ᠲᠤᠮᠳᠠᠳᠤ ᠮᠤᠩᠭᠤᠯ ᠤᠨ ᠠᠭᠤᠷᠬᠠᠢ ᠶᠢᠨ ᠡᠬᠢ ᠪᠠᠶᠠᠯᠢᠬ ᠢ ᠨᠡᠬᠡᠬᠡᠨ ᠬᠦᠭᠵᠢᠬᠦᠯᠬᠦ ᠬᠠᠮᠲᠤᠷᠠᠯᠴᠠᠭᠠᠨ ᠤ ᠵᠦᠪᠳᠡᠯᠴᠡᠭᠡᠷ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2015/10/27
     10 ᠳ᠋ᠤᠭᠠᠷ ᠰᠠᠷ᠎ᠠ ᠶᠢᠨ 24᠎ ᠤ ᠡᠳᠦᠷ᠂ ᠲᠤᠮᠳᠠᠳᠤ ᠤᠯᠤᠰ  — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠬᠠᠮᠲᠤᠷᠠᠯᠴᠠᠭᠠᠨ ᠤ ᠵᠥᠪᠳᠡᠯᠴᠡᠭᠡᠷ ᠤᠨ ᠬᠤᠷᠠᠯ ᠬᠤᠷᠠᠯᠳᠤᠪᠠ
    ᠳᠤᠮᠳᠠᠳᠤ ᠤᠯᠤᠰ ᠤᠨ ᠭᠠᠵᠠᠷ ᠰᠢᠷᠤᠢ ᠡᠬᠢ ᠪᠠᠶᠠᠯᠢᠭ ᠤᠨ ᠶᠠᠮᠤᠨ ᠤ ᠶᠡᠷᠦᠩᠬᠡᠢ ᠢᠨᠵᠧᠨᠧᠷ ᠫᠧᠩ ᠴᠢ ᠮᠢᠩ ᠪᠠᠶᠠᠷ ᠤᠨ ᠦᠭᠡ ᠶᠠᠷᠢᠵᠤ ᠪᠠᠶᠢᠭ᠎ᠠ ᠨᠢ
    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠦᠸᠧ ᠪᠠᠶᠠᠷ ᠤᠨ ᠦᠭᠡ ᠶᠠᠷᠢᠵᠤ ᠪᠠᠶᠢᠭ᠎ᠠ ᠨᠢ
    ᠮᠣᠩᠭᠤᠯ ᠤᠯᠤᠰ ᠤᠨ ᠶᠡᠭᠡ ᠬᠤᠷᠠᠯ ᠤᠨ ᠭᠡᠰᠢᠭᠦᠨ ᠰ᠊· ᠪᠢᠮᠪᠠᠴᠤᠬᠳᠤ ᠪᠠᠶᠠᠷ ᠤᠨ ᠦᠭᠡ ᠶᠠᠷᠢᠵᠤ ᠪᠠᠶᠢᠭ᠎ᠠ ᠨᠢ      ᠦᠴᠦᠬᠡᠳᠦᠷ ᠦᠳᠡ ᠶᠢᠨ ᠬᠤᠶᠢᠨ᠎ᠠ᠂ ᠲᠤᠮᠳᠠᠳᠤ ᠮᠤᠩᠭᠤᠯ ᠤᠨ ᠠᠭᠤᠷᠬᠠᠢ ᠶᠢᠨ ᠡᠬᠢ ᠪᠠᠶᠠᠯᠢᠬ ᠢ ᠨᠡᠬᠡᠬᠡᠨ ᠬᠦᠭᠵᠢᠬᠦᠯᠬᠦ ᠬᠠᠮᠲᠤᠷᠠᠯᠴᠠᠭᠠᠨ ᠤ ᠵᠦᠪᠳᠡᠯᠴᠡᠭᠡᠷ ᠤᠨ ᠬᠤᠷᠠᠯ ᠬᠦᠬᠡᠬᠤᠳᠠ ᠳᠠᠬᠢ ᠦᠪᠦᠷ ᠮᠤᠩᠭᠤᠯ ᠤᠨ ᠤᠯᠠᠨ ᠤᠯᠤᠰ ᠤᠨ ᠦᠵᠡᠰᠬᠦᠯᠡᠩ ᠤᠨ ᠲᠦᠪ ᠲᠤ ᠶᠠᠪᠤᠬᠳᠠᠬᠰᠠᠨ ᠪᠠᠶᠢᠨ᠎ᠠ᠃      ᠮᠤᠩᠭᠤᠯ ᠤᠯᠤᠰ ᠤᠨ ᠤᠯᠤᠰ ᠤᠨ ᠶᠡᠭᠡ ᠬᠤᠷᠠᠯ ᠤᠨ ᠬᠡᠰᠢᠬᠦᠨ ᠰ᠊· ᠪᠢᠮᠪᠠᠴᠤᠬᠳᠤ᠂ ᠲᠤᠮᠳᠠᠳᠤ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠬ ᠤᠨ ᠶᠠᠮᠤᠨ ᠤ ᠶᠡᠷᠦᠩᠬᠡᠢ ᠢᠨᠵᠧᠨᠧᠷ ᠫᠧᠩ ᠴᠢ ᠮᠢᠩ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠸᠠᠩ ᠪᠦᠸᠧ ᠲᠤᠰ ᠲᠤᠰ ᠪᠠᠶᠠᠷ ᠤᠨ ᠦᠭᠡ ᠶᠠᠷᠢᠪᠠ᠃      ᠸᠠᠩ ᠪᠦᠸᠧ᠂ ᠦᠪᠦᠷ ᠮᠤᠩᠭᠤᠯ ᠪᠠ ᠮᠤᠩᠭᠤᠯ ᠤᠯᠤᠰ ᠪᠦᠷ ᠡᠯᠪᠡᠭ ᠲᠡᠯᠪᠡᠭ ᠠᠭᠤᠷᠬᠠᠢ ᠶᠢᠨ ᠡᠬᠢ ᠪᠠᠶᠠᠯᠢᠭ ᠲᠠᠢ᠂ ᠲᠤᠮᠳᠠᠳᠤ ᠮᠤᠩᠭᠤᠯ ᠤᠨ ᠠᠭᠤᠷᠬᠠᠢ ᠶᠢᠨ ᠦᠢᠯᠡᠰ ᠤᠨ ᠰᠤᠯᠢᠯᠴᠠᠭ᠎ᠠ ᠬᠠᠮᠲᠤᠷᠠᠯᠴᠠᠭ᠎ᠠ ᠪᠤᠯ ᠮᠠᠨ ᠤ ᠤᠷᠤᠨ ᠬᠢᠬᠡᠳ ᠮᠤᠩᠭᠤᠯ ᠤᠯᠤᠰ ᠤᠨ ᠬᠠᠮᠲᠤᠷᠠᠯᠴᠠᠭᠠᠨ ᠤ ᠭᠤᠤᠯ ᠠᠭᠤᠯᠭ᠎ᠠ ᠮᠦᠨ᠃ ᠤᠳᠤᠬᠠᠨ ᠳᠤ᠂ ᠲᠤᠮᠳᠠᠳᠤ ᠮᠤᠩᠭᠤᠯ ᠬᠤᠶᠠᠷ ᠤᠯᠤᠰ ᠬᠠᠮᠳᠤ ᠪᠠᠷ ᠮᠤᠩᠭᠤᠯ ᠤᠯᠤᠰ ᠤᠨ ︽ᠲᠠᠯ᠎ᠠ ᠶᠢᠨ ᠵᠠᠮ︾᠎ ᠤᠨ ᠲᠦᠯᠦᠪᠯᠡᠭᠡ ᠬᠢᠬᠡᠳ ᠲᠤᠮᠳᠠᠳᠤ ᠤᠯᠤᠰ ᠤᠨ ︽ᠲᠤᠷᠭᠠᠨ ᠵᠠᠮ︾᠎ ᠤᠨ ᠠᠵᠦ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠤᠷᠭᠠᠨᠢᠭ ᠢᠶᠠᠷ ᠤᠶᠠᠯᠳᠤᠭᠤᠯᠬᠤ ᠪᠠᠷ ᠬᠦᠴᠦᠯᠡᠵᠦ᠂ ᠬᠠᠮᠵᠢᠯᠴᠠᠨ ᠠᠬᠢᠭᠤᠯᠵᠤ ᠪᠠᠶᠢᠨ᠎ᠠ᠃ ᠡᠨᠡ ᠤᠳᠠᠭ᠎ᠠ ᠶᠢᠨ ᠬᠤᠷᠠᠯ ᠢᠶᠠᠷ ᠠᠵᠠ ᠲᠤᠬᠢᠶᠠᠯ ᠪᠤᠯᠭᠠᠨ᠂ ᠬᠤᠶᠠᠷ ᠲᠠᠯ᠎ᠠ ᠶᠢᠨ ᠠᠭᠤᠷᠬᠠᠢ ᠶᠢᠨ ᠡᠬᠢ ᠪᠠᠶᠠᠯᠢᠬ ᠤᠨ ᠬᠦᠷᠢᠶ᠎ᠠ ᠬᠡᠪᠴᠢᠶᠠᠨ ᠳᠠᠬᠢ ᠬᠠᠮᠲᠤᠷᠠᠯᠴᠠᠭ᠎ᠠ ᠪᠠᠨ ᠠᠬᠢᠭᠤᠯᠵᠦ᠂ ᠮᠤᠩᠭᠤᠯ ᠤᠯᠤᠰ ᠯᠤᠭ᠎ᠠ ᠶᠢᠨ ᠰᠤᠶᠤᠯ ᠢᠷᠭᠡᠨᠰᠢᠯ᠂ ᠠᠵᠦ ᠠᠬᠤᠢ ᠶᠢᠨ ᠬᠠᠮᠳᠤᠷᠠᠯᠴᠠᠭ᠎ᠠ ᠶᠠᠪᠤᠯᠴᠠᠭ᠎ᠠ ᠪᠠᠨ ᠬᠦᠨᠵᠡᠬᠡᠶᠢᠷᠡᠬᠦᠯᠬᠦ ᠶᠢ ᠬᠦᠰᠡᠵᠤ ᠪᠠᠶᠢᠨ᠎ᠠ ᠬᠡᠪᠡ᠃      ᠰ᠊· ᠪᠢᠮᠪᠠᠴᠤᠬᠳᠤ᠂ ᠤᠳᠤᠬᠠᠨ ᠳᠤ᠂ ᠮᠤᠩᠭᠤᠯ ᠤᠯᠤᠰ ᠶᠠᠬ ᠰᠠᠶᠢᠬᠠᠨ ᠠᠭᠤᠷᠬᠠᠢ ᠶᠢᠨ ᠡᠬᠢ ᠪᠠᠶᠠᠯᠢᠬ ᠤᠨ ᠪᠡᠯᠡ ᠤᠷᠤᠭᠤᠯᠤᠯᠳᠠ ᠶᠢᠨ ᠤᠷᠴᠢᠨ ᠢᠶᠠᠨ ᠴᠢᠷᠮᠠᠶᠢᠨ ᠰᠠᠶᠢᠵᠢᠷᠠᠭᠤᠯᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠬᠦᠷᠢᠶ᠎ᠠ ᠬᠡᠪᠴᠢᠶ᠎ᠠ ᠪᠠᠨ ᠴᠢᠨᠠᠬᠰᠢᠳᠠ ᠦᠷᠭᠡᠳᠭᠡᠬᠦ᠂ ᠬᠠᠮᠲᠤᠷᠠᠯᠴᠠᠭᠠᠨ ᠤ ᠲᠡᠰ ᠲᠦᠪᠰᠢᠨ ᠢᠶᠠᠨ ᠲᠡᠭᠡᠭᠰᠢᠯᠡᠬᠦᠯᠬᠦ᠂ ᠪᠤᠳᠠᠳᠤ ᠬᠠᠮᠲᠤᠷᠠᠯᠴᠠᠭ᠎ᠠ ᠦᠷᠨᠢᠬᠦᠯᠬᠦ ᠳᠤ ᠰᠠᠭᠤᠷᠢ ᠲᠠᠯᠪᠢᠨ ᠦᠭᠴᠦ ᠪᠠᠶᠢᠨ᠎ᠠ᠃ ᠲᠤᠰ ᠵᠦᠪᠳᠡᠯᠴᠡᠭᠡᠷ ᠤᠨ ᠬᠤᠷᠠᠯ ᠨᠢ ᠪᠠᠰᠠ ᠲᠤᠮᠳᠠᠳᠤ ᠮᠤᠩᠭᠤᠯ ᠬᠤᠶᠠᠷ ᠤᠯᠤᠰ ᠤᠨ ᠲᠦᠷᠦᠬᠦᠴᠦᠳ ᠤᠨ ᠬᠠᠮᠳᠤ ᠶᠢᠨ ᠲᠠᠨᠢᠯᠳᠠ ᠶᠢ ᠨᠠᠶᠢᠳᠠᠪᠤᠷᠢᠵᠢᠭᠤᠯᠬᠤ ᠳᠤ ᠢᠳᠡᠪᠬᠢᠳᠡᠢ ᠠᠬᠢᠭᠤᠯᠬᠤ ᠦᠢᠯᠡᠳᠦᠯ ᠦᠵᠡᠭᠦᠯᠬᠦ ᠨᠢ ᠯᠠᠪᠳᠠᠢ ᠬᠡᠪᠡ᠃      ᠡᠨᠡ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠲᠡᠭᠡᠷ᠎ᠠ᠂ ᠲᠤᠮᠳᠠᠳᠤ ᠮᠤᠩᠭᠤᠯ ᠤᠨ ᠬᠤᠶᠠᠷ ᠲᠠᠯ᠎ᠠ ᠶᠢᠨ ᠬᠢᠨ 7 ᠬᠠᠮᠲᠤᠷᠠᠯᠴᠠᠭᠠᠨ ᠤ ᠵᠦᠪᠳᠡᠯᠴᠡᠭᠡᠷ ᠲᠤ ᠭᠠᠷ ᠤᠨ ᠦᠰᠦᠭ ᠵᠢᠷᠤᠵᠦ᠂ ᠵᠦᠪᠳᠡᠯᠴᠡᠭᠡᠷ ᠲᠤᠬᠳᠠᠬᠰᠠᠨ ᠬᠡᠮᠵᠢᠶ᠎ᠠ ᠨᠢ 315 ᠳ᠋ᠦᠩᠰᠢᠭᠤᠷ ᠲᠦᠬᠦᠷᠢᠭ ᠲᠤ ᠬᠦᠷᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号