2016 ᠤᠨ ᠤ ᠡᠴᠦᠰ ᠲᠤ ᠥᠪᠥᠷ ᠮᠣᠩᠭᠤᠯ ᠤᠨ ᠨᠡᠶᠢᠭᠡᠮ ᠤᠨ ᠦᠡᠭᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ 100 %᠎ ᠳᠤ ᠬᠦᠷᠬᠦ ᠪᠤᠯᠤᠨ᠎ᠠ
ᠨᠡᠶᠢᠲᠡᠯᠡᠭᠰᠡᠨ ᠴᠠᠭ᠄
2015/10/27
      ᠪᠦᠬᠦ ᠣᠷᠣᠨ ᠤ ᠡᠯ᠎ᠡ ᠭᠠᠵᠠᠷ ᠤᠨ ᠬᠢᠨ ︽ᠨᠡᠶᠢᠭᠡᠮ ᠤᠨ ᠦᠡᠭᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠵᠠᠰᠠᠯᠲᠠ ᠶᠢᠨ ᠠᠵᠢᠯ ᠤᠨ ᠲᠦᠰᠦᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾᠎ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ ᠵᠠᠷᠴᠢᠮ ᠤᠨ ᠶᠣᠰᠣᠭᠠᠷ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠨ᠂ ᠲᠣᠭᠲᠠᠭᠰᠠᠨ ᠠᠵᠢᠯ ᠤᠨ ᠬᠠᠷᠠᠯᠲᠠ ᠶᠢᠨ ᠡᠭᠦᠷᠭᠡ ᠪᠠᠨ ᠬᠢᠨᠠᠮᠠᠭᠠᠢ ᠪᠡᠶᠡᠯᠡᠭᠦᠯᠵᠦ᠂ 2016 ᠣᠨ ᠤ ᠡᠴᠦᠰ ᠪᠤᠯᠬᠤ ᠳᠤ᠂ ᠲᠤᠰ ᠭᠠᠵᠠᠷ ᠣᠷᠣᠨ ᠤ ᠪᠠᠨ ᠨᠡᠶᠢᠭᠡᠮ ᠤᠨ ᠦᠡᠭᠭᠡᠨ ᠬᠡᠷᠡᠭᠯᠡᠭᠡᠨ ᠤ ᠮᠣᠩᠭᠤᠯ ᠬᠢᠲᠠᠳ ᠬᠤᠶᠠᠷ ᠵᠦᠢᠯ ᠤᠨ ᠦᠰᠦᠭ ᠪᠢᠴᠢᠭ ᠢ ᠵᠡᠷᠭᠡ ᠪᠠᠷ ᠬᠡᠷᠡᠭᠯᠡᠬᠦ ᠨᠤᠷᠮ᠎ᠠ ᠶᠢ 100%᠎ ᠳᠤ ᠬᠦᠷᠦᠬᠦᠯᠵᠤ᠂ ᠵᠢᠷᠤᠮᠵᠢᠭᠤᠯᠤᠨ ᠪᠠᠷᠢᠮᠵᠢᠶᠠᠵᠢᠭᠤᠯᠬᠤ ᠨᠣᠷᠮ᠎ᠠ ᠶᠢ 98%᠎ ᠠᠴᠠ ᠳᠡᠭᠡᠭᠰᠢ ᠳᠤ ᠬᠦᠷᠦᠬᠦᠯᠬᠦ ᠶᠢ ᠦᠨᠡᠨ ᠬᠦ ᠪᠠᠲᠤᠯᠠᠵᠤ᠂ ᠮᠣᠩᠭᠤᠯ ᠦᠭᠡ ᠬᠡᠯᠡ ᠦᠰᠦᠭ ᠪᠢᠴᠢᠭ ᠢ ᠰᠤᠷᠴᠤ ᠬᠡᠷᠡᠭᠯᠡᠬᠦ ᠪᠠ ᠴᠡᠴᠡᠭᠯᠡᠭᠦᠯᠦᠨ ᠬᠦᠭᠵᠢᠬᠦᠯᠬᠦ ᠶᠢ ᠲᠦᠯᠬᠢᠨ ᠠᠬᠢᠭᠤᠯᠵᠤ᠂ ᠠᠵᠢᠯ ᠤᠨ ᠰᠢᠯᠢᠳᠡᠭ ᠠᠮᠵᠢᠯᠲᠠ ᠪᠠ ᠦᠭᠡ ᠬᠡᠯᠡ ᠦᠰᠦᠭ ᠪᠢᠴᠢᠭ ᠤᠨ ᠰᠠᠶᠢᠨ ᠰᠠᠶᠢᠬᠠᠨ ᠣᠷᠴᠢᠨ ᠠᠬᠤᠢ ᠪᠠᠷ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠤᠭᠲᠤᠬᠤ ᠪᠤᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号