦᠯᠦᠯᠭᠡ ᠶᠢᠨ ᠤᠷᠳᠤᠨ ᠪᠠᠶᠢᠭᠤᠯᠵᠤ᠂ ᠣᠯᠠᠨ ᠤᠯᠤᠰ ᠤᠨ ᠳᠡᠰ ᠳᠡᠪᠰᠢᠬᠦᠯᠬᠦ ᠪᠠᠷᠢᠮᠵᠢᠶᠠᠨ ᠤ ᠦᠵᠡᠭᠦᠯᠦᠯᠭᠡ ᠪᠠᠷ ᠭᠤᠤᠯᠳᠠᠭᠤᠯᠵᠠᠢ᠃ ᠳᠡᠯᠭᠡᠨ ᠦᠵᠡᠬᠦᠯᠦᠯᠭᠡ ᠨᠢ 23᠎ ᠤ ᠡᠳᠦᠷ ᠠᠴᠠ 27᠎ ᠤ ᠡᠳᠦᠷ ᠪᠤᠯᠲᠠᠯ᠎ᠠ ᠶᠠᠪᠤᠭᠳᠠᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号