ᠳᠤᠮᠳᠠᠳᠤ ᠤᠯᠤᠰ ᠮᠣᠩᠭᠤᠯ ᠤᠯᠤᠰ ᠤᠷᠤᠰ ᠤᠯᠤᠰ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠷᠠᠯᠲᠠ ᠶᠢᠨ ᠭᠠᠵᠠᠷ ᠢ ᠬᠠᠮᠲᠤᠪᠠᠷ ᠴᠣᠭᠴᠠᠯᠠᠵᠤ ᠪᠤᠢ
ᠨᠡᠶᠢᠲᠡᠯᠡᠭᠰᠡᠨ ᠴᠠᠭ᠄
2015/10/27
     ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠠᠴᠠ ᠣᠶᠢᠯᠭᠠᠭᠰᠠᠨ ᠢᠶᠠᠷ᠂ ᠳᠤᠮᠳᠠᠳᠤ ᠤᠯᠤᠰ᠂ ᠮᠣᠩᠭᠤᠯ ᠤᠯᠤᠰ᠂ ᠤᠷᠤᠰ ᠬᠢᠯᠢ ᠶᠢᠨ ᠵᠢᠭᠤᠯᠴᠢᠯᠠᠯ ᠎ ᠤᠨ ᠱᠤᠭᠤᠮ ᠢ ᠤᠯᠠᠮ ᠨᠢᠭᠡ ᠠᠯᠬᠤᠮ ᠬᠠᠮᠲᠤᠷᠠᠨ ᠨᠡᠭᠡᠭᠡᠵᠦ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠷᠠᠯᠲᠠ ᠶᠢᠨ ᠭᠠᠵᠠᠷ ᠢ ᠬᠠᠮᠲᠤᠪᠠᠷ ᠴᠣᠭᠴᠠᠯᠠᠨ᠂ ᠤᠯᠤᠰ ᠤᠨ ᠳᠣᠲᠣᠭᠠᠳᠤ ᠶᠢᠨ ᠬᠤᠯᠠ ᠵᠠᠢ ᠳᠤ ᠪᠠᠶᠢᠭ᠎ᠠ ᠵᠠᠬ᠎ᠠ ᠳᠡᠯᠭᠡᠭᠦᠷ ᠪᠣᠯᠣᠨ ᠣᠯᠠᠨ ᠤᠯᠤᠰ ᠤᠨ ᠵᠠᠬ᠎ᠠ ᠳᠡᠯᠭᠡᠭᠦᠷ ᠲᠡᠰᠢ ᠥᠪᠡᠷᠮᠢᠴᠡ ᠣᠨᠴᠠᠯᠢᠭ ᠪᠦᠬᠦᠢ ᠬᠢᠯᠢ ᠶᠢᠨ ᠵᠢᠭᠤᠯᠴᠢᠯᠠᠯ ᠤᠨ ᠨᠡᠷᠡᠳᠬᠦᠨ ᠢ ᠬᠦᠴᠦ ᠪᠠᠨ ᠬᠠᠮᠲᠤᠳᠬᠠᠨ ᠭᠠᠷᠭᠠᠬᠤ ᠪᠠᠷ ᠪᠣᠢ᠃ ᠲᠠᠨᠢᠯᠴᠠᠭᠤᠯᠤᠭᠰᠠᠨ ᠢᠶᠠᠷ  ᠂ ᠳᠤᠮᠳᠠᠳᠤ ᠮᠣᠩᠭᠤᠯ ᠤᠷᠤᠰ ᠭᠤᠷᠪᠠᠨ ᠲᠠᠯ᠎ᠠ ᠶᠢᠨ ᠬᠢᠨ ᠲᠤᠰ ᠤᠳᠠᠭᠠᠨ ᠤ ᠦᠵᠡᠰᠬᠦᠯᠡᠩ ᠤᠨ ᠴᠤᠭᠯᠠᠭᠠᠨ ᠳᠡᠭᠡᠷ᠎ᠡ ᠵᠢᠭᠤᠯᠴᠢᠯᠠᠯ ᠤᠨ ᠬᠠᠮᠲᠤᠷᠠᠯᠴᠠᠭᠠᠨ ᠤ ᠬᠡᠯᠡᠯᠴᠡᠭᠡ ᠶᠢᠨ ᠠᠵᠢᠯᠯᠠᠭ᠎ᠠ ᠡᠷᠬᠢᠯᠡᠵᠦ᠂ ᠬᠢᠯᠢ ᠠᠯᠤᠰᠯᠠᠭᠰᠠᠨ ᠬᠠᠮᠲᠤᠷᠠᠯᠴᠠᠭ᠎ᠠ ᠶᠢᠨ10 ᠲᠥᠷᠥᠯ ᠵᠦᠢᠯ ᠲᠣᠭᠲᠠᠵᠤ᠂ ᠰᠠᠨᠠᠮᠵᠢ ᠶᠢᠨ ᠵᠣᠭᠤᠰ ᠤᠨ ᠲᠤᠭ᠎ᠠ ᠠᠷᠠᠳ ᠤᠨ ᠵᠣᠭᠤᠰ13.9 ᠳ᠋ᠦᠩᠰᠢᠭᠤᠷ ᠲᠦᠭᠦᠷᠡᠭ ᠲᠤ ᠬᠦᠷᠴᠦ᠂ ᠳᠤᠮᠳᠠᠳᠤ ᠤᠯᠤᠰ ᠤᠨ ᠪᠠᠶᠠᠨᠨᠠᠭᠤᠷ ᠬᠤᠲᠠ ᠪᠣᠯᠣᠨ ᠮᠣᠩᠭᠤᠯ ᠤᠯᠤᠰ ᠤᠨ ᠡᠮᠦᠨᠡᠭᠤᠪᠢ ᠠᠶᠢᠮᠠᠭ ᠤᠨ ᠬᠢᠯᠢ ᠶᠢᠨ ᠬᠠᠮᠲᠤᠷᠠᠯᠴᠠᠭᠠᠨ ᠤ ᠲᠥᠷᠥᠯ ᠵᠦᠢᠯ᠂ ᠳᠤᠮᠳᠠᠳᠤ ᠤᠯᠤᠰ ᠤᠨ ᠡᠷᠢᠶᠡᠨ ᠬᠤᠲᠠ ᠪᠣᠯᠣᠨ ᠮᠣᠩᠭᠤᠯ ᠤᠯᠤᠰ ᠤᠨ ᠳᠣᠷᠣᠨᠠᠭᠤᠪᠢ ᠠᠶᠢᠮᠠᠭ ᠤᠨ ᠵᠠᠮ ᠤᠨ ᠡᠭᠦᠳᠡ ᠬᠤᠲᠠ ᠶᠢᠨ ᠵᠠᠰᠠᠭ ᠤᠨ ᠣᠷᠳᠣᠨ ᠤ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠲᠥᠷᠥᠯ ᠵᠦᠢᠯ᠂ ᠥᠪᠥᠷ ᠮᠣᠩᠭᠤᠯ ᠤᠨ ᠳᠤᠮᠳᠠᠳᠤ ᠤᠯᠤᠰ ᠤᠨ ᠠᠶᠠᠨᠴᠢᠯᠠᠯ ᠤᠨ ᠬᠤᠷᠢᠰᠢᠶ᠎ᠠ ᠪᠣᠯᠣᠨ ᠮᠣᠩᠭᠤᠯ ᠤᠯᠤᠰ ᠤᠨ ᠬᠥᠬᠡ ᠰᠦᠯᠳᠡ ᠵᠢᠭᠤᠯᠴᠢᠯᠠᠯ ᠤᠨ ᠺᠣᠮᠫᠠᠨᠢ ᠶᠢᠨ ᠬᠠᠮᠲᠤᠷᠠᠭᠰᠠᠨ‌‍ᠲ᠋ᠥ᠋ᠷᠥᠯ ᠵᠦᠢᠯ ᠵᠡᠷᠭᠡ ᠶᠢ ᠪᠠᠭᠲᠠᠭᠠᠭᠰᠠᠨ ᠬᠢᠯᠢ ᠠᠯᠤᠰᠯᠠᠭᠰᠠᠨ ᠵᠢᠭᠤᠯᠴᠢᠯᠠᠯ ᠤᠨ ᠵᠠᠮ ᠢ  ᠨᠡᠭᠡᠭᠡᠬᠦ᠂ ᠪᠠᠭᠤᠳᠠᠯ ᠪᠦᠲᠦᠭᠡᠨ ᠪᠠᠶᠢᠭᠤᠯᠬᠤ᠂ ᠵᠢᠭᠤᠯᠴᠢᠯᠠᠯ ᠤᠨ ᠴᠢᠳᠠᠪᠤᠷᠢᠲᠠᠨ ᠤ ᠡᠩᠨᠡᠭᠡᠨ ᠤ ᠪᠣᠯᠪᠠᠰᠤᠷᠠᠭᠤᠯᠤᠯ ᠬᠢᠬᠦ᠂  ᠵᠢᠭᠤᠯᠴᠢᠯᠠᠯ ᠤᠨ ᠲᠥᠯᠥᠪᠵᠢᠭᠦᠯᠭᠡ ᠬᠢᠬᠦ᠂ ᠵᠢᠭᠤᠯᠴᠢᠯᠠᠯ ᠎ ᠤᠨ ᠠᠮᠠᠷᠠᠯᠲᠠ ᠶᠢᠨ ᠣᠷᠣᠨ ᠢ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠬᠡᠪᠴᠢᠶ᠎ᠡ ᠶᠢ ᠬᠠᠮᠤᠷᠤᠭᠰᠠᠨ ᠪᠠᠶᠢᠨ᠎ᠠ  ᠃ ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠯᠢ ᠶᠢᠨ ᠭᠤᠣᠯ ᠠᠶᠢᠮᠠᠭ ᠤᠨ ᠣᠶᠢᠷ᠎ᠠ ᠳᠤ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ᠂ ᠬᠡᠨᠲᠡᠢ ᠠᠶᠢᠮᠠᠭ ᠲᠠᠢ ᠪᠠᠰᠠ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠶᠢ ᠪᠦᠲᠦᠭᠡᠯᠴᠢ ᠪᠠᠷ ᠬᠥᠭᠵᠢᠭᠦᠯᠬᠦ ᠲᠤᠬᠠᠢ ᠵᠥᠪᠯᠡᠯᠴᠡᠭᠡᠷ ᠲᠤ ᠭᠠᠷ ᠤᠨ ᠦᠰᠦᠭ ᠵᠢᠷᠤᠵᠠᠢ  ᠃      ᠮᠣᠩᠭᠤᠯ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠵᠢᠭᠤᠯᠴᠢᠯᠠᠯ ᠤᠨ ᠶᠠᠮᠤᠨ ᠤ ᠳᠡᠳ᠋ ᠳᠠᠷᠤᠭ᠎ᠠ ᠮᠡ᠊ · ᠬᠦᠷᠡᠯᠰᠦ᠋ᠬᠡ ᠵᠥᠪᠳᠡᠯᠴᠡᠬᠦ ᠬᠤᠷᠠᠯ ᠳᠡᠭᠡᠷ᠎ᠡ ᠢᠯᠡᠷᠬᠡᠶᠢᠯᠡᠭᠰᠡᠨ ᠨᠢ᠂  ᠮᠣᠩᠭᠤᠯ ᠳᠤᠮᠳᠠᠳᠤ ᠬᠤᠶᠠᠷ ᠤᠯᠤᠰ ᠎ ᠤᠨ ᠭᠠᠵᠠᠷ ᠣᠷᠣᠨ ᠣᠶᠢᠷᠠᠯᠴᠠᠭ᠎ᠠ᠂ ᠲᠡᠦᠬᠡ ᠨᠡᠶᠢᠯᠡᠭᠰᠡᠨ ᠪᠣᠯᠬᠤᠷ᠂ ᠬᠢᠯᠢ ᠠᠯᠤᠰᠯᠠᠭᠰᠠᠨ‌ᠵᠢᠭᠤᠯᠴᠢᠯᠠᠯ ᠤᠨ ᠬᠠᠮᠲᠤᠷᠠᠯᠴᠠᠭ᠎ᠠ ᠪᠠᠷ  ᠳᠠᠮᠵᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠤ ᠨᠥᠬᠦᠷᠯᠡᠯ ᠢ ᠵᠤᠵᠠᠭᠠᠳᠬᠠᠵᠤ᠂ ᠬᠤᠶᠠᠷ ᠤᠯᠤᠰ ᠤᠨ ᠡᠯ᠎ᠡ ᠬᠦᠷᠢᠶ᠎ᠡ ᠬᠡᠪᠴᠢᠶᠡᠨ ᠤ  ᠬᠠᠮᠲᠤᠷᠠᠯᠴᠠᠭ᠎ᠠ ᠬᠥᠭᠵᠢᠬᠦ ᠳᠤ ᠰᠠᠶᠢᠬᠠᠨ ᠠᠵᠠ ᠳᠣᠬᠢᠶᠠᠯ ᠢ ᠬᠠᠩᠭᠠᠬᠤ ᠪᠣᠯᠣᠨ᠎ᠠ ᠭᠡᠵᠡᠢ᠃      ᠤᠷᠤᠰ ᠤᠨ ᠠᠷᠤ ᠪᠠᠶᠢᠭᠠᠯ ᠬᠢᠯᠢ ᠬᠢᠵᠠᠭᠠᠷ ᠣᠷᠣᠨ ᠤ ᠣᠯᠠᠨ ᠤᠯᠤᠰ ᠤᠨ ᠬᠠᠮᠲᠤᠷᠠᠯᠴᠠᠭᠠᠨ ᠤ ᠭᠠᠳᠠᠭᠠᠳᠤ ᠠᠵᠤ ᠠᠬᠤᠢ ᠶᠢᠨ ᠬᠠᠷᠢᠯᠴᠠᠭ᠎ᠠ ᠵᠢᠭᠤᠯᠴᠢᠯᠠᠯ ᠤᠨ ᠶᠠᠮᠤᠨ ᠤ ᠳᠠᠷᠤᠭ᠎ᠠ ᠺᠠᠷᠰᠨᠦᠸ᠋ ·ᠪᠠᠶᠠᠷ ·ᠺᠠᠷᠰᠨᠤᠸᠢᠢᠴᠢ ᠳᠤ ᠬᠡᠯᠡᠭᠰᠡᠨ‌ᠨᠢ᠂ ᠣᠷᠣᠰ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠷᠠᠯᠲᠠ ᠶᠢᠨ ᠭᠠᠵᠠᠷ ᠢ ᠬᠠᠮᠲᠤᠪᠠᠷ ᠴᠣᠭᠴᠠᠯᠠᠬᠤ ᠨᠢ ᠭᠤᠷᠪᠠᠨ ᠤᠯᠤᠰ ᠤᠨ ᠬᠢᠯᠢ ᠠᠯᠤᠰᠯᠠᠭᠰᠠᠨ ᠵ‍‌ᠵᠢᠭᠤᠯᠴᠢᠯᠠᠯ ᠤᠨ ᠬᠠᠮᠲᠤᠷᠠᠯᠴᠠᠭᠠᠨ ᠤ ︽ᠰᠢᠨ᠎ᠡ ᠦᠷᠨᠢᠯᠲᠡ︾᠎ ᠶᠢ ᠠᠪᠴᠢᠷᠠᠵᠤ ᠮᠥᠨ ᠴᠦ ᠣᠷᠣᠰ ᠳᠤᠮᠳᠠᠳᠤ ᠮᠣᠩᠭᠤᠯ ᠤᠨ ᠨᠡᠩ ᠥᠷᠭᠡᠨ ᠬᠡᠪᠴᠢᠶᠡᠨ ᠤ ᠬᠠᠮᠲᠤᠷᠠᠯᠴᠠᠭ᠎ᠠ ᠪᠣᠯᠣᠨ ᠬᠥᠭᠵᠢᠯᠲᠡ ᠶᠢ ᠠᠬᠢᠭᠤᠯᠬᠤ ᠪᠣᠯᠣᠨ᠎ᠠ ᠭᠡᠪᠡ᠃      ᠣᠳᠣᠬᠠᠨ ᠳᠤ᠂ ᠳᠤᠮᠳᠠᠳᠤ ᠤᠯᠤᠰ ᠬᠢᠭᠡᠳ ᠮᠣᠩᠭᠤᠯ ᠤᠯᠤᠰ ᠬᠠᠮᠲᠤᠪᠠᠷ ᠥᠪᠥᠷ ᠮᠤᠩᠭᠤᠯ ‍ᠤᠨ‌ᠡᠷᠢᠶᠡᠨ  ᠬᠤᠲᠠ ᠠᠴᠠ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ ᠬᠥᠷᠲᠡᠯᠡᠬᠦ ᠰᠣᠳᠣᠨ ᠵᠢᠭᠤᠯᠴᠢᠯᠠᠯ ᠤᠨ ᠱᠤᠭᠤᠮ ᠢ ᠪᠠᠶᠢᠭᠤᠯᠵᠤ᠂ᠳᠤᠮᠳᠠᠳᠤ ᠮᠣᠩᠭᠤᠯ ᠣᠷᠣᠰ ᠭᠤᠷᠪᠠᠨ ᠲᠠᠯ᠎ᠠ ᠪᠠᠷ ᠢᠶᠠᠨ ᠲᠤᠰ ᠱᠤᠭᠤᠮ ᠢ ᠲᠤᠰ ᠲᠤᠰ ᠳᠤᠮᠳᠠᠳᠤ ᠤᠯᠤᠰ ᠤᠨ ᠳᠣᠲᠣᠷ ᠭᠠᠵᠠᠷ ᠪᠣᠯᠣᠨ ᠤᠷᠤᠰ ᠤᠨ ᠢᠷᠺᠦ᠋ᠽᠺ ︵ᠪᠠᠶᠢᠭᠠᠯ ᠨᠠᠭᠤᠷ︶ ᠬᠦᠷᠲᠡᠯ᠎ᠡ ᠦᠷᠭᠦᠯᠵᠢᠯᠡᠭᠦᠯᠦᠨ᠂ ᠬᠦᠬᠡᠬᠤᠲᠠ — ᠤᠯᠠᠭᠠᠨᠪᠠᠭᠠᠲᠤᠷ — ᠤᠯᠠᠭᠠᠨ ᠦᠳᠡ — ᠢᠷᠺᠦ᠋ᠽᠺ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠱᠣᠭᠤᠮ ᠢ  ᠴᠣᠭᠴᠠᠯᠠᠬᠤ ᠪᠠᠷ ᠪᠣᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠤᠪᠴᠢᠶ᠎ᠠ ᠶᠢᠨ ᠳᠠᠷᠤᠭ᠎ᠠ ᠸᠧᠢ ᠭᠦᠸᠧ ᠨᠠᠨ ᠤ ᠲᠠᠨᠢᠯᠴᠠᠭᠤᠯᠤᠭᠰᠠᠨ ᠢᠶᠠᠷ᠂ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭ᠎ᠠ ᠨᠢ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠴᠢᠬᠤᠯᠠ ᠪᠦᠷᠢᠯᠳᠦᠬᠦᠨ ᠬᠡᠰᠡᠭ ᠪᠣᠯᠣᠨ᠎ᠠ᠃2014 ᠣᠨ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ᠂ ᠮᠣᠩᠭᠤᠯ ᠤᠯᠤᠰ ᠤᠨ ᠤᠯᠠᠭᠠᠨᠪᠠᠭᠠᠲᠤᠷ ᠬᠤᠲᠠ᠂ ᠤᠷᠤᠰ ᠤᠨ ᠭᠠᠳᠠᠭᠠᠳᠤ ᠪᠠᠶᠢᠭᠠᠯ ᠬᠢᠯᠢ ᠬᠢᠵᠠᠭᠠᠷ ᠣᠷᠣᠨ ᠵᠡᠷᠭᠡ ᠭᠠᠵᠠᠷ ᠤᠳ ᠢᠶᠠᠷ ᠵᠢᠭᠤᠯᠴᠢᠯᠠᠯ ᠤᠨ ᠬᠠᠮᠲᠤᠷᠠᠭᠰᠠᠨ ᠬᠤᠷᠠᠯ ᠤᠨ ᠳᠦᠷᠢᠮ ᠪᠠᠶᠢᠭᠤᠯᠬᠤ ᠪᠠᠷ ᠠᠵᠠ ᠲᠣᠬᠢᠶᠠᠯ ᠪᠣᠯᠭᠠᠨ᠂ ᠬᠢᠯᠢ ᠶᠢᠨ ᠵᠢᠭᠤᠯᠴᠢᠯᠠᠯ ᠤᠨ  ᠬᠠᠮᠲᠤᠷᠠᠯᠴᠠᠭ᠎ᠠ ᠪᠣᠯᠣᠨ ᠨᠡᠭᠡᠭᠡᠯᠲᠡ ᠶᠢ ᠴᠢᠩᠭᠠᠳᠬᠠᠵᠤ᠂  ᠬᠢᠯᠢ ᠠᠯᠤᠰᠯᠠᠭᠰᠠᠨ ᠵᠢᠭᠤᠯᠴᠢᠯᠠᠯ ᠤᠨ ᠬᠠᠷᠠᠯᠲᠠ ᠶᠢᠨ ᠭᠠᠵᠠᠷ ᠢ ᠬᠠᠮᠲᠤᠪᠠᠷ ᠴᠣᠭᠴᠠᠯᠠᠨ᠂ ᠳᠤᠮᠳᠠᠳᠤ ᠣᠷᠣᠰ ᠮᠣᠩᠭᠤᠯ ᠤᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ‌ᠠᠬᠢᠭᠤᠯᠪᠠ ᠭᠡᠵᠡᠢ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ ᠬᠢᠭᠡᠳ ᠮᠣᠩᠭᠤᠯ ᠤᠯᠤᠰ᠂ ᠣᠷᠣᠰ ᠯᠤᠭ᠎ᠠ ᠬᠥᠷᠰᠢᠯᠡᠭᠰᠡᠨ ᠭᠤᠣᠯ  ᠪᠣᠯᠬᠤ ᠮᠤᠵᠢ ᠣᠷᠣᠨ ᠪᠥᠭᠡᠳ ᠥᠪᠥᠷ ᠮᠣᠩᠭᠤᠯ ᠤᠨ ᠡᠷᠢᠶᠡᠨ ᠬᠤᠲᠠ ᠪᠣᠭᠤᠮᠲᠠ᠂ ᠮᠠᠨᠵᠤᠤᠷ ᠪᠣᠭᠤᠮᠲᠠ ᠨᠢ ᠲᠣᠰ ᠲᠣᠰ ᠳᠤᠮᠳᠠᠳᠤ ᠤᠯᠤᠰ ᠠᠴᠠ ᠮᠣᠩᠭᠤᠯ ᠤᠯᠤᠰ ᠪᠣᠯᠣᠨ ᠤᠷᠤᠰ ᠲᠤ ᠨᠡᠭᠡᠭᠡᠭᠰᠡᠨ ᠬᠠᠮᠤᠭ ᠤᠨ ᠲᠣᠮᠣ  ᠬᠠᠭᠤᠷᠠᠢ ᠵᠠᠮ ᠤᠨ ᠪᠣᠭᠤᠮᠲᠠ ᠪᠣᠯᠣᠨ᠎ᠠ  ᠃ 2014 ᠣᠨ ᠳᠤ᠂  ᠥᠪᠥᠷ ᠮᠣᠩᠭᠤᠯ  ᠮᠣᠩᠭᠤᠯ ᠤᠯᠤᠰ ᠤᠨ ᠵᠢᠭᠤᠯᠴᠢᠳ‌ᠢ  ᠨᠡᠶᠢᠲᠡ81.34 ᠲᠦᠮᠡᠨ ᠬᠥᠮᠥᠨ ᠤᠳᠠᠭ᠎ᠠ ᠬᠦᠯᠢᠶᠡᠨ ᠠᠪᠴᠤ  ᠂ ᠣᠷᠣᠰ ᠤᠨ ᠵᠢᠭᠤᠯᠴᠢᠳ ᠢ 63.33 ᠲᠦᠮᠡᠨ  ᠬᠥᠮᠥᠨ ᠤᠳᠠᠭ᠎ᠠ ᠬᠦᠯᠢᠶᠡᠨ ᠠᠪᠴᠠᠢ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号