ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠲᠠᠢ ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠲᠤᠬᠠᠢ ᠵᠦᠪᠯᠡᠯᠴᠡᠭᠡᠷ ᠲᠤ ᠭᠠᠷ ᠤᠨ ᠦᠰᠦᠭ ᠵᠢᠷᠤᠵᠠᠢ  ᠪᠠᠭᠠᠲᠤᠷ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2015/10/26
                      ᠪᠠᠭᠠᠲᠤᠷ ᠤᠷᠤᠯᠴᠠᠵᠦ ᠰᠦᠨ ᠴᠢᠨ ᠪᠠᠶᠠᠷ ᠤᠨ ᠦᠭᠡ ᠭᠡᠯᠡᠵᠡᠢ      10 ᠳ᠋ᠤᠭᠠᠷ ᠰᠠᠷ᠎ᠠ ᠶᠢᠨ 23᠎ ᠤ ᠦᠲᠡ ᠶᠢᠨ ᠬᠤᠶᠢᠨ᠎ᠠ᠂ ᠦᠪᠡᠷᠲᠡᠭᠡᠡ ᠵᠠᠰᠠᠬᠤ ᠤᠷᠤᠨ ᠤ ᠵᠠᠰᠠᠭ ᠤᠨ ᠤᠷᠲᠤᠨ ᠪᠤᠯᠤᠨ ᠲᠤᠮᠲᠠᠲᠤ ᠤᠯᠤᠰ ᠤᠨ ᠴᠦᠮ᠎ᠠ ᠶᠢᠨ ᠠᠵᠦ ᠦᠢᠯᠡᠳᠪᠦᠷᠢ ᠶᠢᠨ ᠪᠦᠯᠦᠭᠯᠡᠯ ᠺᠤᠮᠫᠠᠨᠢ ᠪᠠᠶᠢᠯᠲᠤᠬᠤ ᠪᠤᠲᠤᠯᠭ᠎ᠠ ᠶᠢᠨ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠲᠤᠬᠠᠢ ᠵᠦᠪᠯᠡᠯᠴᠡᠭᠡᠷ ᠲᠤ ᠭᠠᠷ ᠤᠨ ᠦᠰᠦᠭ ᠵᠢᠷᠤᠵᠠᠢ᠃      ᠦᠪᠡᠷᠲᠡᠭᠡᠡ ᠵᠠᠰᠬᠠᠤ ᠤᠷᠤᠨ ᠤ ᠨᠠᠮ ᠤᠨ ᠬᠤᠷᠢᠶᠠᠠ ᠤ ᠲᠡᠳ᠋ ᠱᠦᠵᠢ᠂ ᠦᠪᠡᠷᠲᠡᠭᠡᠡ ᠵᠠᠰᠬᠠᠤ ᠤᠷᠤᠨ ᠤ ᠲᠡᠷᠢᠭᠦᠯᠡᠭᠴᠢ ᠪᠠᠭᠠᠲᠤᠷ ᠭᠡᠷ᠎ᠠ ᠲᠤᠭᠲᠠᠬᠤ ᠶᠤᠰᠤᠯᠠᠯ ᠳᠤ ᠤᠷᠤᠯᠴᠠᠵᠠᠢ᠃ ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠭᠡᠷᠡᠭ ᠮᠡᠲᠡᠭᠴᠢᠳ ᠤᠨ ᠲᠠᠷᠤᠭ᠎ᠠ᠂ ᠨᠠᠮ ᠤᠨ ᠤᠲᠤᠷᠢᠳᠬᠤ ᠲᠤᠭᠤᠢᠢᠯᠠᠩ ᠤᠨ ᠱᠦᠵᠢ ᠰᠦᠨ ᠴᠢᠨ ᠦᠪᠡᠷᠲᠡᠭᠡᠡ ᠵᠠᠰᠠᠬᠤ ᠤᠷᠤᠨ ᠤ ᠲᠡᠳ᠋ ᠲᠡᠷᠢᠭᠦᠯᠡᠭᠴᠢ ᠸᠠᠩ ᠪᠦᠸᠧ ᠭᠡᠷ᠎ᠠ ᠲᠤᠭᠲᠠᠬᠤ ᠶᠤᠰᠤᠯᠠᠯ ᠲᠡᠭᠡᠷ᠎ᠠ ᠪᠠᠶᠠᠷ ᠤᠨ ᠦᠭᠡ ᠭᠡᠯᠡᠵᠡᠢ᠂ ᠸᠠᠩ ᠪᠦᠸᠧ ᠪᠤᠯᠤᠨ ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠲᠡᠳ᠋ ᠶᠡᠷᠦᠩᠭᠡᠢ ᠲᠠᠭᠠᠭᠠᠮᠠᠯ ᠡᡁᠧ ᠽᠢ ᠰᠢᠩ ᠲᠤᠰ ᠪᠦᠷᠢ ᠬᠤᠶᠠᠷ ᠲᠠᠯ᠎ᠠ ᠶᠢ ᠲᠦᠯᠦᠭᠡᠯᠡᠵᠦ ᠵᠦᠪᠯᠡᠯᠴᠡᠭᠡᠷ ᠲᠤ ᠭᠠᠷ ᠤᠨ ᠦᠰᠦᠭ ᠵᠢᠷᠤᠭᠰᠠᠠ ᠪᠠᠶᠢᠨ᠎ᠠ᠃      ᠰᠦᠨ ᠴᠢᠨ ᠪᠠᠶᠠᠷ ᠤᠨ ᠦᠭᠡ ᠳᠡᠭᠡᠨ᠂ ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠨ ᠲᠤᠰ ᠤᠳᠠᠭ᠎ᠠ ᠶᠢᠨ ᠭᠡᠷ᠎ᠠ ᠳᠤ ᠭᠠᠷ ᠤᠨ ᠦᠰᠦᠭ ᠵᠢᠷᠤᠬᠤ ᠪᠠᠷ ᠠᠵᠠ ᠲᠤᠬᠢᠶᠠᠯ ᠪᠤᠯᠭᠠᠵᠦ᠂ ᠪᠦᠷᠢᠨ ᠪᠦᠳᠦᠨ ᠴᠦᠮ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠤᠷᠢ ᠶᠢᠨ ᠰᠢᠰᠲ᠋ᠧᠮ ᠤᠨ ᠳᠠᠪᠠᠭᠤᠯᠢᠭ ᠢᠶᠠᠨ ᠴᠢᠨᠠᠭᠰᠢᠳᠠ ᠪᠠᠳᠠᠷᠠᠭᠤᠯᠵᠦ᠂ ᠥᠪᠦᠷ ᠮᠤᠩᠭᠤᠯ ᠤᠨ ︽ᠨᠢᠭᠡ ᠪᠦᠰᠡ ᠨᠢᠭᠡ ᠵᠠᠮ︾᠎ ᠤᠨ ᠪᠦᠳᠦᠭᠡᠨ ᠪᠠᠶᠢᠭᠤᠯᠤᠯᠳᠠ ᠳᠤᠮᠳᠠ ᠢᠳᠡᠪᠬᠢᠳᠠᠢ ᠠᠭᠤᠰᠤᠯᠴᠠᠵᠦ᠂ ᠭᠤᠤᠯ ᠠᠵᠢᠯ ᠲᠦᠷᠦᠯ ᠤᠨ ᠡᠬᠦᠷᠭᠡ ᠪᠠᠨ ᠰᠠᠶᠢᠳᠤᠷ ᠪᠡᠶᠡᠯᠡᠬᠦᠯᠵᠦ᠂ ᠨᠡᠶᠢᠭᠡᠮ ᠤᠨ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠦ᠂ ᠠᠮᠤᠷ ᠲᠦᠪᠰᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠰᠠᠶᠢᠳᠤᠷ ᠬᠢᠵᠦ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠨᠡᠶᠢᠭᠡᠮ ᠤᠨ ᠬᠦᠭᠵᠢᠯᠳᠠ ᠳᠤ ᠨᠡᠩ ᠤᠯᠠᠨ ᠬᠤᠪᠢ ᠨᠡᠮᠡᠷᠢ ᠦᠵᠡᠭᠦᠯᠦᠨ᠎ᠡ ᠭᠡᠵᠦ ᠢᠯᠡᠳᠭᠡᠪᠡ᠃      ᠸᠠᠩ ᠪᠦᠸᠧ ᠪᠠᠶᠠᠷ ᠤᠨ ᠦᠭᠡ ᠭᠡᠯᠡᠬᠦ ᠳᠡᠭᠡᠨ᠂ ᠦᠪᠡᠷᠳᠡᠭᠡᠨ ᠵᠠᠰᠠᠬᠤ ᠤᠷᠤᠨ ᠦᠩᠭᠡᠷᠡᠭᠰᠡᠡ ᠲᠠᠢ ᠪᠠᠨ ᠠᠳᠠᠯᠢ ᠪᠠᠷ ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠦᠪᠦᠷ ᠮᠤᠩᠭᠤᠯ ᠳᠠᠬᠢ ᠬᠦᠭᠵᠢᠯᠳᠡ ᠶᠢ ᠲᠡᠮᠵᠢᠵᠦ᠂ ᠠᠵᠦ ᠠᠬᠤᠢᠢᠯᠠᠯ ᠤᠨ ᠬᠦᠭᠵᠢᠯᠳᠡ ᠳᠤ ᠰᠠᠶᠢᠨ ᠰᠠᠶᠢᠬᠠᠨ ᠤᠷᠴᠢᠨ ᠲᠤᠭᠤᠷᠢᠨ ᠢ ᠪᠦᠷᠢᠯᠳᠦᠬᠦᠯᠵᠤ ᠦᠭᠭᠦᠨ᠎ᠡ ᠭᠡᠪᠡ᠃     ᠳᠤᠮᠳᠠᠲᠤ ᠤᠯᠤᠰ ᠤᠨ ᠴᠦᠮ᠎ᠡ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠭᠠᠷ ᠤᠨ ᠦᠰᠦᠭ ᠵᠢᠷᠤᠬᠤ ᠶᠤᠰᠤᠯᠠᠯ ᠳᠤ ᠤᠷᠤᠯᠴᠠᠵᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号