ᠳᠤᠮᠳᠠᠳᠤ ᠮᠣᠩᠭᠤᠯ ᠣᠷᠣᠰ ᠤᠨ ᠬᠢᠨ ︽ᠲᠦᠮᠡᠨ ᠭᠠᠵᠠᠷ ᠤᠨ ᠴᠠᠶ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠬᠠᠮᠲᠤᠷᠠᠨ ᠡᠭᠦᠳᠪᠡ
ᠨᠡᠶᠢᠲᠡᠯᠡᠭᠰᠡᠨ ᠴᠠᠭ᠄
2015/10/27
     ᠳᠤᠮᠳᠠᠳᠤ ᠮᠣᠩᠭᠤᠯ ᠣᠷᠣᠰ ᠤᠨ ᠬᠢᠨ ︽ᠲᠦᠮᠡᠨ ᠭᠠᠵᠠᠷ ᠤᠨ ᠴᠠᠶ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠨᠡᠷᠡᠲᠦ ᠲᠥᠷᠥᠯ ᠲᠡᠮᠳᠡᠭᠲᠦ ᠶᠢ ᠬᠠᠮᠲᠤᠷᠠᠨ ᠡᠭᠦᠳᠴᠦ᠂ ᠡᠨᠡᠬᠦ 300 ᠰᠢᠬᠠᠮ ᠵᠢᠯ ᠤᠨ ᠲᠡᠤᠬᠡ ᠲᠠᠢ ᠠᠷᠠᠯᠵᠢᠶᠠᠨ ᠤ ᠵᠠᠮ ᠢ ᠨᠢᠭᠡᠨ ᠤᠯᠤᠰ ᠠᠯᠤᠰᠯᠠᠭᠰᠠᠨ ᠵᠢᠭᠤᠯᠴᠢᠯᠠᠯ ᠤᠨ ᠱᠤᠭᠤᠮ ᠪᠣᠯᠭᠠᠪᠠ᠃ ᠡᠨᠡ ᠤᠳᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠡᠭᠡᠷ᠎ᠡ᠂ ᠳᠤᠮᠳᠠᠳᠤ ᠮᠣᠩᠭᠤᠯ ᠣᠷᠣᠰ ᠭᠤᠷᠪᠠᠨ ᠲᠠᠯ᠎ᠠ ᠶᠢᠨ ᠵᠢᠭᠤᠯᠴᠢᠯᠠᠯ ᠤᠨ ᠰᠠᠯᠠᠭ᠎ᠠ ᠮᠥᠴᠢᠷ ᠬᠠᠮᠲᠤᠷᠠᠯᠴᠠᠭᠠᠨ ᠤ ᠵᠦᠪᠯᠡᠯᠴᠡᠭᠡᠷ ᠢ ᠲᠣᠭᠲᠠᠵᠤ᠂ ︽ᠲᠦᠮᠡᠨ ᠭᠠᠵᠠᠷ ᠤᠨ ᠴᠠᠶ ᠶᠢᠨ ᠵᠠᠮ︾ ᠣᠯᠠᠨ ᠤᠯᠤᠰ ᠤᠨ ᠵᠢᠭᠤᠯᠴᠢᠯᠠᠯ ᠤᠨ ᠬᠤᠯᠪᠣᠭ᠎ᠠ ᠪᠠᠶᠢᠭᠤᠯᠬᠤ ᠪᠠᠷ ᠲᠣᠭᠲᠠᠭᠰᠠᠨ ᠪᠥᠭᠡᠳ ᠭᠤᠷᠪᠠᠨ ᠲᠠᠯ᠎ᠠ ᠶᠢᠨ ᠵᠢᠭᠤᠯᠴᠢᠯᠠᠯ ᠤᠨ ᠬᠠᠮᠲᠤᠷᠠᠯᠴᠠᠭ᠎ᠠ ᠶᠢᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠪᠠ᠃ ᠬᠠᠮᠲᠤᠷᠠᠯᠴᠠᠭᠠᠨ ᠤ ᠵᠦᠪᠯᠡᠯᠴᠡᠭᠡᠷ ᠶᠣᠰᠣᠭᠠᠷ᠂ ᠳᠤᠮᠳᠠᠳᠤ ᠮᠣᠩᠭᠤᠯ ᠣᠷᠣᠰ ᠭᠤᠷᠪᠠᠨ ᠲᠠᠯ᠎ᠠ ᠶᠢᠨ ᠬᠢᠨ ᠲᠤᠰ ᠤᠯᠤᠰ ᠤᠨ ᠢᠶᠠᠨ ᠡᠬᠢ ᠪᠠᠶᠠᠯᠢᠭ ᠲᠠᠭᠠᠨ ᠰᠠᠭᠤᠷᠢᠯᠠᠨ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ᠂ ︽ᠲᠦᠮᠡᠨ ᠭᠠᠵᠠᠷ ᠤᠨ ᠴᠠᠶ ᠶᠢᠨ ᠵᠠᠮ︾ ᠵᠢᠭᠤᠯᠴᠢᠯᠠᠯ ᠤᠨ ᠨᠡᠷᠡᠳᠬᠦᠨ ᠢ ᠬᠠᠮᠲᠤᠷᠠᠨ ᠨᠡᠬᠡᠬᠡᠵᠦ᠂ ︽ᠲᠦᠮᠡᠨ ᠭᠠᠵᠠᠷ ᠤᠨ ᠴᠠᠶ ᠶᠢᠨ ᠵᠠᠮ — ᠲᠠᠨᠢᠯᠴᠠᠬᠤ ᠠᠶᠠᠯᠠᠯ︾᠂ ︽ᠲᠦᠮᠡᠨ ᠭᠠᠵᠠᠷ ᠤᠨ ᠴᠠᠶ ᠶᠢᠨ ᠵᠠᠮ — ᠡᠷᠬᠢᠨ ᠦᠵᠡᠬᠦ ᠠᠶᠠᠯᠠᠯ︾ ᠵᠡᠷᠭᠡ ᠤᠬᠠᠭᠤᠯᠤᠨ ᠳᠡᠯᠭᠡᠷᠡᠭᠦᠯᠬᠦ ᠠᠵᠢᠯᠯᠠᠭ᠎ᠠ ᠶᠢ ᠬᠠᠮᠲᠤᠪᠡᠷ ᠡᠷᠬᠢᠯᠡᠪᠡ᠃ ᠣᠶᠢᠯᠠᠭᠠᠭᠰᠠᠨ ᠢᠶᠠᠷ᠂ ︽ᠲᠦᠮᠡᠨ ᠭᠠᠵᠠᠷ ᠤᠨ ᠴᠠᠶ ᠶᠢᠨ ᠵᠠᠮ︾ ᠪᠣᠯ ᠹᠦᠵᠢᠶᠠᠨ ᠮᠤᠵᠢ ᠶᠢᠨ ᠡᠤ ᠢ ᠱᠠᠨ ᠠᠭᠤᠯᠠᠨ ᠤ ᠴᠠᠢ ᠭᠠᠷᠳᠠᠭ ᠣᠷᠣᠨ ᠪᠠᠶᠢᠵᠤ᠂ ᠬᠤᠨᠠᠨ᠂ ᠬᠤᠪᠸᠢ᠂ ᠾᠧᠨᠠᠨ᠂ ᠱᠠᠨ ᠰᠢ᠂ ᠡᠾᠧᠪᠸᠢ᠂ ᠥᠪᠥᠷ ᠮᠣᠩᠭᠤᠯ᠂ ᠮᠣᠩᠭᠤᠯ ᠤᠯᠤᠰ᠂ ᠣᠷᠣᠰ ᠤᠨ ᠮᠣᠰᠺᠸᠠ ᠪᠠᠷ ᠳᠠᠮᠵᠢᠭᠠᠳ ᠰᠢᠭᠤᠳ ᠰᠠᠨᠲ ᠫᠧᠲ᠋ᠧᠷᠪᠥ᠋ᠷᠡᠭ ᠬᠦᠷᠬᠦ ᠴᠠᠢ ᠵᠥᠭᠡᠭᠡᠪᠦᠷᠢᠯᠡᠬᠦ ᠵᠠᠮ ᠪᠣᠯᠣᠨ᠎ᠠ᠂ ᠥᠡᠭᠭᠡᠷᠡᠭᠰᠡᠨ ᠳᠤ ᠭᠤᠷᠪᠠᠨ ᠡᠷᠢᠨ ᠰᠢᠬᠠᠮ ᠴᠡᠴᠡᠭᠯᠡᠨ ᠮᠠᠨᠳᠤᠵᠤ᠂ ᠨᠢᠭᠡᠨ ᠡᠷᠲᠡᠨ ᠤ ᠴᠢᠬᠤᠯᠠ ᠠᠷᠠᠯᠵᠢᠶᠡᠨ ᠤ ᠵᠠᠮ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号