2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯ  ᠣᠯᠭᠤᠬᠤ ᠠᠳᠠᠯ ᠦᠢᠯᠡᠰ ᠴᠣᠭᠴᠠᠯᠠᠬᠤ ᠶᠢᠨ ᠵᠥᠪᠳᠡᠨ ᠬᠡᠯᠡᠯᠴᠡᠬᠦ ᠬᠤᠷᠠᠯ ᠢ ᠠᠮᠵᠢᠯᠲᠠ ᠲᠠᠢ ᠡᠷᠬᠢᠯᠡᠪᠡ
ᠨᠡᠶᠢᠲᠡᠯᠡᠭᠰᠡᠨ ᠴᠠᠭ᠄
2015/10/27
     2015 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮᠤᠷ ᠤᠨ ᠤᠯᠠᠷᠢᠯ ᠤᠨ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠶᠢᠨ ᠵᠥᠪᠳᠡᠨ ᠬᠡᠯᠡᠯᠴᠡᠬᠦ ᠬᠤᠷᠠᠯ ᠵᠢᠴᠢ ᠴᠢᠳᠠᠪᠤᠷᠢᠲᠠᠨ ᠤ ᠰᠣᠯᠢᠯᠴᠠᠭᠠᠨ ᠤ ᠴᠤᠭᠯᠠᠭᠠᠨ 10 ᠳ᠋ᠤᠭᠠᠷ ᠰᠠᠷ᠎ᠠ ᠶᠢᠨ 24᠎ ᠤ ᠡᠳᠦᠷ ᠲᠤ ᠥᠪᠥᠷ ᠮᠣᠩᠭᠤᠯ ᠤᠨ ᠦᠵᠡᠰᠬᠦᠯᠡᠩ ᠤᠨ ᠣᠷᠳᠣᠨ ᠳᠤ ᠡᠬᠢᠯᠡᠪᠡ᠃ ᠲᠤᠰ ᠤᠳᠠᠭᠠᠨ ᠤ ᠴᠤᠭᠯᠠᠭᠠᠨ ᠨᠢ ᠶᠠᠭ ᠰᠠᠶᠢᠬᠠᠨ ︽ᠠᠯᠲᠠᠨ ᠶᠢᠰᠦᠨ ᠰᠠᠷ᠎ᠠ ᠮᠥᠩᠭᠦᠨ ᠠᠷᠪᠠᠨ ᠰᠠᠷ᠎ᠠ︾᠎ ᠶᠢᠨ ᠡᠯᠰᠡᠯᠲᠡ ᠶᠢᠨ ᠤᠯᠠᠷᠢᠯ ᠲᠣᠬᠢᠶᠠᠯᠳᠤᠪᠠ᠂ ᠲᠡᠭᠦᠰᠦᠭᠰᠡᠳ ᠲᠤ ᠤᠯᠠᠮ ᠰᠠᠶᠢᠨ ᠠᠵᠢᠯ ᠣᠯᠭᠤᠬᠤ ᠦᠢᠯᠡᠴᠢᠯᠡᠭᠡ ᠬᠠᠩᠭᠠᠬᠤ ᠶᠢᠨ ᠲᠤᠰᠠᠳᠠ᠂ ᠲᠤᠰ ᠤᠳᠠᠭᠠᠨ ᠤ ᠴᠤᠭᠯᠠᠭᠠᠨ ᠤ ᠭᠤᠣᠯ ᠡᠷᠬᠢᠯᠡᠭᠴᠢ ᠲᠠᠯ᠎ᠠ ᠥᠪᠥᠷ ᠮᠣᠩᠭᠤᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠥᠪ ᠣᠯᠠᠨ ᠲᠠᠪᠴᠠᠩ ᠨᠡᠭᠡᠭᠡᠵᠦ᠂ ᠠᠵᠢᠯ ᠡᠷᠢᠭᠰᠡᠳ ᠲᠤ ᠣᠯᠠᠨ ᠲᠥᠷᠥᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ᠃       ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ᠡᠯᠰᠡᠯᠲᠡ ᠶᠢᠨ ᠴᠤᠭᠯᠠᠭᠠᠨ ᠨᠢ ᠬᠥᠮᠥᠨ ᠬᠡᠷᠡᠭᠯᠡᠬᠦ 105 ᠨᠢᠭᠡᠴᠡ ᠶᠢ ᠵᠣᠬᠢᠶᠠᠨ ᠪᠠᠶᠢᠭᠤᠯᠵᠤ᠂ 2083 ᠠᠵᠢᠯ ᠤᠨ ᠪᠠᠶᠢᠷᠢ ᠬᠠᠩᠭᠠᠨ᠂ 6000 ᠭᠠᠷᠤᠢ ᠬᠥᠮᠥᠨ ᠴᠤᠭᠯᠠᠭᠠᠨ ᠳᠤ ᠣᠷᠣᠯᠴᠠᠪᠠ᠃ ᠡᠭᠦᠨ ᠳᠤ᠂ ᠱᠧᠨ ᠵᠸᠣ ᠴᠠᠬᠢᠭᠤᠷ ᠤᠨ ᠦᠢᠯᠡᠰ᠂ ᠬᠤᠩ ᠨᠢᠦ ᠤᠮᠳᠠᠭᠠᠨ ᠵᠡᠷᠭᠡ ᠲᠣᠮᠤ ᠬᠡᠯᠪᠡᠷᠢ ᠶᠢᠨ ᠠᠵᠤ ᠠᠬᠤᠶᠢᠯᠠᠯ ᠨᠢ ᠠᠵᠢᠯ ᠡᠷᠢᠭᠰᠡᠳ ᠤᠨ ᠲᠠᠰᠢᠶᠠᠯ ᠢ ᠣᠯᠣᠭᠰᠠᠨ ᠪᠠᠶᠢᠨ᠎ᠠ᠃ ᠡᠯᠰᠡᠬᠦ ᠠᠵᠢᠯ ᠤᠨ ᠪᠠᠶᠢᠷᠢ ᠳᠤ᠂ ᠵᠠᠬ᠎ᠠ ᠳᠡᠯᠭᠡᠭᠦᠷ ᠤᠨ ᠡᠵᠡᠩᠨᠡᠯᠲᠡ ᠪᠣᠷᠣᠯᠠᠭᠤᠯᠤᠯᠲᠠ᠂ ᠨᠡᠶᠢᠲᠡ ᠶᠢᠨ ᠬᠠᠷᠢᠴᠠᠭ᠎ᠠ᠂ ᠪᠣᠷᠣᠯᠠᠭᠤᠯᠭ᠎ᠠ ᠶᠢᠨ ᠲᠥᠷᠥᠯ ᠤᠨ ᠠᠵᠢᠯ ᠤᠨ ᠪᠠᠶᠢᠷᠢ ᠬᠠᠮᠤᠭ ᠤᠨ ᠣᠯᠠᠨ ᠪᠠᠶᠢᠵᠤ᠂ ᠨᠡᠶᠢᠲᠡ 459 ᠪᠤᠢ︔ ᠺᠣᠮᠫᠢᠦ᠋ᠲ᠋ᠧᠷ᠂ ᠢᠨᠲ᠋ᠧᠷ ᠰᠦᠯᠵᠢᠶ᠎ᠡ᠂ ᠡᠯᠧᠺᠲᠷᠤᠨ ᠬᠤᠳᠠᠯᠳᠤᠭ᠎ᠠ ᠶᠢᠨ ᠲᠥᠷᠥᠯ ᠤᠨ ᠬᠡᠷᠡᠭᠴᠡᠭᠡ ᠱᠠᠭᠠᠷᠳᠠᠯᠭ᠎ᠠ ᠎ ᠶᠢᠨ ᠠᠵᠢᠯ ᠤᠨ ᠪᠠᠶᠢᠷᠢ  ᠬᠤᠶᠠᠳᠤᠭᠠᠷ ᠪᠠᠶᠢᠷᠢ ᠶᠢ ᠡᠵᠡᠯᠡᠵᠦ᠂ ᠨᠡᠶᠢᠲᠡ 352  ᠪᠤᠢ︔ ᠲᠠᠷᠢᠶᠠᠯᠠᠩ᠂ ᠣᠢ ᠰᠢᠭᠤᠢ᠂  ᠮᠠᠯ ᠠᠵᠤ ᠠᠬᠤᠢ᠂ ᠵᠢᠭᠠᠰᠤᠨ ᠠᠵᠤ ᠠᠬᠤᠢ ᠶᠢᠨ ᠭᠡᠷᠡᠭᠴᠡᠭᠡ ᠱᠠᠭᠠᠷᠳᠠᠯᠭ᠎ᠠ ᠶᠢᠨ ᠠᠵᠢᠯ ᠤᠨ ᠪᠠᠶᠢᠷᠢ ᠭᠤᠷᠪᠠᠳᠤᠭᠠᠷ ᠪᠠᠶᠢᠷᠢ ᠶᠢ ᠡᠵᠡᠯᠡᠵᠦ᠂ ᠨᠡᠶᠢᠲᠡ 126 ᠪᠠᠶᠢᠨ᠎ᠠ᠃      ᠡᠯᠰᠡᠯᠲᠡ ᠶᠢᠨ ᠴᠤᠭᠯᠠᠭᠠᠨ ᠤ ᠠᠬᠤᠢ ᠲᠠᠯᠠᠪᠠᠢ ᠨᠢ ᠠᠵᠢᠯ ᠡᠷᠢᠭᠰᠡᠳ ᠲᠤ ᠣᠯᠠᠨ ᠵᠦᠢᠯ  ᠤᠨ ᠦᠢᠯᠡᠴᠢᠯᠡᠭᠡ ᠬᠠᠩᠭᠠᠵᠤ᠂ ᠠᠵᠢᠯ ᠡᠷᠢᠭᠰᠡᠳ ᠲᠣᠬᠠᠢ ᠶᠢᠨ ᠲᠠᠯᠠᠪᠤᠷ ᠲᠤ ᠵᠥᠪᠯᠡᠨ ᠶᠠᠷᠢᠯᠴᠠᠬᠤ ᠠᠷᠭ᠎ᠠ  ᠎ ᠪᠠᠷ ᠠᠵᠢᠯ ᠰᠤᠩᠭᠤᠵᠤ ᠪᠣᠯᠬᠤ ᠪᠠᠷ ᠪᠠᠷᠠᠬᠤ ᠦᠭᠡᠢ ᠪᠠᠰᠠ ᠸᠢᠴᠡᠲ ᠤᠨ ᠬᠤᠶᠠᠷ ᠬᠡᠮᠵᠢᠯᠲᠦ ᠨᠣᠮᠧᠷ ᠢ ᠰᠢᠷᠪᠢᠬᠦ ᠪᠠᠷ ᠳᠠᠮᠵᠢᠨ ᠥᠪᠥᠷ ᠮᠣᠩᠭᠤᠯ ᠤᠨ ᠴᠢᠳᠠᠪᠤᠷᠢᠲᠠᠨ ᠤ ᠰᠦᠯᠵᠢᠶ᠎ᠡ ᠶᠢ ᠠᠩᠬᠠᠷᠴᠤ᠂ ᠲᠤᠰ ᠭᠠᠵᠠᠷ ᠤᠨ ᠬᠠᠮᠤᠭ ᠤᠨ ᠰᠢᠨ᠎ᠡ ᠠᠵᠢᠯ ᠣᠯᠭᠤᠬᠤ ᠮᠡᠳᠡᠭᠡ ᠵᠠᠩᠭᠢ ᠶᠢ ᠴᠠᠭ ᠲᠣᠬᠠᠢ ᠳᠤᠨᠢ ᠣᠶᠢᠯᠠᠭᠠᠵᠤ  ᠴᠢᠳᠠᠬᠤ ᠪᠣᠯᠭᠠᠵᠠᠢ᠃ ᠡᠭᠦᠨ ᠠᠴᠠ ᠭᠠᠳᠠᠨ᠎ᠠ᠂ ᠴᠤᠭᠯᠠᠭᠠᠨ ᠤ ᠲᠠᠯᠠᠪᠣᠷ ᠲᠤ 30 ᠨᠡᠷᠡᠰ ᠠᠮᠤᠷ ᠢ ᠬᠠᠮᠠᠭᠠᠯᠠᠬᠤ ᠠᠵᠢᠯᠲᠠᠨ ᠲᠣᠬᠢᠷᠠᠭᠤᠯᠵᠤ᠂ ᠴᠤᠭᠯᠠᠭᠠᠨ ᠠᠮᠤᠷ ᠲᠥᠪᠰᠢᠨ ᠶᠠᠪᠣᠭᠳᠠᠬᠤ ᠶᠢ ᠪᠠᠲᠤᠯᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号