ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ | ᠠᠴᠠ ᠦᠨᠦᠬᠡᠨ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠬᠤᠰᠢᠭᠤ ᠰᠢᠶᠡᠨ ᠤ ᠱᠠᠳᠤᠨ ᠤ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ ᠲᠠᠯ᠎ᠠ ᠪᠠᠷ | ᠲᠦᠯᠬᠢᠨ ᠠᠬᠢᠭᠤᠯᠬᠤ ᠶᠢ ᠭᠡᠷᠡᠭᠵᠢᠬᠦᠯᠬᠦ ᠲᠦᠰᠦᠯ︾ ︵ᠲᠤᠷᠤᠭᠰᠢ ︽ᠲᠦᠰᠦᠯ︾ ᠬᠡᠮᠡᠨ ᠲᠦᠭᠦᠮᠴᠢᠯᠡᠨ᠎ᠡ︶ | ᠲᠠᠷᠤᠮᠠᠯᠯᠠᠨ ᠲᠠᠷᠬᠠᠭᠠᠪᠠ᠃ ᠰᠤᠷᠪᠤᠯᠵᠢᠯᠠᠭᠴᠢ ᠶᠢᠨ ᠦᠴᠦᠭᠡᠳᠦᠷ ᠤᠨ ᠤᠶᠢᠯᠠᠭᠠᠭᠰᠠᠨ ᠢᠶᠠᠷ᠂ ︽ᠲᠦᠰᠦᠯ︾ ᠳᠤ | 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠪᠦᠬᠦ ᠤᠷᠤᠨ ᠤ 80 ᠬᠤᠰᠢᠭᠤ ᠰᠢᠶᠡᠨ ︵ᠬᠤᠳᠠ︶ | ᠤ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮ ᠤᠨ | ᠤᠷᠤᠯᠭ᠎ᠠ ᠪᠠᠷ ᠡᠮᠨᠡᠯᠭᠡ ᠶᠢ ᠲᠡᠳᠬᠦᠵᠤ ᠪᠠᠶᠢᠭᠰᠠᠨ ᠶᠠᠪᠤᠳᠠᠯ ᠢ ᠭᠦᠴᠦᠨ ᠦᠬᠡᠢ ᠪᠤᠯᠭᠠᠵᠤ᠂ ᠬᠤᠰᠢᠭᠤ ᠰᠢᠶᠡᠨ ᠤ | ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠪᠠᠷ ᠪᠠᠶᠢᠨ᠎ᠠ᠃ 2017 ᠤᠨ ᠳᠤ ᠤᠳᠤᠬᠢᠴᠢᠯᠠᠭᠰᠠᠨ ᠡᠮᠨᠡᠯᠭᠡ ᠶᠢᠨ ᠬᠤᠷᠢᠶᠠᠨ | ᠤ ᠬᠠᠮᠢᠶᠠᠷᠤᠯᠳᠠ ᠶᠢᠨ ᠲᠦᠷᠢᠮ ᠢ ᠦᠨᠳᠦᠰᠦᠨ ᠳᠡᠭᠡᠨ ᠪᠠᠶᠢᠭᠤᠯᠤᠨ᠂ ᠬᠦᠨᠳᠤ ᠡᠪᠡᠳᠴᠢᠨ ᠢ ᠬᠤᠰᠢᠭᠤ ᠰᠢᠶᠠᠨ | ᠳᠠᠭᠠᠨ ᠡᠮᠴᠢᠯᠡᠵᠤ ᠲᠡᠶᠢᠯᠬᠦ ᠶᠢ ᠦᠨᠳᠦᠰᠦᠨ ᠳᠡᠭᠡᠨ ᠪᠠᠶᠠᠯᠡᠬᠦᠯᠦᠨ᠎ᠡ᠃ ᠲᠡᠭᠡᠪᠡᠯ ︽ᠲᠦᠰᠦᠯ︾ ᠳᠤ ᠬᠠᠮᠢᠶᠠᠷᠤᠯᠳᠠ | ᠶᠢᠨ ᠪᠠᠶᠢᠭᠤᠯᠤᠯ ᠪᠠ ᠠᠵᠢᠯᠯᠠᠭᠠᠨ ᠤ ᠰᠢᠨ᠎ᠡ ᠲᠤᠭᠳᠠᠴᠠ᠂ ᠡᠮ ᠡᠮᠨᠡᠯᠭᠡ ᠶᠢ ᠰᠠᠯᠭᠠᠬᠤ ᠪᠠ ᠡᠮᠨᠡᠯᠭᠡ ᠶᠢᠨ | ᠲᠠᠭᠠᠳᠬᠠᠯ ᠢ ᠦᠭᠬᠦ ᠵᠡᠷᠭᠡ ᠲᠠᠯ᠎ᠠ ᠪᠠᠷ ᠶᠠᠮᠠᠷ ᠰᠢᠨ᠎ᠡ ᠠᠷᠭ᠎ᠠ ᠬᠡᠮᠵᠢᠶ᠎ᠡ ᠶᠢ ᠲᠤᠷᠠᠳᠤᠨ ᠭᠠᠷᠭᠠᠭᠰᠠᠨ ᠪᠤᠢ︖ | ᠵᠠᠩᠬᠢᠯᠠᠭ᠎ᠠ ᠶᠢᠨ ᠦᠬᠡ᠄ ᠡᠮ ᠡᠮᠨᠡᠯᠭᠡ ᠶᠢ ᠰᠠᠯᠭᠠᠬᠤ ᠶᠢ ᠲᠦᠯᠬᠢᠨ ᠠᠬᠢᠭᠤᠯᠬᠤ | ᠭᠤᠤᠯ ᠰᠠᠨᠠᠭᠤᠯᠤᠮᠵᠢ᠄ 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ᠂ ᠡᠮ ᠤᠨ ᠵᠦᠢᠯ ᠤᠨ ᠦᠨ᠎ᠡ | ᠨᠡᠮᠡᠬᠦ ︵ᠮᠤᠩᠭᠤᠯ ᠡᠮ ᠢ ᠲᠤᠳᠤᠭᠠᠳᠤ ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭᠠ ᠡᠮ ᠠᠴᠠ | ᠭᠠᠳᠠᠨ᠎ᠠ︶ ᠶᠢ ᠬᠦᠴᠦᠨ ᠦᠬᠡᠢ ᠪᠤᠯᠭᠠᠨ᠎ᠠ᠃ ᠡᠬᠦᠨ ᠠᠴᠠ ᠭᠠᠳᠠᠨ᠎ᠠ᠂ ᠬᠤᠰᠢᠭᠤ ᠰᠢᠶᠡᠨ ᠤ ᠱᠠᠳᠤᠨ ᠤ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ ᠢ ᠦᠪᠡᠷᠳᠡᠭᠡᠨ | ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠠᠪᠴᠠᠩ ᠠᠴᠠ ᠬᠤᠳᠠᠯᠳᠤᠨ ᠠᠪᠴᠤ | ᠦᠭᠬᠦᠨ᠎ᠡ᠃ | ︽ᠲᠦᠰᠦᠯ︾ ᠳᠤ ᠲᠤᠷᠠᠳᠤᠭᠰᠠᠨ ᠨᠢ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ | ᠶᠢᠨ ᠬᠤᠷᠢᠶᠠᠨ ᠳᠤ ᠬᠠᠮᠢᠶᠠᠷᠤᠯᠳᠠ ᠶᠢᠨ ᠵᠦᠪᠯᠡᠯ ᠪᠠᠶᠢᠭᠤᠯᠵᠤ᠂ ᠵᠦᠪᠯᠡᠯ ᠳᠤ ᠠᠵᠢᠯᠳᠠᠨ ᠤ ᠶᠠᠪᠤᠳᠠᠯ ᠢ ᠬᠠᠮᠢᠶᠠᠷᠬᠤ | ᠡᠷᠭᠡ᠂ ᠲᠡᠳ᠋ ᠲᠤᠰᠢᠶᠡᠯᠳᠠᠨ ᠢ ᠲᠠᠨᠢᠯᠴᠠᠭᠤᠯᠬᠤ ᠡᠷᠭᠡ᠂ ᠲᠤᠮᠳᠠ ᠲᠠᠪᠬᠤᠷᠭ᠎ᠠ ᠶᠢᠨ ᠺᠠᠳ᠋ᠷ ᠢ ᠤᠷᠢᠨ ᠲᠤᠮᠢᠯᠠᠬᠤ | ᠡᠷᠭᠡ᠂ ᠲᠤᠳᠤᠭᠠᠳᠤ ᠳᠠᠭᠠᠨ ᠬᠤᠪᠢᠶᠠᠷᠢᠯᠠᠬᠤ ᠡᠷᠭᠡ᠂ ᠤᠨ ᠤ ᠲᠦᠰᠦᠪ ᠢ ᠭᠡᠷᠡᠭᠵᠢᠬᠦᠯᠬᠦ ᠡᠷᠭᠡ ᠵᠡᠷᠭᠡ ᠡᠵᠡᠩᠨᠡᠨ | ᠬᠠᠮᠢᠶᠠᠷᠤᠯᠳᠠ ᠶᠢᠨ ᠡᠵᠡᠨ ᠮᠡᠳᠡᠬᠦ ᠡᠷᠭᠡ ᠲᠠᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠵᠠᠰᠠᠭ ᠵᠠᠬᠢᠷᠭᠠᠵᠢᠯ ᠢ ᠬᠠᠰᠤᠵᠤ᠂ ᠡᠮᠨᠡᠯᠭᠡ ᠶᠢᠨ ᠬᠤᠷᠢᠶᠠᠨ ᠤ ᠵᠡᠷᠭᠡ ᠲᠡᠰ ᠢ ᠠᠯᠬᠤᠮ | ᠠᠯᠬᠤᠮ ᠢᠶᠠᠷ ᠬᠦᠴᠦᠨ ᠦᠬᠡᠢ ᠪᠤᠯᠭᠠᠬᠤ ᠶᠢ ᠲᠦᠯᠬᠢᠨ ᠠᠬᠢᠭᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ | ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠡ | ᠪᠦᠳᠦᠮᠵᠢ ᠶᠢ ᠬᠢᠨᠠᠨ ᠰᠢᠯᠭᠠᠬᠤ ᠶᠢ ᠵᠢᠯᠤᠭᠤᠳᠬᠤ ᠰᠠᠨᠠᠯ ᠲᠤᠭᠳᠠᠭᠠᠨ᠂ ᠡᠯ᠎ᠡ ᠭᠠᠵᠠᠷ ᠤᠷᠤᠨ ᠨᠤᠭᠤᠳ ᠬᠤᠰᠢᠭᠤ | ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠠᠵᠢᠯ ᠤᠨ ᠦᠷ᠎ᠡ ᠪᠦᠳᠦᠮᠵᠢ | ᠶᠢ ᠬᠢᠨᠠᠨ ᠰᠢᠯᠭᠠᠬᠤ ᠠᠷᠭ᠎ᠠ ᠪᠤᠯᠤᠨ ᠬᠦᠢᠴᠡᠳᠭᠡᠬᠦ ᠲᠤᠭ᠎ᠠ ᠶᠢᠨ ᠰᠢᠰᠲ᠋ᠧᠮ ᠢ ᠲᠤᠭᠳᠠᠭᠠᠵᠤ᠂ ᠠᠵᠢᠯ ᠤᠨ ᠦᠷ᠎ᠡ | ᠪᠦᠳᠦᠮᠵᠢ ᠶᠢ ᠬᠢᠨᠠᠨ ᠰᠢᠯᠭᠠᠬᠤ ᠠᠵᠢᠯ ᠢ ᠦᠷᠨᠢᠬᠦᠯᠤᠨ᠎ᠡ᠃ | ᠲᠤᠰ ︽ᠲᠦᠰᠦᠯ︾ ᠳᠤ ᠲᠤᠭᠳᠠᠭᠠᠭᠰᠠᠨ ᠨᠢ ᠪᠦᠬᠦᠶᠢᠯᠡ ᠬᠤᠰᠢᠭᠤ ᠰᠢᠶᠡᠨ ᠤ ᠱᠠᠳᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠡᠮ ᠡᠮᠨᠡᠯᠭᠡ ᠶᠢ ᠰᠠᠯᠭᠠᠬᠤ ᠶᠢ ᠠᠬᠢᠭᠤᠯᠵᠤ᠂ ᠤᠯᠠᠨ ᠵᠦᠢᠯ ᠤᠨ | ᠪᠦᠳᠦᠮᠵᠢᠳᠠᠢ ᠠᠷᠭ᠎ᠠ ᠬᠡᠮᠵᠢᠶ᠎ᠡ ᠶᠢ ᠰᠦᠪᠡᠭᠴᠢᠯᠡᠨ ᠡᠮ ᠡᠮᠨᠡᠯᠭᠡ ᠶᠢ ᠨᠦᠬᠦᠪᠦᠷᠢᠯᠡᠬᠦ ᠲᠤᠭᠳᠠᠴᠠ ᠶᠢ ᠦᠭᠡᠷᠡᠴᠢᠯᠡᠨ᠂ | 2015 ᠤᠨ ᠤ 10 ᠰᠠᠷ᠎ᠠ ᠶᠢᠨ ᠰᠡᠬᠦᠯᠴᠢ ᠠᠴᠠ ᠡᠮᠦᠨ᠎ᠡ ᠡᠮ ᠤᠨ ᠵᠦᠢᠯ ᠤᠨ ᠦᠨ᠎ᠡ ᠨᠡᠮᠡᠬᠦ ︵ᠮᠤᠩᠭᠤᠯ ᠡᠮ | ᠢ ᠲᠤᠳᠤᠭᠠᠳᠤ ᠳᠠᠭᠠᠨ ᠨᠠᠶᠢᠷᠠᠭᠤᠯᠬᠤ᠂ ᠮᠤᠩᠭᠤᠯ ᠬᠢᠳᠡᠳ ᠡᠮ ᠤᠨ ᠴᠢᠨᠠᠯᠭᠠ ᠡᠮ ᠠᠴᠠ ᠭᠠᠳᠠᠨ᠎ᠠ︶ ᠶᠢ ᠬᠦᠴᠦᠨ | ᠦᠬᠡᠢ ᠪᠤᠯᠭᠠᠬᠤ ᠭᠡᠷᠡᠭᠳᠡᠢ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶᠠᠨ ᠤ ᠨᠦᠬᠦᠪᠦᠷᠢ ᠶᠢ ᠦᠢᠯᠡᠴᠢᠯᠡᠭᠡᠨ ᠤ ᠵᠠᠷᠤᠳᠠᠯ ᠬᠤᠷᠢᠶᠠᠬᠤ᠂ ᠡᠮ ᠤᠨ ᠵᠦᠢᠯ ᠤᠨ ᠦᠨ᠎ᠡ ᠶᠢᠨ ᠨᠡᠮᠡᠭᠳᠡᠯ | ᠤᠨ ᠤᠷᠤᠯᠭ᠎ᠠ ᠪᠤᠯᠤᠨ ᠵᠠᠰᠠᠭ ᠤᠨ ᠤᠷᠳᠤᠨ ᠤ ᠨᠦᠬᠦᠪᠦᠷᠢ ᠶᠢᠨ ᠭᠤᠷᠪᠠᠨ ᠠᠷᠭ᠎ᠠ ᠵᠠᠮ ᠢᠶᠠᠷ ᠨᠦᠬᠦᠪᠦᠷᠢᠯᠡᠵᠤ | ᠪᠠᠶᠢᠭᠰᠠᠨ ᠨᠢ ᠦᠢᠯᠡᠴᠢᠯᠡᠭᠡᠨ ᠤ ᠵᠠᠷᠤᠳᠠᠯ ᠬᠤᠷᠢᠶᠠᠬᠤ ᠪᠠ ᠵᠠᠰᠠᠭ ᠤᠨ ᠤᠷᠳᠤᠨ ᠠᠴᠠ ᠨᠦᠬᠦᠪᠦᠷᠢᠯᠡᠬᠦ ᠬᠤᠶᠠᠷ | ᠵᠦᠢᠯ ᠤᠨ ᠠᠷᠭ᠎ᠠ ᠵᠠᠮ ᠪᠤᠯᠭᠠᠨ ᠦᠬᠡᠷᠡᠴᠢᠯᠡᠵᠤ᠂ ᠡᠮᠴᠢᠯᠡᠭᠡᠨ ᠤ ᠦᠢᠯᠡᠴᠢᠯᠡᠭᠡᠨ ᠤ ᠦᠨ᠎ᠡ ᠶᠢ ᠰᠢᠯᠤᠭᠤᠳᠬᠠᠬᠤ᠂ | ᠵᠠᠰᠠᠭ ᠤᠨ ᠤᠷᠳᠤᠨ ᠤ ᠤᠷᠤᠭᠤᠯᠤᠯᠳᠠ ᠶᠢ ᠨᠡᠮᠡᠭᠳᠡᠬᠦᠯᠬᠦ ᠪᠠ ᠡᠮᠨᠡᠯᠭᠡ ᠶᠢᠨ ᠬᠤᠷᠢᠶᠠᠨ ᠤ ᠠᠵᠢᠯᠯᠠᠭᠠᠨ ᠤ ᠦᠷᠳᠡᠭ | ᠢ ᠪᠠᠭᠤᠷᠠᠭᠤᠯᠬᠤ ᠵᠡᠷᠭᠡ ᠤᠯᠠᠨ ᠲᠠᠯ᠎ᠠ ᠪᠠᠷ ᠬᠠᠮᠳᠤ ᠪᠠᠷ ᠡᠭᠦᠷᠭᠡᠯᠡᠨ᠎ᠡ᠃ | ᠡᠮ ᠤᠨ ᠵᠦᠢᠯ ᠪᠤᠯᠤᠨ ᠬᠤᠷᠤᠭᠳᠠᠯ ᠮᠠᠲ᠋ᠧᠷᠢᠶᠡᠯ ᠤᠨ ᠬᠠᠩᠭᠠᠯᠭ᠎ᠠ ᠶᠢᠨ ᠪᠠᠳᠤᠯᠠᠭ᠎ᠠ ᠶᠢᠨ ᠲᠦᠷᠢᠮ ᠢ ᠭᠡᠷᠬᠢᠨ | ᠲᠡᠬᠦᠯᠳᠡᠷᠵᠢᠬᠦᠯᠬᠦ ᠪᠤᠢ︖ ︽ᠲᠦᠰᠦᠪ︾ ᠲᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ | ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠭᠡᠷᠡᠭᠯᠡᠵᠤ ᠪᠠᠶᠢᠭ᠎ᠠ ᠪᠦᠬᠦ ᠡᠮ ᠤᠨ ᠵᠦᠢᠯ ᠢ ᠦᠪᠡᠷᠳᠡᠭᠡᠨ | ᠵᠠᠰᠠᠬᠤ ᠤᠷᠤᠨ ᠤ ᠡᠮ ᠤᠨ ᠵᠦᠢᠯ ᠢ ᠲᠦᠪᠯᠡᠷᠡᠬᠦᠯᠦᠨ ᠬᠤᠳᠠᠯᠳᠤᠨ ᠠᠪᠬᠤ ᠲᠡᠪᠴᠠᠩ ᠬᠤᠳᠠᠯᠳᠤᠨ ᠠᠪᠬᠤ | ᠭᠡᠷᠡᠭᠳᠡᠢ᠃ ᠡᠮ ᠤᠨ ᠵᠦᠢᠯ ᠢ ᠲᠠᠭᠠᠭᠠᠴᠢᠯᠠᠯᠳᠠ ᠤᠯᠤᠭᠰᠠᠨ ᠦᠢᠯᠡᠳᠪᠦᠷᠢᠯᠡᠯ ᠤᠨ ᠠᠵᠤ ᠠᠬᠤᠶᠢᠯᠠᠯ ᠰᠢᠭᠤᠳ | ᠬᠦᠷᠬᠡᠬᠦ ᠪᠤᠶᠤ ᠲᠤᠬᠢᠷᠠᠭᠤᠯᠤᠨ ᠬᠦᠷᠭᠡᠬᠦ ᠴᠢᠳᠠᠪᠤᠷᠢ ᠲᠠᠢ ᠡᠮ ᠤᠨ ᠵᠦᠢᠯ ᠤᠨ ᠡᠵᠡᠩᠨᠡᠯᠳᠡ ᠶᠢᠨ ᠠᠵᠤ ᠠᠬᠤᠶᠢᠯᠠᠯ | ᠳᠤ ᠦᠪᠡᠷᠳᠡᠭᠡᠨ ᠨᠠᠶᠢᠳᠠᠵᠤ ᠵᠢᠭᠠᠨ ᠲᠤᠭᠳᠠᠭᠠᠭᠰᠠᠨ ᠡᠮᠨᠡᠯᠭᠡ ᠶᠢᠨ ᠬᠤᠷᠢᠶᠠᠨ ᠳᠤ ᠬᠦᠷᠬᠡᠬᠦᠯᠵᠤ᠂ ᠵᠠᠪᠰᠠᠷ ᠤᠨ | ᠶᠠᠪᠤᠴᠠ ᠶᠢ ᠪᠠᠭᠠᠰᠬᠠᠵᠤ ᠪᠤᠯᠤᠨ᠎ᠠ᠃ ᠡᠮᠨᠡᠯᠭᠡ ᠶᠢᠨ ᠬᠤᠷᠢᠶ᠎ᠠ ᠨᠢ ᠡᠮ ᠤᠨ ᠵᠦᠢᠯ ᠤᠨ ᠦᠢᠯᠡᠳᠪᠦᠷᠢᠯᠡᠯ ᠤᠨ ᠠᠵᠤ | ᠠᠬᠤᠶᠢᠯᠠᠯ ᠯᠤᠭ᠎ᠠ ᠡᠮ ᠤᠨ ᠵᠦᠢᠯ ᠤᠨ ᠵᠠᠷᠤᠳᠠᠯ ᠢ ᠳ᠋ᠦᠩᠨᠡᠨ ᠪᠤᠳᠤᠬᠤ᠂ ᠡᠮ ᠤᠨ ᠵᠦᠢᠯ ᠤᠨ ᠦᠢᠯᠡᠳᠪᠦᠷᠢᠯᠡᠯ | ᠤᠨ ᠠᠵᠤ ᠠᠬᠤᠶᠢᠯᠠᠯ ᠪᠤᠯᠤᠨ ᠲᠤᠬᠢᠷᠠᠭᠤᠯᠤᠨ ᠬᠦᠷᠭᠡᠬᠦ ᠠᠵᠤ ᠠᠬᠤᠶᠢᠯᠠᠯ ᠯᠤᠭ᠎ᠠ ᠲᠤᠬᠢᠷᠠᠭᠤᠯᠤᠨ ᠬᠦᠷᠭᠡᠬᠦ | ᠵᠠᠷᠤᠳᠠᠯ ᠢ ᠳ᠋ᠦᠩᠨᠡᠨ ᠪᠤᠳᠤᠬᠤ ᠶᠢ ᠵᠤᠷᠢᠭᠵᠢᠭᠤᠯᠤᠨ᠎ᠠ᠃ | ᠵᠠᠩᠬᠢᠯᠠᠭ᠎ᠠ ᠶᠢᠨ ᠦᠬᠡ᠄ ᠡᠮᠨᠡᠯᠭᠡ ᠶᠢᠨ ᠲᠠᠭᠠᠳᠬᠠᠯ ᠦᠭᠬᠦ ᠶᠢ ᠨᠠᠶᠢᠳᠡᠮ ᠪᠦᠷᠬᠦᠬᠦᠯᠬᠦ | ᠭᠤᠤᠯ ᠰᠠᠨᠠᠭᠤᠯᠤᠮᠵᠢ ᠄ 2016 ᠤᠨ ᠤ ᠰᠡᠬᠦᠯᠴᠢ ᠠᠴᠠ ᠡᠮᠦᠨ᠎ᠡ᠂ ᠡᠮᠨᠡᠯᠭᠡ ᠶᠢᠨ ᠲᠠᠭᠠᠳᠬᠠᠯ ᠦᠭᠬᠦ ᠠᠷᠭ᠎ᠠ | ᠶᠢᠨ ᠦᠭᠡᠷᠡᠴᠢᠯᠡᠯᠳᠡ ᠶᠢ ᠬᠤᠰᠢᠭᠤ ᠰᠢᠶᠡᠨ ᠤ ᠬᠡᠪᠴᠢᠶᠡᠨ ᠤ ᠠᠯᠪᠠᠨ ᠠᠴᠠ ᠪᠠᠶᠢᠭᠤᠯᠤᠭᠰᠠᠨ ᠪᠦᠬᠦ ᠡᠮᠨᠡᠯᠭᠡ ᠶᠢᠨ | ᠬᠤᠷᠢᠶ᠎ᠠ ᠳᠤ ᠪᠦᠷᠬᠦᠬᠦᠯᠵᠤ᠂ 40% ᠠᠴᠠ ᠲᠡᠭᠡᠭᠰᠢᠬᠢ ᠡᠮᠨᠡᠯᠭᠡ ᠶᠢᠨ ᠬᠤᠷᠢᠶᠠᠨ ᠤ ᠡᠮᠨᠡᠯᠭᠡ ᠠᠴᠠ ᠭᠠᠷᠬᠤ | ᠡᠪᠡᠳᠴᠢᠨ ᠤ ᠵᠢᠱᠢᠶ᠎ᠡ ᠶᠢ ᠬᠠᠮᠤᠷᠡᠭᠤᠯᠬᠤ ᠭᠡᠷᠡᠭᠳᠡᠢ᠃ 2017 ᠤᠨ ᠪᠤᠯᠬᠤ ᠳᠤ᠂ ᠡᠪᠡᠳᠴᠢᠨ ᠤ ᠲᠦᠷᠦᠯ ᠢᠶᠠᠷ | ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠢᠶᠠᠷ ᠵᠠᠷᠤᠳᠠᠯ | ᠦᠭᠬᠦ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ | ᠦᠪᠡᠷᠳᠡᠭᠡᠨ ᠵᠠᠰᠠᠬᠤ ᠤᠷᠤᠨ ᠠᠴᠠ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠬᠡᠷᠡᠴᠢᠯᠡᠯᠳᠡ ᠶᠢᠨ ᠬᠠᠮᠢᠶ᠎ᠠ | ᠪᠦᠬᠦᠢ ᠲᠦᠷᠦ ᠶᠢᠨ ᠪᠤᠳᠤᠯᠭ᠎ᠠ ᠶᠢ ᠲᠤᠭᠳᠠᠭᠠᠵᠤ᠂ ᠶᠡᠷᠦᠩᠬᠡᠢ ᠲᠤᠭ᠎ᠠ ᠶᠢ ᠬᠢᠵᠠᠭᠠᠷᠯᠠᠬᠤ ᠪᠠᠶᠢᠳᠠᠯ ᠲᠤᠤᠷ᠎ᠠ | ᠡᠪᠡᠳᠴᠢᠨ ᠤ ᠲᠦᠷᠦᠯ᠂ ᠬᠦᠮᠦᠨ ᠤ ᠲᠤᠭ᠎ᠠ᠂ ᠡᠪᠡᠳᠴᠢᠳᠡᠨ ᠤ ᠤᠷᠤ ᠶᠢᠨ ᠡᠳᠦᠷ ᠢᠶᠠᠷ ᠵᠠᠷᠤᠳᠠᠯ ᠦᠭᠬᠦ ᠠᠷᠭ᠎ᠠ | ᠶᠢᠨ ᠦᠬᠡᠷᠡᠴᠢᠯᠡᠯᠳᠡ ᠶᠢ ᠲᠦᠷᠭᠡᠳᠭᠡᠨ ᠠᠬᠢᠭᠤᠯᠤᠨ᠎ᠠ᠃ 2016 ᠤᠨ ᠤ ᠵᠢᠯ ᠤᠨ ᠡᠴᠤᠰ ᠠᠴᠠ ᠡᠮᠦᠨ᠎ᠡ᠂ | ᠵᠠᠷᠤᠳᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢ ᠬᠤᠰᠢᠭᠤ ᠰᠢᠶᠡᠨ ᠤ ᠬᠡᠪᠴᠢᠶᠡᠨ ᠤ ᠠᠯᠪᠠᠨ ᠠᠴᠠ | ᠪᠠᠶᠢᠭᠤᠯᠤᠭᠰᠠᠨ ᠪᠦᠬᠦ ᠡᠮᠨᠡᠯᠭᠡ ᠶᠢᠨ ᠬᠤᠷᠢᠶ᠎ᠠ ᠳᠤ ᠪᠦᠷᠬᠦᠬᠦᠯᠵᠤ᠂ 40% ᠠᠴᠠ ᠲᠡᠭᠡᠭᠰᠢᠬᠢ ᠡᠮᠨᠡᠯᠭᠡ ᠶᠢᠨ | ᠬᠤᠷᠢᠶᠠᠨ ᠤ ᠡᠮᠨᠡᠯᠭᠡ ᠠᠴᠠ ᠭᠠᠷᠬᠤ ᠡᠪᠡᠳᠴᠢᠨ ᠤ ᠵᠢᠱᠢᠶ᠎ᠡ ᠶᠢ ᠬᠠᠮᠤᠷᠡᠭᠤᠯᠤᠨᠠ᠃ 2017 ᠤᠨ ᠪᠤᠯᠬᠤ ᠳᠤ᠂ | ᠡᠪᠡᠳᠴᠢᠨ ᠤ ᠲᠦᠷᠦᠯ ᠢᠶᠠᠷ ᠵᠠᠷᠤᠳᠠᠯ ᠦᠭᠬᠦ ᠪᠠᠷ ᠭᠤᠤᠯ ᠪᠤᠯᠭᠠᠵᠤ᠂ ᠬᠦᠮᠦᠨ ᠤ ᠲᠤᠭ᠎ᠠ᠂ ᠡᠪᠡᠳᠴᠢᠳᠡᠨ ᠤ ᠤᠷᠤ | ᠶᠢᠨ ᠡᠳᠦᠷ ᠵᠡᠷᠭᠡ ᠨᠡᠶᠢᠯᠡᠮᠡᠯ ᠬᠡᠯᠪᠡᠷᠢ ᠶᠢᠨ ᠵᠠᠷᠤᠳᠠᠯ ᠦᠭᠬᠦ ᠬᠡᠯᠪᠡᠷᠢ ᠶᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ | ᠮᠤᠩᠭᠤᠯ ᠡᠮ ᠡᠮᠨᠡᠯᠭᠡ ᠪᠤᠯᠤᠨ ᠬᠢᠳᠡᠳ ᠡᠮ ᠡᠮᠨᠡᠯᠭᠡ ᠶᠢᠨ ᠲᠤᠬᠢᠷᠠᠮᠵᠢᠳᠠᠢ ᠦᠢᠯᠡᠴᠢᠯᠡᠭᠡ ᠶᠢ ᠬᠠᠩᠭᠠᠨ ᠭᠡᠷᠡᠭᠯᠡᠬᠦ ᠶᠢ | ᠤᠷᠮᠠᠰᠢᠭᠤᠯᠵᠤ᠂ ᠮᠤᠩᠭᠤᠯ ᠬᠢᠳᠡᠳ ᠡᠮ ᠡᠮᠨᠡᠯᠭᠡ ᠶᠢᠨ ᠡᠮ ᠤᠨ ᠵᠦᠢᠯ ᠤᠨ ᠪᠤᠰᠤ ᠡᠮᠴᠢᠯᠡᠭᠡᠨ ᠤ ᠮᠡᠷᠬᠡᠵᠢᠯ ᠢ | ᠵᠢᠷᠤᠮᠵᠢᠭᠤᠯᠬᠤ ᠰᠠᠭᠤᠷᠢᠨ ᠲᠡᠭᠡᠷ᠎ᠡ᠂ ᠡᠮᠨᠡᠯᠭᠡ ᠶᠢᠨ ᠲᠠᠭᠠᠳᠬᠠᠯ ᠦᠭᠬᠦ ᠡᠮ ᠡᠮᠨᠡᠯᠭᠡ ᠶᠢᠨ ᠪᠠᠶᠢᠭᠤᠯᠤᠮᠵᠢ ᠶᠢᠨ | ᠮᠤᠩᠭᠤᠯ ᠬᠢᠳᠡᠳ ᠨᠠᠶᠢᠷᠠᠯᠭ᠎ᠠ ᠡᠮ ᠪᠠ ᠵᠡᠭᠦᠤ ᠲᠦᠭᠡᠨᠡᠯᠭᠡ᠂ ᠡᠮᠴᠢᠯᠡᠭᠡᠨ ᠤ ᠴᠢᠨᠠᠷᠳᠠᠢ ᠢᠯᠢᠵᠤ ᠨᠤᠬᠤᠯᠠᠬᠤ ᠵᠡᠷᠭᠡ | ᠮᠤᠩᠭᠤᠯ ᠬᠢᠳᠡᠳ ᠡᠮᠨᠡᠯᠭᠡ ᠶᠢᠨ ᠦᠪᠡᠷᠮᠢᠴᠡ ᠤᠨᠴᠠᠯᠢᠭ ᠲᠠᠢ ᠡᠮᠴᠢᠯᠡᠭᠡᠨ ᠤ ᠮᠡᠷᠭᠡᠵᠢᠯ ᠤᠨ ᠬᠡᠪᠴᠢᠶᠡᠨ ᠳᠤ | ᠠᠯᠬᠤᠮ ᠠᠯᠬᠤᠮ ᠢᠶᠠᠷ ᠦᠷᠭᠡᠳᠬᠡᠨ ᠤᠷᠤᠭᠤᠯᠤᠨ᠎ᠠ᠃ ᠡᠨᠡ ᠨᠢ ᠲᠤᠰ ︽ᠲᠦᠰᠦᠯ︾ ᠳᠤ ᠲᠤᠳᠤᠷᠬᠠᠢ | ᠲᠤᠷᠠᠳᠤᠭᠰᠠᠨ ᠡᠮᠨᠡᠯᠭᠡ ᠶᠢᠨ ᠲᠠᠭᠠᠳᠬᠠᠯ ᠦᠭᠬᠦ ᠠᠷᠭ᠎ᠠ ᠶᠢᠨ ᠦᠭᠡᠷᠡᠴᠢᠯᠡᠯᠳᠡ ᠶᠢᠨ ᠬᠠᠷᠠᠯᠳᠠ ᠪᠤᠯᠤᠨ ᠴᠢᠭᠯᠡᠯ | ᠪᠤᠯᠤᠨ᠎ᠠ᠃ | ︽ᠲᠦᠰᠦᠯ︾ ᠳᠤ ᠪᠠᠰᠠ ᠲᠤᠷᠠᠳᠤᠭᠰᠠᠨ ᠨᠢ 2016 ᠤᠨ ᠤ ᠡᠴᠦᠰ ᠪᠤᠯᠬᠤ ᠳᠤ ᠬᠤᠰᠢᠭᠤ ᠰᠢᠶᠠᠨ ᠤ ᠱᠠᠳᠤᠨ | ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ᠡᠮᠴᠢᠯᠡᠭᠡᠨ ᠤ ᠠᠷᠭ᠎ᠠ ᠵᠠᠮ ᠤᠨ ᠬᠠᠮᠢᠶᠠᠷᠤᠯᠳᠠ | ᠭᠡᠷᠡᠭᠵᠢᠬᠦᠯᠦᠨ ᠡᠪᠡᠳᠴᠢᠨ ᠤ ᠲᠦᠷᠦᠯ ᠤᠨ ᠲᠤᠭ᠎ᠠ 50 ᠠᠴᠠ ᠲᠡᠭᠡᠭᠰᠢ ᠳᠤ ᠬᠦᠷᠭᠡᠬᠦ ᠶᠢ ᠪᠡᠶᠡᠯᠡᠬᠦᠯᠬᠦ ᠶᠢᠨ | ᠬᠠᠮᠳᠤ ᠡᠪᠡᠳᠴᠢᠨ ᠤ ᠲᠦᠷᠦᠯ ᠢ ᠠᠯᠬᠤᠮ ᠠᠯᠬᠤᠮ ᠢᠶᠠᠷ ᠦᠷᠭᠡᠳᠭᠡᠵᠤ᠂ ᠠᠭᠤᠯᠭ᠎ᠠ ᠶᠢ ᠨᠢ ᠨᠠᠷᠢᠯᠢᠭᠵᠢᠭᠤᠯᠵᠤ᠂ | ᠡᠪᠡᠳᠴᠢᠨ ᠤ ᠲᠦᠷᠦᠯ ᠢ ᠪᠦᠯᠦᠭ ᠲᠤ ᠤᠷᠤᠭᠤᠯᠬᠤ ᠨᠤᠷᠮ᠎ᠠ ᠪᠤᠯᠤᠨ ᠪᠡᠶᠡᠯᠡᠬᠦᠯᠬᠦ ᠨᠤᠷᠮ᠎ᠠ ᠶᠢ ᠲᠡᠭᠡᠭᠰᠢᠯᠡᠬᠦᠯᠤᠨ᠎ᠡ᠃ | ᠬᠦᠨᠳᠤ ᠤᠨᠴᠠᠭᠠᠢ ᠡᠪᠡᠳᠴᠢᠨ ᠤ ᠪᠠᠳᠤᠯᠠᠭ᠎ᠠ ᠶᠢᠨ ᠲᠤᠭᠳᠠᠴᠠ ᠶᠢᠨ ᠲᠠᠯ᠎ᠠ ᠪᠠᠷ᠂ ︽ᠲᠦᠰᠦᠯ︾ ᠳᠤ | ᠬᠤᠭᠤᠴᠠᠭ᠎ᠠ ᠲᠤᠭᠳᠠᠭᠠᠵᠤ᠂ 2015 ᠤᠨ ᠳᠤ ᠬᠤᠰᠢᠭᠤ ᠰᠢᠶᠠᠨ ︵ᠬᠤᠳᠠ︶ ᠪᠦᠬᠦᠨ ᠳᠤ ᠬᠤᠳᠠ ᠭᠦᠳᠡᠭᠡ | ᠶᠢᠨ ᠰᠠᠭᠤᠭᠠᠯᠢ ᠠᠷᠠᠳ ᠤᠨ ᠭᠦᠨᠳᠤ ᠡᠪᠡᠳᠴᠢᠨ ᠤ ᠲᠠᠭᠠᠳᠬᠠᠯ ᠤᠨ ᠲᠦᠷᠢᠮ ᠪᠤᠯᠤᠨ ᠡᠪᠡᠳᠴᠢᠨ ᠡᠮᠭᠡᠭ ᠢ | ᠪᠠᠴᠢᠮ ᠠᠪᠤᠷᠠᠨ ᠲᠤᠰᠠᠯᠠᠬᠤ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠵᠤ᠂ ᠬᠦᠨᠳᠤ ᠤᠨᠴᠠᠭᠠᠢ ᠡᠪᠡᠳᠴᠢᠨ ᠢ | ᠡᠮᠴᠢᠯᠡᠭᠡᠨ ᠢᠶᠠᠷ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠬᠦᠯᠤᠨ᠎ᠡ ᠭᠡᠵᠤ ᠲᠤᠳᠤᠷᠬᠠᠶᠢᠯᠠᠵᠠᠢ᠃ | ᠵᠠᠩᠬᠢᠯᠠᠭ᠎ᠠ ᠶᠢᠨ ᠦᠬᠡ᠄ ᠡᠮᠨᠡᠯᠬᠡ ᠶᠢᠨ ᠠᠵᠢᠯᠳᠠᠨ ᠤ ᠴᠠᠯᠢᠩ ᠮᠦᠩᠬᠦ ᠶᠢ ᠲᠤᠬᠢᠷᠠᠮᠵᠢᠳᠠᠢ ᠲᠤᠭᠳᠠᠭᠠᠬᠤ | ᠭᠤᠤᠯ ᠰᠠᠨᠠᠭᠤᠯᠤᠮᠵᠢ᠄ ᠡᠯ᠎ᠡ ᠭᠠᠵᠠᠷ ᠤᠷᠤᠨ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠬᠢᠷᠢ ᠲᠦᠪᠰᠢᠨ ᠢ | ᠵᠤᠬᠢᠰᠳᠠᠢ ᠲᠤᠭᠳᠠᠭᠠᠵᠤ᠂ ᠡᠮᠨᠡᠯᠭᠡ ᠶᠢᠨ ᠠᠵᠢᠯᠳᠠᠳ ᠲᠤ ᠤᠷᠤᠯᠭ᠎ᠠ ᠤᠯᠬᠤ ᠬᠦᠢᠴᠡᠳᠭᠡᠯ ᠲᠤᠭ᠎ᠠ ᠲᠤᠭᠳᠠᠭᠠᠵᠤ | ᠦᠭᠬᠦ ᠶᠢ ᠴᠠᠭᠠᠵᠠᠯᠠᠵᠤ᠂ ᠡᠮᠨᠡᠯᠭᠡ ᠶᠢᠨ ᠠᠵᠢᠯᠳᠠᠳ ᠤᠨ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂ | ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠨ᠎ᠠ᠃ ︽ᠲᠦᠰᠦᠯ︾ | ᠳᠤ ᠲᠤᠳᠤᠷᠬᠠᠶᠢᠯᠠᠭᠰᠠᠨ ᠨᠢ ᠦᠪᠡᠷᠳᠡᠭᠡᠨ ᠵᠠᠰᠠᠬᠤ ᠤᠷᠤᠨ ᠠᠴᠠ ᠬᠤᠰᠢᠭᠤ ᠰᠢᠶᠡᠨ ᠤ ᠱᠠᠳᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠳᠠᠨ ᠲᠤᠬᠢᠷᠠᠭᠤᠯᠬᠤ ᠪᠠᠷᠢᠮᠵᠢᠶ᠎ᠠ ᠶᠢ ᠲᠤᠭᠳᠠᠭᠠᠵᠤ᠂ ᠠᠵᠢᠯᠳᠠᠨ | ᠤ ᠤᠷᠤᠨ ᠲᠤᠭᠠᠨ ᠤ ᠶᠡᠷᠦᠩᠬᠡᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠬᠤ ᠶᠢᠨ ᠬᠠᠮᠳᠤ ᠬᠦᠳᠡᠯᠦᠩᠬᠦᠢ | ᠲᠤᠬᠢᠷᠠᠭᠤᠯᠤᠯᠳᠠ ᠶᠢ ᠭᠡᠷᠡᠭᠵᠢᠬᠦᠯᠦᠨ᠎ᠡ᠃ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠤᠷᠤᠨ ᠲᠤᠭᠠᠨ ᠤ ᠬᠠᠮᠢᠶᠠᠷᠤᠯᠳᠠ ᠶᠢᠨ ᠠᠷᠭ᠎ᠠ ᠶᠢᠨ ᠰᠢᠨ᠎ᠡ ᠡᠭᠦᠳᠦᠯᠳᠡ ᠶᠢ | ᠰᠦᠪᠡᠭᠴᠢᠯᠡᠵᠤ᠂ ᠤᠷᠤᠨ ᠲᠤᠭ᠎ᠠ ᠶᠢ ᠪᠦᠷᠢᠳᠭᠡᠨ ᠲᠠᠩᠰᠠᠯᠠᠬᠤ ᠲᠦᠷᠢᠮᠳᠤ ᠬᠠᠮᠢᠶᠠᠷᠤᠯᠳᠠ ᠶᠢ ᠠᠯᠬᠤᠮ ᠠᠯᠬᠤᠮ | ᠢᠶᠠᠷ ᠭᠡᠷᠡᠭᠵᠢᠬᠦᠯᠤᠨ᠎ᠠ᠃ ᠤᠷᠢᠵᠤ ᠭᠡᠷᠡᠭᠯᠡᠬᠦ ᠲᠦᠷᠢᠮ᠂ ᠠᠵᠢᠯ ᠤᠨ ᠪᠠᠶᠢᠷᠢ ᠶᠢᠨ ᠬᠠᠮᠢᠶᠠᠷᠤᠯᠳᠠ ᠶᠢᠨ ᠲᠦᠷᠢᠮ | ᠪᠤᠯᠤᠨ ᠢᠯᠡ ᠪᠠᠷ ᠡᠯᠰᠡᠬᠦ ᠲᠦᠷᠢᠮ ᠢ ᠪᠦᠬᠦ ᠲᠠᠯ᠎ᠠ ᠪᠠᠷ ᠭᠡᠷᠡᠭᠵᠢᠬᠦᠯᠦᠨ᠎ᠡ᠃ ᠭᠡᠷᠡᠭᠴᠡᠭᠡ ᠱᠠᠭᠠᠷᠳᠠᠯᠭ᠎ᠠ ᠪᠠᠷ ᠠᠵᠢᠯ | ᠤᠨ ᠪᠠᠶᠢᠷᠢ ᠲᠤᠬᠢᠷᠠᠭᠤᠯᠬᠤ᠂ ᠦᠷᠢᠰᠦᠯᠳᠦᠭᠡᠨ ᠢᠶᠠᠷ ᠲᠠᠮᠵᠢᠨ ᠠᠵᠢᠯ ᠳᠤ ᠭᠠᠷᠬᠤ᠂ ᠠᠵᠢᠯ ᠤᠨ ᠪᠠᠶᠢᠷᠢ ᠪᠠᠷ | ᠤᠷᠢᠨ ᠭᠡᠷᠡᠭᠯᠡᠬᠦ᠂ ᠭᠡᠷ᠎ᠡ ᠪᠠᠷ ᠬᠠᠮᠢᠶᠠᠷᠬᠤ ᠶᠢ ᠪᠠᠷᠢᠮᠳᠠᠯᠠᠵᠤ᠂ ᠬᠢᠷᠢ ᠭᠡᠮ ᠢ ᠬᠤᠪᠢᠷᠠᠭᠤᠯᠤᠨ ᠬᠠᠮᠢᠶᠠᠷᠬᠤ ᠶᠢ | ᠠᠵᠢᠯ ᠤᠨ ᠪᠠᠶᠢᠷᠢ ᠶᠢᠨ ᠬᠠᠮᠢᠶᠠᠷᠤᠯᠳᠠ ᠪᠤᠯᠭᠠᠨ᠎ᠠ᠃ | ᠲᠤᠰ ︽ᠲᠦᠰᠦᠯ︾ ᠳᠤ ᠲᠤᠭᠳᠠᠭᠠᠭᠰᠠᠨ ᠨᠢ ᠡᠯ᠎ᠡ ᠭᠠᠵᠠᠷ ᠤᠷᠤᠨ ᠨᠤᠭᠤᠳ ᠠᠵᠤ ᠠᠬᠤᠢ ᠶᠢᠨ ᠭᠦᠭᠵᠢᠯᠳᠡ᠂ | ᠡᠳ᠋ ᠶᠢᠨ ᠵᠠᠰᠠᠭ ᠤᠨ ᠪᠠᠶᠢᠳᠠᠯ᠂ ᠪᠠᠷᠠᠭᠠᠨ ᠤ ᠦᠨ᠎ᠡ ᠶᠢᠨ ᠬᠡᠷᠡᠭᠯᠡᠭᠡᠨ ᠤ ᠬᠢᠷᠢ ᠲᠦᠪᠰᠢᠨ᠂ ᠬᠤᠳᠠ ᠪᠠᠯᠭᠠᠰᠤᠨ ᠤ | ᠪᠠᠶᠢᠭᠤᠯᠭ᠎ᠠ ᠶᠢᠨ ᠠᠵᠢᠯ ᠤᠨ ᠪᠠᠶᠢᠷᠢᠨ ᠳᠠᠬᠢ ᠠᠵᠢᠯᠳᠠᠨ ᠠᠵᠢᠯᠴᠢᠳ ᠤᠨ ᠵᠢᠯ ᠤᠨ ᠲᠤᠮᠳᠠᠴᠢ ᠴᠠᠯᠢᠩ ᠤᠨ ᠬᠢᠷᠢ | ᠬᠡᠮᠵᠢᠶ᠎ᠡ ᠪᠤᠯᠤᠨ ᠠᠵᠢᠯ ᠦᠢᠯᠡᠰ ᠤᠨ ᠨᠢᠬᠡᠴᠡ ᠶᠢᠨ ᠵᠢᠷᠤᠮᠵᠢᠭᠤᠯᠤᠭᠰᠠᠨ ᠤ ᠲᠠᠷᠠᠭᠠᠬᠢ ᠨᠡᠮᠡᠬᠦᠷᠢ ᠨᠦᠬᠦᠪᠦᠷᠢ ᠶᠢᠨ | ᠬᠢᠷᠢ ᠬᠡᠮᠵᠢᠶ᠎ᠡ ᠵᠡᠷᠭᠡ ᠡᠯᠧᠮᠧᠨ᠋ᠲ ᠢ ᠶᠡᠷᠦᠩᠬᠡᠶᠢᠯᠡᠨ ᠪᠤᠳᠤᠯᠬᠢᠯᠠᠵᠤ᠂ ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ | ᠬᠢᠷᠢ ᠬᠡᠮᠵᠢᠶ᠎ᠡ ᠶᠢ ᠲᠤᠬᠢᠷᠠᠮᠵᠢᠳᠠᠢ ᠲᠤᠭᠳᠠᠭᠠᠵᠤ᠂ ᠬᠦᠳᠡᠯᠦᠩᠬᠦᠢ ᠲᠤᠬᠢᠷᠠᠭᠤᠯᠬᠤ ᠲᠤᠭᠳᠠᠴᠠ ᠶᠢ ᠪᠠᠶᠢᠭᠤᠯᠬᠤ | ᠬᠡᠷᠡᠭᠳᠡᠢ᠃ ᠡᠮᠨᠡᠯᠭᠡ ᠶᠢᠨ ᠠᠵᠢᠯᠳᠠᠨ ᠳᠤ ᠤᠷᠤᠯᠭ᠎ᠠ ᠤᠯᠬᠤ ᠬᠦᠢᠴᠡᠳᠭᠡᠯ ᠲᠤᠭ᠎ᠠ ᠶᠢ ᠲᠤᠭᠳᠠᠭᠠᠵᠤ ᠦᠭᠬᠦ ᠶᠢ | ᠴᠠᠭᠠᠵᠠᠯᠠᠵᠤ᠂ ᠡᠮᠨᠡᠯᠭᠡ ᠶᠢᠨ ᠠᠵᠢᠯᠳᠠᠨ ᠤ ᠤᠷᠤᠯᠭ᠎ᠠ ᠶᠢ ᠡᠮᠨᠡᠯᠭᠡ ᠶᠢᠨ ᠬᠤᠷᠢᠶᠠᠨ ᠤ ᠡᠮ ᠤᠨ ᠵᠦᠢᠯ᠂ | ᠪᠠᠶᠢᠴᠠᠭᠠᠯᠳᠠ᠂ ᠡᠮᠴᠢᠯᠡᠭᠡ ᠵᠡᠷᠭᠡ ᠶᠢᠨ ᠤᠷᠤᠯᠭ᠎ᠠ ᠲᠠᠢ ᠬᠤᠯᠪᠤᠭᠳᠠᠭᠤᠯᠬᠤ ᠶᠢ ᠴᠠᠭᠠᠵᠠᠯᠠᠬᠤ ᠭᠡᠷᠡᠭᠳᠡᠢ᠃ ᠬᠤᠰᠢᠭᠤ | ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠲᠤᠳᠤᠭᠠᠳᠤ ᠳᠠᠭᠠᠨ ᠬᠢᠨᠡᠨ | ᠰᠢᠯᠭᠠᠬᠤ ᠶᠢ ᠬᠠᠷᠢᠭᠤᠴᠠᠵᠤ᠂ ᠠᠵᠢᠯ ᠤᠨ ᠦᠷ᠎ᠡ ᠪᠦᠳᠦᠮᠵᠢ ᠶᠢ ᠭᠤᠤᠯᠳᠠᠯᠭ᠎ᠠ ᠲᠠᠢ ᠬᠢᠨᠠᠨ ᠰᠢᠯᠭᠠᠵᠤ᠂ ᠠᠵᠢᠯ | ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢ ᠬᠦᠢᠴᠡᠳᠭᠡᠭᠰᠡᠨ᠂ ᠠᠵᠢᠯ ᠤᠨ ᠬᠡᠮᠵᠢᠶ᠎ᠡ᠂ ᠦᠢᠯᠡᠴᠢᠯᠡᠭᠡᠨ ᠤ ᠴᠢᠨᠠᠷ | ᠴᠢᠨᠰᠠᠭ᠎ᠠ᠂ ᠠᠵᠢᠯᠯᠠᠭᠠᠨ ᠤ ᠵᠢᠷᠤᠮᠵᠢᠯ᠂ ᠮᠡᠷᠭᠡᠵᠢᠯ ᠴᠢᠳᠠᠪᠤᠷᠢ᠂ ᠦᠪᠡᠷ ᠤᠨ ᠦᠷᠳᠡᠭ ᠤᠨ ᠬᠢᠵᠠᠭᠠᠷᠯᠠᠯ᠂ ᠡᠮᠴᠢᠯᠡᠬᠦ | ᠶᠤᠰᠤ ᠮᠤᠷᠠᠯ ᠪᠤᠯᠤᠨ ᠡᠪᠡᠳᠴᠢᠳᠡᠨ ᠤ ᠲᠠᠭᠠᠰᠢᠶᠠᠯ ᠤᠨ ᠬᠡᠮᠵᠢᠶ᠎ᠡ ᠵᠡᠷᠭᠡ ᠪᠠᠶᠢᠳᠠᠯ ᠢ ᠲᠤᠪᠤᠶᠢᠯᠭᠠᠵᠤ᠂ ᠬᠢᠨᠠᠨ | ᠰᠢᠯᠭᠠᠯᠳᠠ ᠶᠢᠨ ᠦᠷ᠎ᠡ ᠳ᠋ᠦᠩ ᠢ ᠡᠮᠨᠡᠯᠭᠡ ᠶᠢᠨ ᠠᠵᠢᠯᠳᠠᠨ ᠤ ᠠᠵᠢᠯ ᠤᠨ ᠪᠠᠶᠢᠷᠢ ᠳᠤ ᠤᠷᠢᠨ ᠭᠡᠷᠡᠭᠯᠡᠬᠦ᠂ ᠴᠤᠯᠠ | ᠵᠡᠷᠭᠡ ᠶᠢ ᠲᠡᠪᠰᠢᠬᠦᠯᠬᠦ ᠪᠠ ᠬᠤᠪᠢ ᠬᠦᠮᠦᠨ ᠤ ᠴᠠᠯᠢᠩ ᠮᠦᠩᠬᠦ ᠲᠠᠢ ᠬᠤᠯᠪᠤᠭᠳᠠᠭᠤᠯᠬᠤ ᠭᠡᠷᠡᠭᠳᠡᠢ᠃ | ᠵᠠᠩᠬᠢᠯᠠᠭ᠎ᠠ ᠶᠢᠨ ᠦᠬᠡ᠄ ᠠᠯᠪᠠᠨ ᠠᠴᠠ ᠪᠠᠶᠢᠭᠤᠯᠤᠭᠰᠠᠨ ᠨᠢᠬᠡ ᠡᠮᠨᠡᠯᠭᠡ ᠶᠢᠨ ᠬᠤᠷᠢᠶ᠎ᠠ ᠶᠢ ᠭᠤᠤᠯᠳᠠᠯᠭ᠎ᠠ ᠲᠠᠢ | ᠰᠠᠶᠢᠳᠤᠷ ᠡᠷᠬᠢᠯᠡᠬᠦ | ᠭᠤᠤᠯ ᠰᠠᠨᠠᠭᠤᠯᠤᠮᠵᠢ᠄ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠨᠤᠭᠤᠳ ᠨᠢ | ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠲᠤᠭ᠎ᠠ ᠶᠢ | ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ ᠠᠯᠪᠠᠨ ᠠᠴᠠ ᠪᠠᠶᠢᠭᠤᠯᠤᠭᠰᠠᠨ ᠨᠢᠬᠡ | ᠶᠡᠷᠦᠩᠬᠡᠢ ᠡᠮᠨᠡᠯᠭᠡ ᠶᠢᠨ ᠬᠤᠷᠢᠶ᠎ᠠ ᠪᠤᠯᠤᠨ ᠨᠢᠬᠡ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠶᠢ ᠭᠤᠤᠯᠳᠠᠯᠭ᠎ᠠ ᠲᠠᠢ | ᠰᠠᠶᠢᠳᠤᠷ ᠡᠷᠬᠢᠯᠡᠬᠦ ᠭᠡᠷᠡᠭᠳᠡᠢ᠃ | ︽ᠲᠦᠰᠦᠯ︾ ᠳᠤ ᠲᠤᠷᠠᠳᠤᠭᠰᠠᠨ ᠨᠢ᠂ ᠬᠤᠰᠢᠭᠤ ᠰᠢᠶᠡᠨ ᠤ ᠱᠠᠳᠤᠨ ᠤ ᠠᠷᠠᠳ ᠤᠨ ᠵᠠᠰᠠᠭ ᠤᠨ ᠤᠷᠳᠤᠨ | ᠨᠤᠭᠤᠳ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠬᠦᠮᠦᠨ ᠠᠮᠠ ᠪᠤᠯᠤᠨ ᠤᠷᠤᠨ ᠪᠠᠶᠢᠷᠢ ᠵᠡᠷᠭᠡ | ᠤᠨᠴᠠᠯᠢᠭ ᠲᠠᠢ ᠪᠠᠨ ᠤᠶᠠᠯᠳᠤᠭᠤᠯᠵᠤ᠂ ᠬᠤᠰᠢᠭᠤ ᠰᠢᠶᠡᠨ ᠤ ᠬᠡᠪᠴᠢᠶᠡᠨ ᠳᠠᠬᠢ ᠠᠯᠪᠠᠨ ᠠᠴᠠ ᠪᠠᠶᠢᠭᠤᠯᠤᠭᠰᠠᠨ | ᠡᠮᠨᠡᠯᠭᠡ ᠶᠢᠨ ᠬᠤᠷᠢᠶᠠᠨ ᠤ ᠲᠤᠭ᠎ᠠ ᠶᠢ ᠲᠤᠬᠢᠷᠠᠮᠵᠢᠳᠠᠢ ᠲᠤᠭᠳᠠᠭᠠᠵᠤ᠂ ᠬᠤᠰᠢᠭᠤ ᠰᠢᠶᠡᠨ ︵ᠬᠤᠳᠠ︶ ᠪᠦᠷᠢ | ᠠᠯᠪᠠᠨ ᠠᠴᠠ ᠪᠠᠶᠢᠭᠤᠯᠤᠭᠰᠠᠨ ᠨᠢᠬᠡ ᠶᠡᠷᠦᠩᠬᠡᠢ ᠡᠮᠨᠡᠯᠭᠡ ᠶᠢᠨ ᠬᠤᠷᠢᠶ᠎ᠠ ᠪᠠ ᠨᠢᠬᠡ ᠮᠤᠩᠭᠤᠯ ᠬᠢᠳᠡᠳ ᠡᠮᠨᠡᠯᠭᠡ ᠶᠢᠨ | ᠬᠤᠷᠢᠶ᠎ᠠ ᠶᠢ ᠭᠤᠤᠯᠳᠠᠯᠭ᠎ᠠ ᠲᠠᠢ ᠰᠠᠶᠢᠳᠤᠷ ᠡᠷᠬᠢᠯᠡᠬᠦ ᠭᠡᠷᠡᠭᠳᠡᠢ᠃ | ᠲᠤᠰ ︽ᠲᠦᠰᠦᠯ︾ ᠳᠤ ᠲᠤᠳᠤᠷᠬᠠᠶᠢᠯᠠᠭᠰᠠᠨ ᠨᠢ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ | ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠭᠤᠤᠯᠳᠠᠯᠭ᠎ᠠ ᠲᠠᠢ ᠰᠢᠨᠵᠢᠯᠡᠭᠡᠨ ᠤ ᠪᠠᠶᠢᠭᠤᠯᠤᠯᠳᠠ᠂ | ᠮᠤᠩᠭᠤᠯ ᠬᠢᠳᠡᠳ ᠡᠮᠨᠡᠯᠭᠡ ᠶᠢᠨ ᠲᠠᠪᠠᠭᠤᠯᠢᠭ ᠰᠢᠨᠵᠢᠯᠡᠭᠡᠨ ᠤ ᠪᠠᠶᠢᠭᠤᠯᠤᠯᠳᠠ᠂ ᠲᠤᠬᠢᠳᠠᠢ ᠮᠡᠷᠭᠡᠵᠢᠯ ᠤᠨ | ᠲᠡᠯᠭᠡᠷᠡᠬᠦᠯᠦᠯᠳᠡ ᠵᠢᠴᠢ ᠬᠤᠳᠠ ᠶᠢᠨ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠲᠠᠢ ᠨᠢᠭᠳᠠ | ᠬᠠᠮᠳᠤᠷᠠᠯᠴᠠᠬᠤ ᠵᠡᠷᠭᠡ ᠠᠷᠭ᠎ᠠ ᠪᠠᠷ ᠲᠠᠮᠵᠢᠭᠤᠯᠤᠨ᠂ ᠤᠷᠤᠨ ᠬᠤᠪᠢᠶᠠᠷᠢ ᠶᠢᠨ ᠲᠤᠰᠬᠠᠢ ᠡᠪᠡᠳᠴᠢᠨ ᠤ ᠲᠦᠪ | ᠪᠠᠶᠢᠭᠤᠯᠬᠤ ᠶᠢ ᠲᠦᠷᠭᠡᠳᠭᠡᠵᠤ᠂ ᠬᠤᠰᠢᠭᠤ ᠰᠢᠶᠡᠨ ᠤ ᠱᠠᠳᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ | ᠬᠤᠷᠢᠶ᠎ᠠ ᠪᠠᠷ ᠲᠤᠯᠤᠭᠠᠶᠢᠯᠠᠭᠴᠢ ᠪᠤᠯᠭᠠᠭᠰᠠᠨ᠂ ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ | ᠭᠠᠪᠰᠢᠭᠠᠢ ᠬᠦᠴᠦᠨ ᠪᠤᠯᠭᠠᠭᠰᠠᠨ᠂ ᠰᠤᠷᠠᠭ ᠵᠠᠩᠬᠢᠵᠢᠯᠳᠡ ᠶᠢᠨ ᠰᠦᠯᠵᠢᠶ᠎ᠡ ᠪᠠᠷ ᠠᠴᠢᠶᠠᠯᠠᠭᠴᠢ ᠪᠤᠯᠭᠠᠭᠰᠠᠨ | ᠬᠤᠰᠢᠭᠤ ᠰᠢᠶᠡᠨ ᠤ ᠬᠡᠪᠴᠢᠶᠡᠨ ᠤ ᠡᠮᠨᠡᠯᠭᠡ ᠶᠢᠨ ᠡᠮᠨᠡᠯᠭᠡ ᠶᠢᠨ ᠤᠬᠠᠭᠠᠨ ᠤ ᠰᠡᠭᠦᠳᠡᠷ ᠵᠢᠷᠤᠭ ᠢᠶᠠᠷ ᠤᠨᠤᠰᠢᠯᠠᠬᠤ᠂ | ᠰᠢᠯᠭᠠᠨ ᠪᠠᠶᠢᠴᠠᠭᠠᠬᠤ᠂ ᠵᠢᠷᠦᠭᠡᠨ ᠤ ᠴᠠᠬᠢᠯᠭᠠᠨ ᠵᠢᠷᠤᠭ᠂ ᠡᠪᠡᠳᠴᠢᠨ ᠤ ᠵᠦᠢ ᠵᠡᠷᠭᠡ ᠬᠠᠮᠳᠤ ᠪᠠᠷ ᠭᠦᠷᠳᠡᠬᠦ | ᠲᠦᠪ ᠪᠠᠶᠢᠭᠤᠯᠬᠤ ᠶᠢ ᠤᠷᠮᠠᠰᠢᠭᠤᠯᠵᠤ᠂ ᠦᠨᠳᠦᠰᠦᠨ ᠡᠮ ᠡᠮᠨᠡᠯᠭᠡ ᠶᠢᠨ ᠦᠢᠯᠡᠴᠢᠯᠡᠭᠡᠨ ᠦᠷᠨᠢᠬᠦᠯᠬᠦ ᠭᠡᠷᠡᠭᠴᠡᠭᠡ | ᠱᠠᠭᠠᠷᠳᠠᠯᠭ᠎ᠠ ᠶᠢ ᠨᠢ ᠤᠷᠢᠳᠠᠪᠠᠷ ᠬᠠᠩᠭᠠᠬᠤ ᠭᠡᠷᠡᠭᠳᠡᠢ᠃ ᠡᠮᠨᠡᠯᠭᠡ ᠶᠢᠨ ᠲᠠᠭᠠᠳᠬᠠᠯ ᠤᠨ ᠭᠦᠰᠢᠭᠦᠷᠭᠡ ᠶᠢᠨ | ᠦᠢᠯᠡᠳᠦᠯ ᠢ ᠬᠦᠢᠴᠡᠳ ᠪᠠᠳᠠᠷᠠᠭᠤᠯᠵᠤ᠂ ᠲᠠᠭᠠᠳᠬᠠᠯ ᠦᠭᠬᠦ ᠲᠦᠷᠦ ᠶᠢᠨ ᠪᠤᠳᠤᠯᠭ᠎ᠠ ᠶᠢ ᠦᠨᠳᠦᠰᠦᠨ ᠱᠠᠳᠤᠨ | ᠵᠦᠭ ᠤᠯᠠᠮ ᠢᠯᠡᠭᠦᠤ ᠬᠡᠯᠪᠡᠶᠢᠯᠭᠡᠵᠤ᠂ ᠦᠨᠳᠦᠰᠦᠨ ᠱᠠᠳᠤᠨ ᠳᠤ ᠠᠩᠬ᠎ᠠ ᠡᠮᠴᠢᠯᠡᠬᠦ᠂ ᠱᠠᠳᠤ ᠬᠤᠪᠢᠶᠠᠨ ᠡᠮᠴᠢᠯᠡᠬᠦ᠂ | ᠬᠤᠤᠰ ᠴᠢᠭᠯᠡᠯ ᠢᠶᠠᠷ ᠡᠮᠨᠡᠯᠭᠡ ᠰᠢᠯᠵᠢᠬᠦᠯᠦᠨ ᠡᠮᠴᠢᠯᠡᠬᠦᠯᠬᠦ ᠠᠯᠬᠤᠮ ᠲᠠᠷᠠᠭ᠎ᠠ ᠶᠢ ᠠᠯᠬᠤᠮ ᠠᠯᠬᠤᠮ ᠢᠶᠠᠷ | ᠪᠦᠷᠢᠯᠳᠦᠬᠦᠯᠵᠤ᠂ ᠬᠦᠩᠭᠡᠨ ᠡᠪᠡᠳᠴᠢᠨ ᠢ ᠦᠨᠳᠦᠰᠦᠨ ᠱᠠᠳᠤᠨ ᠳᠤ ᠡᠮᠨᠡᠬᠦᠯᠵᠤ᠂ ᠬᠦᠨᠳᠤ ᠡᠪᠡᠳᠴᠢᠨ ᠢ ᠰᠢᠶᠡᠨ | ᠤ ᠡᠮᠨᠡᠯᠬᠡ ᠳᠤ ᠵᠠᠰᠠᠭᠤᠯᠬᠤ ᠶᠢ ᠢᠳᠡᠭ ᠢᠳᠡᠭ ᠢᠶᠠᠷ ᠪᠠᠶᠡᠯᠡᠬᠦᠯᠬᠦ ᠭᠡᠷᠡᠭᠳᠡᠢ᠃ 2015 ᠤᠨ ᠤ ᠰᠡᠬᠦᠯᠴᠢ ᠠᠴᠠ | ᠡᠮᠦᠨ᠎ᠡ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠦᠬᠡᠷᠡᠴᠢᠯᠡᠯᠳᠡ ᠶᠢᠨ ᠲᠤᠷᠰᠢᠯᠳᠠ ᠶᠢᠨ | ᠬᠤᠳᠠ ᠪᠤᠯᠤᠨ ᠲᠡᠭᠦᠨ ᠤ ᠬᠠᠷᠢᠶ᠎ᠠ ᠪᠦᠬᠦᠢ ᠬᠤᠰᠢᠭᠤ ᠰᠢᠶᠡᠨ ︵ᠬᠤᠳᠠ︶ ᠨᠤᠭᠤᠳ ᠴᠦᠮ ᠱᠠᠳᠤ ᠬᠤᠪᠢᠶᠠᠨ | ᠡᠮᠴᠢᠯᠡᠬᠦ ᠲᠤᠷᠰᠢᠯᠳᠠ ᠬᠢᠵᠤ᠂ 2017 ᠤᠨ ᠳᠤ ᠱᠠᠳᠤ ᠬᠤᠪᠢᠶᠠᠨ ᠡᠮᠴᠢᠯᠡᠬᠦ ᠠᠵᠢᠯ ᠢ ᠪᠦᠬᠦ ᠲᠠᠯ᠎ᠠ ᠪᠠᠷ | ᠲᠡᠯᠭᠡᠷᠡᠭᠦᠯᠬᠦ ᠭᠡᠷᠡᠭᠳᠡᠢ᠃ |