ᠦᠪᠦᠷ ᠮᠣᠩᠭᠤᠯ ᠪᠦᠭᠦ ᠵᠢᠯ ᠤᠨ ᠮᠠᠯᠴᠢᠨ ᠲᠠᠷᠢᠶᠠᠴᠢᠨ ᠢ ᠰᠢᠯᠵᠢᠭᠦᠯᠵᠦ ᠠᠵᠢᠯ ᠣᠯᠭᠤᠬᠤ ᠡᠭᠦᠷᠭᠡ ᠪᠠᠨ ᠤᠷᠢᠳᠴᠢᠯᠠᠨ ᠪᠡᠶᠡᠯᠡᠭᠦᠯᠪᠡ
ᠨᠡᠶᠢᠲᠡᠯᠡᠭᠰᠡᠨ ᠴᠠᠭ᠄
2015/10/26
      ᠥᠨᠥ ᠪᠣᠯᠬᠤ ᠳᠤ᠂ ᠦᠪᠦᠷ ᠮᠣᠩᠭᠤᠯ ᠮᠠᠯᠵᠢᠬᠤ ᠲᠠᠷᠢᠶᠠᠯᠠᠬᠤ ᠤᠷᠤᠨ ᠤ 247.28 ᠲᠦᠮᠡᠨ ᠦᠯᠡᠬᠦᠦ ᠬᠦᠳᠡᠯᠮᠦᠷᠢ ᠶᠢᠨ ᠬᠦᠴᠦᠨ ᠢ ᠬᠠᠪᠰᠤᠷᠤᠨ ᠰᠢᠯᠵᠢᠭᠦᠯᠵᠦ ᠠᠵᠢᠯ ᠣᠯᠭᠤᠵᠤ᠂ ᠵᠢᠯ ᠤᠨ ᠡᠭᠦᠷᠭᠡ ᠪᠠᠨ 101% ᠪᠡᠶᠡᠯᠡᠭᠦᠯᠪᠡ᠃ ᠣᠳᠣᠬᠠᠨ ᠳᠤ᠂ ᠦᠪᠦᠷ ᠮᠣᠩᠭᠤᠯ ᠤᠨ ᠬᠦᠳᠡᠯᠮᠦᠷᠢ ᠶᠢᠨ ᠬᠦᠴᠦᠨ ᠤ ᠬᠠᠩᠭᠠᠯᠭ᠎ᠠ ᠨᠢ ᠬᠡᠷᠡᠭᠴᠡᠭᠡ ᠠᠴᠠ ᠨᠢ ᠢᠯᠡᠭᠦᠦ ᠪᠠᠶᠢᠬᠤ ᠶᠡᠷᠦᠩᠬᠡᠢ ᠳᠠᠷᠤᠯᠲᠠ ᠮᠥᠨᠬᠦ ᠨᠡᠯᠢᠶᠡᠳ ᠶᠡᠭᠡ ᠪᠠᠶᠢᠵᠤ᠂ ᠮᠠᠯᠵᠢᠬᠤ ᠲᠠᠷᠢᠶᠠᠯᠠᠬᠤ ᠤᠷᠤᠨ ᠤ ᠦᠯᠡᠬᠦᠦ ᠬᠦᠳᠡᠯᠮᠦᠷᠢ ᠶᠢᠨ ᠬᠦᠴᠦᠨ ᠤ ᠶᠡᠷᠦᠩᠬᠡᠢ ᠲᠤᠭ᠎ᠠ 300 ᠲᠥᠮᠡ ᠶᠢ ᠳᠠᠪᠠᠵᠤ ᠪᠠᠶᠢᠭ᠎ᠠ᠃ ᠲᠠᠨᠢᠯᠴᠠᠭᠤᠯᠤᠭᠰᠠᠨ ᠢᠶᠠᠷ᠂ ᠡᠨᠡ ᠵᠢᠯ ᠦᠪᠦᠷ ᠮᠣᠩᠭᠤᠯ ᠮᠠᠯᠴᠢᠨ ᠲᠠᠷᠢᠶᠠᠴᠢᠨ ᠤ ᠬᠦᠴᠦ ᠶᠠᠪᠤᠭᠴᠢ ᠶᠢ ᠠᠳᠠᠯ ᠦᠢᠯᠡᠰ ᠴᠣᠭᠴᠠᠯᠠᠬᠤ ᠲᠥᠷᠦ ᠶᠢᠨ ᠪᠣᠳᠤᠯᠭ᠎ᠠ ᠶᠢᠨ ᠳᠡᠳᠭᠦᠨ ᠳᠡᠮᠵᠢᠬᠦ ᠬᠡᠪᠴᠢᠶᠡᠨ ᠳᠤ ᠣᠷᠤᠭᠤᠯᠵᠤ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠪᠠ ᠳᠡᠮ ᠬᠦᠦ ᠮᠦᠩᠭᠦ᠂ ᠦᠢᠯᠡᠳᠪᠦᠷᠢᠯᠡᠯ ᠡᠵᠡᠩᠨᠡᠯᠲᠡ ᠶᠢᠨ ᠲᠠᠯᠠᠪᠤᠷ ᠪᠠ ᠠᠳᠠᠯ ᠦᠢᠯᠡᠰ ᠴᠣᠭᠴᠠᠯᠠᠬᠤ ᠨᠡᠪᠴᠢᠭᠦᠯᠦᠭᠦᠷ ᠤᠨ ᠰᠠᠭᠤᠷᠢᠨ ᠭᠠᠵᠠᠷ ᠵᠡᠷᠭᠡ ᠪᠠᠷ ᠳᠠᠮᠵᠢᠭᠤᠯᠤᠨ ᠮᠠᠯᠴᠢᠨ ᠲᠠᠷᠢᠶᠠᠴᠢᠨ ᠤ ᠬᠦᠴᠦ ᠶᠠᠪᠤᠭᠴᠢ ᠶᠢᠨ ᠠᠳᠠᠯ ᠦᠢᠯᠡᠰ ᠴᠣᠭᠴᠠᠯᠠᠬᠤ ᠶᠢ ᠳᠡᠳᠭᠦᠨ ᠳᠡᠮᠵᠢᠵᠦ᠂ ᠮᠠᠯᠴᠢᠨ ᠲᠠᠷᠢᠶᠠᠴᠢᠨ ᠤ ᠬᠦᠴᠦ ᠶᠠᠪᠤᠭᠴᠢ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠪᠠᠷ ᠨᠡᠯᠢᠶᠡᠳ ᠶᠡᠭᠡ ᠪᠠᠶᠢᠭ᠎ᠠ ᠭᠡᠷ ᠤᠨ ᠶᠠᠪᠤᠳᠠᠯ ᠤᠨ ᠦᠢᠯᠡᠴᠢᠯᠡᠭᠡ᠂ ᠨᠠᠰᠤᠲᠠᠨ ᠢ ᠠᠰᠠᠷᠠᠬᠤ ᠦᠢᠯᠡᠴᠢᠯᠡᠭᠡ ᠪᠠ ᠡᠪᠡᠳᠴᠢᠲᠡᠨ ᠢ ᠰᠣᠪᠢᠯᠠᠬᠤ ᠵᠡᠷᠭᠡ ᠭᠡᠷ ᠪᠦᠯᠢ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠠᠳᠠᠯ ᠦᠢᠯᠡᠰ ᠴᠣᠭᠴᠠᠯᠠᠨ ᠠᠵᠢᠯ ᠣᠯᠬᠤ ᠎ ᠳᠤᠨᠢ ᠳᠡᠮᠵᠢᠯᠭᠡ ᠦᠵᠡᠭᠦᠯᠦᠨ᠎ᠡ᠃ ᠡᠭᠦᠨ ᠤ ᠳᠠᠭᠠᠥ᠂ ᠦᠪᠦᠷ ᠮᠣᠩᠭᠤᠯ ᠮᠠᠯᠴᠢᠨ ᠲᠠᠷᠢᠶᠠᠴᠢᠨ ᠤ ᠬᠦᠴᠦ ᠶᠠᠪᠤᠭᠴᠢ ᠶᠢᠨ ᠠᠵᠢᠯ ᠣᠯᠬᠤ ᠠᠳᠠᠯ ᠦᠢᠯᠡᠰ ᠴᠣᠭᠴᠠᠯᠠᠬᠤ ᠲᠥᠷᠦ ᠶᠢᠨ ᠪᠣᠳᠤᠯᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠠᠬᠢᠭᠤᠯᠵᠤ᠂ ᠨᠤᠲᠤᠭ ᠲᠠᠭᠠᠨ ᠬᠠᠷᠢᠵᠤ ᠦᠢᠯᠡᠰ ᠴᠣᠭᠴᠠᠯᠠᠬᠤ ᠬᠦᠷᠢᠶᠡᠯᠡᠩ᠂ ᠰᠢᠯᠵᠢᠭᠦᠯᠵᠦ ᠠᠵᠢᠯ ᠣᠯᠭᠤᠬᠤ ᠵᠢᠱᠢᠶ᠎ᠡ ᠦᠵᠡᠭᠦᠯᠬᠦ ᠴᠢᠭ᠋ ᠢ ᠶᠡᠭᠡ ᠪᠠᠷ ᠪᠠᠶᠢᠭᠤᠯᠵᠤ᠂ ᠨᠢᠭᠡ ᠪᠦᠯᠦᠭ ᠣᠨᠴᠠᠯᠢᠭ ᠪᠦᠬᠦᠢ ᠬᠦᠳᠡᠯᠮᠦᠷᠢ ᠬᠦᠴᠦᠨ ᠤ ᠨᠡᠷᠡᠲᠦ ᠲᠡᠮᠳᠡᠭᠲᠦ ᠶᠢ ᠳᠡᠳᠭᠦᠨ ᠪᠣᠢ ᠪᠣᠯᠭᠠᠵᠤ᠂ ᠰᠢᠯᠵᠢᠭᠦᠯᠦᠨ ᠠᠵᠢᠯ ᠣᠯᠭᠤᠬᠤ ᠬᠦᠮᠦᠰ ᠢ ᠲᠣᠬᠢᠷᠠᠭᠤᠯᠬᠤ ᠬᠠᠮᠢᠶᠠᠷᠬᠤ ᠪᠠ ᠲᠡᠭᠦᠨ ᠳᠤ ᠦᠢᠯᠡᠴᠢᠯᠡᠬᠦ ᠠᠵᠢᠯ ᠢ ᠰᠠᠶᠢᠲᠤᠷ ᠬᠢᠵᠦ᠂ ᠬᠦᠳᠡᠯᠮᠦᠷᠢ ᠬᠦᠴᠦᠨ ᠤ ᠭᠠᠷᠭᠠᠯᠲᠠ ᠶᠢᠨ ᠨᠡᠷᠡᠲᠦ ᠳᠡᠮᠳᠡᠭᠲᠦ ᠠᠵᠢᠯ ᠣᠯᠭᠤᠯᠲᠠ ᠶᠢᠨ ᠳᠠᠶᠢᠴᠢᠯᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃ ᠣᠳᠣᠬᠠᠨ ᠳᠤ᠂ ᠦᠪᠦᠷ ᠮᠣᠩᠭᠤᠯ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠲᠤᠰᠠᠯᠠᠮᠵᠢ ᠶᠢᠨ ᠳᠦᠷᠢᠮ ᠢ ᠠᠯᠬᠤᠮ ᠠᠯᠬᠤᠮ ᠢᠶᠠᠷ ᠪᠠᠶᠢᠭᠤᠯᠵᠤ᠂ ᠠᠵᠢᠯ ᠤᠨ ᠪᠠᠶᠢᠷᠢ ᠣᠯᠭᠤᠬᠤ᠂ ᠤᠷ᠎ᠠ ᠴᠢᠳᠠᠪᠤᠷᠢ ᠣᠯᠭᠤᠬᠤ᠂ ᠲᠦᠷᠦᠯ ᠵᠦᠢᠯ ᠣᠯᠭᠤᠬᠤ᠂ ᠲᠥᠷᠦ ᠶᠢᠨ ᠪᠣᠳᠤᠯᠭ᠎ᠠ ᠣᠯᠭᠤᠬᠤ᠂ ᠬᠠᠶᠢᠷ᠎ᠠ ᠬᠠᠯᠠᠮᠵᠢ ᠬᠦᠷᠲᠡᠭᠡᠬᠦ 5 ᠵᠦᠢᠯ ᠤᠨ ᠠᠵᠢᠯ ᠣᠯᠭᠤᠬᠤ ᠲᠤᠰᠠᠯᠠᠮᠵᠢ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠮᠠᠯᠵᠢᠬᠤ ᠲᠠᠷᠢᠶᠠᠯᠠᠬᠤ ᠣᠷᠤᠨ ᠤ ᠦᠯᠡᠭᠦᠦ ᠬᠦᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠳᠤ ᠦᠢᠯᠡᠴᠢᠯᠡᠭᠡᠨ ᠤ ᠲᠠᠪᠴᠠᠩ ᠢ ᠪᠦᠲᠦᠭᠡᠨ ᠪᠠᠶᠢᠭᠤᠯᠤᠨ ᠦᠭᠴᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号