︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ | ᠠᠯᠬᠤᠮ ᠲᠦᠯᠬᠢᠨ ᠠᠬᠢᠭᠤᠯᠬᠤ ᠶᠢᠨ ᠲᠤᠰᠠᠳᠠ᠂ ᠦᠪᠡᠷᠲᠡᠭᠡᠨ ᠵᠠᠰᠠᠬᠤ ᠤᠷᠤᠨ ᠤ ᠮᠥᠩᠭᠦᠨ ᠭᠦᠢᠯᠭᠡᠭᠡᠨ ᠤ | ᠠᠵᠢᠯ ᠤᠨ ᠠᠯᠪᠠᠨ ᠭᠡᠷ᠂ ᠠᠷᠠᠳ ᠤᠨ ᠪᠠᠩᠬᠢ ᠶᠢᠨ ᠬᠥᠬᠡᠬᠤᠲᠠ ᠭᠤᠣᠯ ᠰᠠᠯᠪᠤᠷᠢ ᠪᠠᠩᠬᠢ᠂ ᠦᠪᠦᠷ ᠮᠣᠩᠭᠤᠯ ᠤᠨ | ᠪᠠᠩᠬᠢ ᠶᠢᠨ ᠦᠢᠯᠡᠰ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠡ᠂ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠲᠠᠷᠢᠶᠠᠯᠠᠩ ᠮᠠᠯ ᠠᠵᠤ ᠠᠬᠤᠶ ᠶᠢᠨ ᠠᠯᠪᠠᠨ ᠭᠡᠷ ᠵᠡᠷᠭᠡ ᠵᠢᠷᠭᠤᠭᠠᠨ ᠰᠠᠯᠠᠭ᠎ᠠ ᠮᠥᠴᠢᠷ ᠢᠳᠡᠪᠬᠢᠲᠡᠶ | ᠬᠦᠳᠡᠯᠦᠯᠴᠡᠵᠦ᠂ 8 ᠳ᠋ᠤᠭᠠᠷ ᠰᠠᠷ᠎ᠠ ᠶᠢᠨ ᠰᠡᠭᠦᠯᠴᠢ ᠳᠤ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ | ᠮᠥᠩᠭᠦᠨ ᠭᠦᠢᠯᠭᠡᠭᠡᠨ ᠢᠶᠠᠷ ᠮᠠᠯᠵᠢᠬᠤ ᠲᠠᠷᠢᠶᠠᠯᠠᠬᠤ ᠤᠷᠤᠨ ᠤ ﹇ᠠᠷᠪᠠ ᠪᠠᠷ ᠪᠦᠬᠦᠨ ᠢ ᠬᠠᠮᠤᠷᠬᠤ﹈ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠵᠢᠯᠤᠭᠤᠳᠬᠤ ᠰᠠᠨᠠᠯ︾ ᠶᠢ ᠬᠠᠮᠲᠤᠷᠠᠨ ᠲᠣᠭᠲᠠᠭᠠᠵᠤ | ᠨᠡᠶᠢᠲᠡᠯᠡᠪᠡ᠃ ︽ᠰᠠᠨᠠᠯ︾ ᠨᠢ ︽ᠠᠷᠪᠠ ᠪᠠᠷ ᠪᠦᠬᠦᠨ ᠢ ᠬᠠᠮᠤᠷᠬᠤ︾ ᠳᠤ ᠬᠡᠷᠬᠢᠨ ᠮᠥᠩᠭᠦᠨ ᠭᠦᠢᠯᠭᠡᠭᠡᠨ ᠤ | ᠦᠢᠯᠡᠰ ᠤᠨ ᠲᠠᠰᠤᠷᠠᠯᠲᠠ ᠦᠭᠡᠶ ᠬᠥᠳᠡᠯᠭᠡᠬᠦ ᠬᠦᠴᠦᠨ ᠬᠠᠩᠭᠠᠬᠤ ᠶᠢ ᠬᠡᠷᠬᠢᠨ ᠬᠥᠲᠥᠯᠥᠨ ᠵᠢᠯᠣᠭᠤᠳᠬᠤ ᠪᠠ | ᠵᠣᠷᠢᠭᠵᠢᠭᠤᠯᠬᠤ ᠪᠣᠢ︖ ᠦᠪᠦᠷ ᠮᠣᠩᠭᠤᠯ ᠤᠨ ᠡᠳᠦᠷ ᠤᠨ ᠰᠣᠨᠢᠨ ᠡᠭᠦᠨ ᠳᠤ ᠨᠠᠷᠢᠨ ᠲᠠᠶᠢᠯᠤᠮᠵᠢ ᠬᠢᠪᠡ᠃ | ᠵᠣᠭᠤᠰ ᠤᠨ ᠲᠥᠷᠦ ᠶᠢᠨ ᠪᠣᠳᠤᠯᠭ᠎ᠠ ᠶᠢᠨ ᠪᠠᠭᠠᠵᠢ ᠴᠢᠳᠠᠪᠤᠷᠢ ᠪᠠᠨ ᠦᠵᠡᠭᠦᠯᠵᠦ ᠳᠠᠬᠢᠨ ᠵᠢᠭᠡᠯᠡᠯᠭᠡ | ᠲᠠᠯᠪᠢᠬᠤ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠪᠠ | ᠡᠯ᠎ᠡ ᠱᠠᠲᠤᠨ ᠤ ᠠᠷᠠᠳ ᠤᠨ ᠪᠠᠩᠬᠢ ᠨᠤᠭᠤᠳ ᠬᠦᠳᠡᠭᠡ ᠲᠣᠰᠬᠤᠨ ᠤ ᠬᠤᠳᠠᠯᠳᠤᠭᠠᠨ ᠤ ᠪᠠᠩᠬᠢ᠂ | ᠬᠤᠷᠰᠢᠭᠰᠠᠨ ᠪᠠᠩᠬᠢ᠂ ᠢᠲᠡᠭᠡᠮᠵᠢ ᠶᠢᠨ ᠬᠤᠷᠰᠢᠶ᠎ᠠ᠂ ᠭᠠᠴᠠᠭ᠎ᠠ ᠪᠠᠯᠭᠠᠰᠤᠨ ᠤ ᠪᠠᠩᠬᠢ ᠶᠢᠨ ᠲᠠᠷᠢᠶᠠᠯᠠᠩ ᠢ ᠳᠡᠮᠵᠢᠬᠦ | ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ | ᠮᠠᠯ ᠠᠵᠤ ᠠᠬᠤᠶ ᠳᠤᠮᠳᠠ ᠵᠢᠵᠢᠭ ᠠᠵᠤ ᠠᠬᠤᠶᠢᠯᠠᠯ ᠳᠤ ᠭᠠᠷ ᠤᠨ ᠦᠰᠦᠭ ᠵᠢᠷᠤᠵᠤ ᠶᠠᠪᠤᠭᠤᠯᠤᠭᠰᠠᠨ | ᠬᠤᠳᠠᠯᠳᠤᠭᠠᠨ ᠤ ᠭᠤᠪᠢᠭᠤᠯᠭ᠎ᠠ ᠶᠢᠨ ᠬᠠᠭᠤᠳᠠᠰᠤ ᠶᠢ ᠡᠩ ᠲᠡᠷᠢᠭᠦᠨ ᠳᠤ ᠪᠡᠯᠡᠨ ᠵᠣᠭᠤᠰ ᠰᠣᠯᠢᠵᠤ ᠦᠭᠬᠦ ᠬᠡᠷᠡᠭᠲᠡᠢ᠃ | ᠲᠠᠷᠢᠶᠠᠯᠠᠩ ᠳᠤ ᠬᠤᠯᠪᠤᠭᠳᠠᠬᠤ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠳᠠᠮᠵᠢᠵᠤ | ᠪᠠᠶᠢᠭᠠᠳ ︽ᠲᠠᠷᠢᠶᠠᠯᠠᠩ ᠮᠠᠯ ᠠᠵᠤ ᠠᠬᠤᠢ᠂ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ︾᠂ | ᠲᠠᠷᠢᠶᠠᠯᠠᠬᠤ ᠮᠠᠯᠵᠢᠬᠤ ᠤᠷᠤᠨ ᠤ ᠵᠢᠵᠢᠭ ᠪᠢᠴᠢᠯ ᠠᠵᠤ ᠠᠬᠤᠶᠢᠯᠠᠯ ᠤᠨ ᠬᠦᠭᠵᠢᠯᠲᠡ᠂ ᠶᠠᠳᠠᠭᠤ ᠶᠢ ᠳᠡᠳᠬᠦᠵᠦ | ᠨᠡᠬᠡᠬᠡᠨ ᠬᠦᠭᠵᠢᠭᠦᠯᠬᠦ ᠳᠠᠬᠢ ᠪᠡᠯᠡ ᠮᠥᠩᠭᠦ ᠶᠢᠨ ᠳᠡᠮᠵᠢᠯᠭᠡ ᠶᠢ ᠨᠢ ᠨᠡᠮᠡᠭᠳᠡᠭᠦᠯᠵᠦ᠂ ︽ᠠᠷᠪᠠ ᠪᠠᠷ ᠪᠥᠬᠦᠨ ᠢ | ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠵᠤ ᠠᠬᠤᠢ ᠶᠢᠨ ᠰᠠᠭᠤᠷᠢ ᠶᠢ ᠰᠠᠶᠢᠲᠤᠷ | ᠲᠠᠯᠪᠢᠬᠤ ᠬᠡᠷᠡᠭᠲᠡᠢ᠃ ᠠᠳᠠᠯᠢ ᠨᠦᠭᠦᠴᠡᠯ ᠤᠨ ᠳᠣᠣᠷ᠎ᠠ᠂ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ ᠪᠠᠷ ᠶᠡᠭᠡ ᠲᠠᠷᠢᠶᠠᠯᠠᠩ ᠳᠤ ᠬᠤᠯᠪᠤᠭᠳᠠᠬᠤ | ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ᠂ ᠲᠠᠷᠢᠶᠠᠯᠠᠩ ᠢ ᠳᠡᠮᠵᠢᠬᠦ ᠵᠢᠵᠢᠭ | ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ ᠲᠠᠯᠪᠢᠬᠤ᠂ ᠳᠠᠬᠢᠨ ᠪᠡᠯᠡᠨ ᠵᠣᠭᠤᠰ ᠰᠣᠯᠢᠵᠤ ᠥᠭᠬᠦ ᠵᠡᠷᠭᠡ | ᠲᠥᠷᠦ ᠶᠢᠨ ᠪᠣᠳᠤᠯᠭ᠎ᠠ ᠶᠢᠨ ᠳᠡᠳᠭᠦᠮᠵᠢ ᠡᠩ ᠲᠡᠷᠢᠭᠦᠨ ᠳᠤ ᠣᠯᠭᠤᠵᠤ᠂ ᠲᠠᠷᠢᠶᠠᠯᠠᠩ ᠳᠤ ᠬᠤᠯᠪᠤᠭᠳᠠᠬᠤ | ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠳᠠᠬᠢ ᠪᠡᠯᠡ ᠮᠦᠩᠭᠦᠨ ᠤ ᠳᠡᠮᠵᠢᠯᠭᠡ ᠪᠠᠨ ᠦᠷᠭᠦᠯᠵᠢᠯᠡᠨ ᠨᠡᠮᠡᠭᠳᠡᠭᠦᠯᠬᠦ ᠶᠢ ᠵᠣᠷᠢᠭᠵᠢᠭᠤᠯᠬᠤ ᠬᠡᠷᠡᠭᠲᠡᠢ᠃ | | ᠵᠣᠭᠤᠰ ᠤᠨ ᠲᠥᠷᠦ ᠶᠢᠨ ᠪᠣᠳᠤᠯᠭ᠎ᠠ ᠶᠢᠨ ᠳᠡᠮᠵᠢᠯᠭᠡ ᠦᠵᠡᠭᠦᠯᠬᠦ ᠡᠷᠴᠢᠮ ᠢ ᠨᠡᠮᠡᠭᠳᠡᠭᠦᠯᠪᠡ | ︽ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠣᠷᠮ᠎ᠠ ᠶᠢ ᠬᠠᠨᠳᠤᠯᠭ᠎ᠠ ᠲᠠᠢ ᠪᠠᠷ ᠪᠠᠭᠤᠷᠠᠭᠤᠯᠬᠤ︾ | ᠲᠥᠷᠦ ᠶᠢᠨ ᠪᠣᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠲᠠᠷᠢᠶᠠᠯᠠᠩ ᠳᠤ ᠬᠤᠯᠪᠤᠭᠳᠠᠬᠤ ᠢᠲᠡᠭᠡᠮᠵᠢᠲᠦ | ᠵᠢᠭᠡᠯᠡᠯᠭᠡ ᠲᠠᠯᠪᠢᠬᠤ ᠬᠡᠮᠵᠢᠶ᠎ᠡ ᠶᠢ ᠦᠨᠡᠨ ᠬᠦ ᠨᠡᠮᠡᠭᠳᠡᠭᠦᠯᠦᠨ᠎ᠡ᠃ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠪᠣᠯᠤᠨ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ ᠤᠨ | ᠬᠦᠭᠵᠢᠯᠲᠡ ᠶᠢ ᠡᠩ ᠲᠡᠷᠢᠭᠦᠨ ᠳᠤ ᠳᠡᠮᠵᠢᠵᠦ᠂ ᠲᠠᠷᠢᠶᠠᠯᠠᠩ ᠳᠤ ᠬᠤᠯᠪᠣᠭᠳᠠᠭᠰᠠᠨ ᠢᠲᠡᠭᠡᠮᠵᠢᠲᠦ ᠵᠢᠭᠡᠯᠡᠯᠭᠡ | ᠲᠠᠯᠪᠢᠬᠤ ᠬᠡᠮᠵᠢᠶ᠎ᠡ ᠪᠠᠷ ᠶᠡᠭᠡ᠂ ᠡᠵᠡᠯᠡᠬᠦ ᠬᠠᠷᠢᠴᠠᠯ ᠨᠢ ᠦᠨᠳᠦᠷ᠂ ᠦᠷ᠎ᠡ ᠪᠦᠲᠦᠮᠵᠢ ᠪᠠᠷ ᠰᠠᠶᠢᠨ ᠤᠷᠤᠨ | ᠨᠤᠲᠤᠭ ᠤᠨ ᠬᠠᠤᠯᠢ ᠶᠢᠨ ᠡᠷᠬᠡᠲᠡᠨ ᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠪᠣᠯ᠂ ᠠᠷᠠᠳ ᠤᠨ | ᠪᠠᠩᠬᠢ ᠶᠢᠨ ᠬᠥᠬᠡᠬᠤᠲᠠ ᠭᠤᠣᠯ ᠰᠠᠯᠪᠤᠷᠢ ᠪᠠᠩᠬᠢ ᠨᠢ ᠶᠡᠷᠦᠩᠬᠡᠢ ᠪᠠᠩᠬᠢ ᠠᠴᠠ ᠪᠠᠨ ᠢᠲᠡᠭᠡᠮᠵᠢᠲᠦ ᠵᠢᠭᠡᠯᠡᠯᠭᠡ ᠶᠢᠨ | ᠲᠥᠯᠦᠪᠵᠢᠭᠦᠯᠭᠡ ᠶᠢ ᠢᠳᠡᠪᠬᠢᠯᠡᠨ ᠣᠯᠵᠤ᠂ ᠣᠨ ᠤ ᠢᠲᠡᠭᠡᠮᠵᠢᠲᠦ ᠵᠢᠭᠡᠯᠡᠯᠭᠡ ᠶᠢᠨ ᠲᠥᠯᠥᠪᠵᠢᠭᠦᠯᠭᠡ ᠶᠢ | ᠲᠥᠰᠦᠭᠡᠯᠡᠨ ᠪᠣᠳᠤᠬᠤ ᠳᠠᠭᠠᠨ᠂ ᠢᠯᠡᠳᠭᠡᠮᠵᠢ ᠶᠢ ᠨᠢ ᠵᠣᠬᠢᠰᠲᠠᠶ ᠲᠣᠬᠢᠷᠠᠭᠤᠯᠵᠤ᠂ ᠭᠤᠣᠯᠳᠠᠯᠭ᠎ᠠ ᠲᠠᠢ ᠳᠡᠮᠵᠢᠯᠭᠡ | ᠦᠵᠡᠭᠦᠯᠦᠨ᠎ᠡ᠃ ᠢᠯᠠᠩᠭᠤᠶ᠎ᠠ ᠢᠲᠡᠭᠡᠮᠵᠢᠲᠦ ᠵᠢᠭᠡᠯᠡᠯᠭᠡ ᠶᠢᠨ ᠵᠠᠭᠪᠤᠷ ᠬᠢᠭᠡᠳ ᠨᠡᠷᠡᠯᠡᠭᠳᠡᠬᠦᠨ ᠤ ᠰᠢᠨ᠎ᠡ ᠶᠢ ᠡᠭᠦᠳᠴᠦ᠂ | ︽ᠠᠷᠪᠠ ᠪᠠᠷ ᠪᠦᠬᠦᠨ ᠢ ᠬᠠᠮᠤᠷᠬᠤ︾ ᠪᠦᠲᠦᠭᠡᠨ ᠪᠠᠶᠢᠭᠤᠯᠤᠯᠲᠠ ᠶᠢ ᠬᠦᠴᠦᠲᠡᠢ ᠳᠡᠮᠵᠢᠭᠰᠡᠨ ᠤᠷᠤᠨ | ᠨᠤᠲᠤᠭ ᠤᠨ ᠬᠠᠤᠯᠢ ᠶᠢᠨ ᠡᠷᠬᠡᠲᠡᠨ ᠲᠠᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠢᠯᠡᠭᠦᠬᠡᠨ ᠳᠡᠮᠵᠢᠯᠭᠡ | ᠦᠵᠡᠭᠦᠯᠦᠨ᠎ᠡ᠃ | ︽ᠴᠣᠩᠬᠤᠨ ᠵᠢᠯᠤᠭᠤᠳᠤᠯᠭ᠎ᠠ︾ ᠶᠢᠨ ᠦᠢᠯᠡᠳᠦᠯ ᠢ ᠪᠠᠳᠠᠷᠠᠭᠤᠯᠪᠠ | ᠡᠯ᠎ᠡ ᠱᠠᠲᠤᠨ ᠤ ᠠᠷᠠᠳ ᠤᠨ ᠪᠠᠩᠬᠢ ᠨᠤᠭᠤᠳ ᠲᠥᠷᠦ ᠶᠢᠨ ᠪᠣᠳᠤᠯᠭ᠎ᠠ ᠪᠠᠷ ᠬᠥᠲᠥᠯᠥᠨ ᠵᠢᠯᠣᠭᠤᠳᠬᠤ ᠪᠠ | ᠴᠣᠩᠬᠤᠨ ᠵᠢᠯᠤᠭᠤᠳᠤᠯᠭ᠎ᠠ ᠬᠢᠬᠦ ᠪᠠᠨ ᠴᠢᠩᠭᠠᠳᠬᠠᠵᠤ᠂ ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢᠨ | ᠳᠠᠮᠵᠢᠭᠤᠯᠭ᠎ᠠ ᠶᠢᠨ ᠴᠠᠭ ᠲᠤᠬᠠᠶᠢᠴᠢ ᠴᠢᠨᠠᠷ ᠪᠠ ᠪᠦᠲᠦᠮᠵᠢᠲᠦ ᠴᠢᠨᠠᠷ ᠢ ᠨᠡᠮᠡᠭᠳᠡᠭᠦᠯᠬᠦ ᠬᠡᠷᠡᠭᠲᠡᠢ᠃ ᠲᠤᠬᠠᠢ ᠶᠢᠨ | ᠭᠠᠵᠠᠷ ᠶᠢᠨ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠪᠣᠯᠤᠨ ᠲᠠᠷᠢᠶᠠᠯᠠᠩ ᠮᠠᠯ ᠠᠵᠤ ᠠᠬᠤᠶ ᠶᠢᠨ | ᠠᠵᠤ ᠦᠢᠯᠡᠰᠴᠢᠯᠡᠯᠲᠡ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠲᠣᠭᠤᠷᠢᠨ ᠳᠤ᠂ ᠲᠠᠷᠢᠶᠠᠯᠠᠩ ᠮᠠᠯ ᠠᠵᠤ | ᠠᠬᠤᠢ ᠳᠤ ᠬᠤᠯᠪᠤᠭᠳᠠᠭᠰᠠᠨ ᠵᠢᠭᠡᠯᠡᠯᠭᠡ ᠲᠠᠯᠪᠢᠬᠤ ᠶᠢ ᠬᠥᠲᠥᠯᠥᠨ ᠵᠢᠯᠣᠭᠤᠳᠬᠤ᠂ ᠮᠠᠯᠵᠢᠬᠤ ᠲᠠᠷᠢᠶᠠᠯᠠᠬᠤ | ᠤᠷᠤᠨ ᠤ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠰᠠᠶᠢᠵᠢᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢᠨ | ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠲᠦᠯᠬᠢᠨ ᠠᠬᠢᠭᠤᠯᠬᠤ ᠳᠠᠬᠢ ᠢᠲᠡᠭᠡᠮᠵᠢᠲᠦ | ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ | ᠬᠦᠦ ᠮᠥᠩᠭᠦ ᠶᠢᠨ ᠨᠣᠷᠮ᠎ᠠ ᠶᠢᠨ ᠦᠨ᠎ᠡ ᠲᠣᠭᠲᠠᠭᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ | ᠠᠷᠠᠳ ᠤᠨ ᠪᠠᠩᠬᠢ ᠶᠢᠨ ᠲᠠᠷᠢᠶᠠᠯᠠᠩ ᠢ ᠳᠡᠮᠵᠢᠬᠦ ᠵᠢᠵᠢᠭ ᠠᠵᠤ ᠠᠬᠤᠶᠢᠯᠠᠯ ᠢ ᠳᠡᠮᠵᠢᠬᠦ ᠳᠠᠬᠢᠨ ᠵᠢᠭᠡᠯᠡᠯᠭᠡ | ᠲᠠᠯᠪᠢᠬᠤ ᠶᠢᠨ ᠬᠢᠵᠠᠭᠠᠷᠲᠤ ᠬᠦᠦ ᠮᠥᠩᠭᠦ ᠨᠡᠮᠡᠬᠦ ᠲᠥᠷᠦ ᠶᠢᠨ ᠪᠣᠳᠤᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠪᠦᠬᠦ | ᠤᠷᠤᠨ ᠤ ᠪᠠᠩᠬᠢ ᠶᠢᠨ ᠦᠢᠯᠡᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠭᠤᠴᠠᠭ᠎ᠠ ᠬᠤᠪᠢᠶᠠᠭᠰᠠᠨ᠂ | ᠪᠠᠶᠢᠭᠤᠯᠤᠮᠵᠢ ᠬᠤᠪᠢᠶᠠᠭᠰᠠᠨ ᠬᠦᠦ ᠮᠥᠩᠭᠦ ᠶᠢᠨ ᠨᠣᠷᠮ᠎ᠠ ᠶᠢᠨ ᠬᠢᠨᠠᠨ ᠬᠡᠮᠵᠢᠵᠦ ᠵᠠᠳᠠᠯᠤᠯᠲᠠ ᠬᠢᠭᠰᠡᠨ ᠮᠡᠳᠡᠭᠦᠯᠦᠯᠲᠡ | ᠪᠠ ᠲᠤᠭ᠎ᠠ ᠪᠠᠷᠢᠮᠳᠠ ᠶᠢ ᠲᠣᠭᠲᠠᠮᠠᠯ ᠬᠤᠭᠤᠴᠠᠭ᠎ᠠ ᠲᠠᠢ ᠪᠠᠷ ᠨᠡᠶᠢᠲᠡᠯᠡᠵᠦ᠂ ᠪᠠᠩᠬᠢ ᠶᠢᠨ ᠦᠢᠯᠡᠰ ᠤᠨ ᠮᠦᠩᠭᠦᠨ | ᠭᠦᠢᠯᠭᠡᠭᠡᠨ ᠤ ᠪᠠᠶᠢᠭᠤᠯᠤᠮᠵᠢ ᠶᠢ ᠬᠦᠲᠦᠯᠦᠨ ᠵᠢᠯᠤᠭᠤᠳᠴᠤ ᠪᠠᠶᠢᠭᠠᠳ ᠬᠦᠦ ᠮᠦᠩᠭᠦ ᠶᠢᠨ ᠨᠣᠷᠮ᠎ᠠ ᠶᠢᠨ ᠦᠨ᠎ᠡ | ᠲᠣᠭᠲᠠᠭᠠᠬᠤ ᠲᠣᠭᠲᠠᠴᠠ ᠶᠢ ᠨᠢ ᠰᠢᠯᠢᠳᠡᠭᠵᠢᠭᠦᠯᠵᠦ᠂ ᠲᠠᠷᠢᠶᠠᠯᠠᠩ ᠲᠠᠷᠢᠶᠠᠯᠠᠬᠤ ᠤᠷᠤᠨ ᠲᠠᠷᠢᠶᠠᠴᠢᠳ ᠲᠤ | ᠰᠠᠨᠠᠭᠠᠴᠢᠯᠠᠭ᠎ᠠ ᠲᠠᠢ ᠪᠠᠷ ᠦᠪᠡᠷ ᠤᠨ ᠦᠷᠲᠡᠭ ᠢ ᠪᠠᠭᠤᠷᠠᠭᠤᠯᠤᠨ ᠠᠰᠢᠭ ᠲᠠᠯᠪᠢᠨ᠎ᠠ᠃ ᠤᠷᠤᠨ ᠨᠤᠲᠤᠭ ᠤᠨ | ᠵᠠᠰᠠᠭ ᠤᠨ ᠤᠷᠳᠤᠨ ᠣᠯᠭᠤᠭᠰᠠᠨ ᠡᠳ᠋ ᠤᠨ ᠵᠠᠰᠠᠭ ᠤᠨ ᠳᠠᠮ ᠬᠦᠦ ᠥᠭᠬᠦ᠂ ᠲᠦᠭᠰᠢᠭᠦᠷᠢ ᠳᠤ ᠨᠦᠭᠦᠪᠦᠷᠢᠯᠡᠭᠰᠡᠨ | ᠵᠢᠭᠡᠯᠡᠯᠭᠡ᠂ ᠪᠠᠷᠢᠴᠠᠭᠠᠯᠠᠵᠤ ᠳᠠᠨᠵᠢᠯᠠᠬᠤ ᠠᠷᠭ᠎ᠠ ᠮᠠᠶ᠋ᠢᠭ ᠪᠤᠶᠤ ᠳᠠᠭᠠᠳᠬᠠᠯ᠂ ᠳᠠᠭᠠᠭᠠᠯᠲᠠ ᠬᠢᠬᠦ ᠲᠣᠭᠲᠠᠴᠠ ᠶᠢ | ᠣᠷᠤᠭᠤᠯᠵᠤ ᠢᠷᠡᠬᠦ ᠪᠠᠷ ᠳᠠᠮᠵᠢᠭᠤᠯᠤᠨ ᠲᠠᠯᠪᠢᠭᠰᠠᠨ ᠵᠢᠭᠡᠯᠡᠯᠭᠡ ᠳᠤ᠂ ᠮᠦᠩᠭᠦᠨ ᠭᠦᠢᠯᠡᠭᠡᠭᠡᠨ ᠤ ᠪᠠᠶᠢᠭᠤᠯᠤᠮᠵᠢ | ᠨᠤᠭᠤᠳ ᠵᠦᠶ ᠵᠣᠬᠢᠰᠲᠠᠶ ᠦᠨ᠎ᠡ ᠲᠣᠭᠲᠠᠭᠠᠵᠤ᠂ ᠬᠦᠦ ᠮᠥᠩᠭᠦ ᠶᠢᠨ ᠨᠣᠷᠮ᠎ᠠ ᠶᠢ ᠵᠠᠷᠴᠢᠮ ᠳᠡᠭᠡᠷ᠎ᠡ ᠪᠠᠨ ᠲᠤᠰ | ᠪᠠᠶᠢᠭᠤᠯᠤᠮᠵᠢ ᠶᠢᠨ ᠠᠳᠠᠯᠢ ᠲᠦᠷᠦᠯ ᠠᠳᠠᠯᠢ ᠳᠡᠰ ᠤᠨ ᠵᠢᠭᠡᠯᠡᠯᠭᠡ ᠶᠢᠨ ᠬᠦᠦ ᠮᠥᠩᠭᠦ ᠶᠢᠨ ᠨᠣᠷᠮ᠎ᠠ ᠶᠢᠨ ᠳᠤᠮᠳᠠᠴᠢ | ᠬᠢᠷᠢ ᠬᠡᠮᠵᠢᠶ᠎ᠡ ᠠᠴᠠ ᠳᠣᠣᠷ᠎ᠠ ᠪᠠᠶᠢᠯᠭᠠᠬᠤ ᠬᠡᠷᠡᠭᠲᠡᠢ᠃ | ᠮᠦᠩᠭᠦᠨ ᠭᠦᠢᠯᠭᠡᠭᠡᠨ ᠤ ᠪᠠᠶᠢᠭᠤᠯᠤᠮᠵᠢ ᠳᠠᠪᠠᠭᠤᠯᠢᠭ ᠢᠶᠠᠨ ᠢᠯᠡᠷᠡᠭᠦᠯᠵᠦ ᠲᠥᠷᠦ ᠶᠢᠨ ᠪᠣᠳᠤᠯᠭ᠎ᠠ ᠶᠢᠨ | ᠴᠢᠨᠠᠷᠲᠠᠢ ᠮᠦᠩᠭᠦᠨ ᠭᠦᠢᠯᠭᠡᠭᠡ ᠶᠢᠨ ᠬᠥᠲᠥᠯᠥᠨ ᠵᠢᠯᠣᠭᠤᠳᠬᠤ ᠦᠢᠯᠡᠳᠦᠯ ᠢ ᠪᠠᠳᠠᠷᠠᠭᠤᠯᠪᠠ | ᠤᠯᠤᠰ ᠤᠨ ᠨᠡᠬᠡᠬᠡᠯᠲᠡ ᠶᠢᠨ ᠪᠠᠩᠬᠢ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ | ᠵᠢᠭᠡᠯᠡᠯᠭᠡ ᠶᠢᠨ ᠲᠤᠬᠠᠶᠢᠯᠠᠭᠰᠠᠨ ᠠᠵᠢᠯ ᠤᠨ ᠳᠠᠪᠠᠭᠤᠯᠢᠭ ᠢᠶᠠᠨ ᠪᠠᠳᠠᠷᠠᠭᠤᠯᠵᠤ᠂ ᠪᠡᠯᠡ ᠲᠣᠬᠢᠷᠠᠭᠤᠯᠬᠤ ᠵᠠᠭᠪᠤᠷ ᠪᠠ | ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠮᠠᠯᠵᠢᠬᠤ ᠲᠠᠷᠢᠶᠠᠯᠠᠬᠤ | ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠡᠷᠡᠭᠲᠡᠢ᠃ ᠮᠠᠯᠵᠢᠬᠤ ᠲᠠᠷᠢᠶᠠᠯᠠᠬᠤ | ᠤᠷᠤᠨ ᠤ ᠨᠤᠷᠠᠬᠤ ᠠᠶᠤᠯᠲᠠᠶ ᠪᠠᠶᠢᠰᠢᠩ ᠢ ᠵᠠᠰᠠᠨ ᠰᠢᠨᠡᠳᠭᠡᠬᠦ ᠢᠨᠵᠧᠨᠧᠷᠢᠩ ᠳᠠᠬᠢ ᠪᠡᠯᠡ ᠮᠦᠩᠭᠦ ᠶᠢᠨ ᠳᠡᠮᠵᠢᠯᠭᠡ | ᠦᠵᠡᠭᠦᠯᠬᠦ ᠡᠷᠴᠢᠮ ᠢᠶᠠᠨ ᠴᠢᠩᠭᠠᠷᠠᠭᠤᠯᠵᠤ᠂ ᠭᠡᠷ᠎ᠡ ᠲᠣᠭᠲᠠᠬᠤ ᠭᠠᠷᠳᠠᠮ ᠢᠶᠠᠨ ᠤᠯᠠᠮ ᠨᠢᠭᠡ ᠠᠯᠬᠤᠮ | ᠳᠥᠭᠦᠮᠴᠢᠯᠡᠨ᠂ ᠤᠷᠢᠳᠠᠪᠠᠷ ᠬᠢᠨᠠᠨ ᠵᠦᠪᠰᠢᠶᠡᠷᠡᠨ᠂ ᠵᠢᠭᠡᠯᠡᠯᠭᠡ ᠲᠠᠯᠪᠢᠵᠤ᠂ ᠮᠠᠯᠴᠢᠨ ᠲᠠᠷᠢᠶᠠᠴᠢᠳ ᠤᠨ ᠪᠡᠯᠡ | ᠮᠦᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠬᠠᠩᠭᠠᠬᠤ ᠬᠡᠷᠡᠭᠲᠡᠢ᠃ ᠮᠠᠯᠵᠢᠬᠤ ᠲᠠᠷᠢᠶᠠᠯᠠᠬᠤ | ᠤᠷᠤᠨ ᠤ ᠨᠤᠷᠠᠬᠤ ᠠᠶᠤᠯᠲᠠᠶ ᠪᠠᠶᠢᠰᠢᠩ ᠢ ᠵᠠᠰᠠᠨ ᠰᠢᠨᠡᠳᠭᠡᠬᠦ ᠶᠢᠨ ᠢᠵᠢ ᠪᠦᠷᠢᠯᠳᠦᠭᠦᠯᠬᠦ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ᠂ ᠠᠶᠤᠯ ᠦᠭᠡᠢ ᠤᠤᠭᠤᠬᠤ ᠤᠰᠤ᠂ ᠭᠠᠴᠠᠭ᠎ᠠ ᠲᠣᠰᠬᠤᠨ ᠤ ᠵᠡᠭᠡᠯᠢ | ᠭᠤᠲᠤᠮᠵᠢ ᠶᠢ ᠬᠠᠲᠠᠭᠤᠷᠠᠭᠤᠯᠬᠤ᠂ ᠭᠠᠴᠠᠭ᠎ᠠ ᠲᠤᠰᠬᠤᠨ ᠪᠦᠬᠦᠨ ᠳᠤ ᠴᠠᠬᠢᠯᠭᠠᠨ ᠨᠡᠪᠲᠡᠷᠡᠭᠦᠯᠬᠦ ᠪᠠ ᠬᠥᠳᠡᠭᠡ | ᠲᠤᠰᠬᠤᠨ ᠤ ᠴᠠᠬᠢᠯᠭᠠᠨ ᠲᠣᠣᠷ ᠤ ᠥᠭᠡᠷᠡᠴᠢᠯᠡᠨ ᠳᠡᠰ ᠳᠡᠪᠰᠢᠭᠦᠯᠬᠦ᠂ ᠭᠠᠴᠠᠭ᠎ᠠ ᠲᠣᠰᠬᠤᠨ ᠪᠦᠬᠦᠨ ᠳᠤ ᠷᠠᠳᠢᠣ᠋ | ᠲᠧᠯᠸᠢᠰ ᠴᠢᠮᠡᠭᠡ ᠨᠡᠪᠲᠡᠷᠯᠡᠭᠡ ᠨᠡᠪᠲᠡᠷᠡᠭᠦᠯᠬᠦ ᠵᠡᠷᠭᠡ ᠢᠨᠵᠧᠨᠧᠷᠢᠩ ᠢ ᠢᠳᠡᠪᠬᠢᠲᠡᠢ ᠳᠡᠮᠵᠢᠵᠦ᠂ ᠡᠩ ᠲᠡᠷᠢᠭᠦᠨ ᠳᠤ | ᠬᠢᠨᠠᠨ ᠵᠥᠪᠰᠢᠶᠡᠷᠡᠵᠦ᠂ ᠵᠢᠭᠡᠯᠡᠯᠭᠡ ᠲᠠᠯᠪᠢᠨ᠂ ᠲᠤᠰᠬᠠᠶ ᠵᠣᠭᠤᠰ ᠢ ᠲᠤᠰᠬᠠᠢ ᠵᠦᠢᠯ ᠳᠤᠨᠢ ᠬᠡᠷᠡᠭᠯᠡᠭᠦᠯᠦᠨ᠂ ︽ | ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠢ᠃ | ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠬᠢ ᠨᠤᠭᠤᠳ ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ | ᠠᠬᠤᠢ ᠶᠢᠨ ᠨᠡᠬᠡᠬᠡᠯᠲᠡ ᠬᠢᠬᠦ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠳᠠᠬᠢ ᠤᠷᠲᠤᠪᠲᠤᠷ ᠪᠠ ᠤᠷᠲᠤ ᠬᠤᠭᠤᠴᠠᠭᠠᠨ ᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ | ᠦᠵᠡᠭᠦᠯᠬᠦ ᠪᠠᠨ ᠨᠡᠮᠡᠭᠳᠡᠭᠦᠯᠵᠦ᠂ ᠨᠡᠷᠡᠳᠬᠦᠨ᠂ ᠦᠢᠯᠡᠴᠢᠯᠡᠭᠡ᠂ ᠪᠠᠷᠢᠴᠠᠭᠠᠯᠠᠵᠤ ᠳᠠᠨᠵᠢᠯᠠᠬᠤ ᠠᠷᠭ᠎ᠠ ᠮᠠᠶ᠋ᠢᠭ ᠵᠡᠷᠭᠡ | ᠲᠠᠯ᠎ᠠ ᠪᠠᠷ ᠨᠡᠬᠡᠬᠡᠯᠲᠡ ᠬᠢᠬᠦ ᠪᠠ ᠰᠢᠨ᠎ᠡ ᠶᠢ ᠡᠭᠦᠳᠬᠦ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠴᠠᠬᠢᠯᠭᠠᠨ ᠤ | ᠲᠣᠣᠷ ᠢ ᠳᠡᠰ ᠳᠡᠪᠰᠢᠭᠦᠯᠬᠦ ᠵᠡᠷᠭᠡ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠪᠡᠯᠡᠳᠭᠡᠮᠵᠢ ᠶᠢᠨ ᠪᠦᠲᠦᠭᠡᠨ | ᠪᠠᠶᠢᠭᠤᠯᠤᠯᠲᠠ ᠳᠠᠬᠢ ᠣᠷᠤᠭᠤᠯᠤᠯᠲᠠ ᠪᠠᠨ ᠠᠯᠬᠤᠮ ᠠᠯᠬᠤᠮ ᠢᠶᠠᠷ ᠦᠷᠭᠡᠳᠬᠡᠵᠦ᠂ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠳᠠᠬᠢ ᠪᠡᠯᠡ ᠮᠦᠩᠭᠦ ᠶᠢᠨ ᠳᠡᠮᠵᠢᠯᠭᠡ ᠦᠵᠡᠭᠦᠯᠬᠦ ᠪᠠᠨ ᠦᠷᠭᠦᠯᠵᠢᠯᠡᠨ ᠨᠡᠮᠡᠭᠳᠡᠭᠦᠯᠬᠦ | ᠬᠡᠷᠡᠭᠲᠡᠢ᠃ | ᠬᠤᠳᠠᠯᠳᠤᠭᠠᠨ ᠤ ᠴᠢᠨᠠᠷᠲᠠᠢ ᠮᠦᠩᠭᠦᠨ ᠭᠦᠢᠯᠭᠡᠭᠡᠨ ᠤ ᠳᠡᠮᠵᠢᠯᠭᠡ ᠦᠵᠡᠭᠦᠯᠬᠦ ᠦᠢᠯᠡᠳᠦᠯ ᠢ ᠪᠠᠳᠠᠷᠠᠭᠤᠯᠪᠠ | ᠡᠯ᠎ᠡ ᠬᠤᠳᠠᠯᠳᠤᠭᠠᠨ ᠤ ᠪᠠᠩᠬᠢ ᠨᠢ ᠲᠤᠰ ᠪᠡᠶ᠎ᠡ ᠶᠢᠨ ᠣᠨᠴᠠᠯᠢᠭ ᠢᠶᠠᠨ ᠦᠨᠳᠦᠰᠦᠯᠡᠨ᠂ ᠳᠠᠪᠠᠭᠤᠯᠢᠭ ᠢᠶᠠᠨ | ᠪᠠᠳᠠᠷᠠᠭᠤᠯᠵᠤ᠂ ᠦᠨᠡᠨ ᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠭᠰᠡᠨ | ᠡᠵᠡᠩᠨᠡᠯᠲᠡ ᠵᠢᠴᠢ ᠮᠠᠯᠵᠢᠬᠤ ᠲᠠᠷᠢᠶᠠᠯᠠᠬᠤ ᠤᠷᠤᠨ ᠤ ᠨᠡᠶᠢᠭᠡᠮ ᠤᠨ ᠦᠢᠯᠡᠰ ᠤᠨ ᠬᠦᠭᠵᠢᠯᠲᠡ ᠶᠢ ᠳᠡᠮᠵᠢᠬᠦ ᠵᠡᠷᠭᠡ | ᠲᠦᠷᠦᠯ ᠵᠦᠢᠯ ᠳᠠᠬᠢ ᠪᠡᠯᠡ ᠮᠦᠩᠭᠦ ᠶᠢᠨ ᠣᠷᠤᠭᠤᠯᠤᠯᠲᠠ ᠶᠢᠨ ᠠᠵᠢᠯ ᠢ ᠰᠠᠶᠢᠲᠤᠷ ᠬᠢᠵᠦ᠂ ᠬᠥᠳᠡᠭᠡ ᠲᠣᠰᠬᠤᠨ ᠤ | ᠴᠠᠬᠢᠯᠭᠠᠨ ᠤ ᠲᠣᠣᠷ ᠤᠨ ᠦᠭᠡᠷᠴᠢᠯᠡᠯᠲᠡ᠂ ᠮᠠᠯᠵᠢᠬᠤ ᠲᠠᠷᠢᠶᠠᠯᠠᠬᠤ ᠤᠷᠤᠨ ᠤ ᠤᠤᠭᠤᠬᠤ ᠤᠰᠤᠨ ᠤ ᠠᠮᠤᠷ | ᠲᠦᠪᠰᠢᠨ᠂ ᠲᠠᠸᠠᠷ ᠤᠨ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠴᠢᠬᠤᠯᠠ ᠶᠡᠭᠡ ᠲᠦᠷᠦᠯ ᠵᠦᠢᠯ | ᠳᠤ ᠭᠤᠣᠯᠳᠠᠯᠭ᠎ᠠ ᠲᠠᠢ ᠳᠡᠮᠵᠢᠯᠭᠡ ᠦᠵᠡᠭᠦᠯᠬᠦ ᠬᠡᠷᠡᠭᠲᠡᠢ᠃ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ | ᠤᠨ ᠪᠦᠲᠦᠭᠡᠨ ᠪᠠᠶᠢᠭᠤᠯᠤᠯᠲᠠ ᠳᠤ ᠤᠷᠤᠯᠴᠠᠭᠰᠠᠨ ᠨᠢᠭᠡᠴᠡ ᠪᠣᠯᠤᠨ ᠠᠵᠤ ᠠᠬᠤᠶᠢᠯᠠᠯ ᠤᠨ ᠢᠲᠡᠭᠡᠮᠵᠢᠲᠦ | ᠵᠢᠭᠡᠯᠡᠯᠭᠡ ᠶᠢᠨ ᠬᠡᠷᠡᠭᠴᠡᠭᠡ ᠱᠠᠭᠠᠷᠳᠠᠯᠭ᠎ᠠ ᠶᠢ ᠴᠢᠷᠮᠠᠶᠢᠨ ᠬᠠᠩᠭᠠᠵᠤ᠂ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠬᠦ ᠬᠡᠷᠡᠭᠲᠡᠢ᠃ | ᠰᠢᠤᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠩᠬᠢ ᠶᠢᠨ ᠨᠦᠬᠦᠪᠦᠷᠢᠯᠡᠬᠦ ᠦᠢᠯᠡᠳᠦᠯ ᠢ ᠪᠠᠳᠠᠷᠠᠭᠤᠯᠪᠠ | ᠰᠢᠤᠳᠠᠨ ᠤ ᠶᠠᠪᠤᠳᠠᠯ ᠤᠨ ᠬᠠᠳᠠᠭᠠᠯᠠᠮᠵᠢ ᠶᠢᠨ ᠪᠠᠩᠬᠢ ᠨᠤᠭᠤᠳ ᠮᠠᠯᠵᠢᠬᠤ ᠲᠠᠷᠢᠶᠠᠯᠠᠬᠤ ᠤᠷᠤᠨ ᠳᠤ | ᠨᠡᠶᠢᠳᠡᠮ ᠲᠠᠷᠬᠠᠵᠤ ᠪᠠᠶᠢᠭ᠎ᠠ ᠲᠣᠣᠷ ᠰᠦᠯᠵᠢᠶᠡᠨ ᠤ ᠳᠠᠪᠠᠭᠤᠯᠢᠭ ᠢᠶᠠᠨ ᠭᠦᠢᠴᠡᠳ ᠠᠰᠢᠭᠯᠠᠨ᠂ ᠮᠠᠯᠵᠢᠬᠤ | ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠲᠤᠬᠠᠶᠢᠯᠠᠭᠰᠠᠨ ᠠᠵᠢᠯ ᠢᠶᠠᠨ ᠦᠷᠭᠦᠯᠵᠢᠯᠡᠨ ᠦᠷᠭᠡᠵᠢᠭᠦᠯᠵᠦ᠂ | ᠮᠠᠯᠵᠢᠬᠤ ᠲᠠᠷᠢᠶᠠᠯᠠᠬᠤ ᠤᠷᠤᠨ ᠳᠠᠬᠢ ᠡᠯ᠎ᠡ ᠲᠦᠷᠦᠯ ᠤᠨ ᠢᠲᠡᠭᠡᠮᠵᠢᠲᠦ ᠵᠢᠭᠡᠯᠡᠯᠭᠡ ᠶᠢᠨ ᠤᠷᠤᠭᠤᠯᠤᠯᠲᠠ ᠪᠠᠨ | ᠨᠡᠮᠡᠭᠳᠡᠭᠦᠯᠵᠦ᠂ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠲᠤᠬᠠᠶᠢᠯᠠᠭᠰᠠᠨ ᠠᠵᠢᠯ ᠤᠨ ᠬᠡᠪᠴᠢᠶ᠎ᠡ ᠪᠠᠨ | ᠦᠷᠭᠡᠳᠬᠡᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠳᠤ ᠠᠯᠬᠤᠮ | ᠠᠯᠬᠤᠮ ᠢᠶᠠᠷ ᠰᠢᠮᠡᠳᠦᠨ ᠣᠷᠤᠬᠤ ᠬᠡᠷᠡᠭᠲᠡᠢ᠃ | ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ ᠢᠨᠵᠧᠨᠧᠷᠢᠩ︾ ᠤᠨ | ᠰᠠᠭᠤᠷᠢ ᠦᠢᠯᠡᠳᠦᠯ ᠢ ᠪᠠᠳᠠᠷᠠᠭᠤᠯᠪᠠ | ᠲᠠᠷᠢᠶᠠᠯᠠᠩ ᠤᠨ ᠪᠠᠩᠬᠢ ᠨᠤᠭᠤᠳ ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ ᠠᠷᠠᠳ ᠢ | ᠪᠠᠶᠠᠵᠢᠭᠤᠯᠬᠤ ᠢᠨᠵᠧᠨᠧᠷᠢᠩ︾ ᠬᠢᠭᠡᠳ ︽ᠠᠷᠪᠠ ᠪᠠᠷ ᠪᠦᠬᠦᠨ ᠢ ᠬᠠᠮᠤᠷᠬᠤ︾ ᠶᠢ ᠣᠷᠭᠠᠨᠢᠭ ᠢᠶᠠᠷ | ᠤᠶᠠᠯᠳᠤᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠮᠦᠩᠭᠦ ᠶᠢᠨ ᠬᠡᠷᠡᠭᠴᠡᠭᠡ | ᠱᠠᠭᠠᠷᠳᠠᠯᠭ᠎ᠠ ᠶᠢ ᠡᠩ ᠲᠡᠷᠢᠭᠦᠨ ᠳᠤ ᠬᠠᠩᠭᠠᠬᠤ ᠬᠡᠷᠡᠭᠲᠡᠢ᠃ ᠬᠤᠯᠪᠤᠭᠳᠠᠯ ᠪᠦᠬᠦᠢ ᠰᠠᠯᠠᠭ᠎ᠠ ᠮᠦᠴᠢᠷ ᠤᠳ | ᠦᠷᠢᠰᠦᠯᠳᠦᠬᠦ ᠲᠣᠭᠲᠠᠴᠠ ᠶᠢ ᠣᠷᠤᠭᠤᠯᠵᠤ ᠢᠷᠡᠨ᠂ ᠡᠯ᠎ᠡ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢ | ᠵᠣᠷᠢᠭᠵᠢᠭᠤᠯᠵᠤ ᠪᠠᠶᠢᠭᠠᠳ ︽ᠮᠦᠩᠭᠦᠨ ᠭᠦᠢᠯᠭᠡᠭᠡᠨ ᠤ ᠶᠠᠳᠠᠭᠤ ᠶᠢ ᠳᠡᠳᠬᠦᠵᠦ ᠠᠷᠠᠳ ᠢ ᠪᠠᠶᠠᠵᠢᠭᠤᠯᠬᠤ | ᠢᠨᠵᠧᠨᠧᠷᠢᠩ︾ ᠳᠤ ᠢᠳᠡᠪᠬᠢᠲᠡᠢ ᠣᠷᠣᠯᠴᠠᠭᠤᠯᠤᠨ᠂ ︽ᠮᠦᠩᠭᠦᠨ ᠭᠦᠢᠯᠭᠡᠭᠡᠨ ᠢᠶᠠᠷ ᠶᠠᠳᠠᠭᠤ ᠶᠢ ᠳᠡᠳᠬᠦᠵᠦ | ᠠᠷᠠᠳ ᠢ ᠪᠠᠶᠠᠵᠢᠭᠤᠯᠬᠤ ᠢᠨᠵᠧᠨᠧᠷᠢᠩ︾ ᠤᠨ ᠠᠵᠢᠯ ᠤᠨ ᠭᠦᠨᠵᠡᠭᠡᠶᠢᠷᠡᠬᠦ᠂ ᠦᠷᠭᠦᠯᠵᠢᠯᠡᠨ ᠦᠷᠨᠢᠬᠦ ᠶᠢ ᠲᠦᠯᠬᠢᠨ | ᠠᠬᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ | ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠤᠯᠠᠨ ᠡᠰᠢᠵᠢᠭᠦᠯᠵᠦ ᠮᠦᠩᠭᠦᠨ ᠭᠦᠢᠯᠭᠡᠭᠡᠨ ᠤ ᠨᠡᠷᠡᠳᠬᠦᠨ᠂ | ᠬᠦᠦ ᠮᠦᠩᠭᠦ ᠶᠢᠨ ᠨᠤᠷᠮ᠎ᠠ ᠵᠡᠷᠭᠡ ᠦᠢᠯᠡᠴᠢᠯᠡᠭᠡ ᠶᠢᠨ ᠵᠠᠭᠪᠤᠷ ᠤᠨ ᠰᠢᠨ᠎ᠡ ᠶᠢ ᠡᠭᠦᠳᠪᠡ | ᠢᠲᠡᠭᠡᠮᠵᠢᠲᠦ ᠵᠢᠭᠡᠯᠡᠯᠭᠡ ᠶᠢᠨ ᠲᠥᠷᠦ ᠶᠢᠨ ᠪᠣᠳᠤᠯᠭ᠎ᠠ ᠶᠢ ᠠᠮᠢᠳᠤᠯᠢᠭ ᠢᠶᠠᠷ ᠬᠡᠷᠡᠭᠯᠡᠨ᠂ ︽ᠠᠷᠪᠠ ᠪᠠᠷ | ᠪᠦᠬᠦᠨ ᠢ ᠬᠠᠮᠤᠷᠬᠤ︾ ᠢᠨᠵᠧᠨᠧᠷᠢᠩ ᠤᠨ ᠤᠨᠴᠠᠯᠢᠭ ᠲᠤ ᠴᠢᠭᠯᠡᠭᠦᠯᠦᠨ᠂ ᠣᠳᠣ ᠪᠠᠶᠢᠭ᠎ᠠ ᠲᠤᠬᠠᠶᠢᠯᠠᠭᠰᠠᠨ | ᠠᠵᠢᠯ ᠤᠨ ᠲᠦᠷᠦᠯ ᠵᠦᠢᠯ ᠳᠡᠭᠡᠨ ᠰᠢᠪᠲᠤᠯᠤᠯᠲᠠ ᠬᠢᠵᠦ᠂ ᠨᠢᠭᠡᠳᠦᠯᠲᠡᠢ ᠵᠢᠭᠡᠯᠡᠵᠦ ᠬᠤᠪᠢᠶᠠᠨ ᠬᠡᠷᠡᠭᠯᠡᠬᠦ ᠵᠡᠷᠭᠡ | ᠠᠷᠭ᠎ᠠ ᠮᠠᠶ᠋ᠢᠭ ᠢ ᠠᠪᠴᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠮᠦᠩᠭᠦ ᠶᠢᠨ | ᠣᠷᠤᠭᠤᠯᠤᠯᠲᠠ ᠶᠢ ᠪᠦᠲᠦᠮᠵᠢᠲᠡᠢ ᠪᠠᠷ ᠥᠷᠭᠡᠳᠬᠡᠬᠦ ᠬᠡᠷᠡᠭᠲᠡᠢ᠃ ᠮᠠᠯᠵᠢᠬᠤ ᠲᠠᠷᠢᠶᠠᠯᠠᠬᠤ ᠤᠷᠤᠨ ᠤ ᠦᠪᠡᠷ ᠢᠶᠠᠨ | ᠦᠢᠯᠡᠴᠢᠯᠡᠳᠡᠭ ᠪᠠᠩᠬᠢ᠂ ᠳ᠋ᠢᠶᠠᠩᠬᠤᠸᠠ ᠳᠡᠭᠡᠷᠡᠬᠢ ᠪᠠᠩᠬᠢ᠂ ᠭᠠᠷ ᠤᠲᠠᠰᠤᠨ ᠳᠡᠭᠡᠷᠡᠬᠢ ᠪᠠᠩᠬᠢ᠂ ᠣᠬᠤᠷ ᠴᠢᠮᠡᠭᠡᠨ | ᠪᠠᠩᠬᠢ᠂ ᠸᠢᠴᠠᠲ ᠳᠡᠭᠡᠷᠡᠬᠢ ᠪᠠᠩᠬᠢ᠂ ᠰᠦᠯᠵᠢᠶ᠎ᠡ ᠳᠡᠭᠡᠷᠡᠬᠢ ᠪᠠᠩᠬᠢ ᠵᠡᠷᠭᠡ ᠰᠢᠨ᠎ᠡ ᠬᠡᠯᠪᠡᠷᠢ ᠶᠢᠨ ᠲᠤᠬᠠᠶᠢᠯᠠᠭᠰᠠᠨ | ᠠᠵᠢᠯ ᠢ ᠶᠡᠬᠡᠪᠡᠷ ᠬᠦᠭᠵᠢᠭᠦᠯᠦᠨ᠂ ᠲᠤᠰᠬᠠᠢ ᠡᠵᠡᠩᠨᠡᠬᠦ ᠪᠠᠶᠢᠭᠤᠯᠤᠮᠵᠢ᠂ ᠢᠲᠡᠭᠡᠮᠵᠢᠲᠦ ᠵᠢᠭᠡᠯᠡᠯᠭᠡ ᠶᠢᠨ | ᠦᠢᠯᠡᠳᠪᠦᠷᠢ ᠵᠡᠷᠭᠡ ᠦᠢᠯᠡᠴᠢᠯᠡᠭᠡᠨ ᠵᠠᠭᠪᠤᠷ ᠤᠨ ᠰᠢᠨ᠎ᠡ ᠶᠢ ᠡᠭᠦᠳᠬᠦ ᠪᠠ ᠳᠡᠯᠭᠡᠷᠡᠭᠦᠯᠬᠦ ᠬᠡᠷᠡᠭᠲᠡᠢ᠃ ᠣᠳᠣ ᠪᠠᠶᠢᠭ᠎ᠠ | ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠠᠭᠤᠯᠤᠭᠳᠠᠬᠤᠨ ᠢ ᠤᠯᠠᠮ ᠨᠢᠭᠡ | ᠠᠯᠬᠤᠮ ᠪᠠᠶᠠᠯᠢᠭᠵᠢᠭᠤᠯᠤᠨ᠂ ᠲᠡᠭᠦᠨ ᠢ ︽ᠠᠷᠪᠠ ᠪᠠᠷ ᠪᠦᠬᠦᠨ ᠢ ᠬᠠᠮᠤᠷᠬᠤ︾ ᠲᠡᠰᠢ ᠬᠡᠯᠪᠡᠶᠢᠯᠭᠡᠬᠦ ᠶᠢ ᠲᠦᠯᠬᠢᠨ | ᠠᠬᠢᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠵᠣᠭᠤᠰ ᠤᠨ ᠲᠤᠭ᠎ᠠ ᠶᠢ ᠨᠡᠮᠡᠭᠳᠡᠭᠦᠯᠵᠦ᠂ ᠵᠢᠭᠡᠯᠡᠯᠭᠡ | ᠵᠢᠭᠡᠯᠡᠭᠴᠢ ᠶᠢ ᠰᠤᠩᠭᠠᠨ᠂ ᠵᠢᠭᠡᠯᠡᠯᠭᠡ ᠶᠢᠨ ᠬᠡᠷᠡᠭᠴᠡᠭᠡ ᠶᠢ ᠦᠷᠭᠡᠵᠢᠭᠦᠯᠬᠦ ᠬᠡᠷᠡᠭᠲᠡᠢ᠃ | ᠪᠠᠷᠢᠴᠠᠭᠠᠯᠠᠵᠤ ᠳᠠᠨᠵᠢᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠤᠨ ᠰᠢᠨ᠎ᠡ ᠶᠢ ᠡᠭᠦᠳᠪᠡ | ᠮᠠᠯᠵᠢᠬᠤ ᠲᠠᠷᠢᠶᠠᠯᠠᠬᠤ ᠤᠷᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ᠂ ᠨᠤᠲᠤᠭ ᠪᠡᠯᠴᠢᠭᠡᠷ | ᠡᠵᠡᠩᠨᠡᠬᠦ ᠡᠷᠬᠡ᠂ ᠤᠷᠤᠨ ᠰᠠᠭᠤᠴᠠ ᠶᠢᠨ ᠭᠠᠵᠠᠷ ᠤᠨ ᠬᠡᠷᠡᠭᠯᠡᠬᠦ ᠡᠷᠬᠡ᠂ ᠤᠢ ᠮᠣᠳᠤᠨ ᠤ ᠡᠷᠬᠡ ᠪᠠᠨ | ᠪᠠᠷᠢᠴᠠᠭᠠᠯᠠᠵᠤ ᠳᠠᠨᠵᠢᠯᠠᠨ ᠵᠢᠭᠡᠯᠡᠯᠭᠡ ᠵᠢᠭᠡᠯᠡᠬᠦ ᠲᠤᠬᠠᠶᠢᠯᠠᠭᠰᠠᠨ ᠠᠵᠢᠯ ᠤᠨ ᠲᠠᠪᠴᠠᠩ ᠤᠨ ᠪᠠᠶᠢᠭᠤᠯᠤᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ ᠵᠢᠭᠡᠯᠡᠯᠭᠡ ᠶᠢᠨ ᠲᠥᠭᠰᠢᠭᠦᠷᠢ ᠲᠤ ᠨᠦᠬᠦᠪᠦᠷᠢᠯᠡᠬᠦ ᠰᠠᠭᠤᠷᠢ ᠮᠦᠩᠭᠦ᠂ | ᠪᠡᠯᠡ ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠰᠠᠭᠤᠷᠢ ᠮᠦᠩᠭᠦ᠂ ᠲᠠᠷᠢᠶᠠᠯᠠᠩ ᠮᠠᠯ ᠠᠵᠤ ᠠᠬᠤᠢ ᠶᠢᠨ | ᠬᠦᠭᠵᠢᠯᠲᠡ ᠶᠢᠨ ᠰᠠᠭᠤᠷᠢ ᠮᠦᠩᠭᠦ ᠪᠠᠶᠢᠭᠤᠯᠬᠤ ᠶᠢ ᠲᠦᠯᠬᠢᠨ ᠠᠬᠢᠭᠤᠯᠵᠤ᠂ ᠲᠠᠷᠢᠶᠠᠯᠠᠩ ᠳᠤ ᠬᠤᠯᠪᠤᠭᠳᠠᠬᠤ ᠮᠠᠯ | ᠠᠵᠤ ᠠᠬᠤᠢ ᠳᠤ ᠬᠤᠯᠪᠤᠭᠳᠠᠭᠰᠠᠨ ᠵᠢᠭᠡᠯᠡᠯᠭᠡ ᠶᠢᠨ ᠲᠦᠭᠰᠢᠭᠦᠷᠢ ᠶᠢ ᠵᠦᠢ ᠵᠣᠬᠢᠰᠲᠠᠢ ᠬᠤᠪᠢᠶᠠᠨ ᠡᠭᠦᠷᠭᠡᠯᠡᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠦᠷᠭᠡᠳᠬᠡᠨ᠂ | ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠢᠲᠡᠭᠡᠮᠵᠢᠲᠦ ᠵᠢᠭᠡᠯᠡᠯᠭᠡ ᠪᠣᠯᠤᠨ ᠳᠠᠭᠠᠳᠬᠠᠯ | ᠤᠨ ᠬᠤᠷᠰᠢᠯᠴᠠᠭ᠎ᠠ ᠶᠢ ᠴᠢᠩᠭᠠᠳᠬᠠᠨ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ | ᠳᠠᠭᠠᠳᠬᠠᠯ ᠤᠨ ᠬᠠᠭᠤᠳᠠᠰᠤ ᠶᠢ ᠪᠠᠷᠢᠴᠠᠭᠠᠯᠠᠵᠤ ᠳᠠᠨᠵᠢᠯᠠᠭᠰᠠᠨ ᠵᠢᠭᠡᠯᠡᠯᠭᠡ ᠶᠢᠨ ᠲᠤᠬᠠᠶᠢᠯᠠᠭᠰᠠᠨ ᠠᠵᠢᠯ ᠢ | ᠦᠷᠨᠢᠭᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠡᠯ᠎ᠡ ᠲᠦᠷᠦᠯ ᠤᠨ ᠦᠮᠴᠢᠯᠡᠬᠦ ᠡᠷᠬᠡ ᠪᠠᠨ ᠪᠠᠷᠢᠴᠠᠭᠠᠯᠠᠵᠤ | ᠳᠠᠨᠵᠢᠯᠠᠭᠰᠠᠨ ᠵᠢᠭᠡᠯᠡᠯᠭᠡ ᠶᠢᠨ ᠬᠠᠮᠢᠶᠠᠷᠤᠯᠲᠠ ᠶᠢᠨ ᠠᠷᠭ᠎ᠠ ᠪᠣᠯᠤᠨ ᠠᠵᠢᠯᠯᠠᠭᠤᠯᠬᠤ ᠴᠣᠪᠤᠷᠠᠯ ᠢ ᠲᠥᠷᠭᠡᠳᠬᠡᠨ | ᠲᠣᠭᠲᠠᠭᠠᠵᠤ᠂ ᠪᠠᠷᠢᠴᠠᠭᠠᠯᠠᠵᠤ ᠳᠠᠨᠵᠢᠯᠠᠭᠰᠠᠨ ᠵᠢᠭᠡᠯᠡᠯᠭᠡ ᠶᠢᠨ ᠲᠤᠷᠰᠢᠯᠲᠠ ᠶᠢᠨ ᠴᠢᠭ᠋ ᠤᠨ ᠠᠵᠢᠯ ᠢ ᠦᠷᠨᠢᠭᠦᠯᠦᠨ᠎ᠡ᠃ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ᠂ ᠲᠡᠭᠡᠭᠡᠪᠦᠷᠢ ᠶᠢᠨ ᠪᠠᠭᠠᠵᠢ᠂ ᠨᠠᠭᠤᠷ ᠤᠰᠤ | ᠭᠤᠣᠯ ᠤᠨ ᠳᠠᠩ ᠤᠨ ᠲᠡᠵᠢᠭᠡᠨ ᠦᠷᠡᠵᠢᠭᠦᠯᠬᠦ ᠡᠷᠬᠡ᠂ ᠳᠠᠭᠠᠭᠠᠴᠢᠯᠠᠭᠰᠠᠨ ᠭᠠᠵᠠᠷ ᠰᠢᠷᠣᠶ ᠪᠠ ᠨᠤᠲᠤᠭ | ᠪᠡᠯᠴᠢᠭᠡᠷ ᠤᠨ ᠠᠰᠢᠭ ᠤᠯᠬᠤ ᠡᠷᠬᠡ᠂ ᠲᠡᠵᠢᠭᠡᠵᠦ ᠪᠠᠶᠢᠭ᠎ᠠ ᠮᠠᠯ ᠵᠢᠭᠦᠷᠲᠡᠨ ᠵᠡᠷᠭᠡ ᠪᠠᠷ ᠪᠠᠷᠢᠴᠠᠭᠠᠨ ᠡᠳ᠋ | ᠪᠣᠯᠭᠠᠭᠰᠠᠨ ᠰᠢᠨ᠎ᠡ ᠬᠡᠯᠪᠡᠷᠢ ᠶᠢᠨ ᠪᠠᠷᠢᠴᠠᠭᠠᠯᠠᠵᠤ ᠳᠠᠨᠵᠢᠯᠠᠨ ᠳᠠᠭᠠᠭᠠᠯᠲᠠ ᠬᠢᠬᠦ ᠠᠷᠭ᠎ᠠ ᠮᠠᠶ᠋ᠢᠭ ᠢ ᠬᠠᠶᠢᠨ | ᠰᠦᠪᠡᠭᠴᠢᠯᠡᠨ᠎ᠡ᠃ | ᠤᠯᠠᠨ ᠡᠰᠢᠵᠢᠭᠰᠡᠨ ᠪᠡᠯᠡ ᠲᠣᠬᠢᠷᠠᠭᠤᠯᠭ᠎ᠠ ᠶᠢᠨ ᠠᠷᠭ᠎ᠠ ᠵᠠᠮ ᠢ ᠨᠡᠬᠡᠬᠡᠪᠡ | ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠴᠢᠯᠡᠯᠲᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ | ᠰᠢᠭᠤᠳ ᠪᠡᠯᠡ ᠲᠣᠬᠢᠷᠠᠭᠤᠯᠬᠤ ᠶᠢ ᠵᠣᠷᠢᠭᠵᠢᠭᠤᠯᠤᠨ᠂ ᠪᠠᠩᠬᠢ ᠶᠢᠨ ᠬᠤᠭᠤᠷᠤᠨᠳᠤ ᠶᠢᠨ ᠵᠢᠭᠡᠯᠡᠯᠭᠡ ᠶᠢᠨ | ᠲᠡᠮᠳᠡᠭᠲᠦ ᠶᠢᠨ ᠵᠠᠬ᠎ᠠ ᠳᠡᠯᠭᠡᠭᠦᠷ ᠢᠶᠠᠷ ᠪᠡᠯᠡ ᠲᠣᠬᠢᠷᠠᠭᠤᠯᠬᠤ ᠪᠠᠭᠠᠵᠢ ᠶᠢ ᠬᠡᠷᠡᠭᠯᠡᠬᠦ ᠶᠢ ᠨᠡᠮᠡᠭᠳᠡᠭᠦᠯᠦᠨ᠂ ᠠᠵᠤ | ᠠᠬᠤᠶᠢᠯᠠᠯ ᠤᠳ ᠤᠨ ᠠᠵᠤ ᠠᠬᠤᠶᠢᠯᠠᠯ ᠤᠨ ᠵᠢᠭᠡᠯᠡᠯᠭᠡ᠂ ᠤᠷᠲᠤᠪᠲᠤᠷ ᠬᠤᠭᠤᠴᠠᠭᠠᠨ ᠤ ᠫᠢᠶᠣᠣ ᠪᠠᠷᠢᠮᠲᠠ᠂ ᠣᠬᠤᠷ | ᠬᠤᠭᠤᠴᠠᠭᠠᠨ ᠤ ᠪᠡᠯᠡ ᠲᠣᠬᠢᠷᠠᠭᠤᠯᠭ᠎ᠠ ᠶᠢᠨ ᠲᠡᠮᠳᠡᠭᠲᠦ᠂ ᠳᠤᠮᠳᠠ ᠵᠢᠵᠢᠭ ᠠᠵᠤ ᠠᠬᠤᠶᠢᠯᠠᠯ ᠤᠨ ᠦᠪᠡᠷ ᠢᠶᠠᠨ | ᠴᠤᠭᠯᠠᠭᠤᠯᠬᠤ ᠲᠡᠮᠳᠡᠭᠲᠦ᠂ ᠳᠤᠮᠳᠠ ᠵᠢᠵᠢᠭ ᠠᠵᠤ ᠠᠬᠤᠶᠢᠯᠠᠯ ᠤᠨ ᠨᠡᠶᠢᠯᠡᠮᠡᠯ ᠫᠢᠶᠣᠣ ᠪᠠᠷᠢᠮᠲᠠ ᠪᠠ ᠵᠢᠭᠡᠯᠡᠯᠭᠡ ᠶᠢᠨ | ᠲᠡᠮᠳᠡᠭᠲᠦ ᠲᠠᠷᠬᠠᠭᠠᠬᠤ ᠶᠢ ᠬᠦᠲᠦᠯᠦᠨ ᠵᠢᠯᠤᠭᠤᠳᠬᠤ ᠪᠠ ᠵᠤᠬᠢᠶᠠᠨ ᠪᠠᠶᠢᠭᠤᠯᠵᠤ᠂ ᠨᠦᠭᠦᠴᠡᠯ ᠪᠦᠷᠢᠳᠦᠭᠰᠡᠨ ᠠᠵᠤ | ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠴᠤ ᠪᠡᠯᠡ ᠲᠣᠬᠢᠷᠠᠭᠤᠯᠬᠤ ᠶᠢ ᠳᠡᠮᠵᠢᠨ᠎ᠡ᠃ ᠮᠠᠯᠵᠢᠬᠤ ᠲᠠᠷᠢᠶᠠᠯᠠᠬᠤ | ᠤᠷᠤᠨ ᠤ ᠨᠡᠶᠢᠭᠡᠮ ᠤᠨ ᠠᠵᠢᠯ ᠦᠢᠯᠡᠰ ᠪᠠ ᠰᠠᠭᠤᠷᠢ ᠪᠡᠯᠡᠳᠭᠡᠮᠵᠢ ᠶᠢᠨ ᠪᠠᠶᠢᠭᠤᠯᠤᠯᠲᠠ ᠳᠤ ᠨᠡᠶᠢᠭᠡᠮ ᠤᠨ | ᠬᠦᠷᠦᠩᠭᠡ ᠮᠦᠩᠭᠦ ᠤᠷᠤᠭᠤᠯᠬᠤ ᠶᠢ ᠬᠦᠲᠦᠯᠦᠨ ᠵᠢᠯᠤᠭᠤᠳᠤᠨ᠎ᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠠᠴᠠ | ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠤᠨ ᠲᠠᠷᠢᠶᠠᠴᠢᠨ ᠮᠠᠯᠴᠢᠳ ᠲᠤ ᠲᠤᠰᠬᠠᠢ ᠵᠦᠢᠯ ᠢᠶᠠᠷ | ᠬᠡᠷᠡᠭᠯᠡᠬᠦ ᠮᠦᠩᠭᠦᠨ ᠭᠦᠢᠯᠭᠡᠭᠡᠨ ᠤ ᠵᠢᠭᠡᠯᠡᠯᠭᠡ ᠲᠠᠷᠬᠠᠭᠠᠬᠤ ᠶᠢ ᠳᠡᠮᠵᠢᠵᠦ᠂ ᠲᠠᠷᠢᠶᠠᠯᠠᠩ ᠳᠤ ᠬᠤᠯᠪᠤᠭᠳᠠᠬᠤ ᠮᠠᠯ | ᠠᠵᠤ ᠠᠬᠤᠢ ᠳᠤ ᠬᠤᠯᠪᠤᠭᠳᠠᠬᠤ ᠡᠳ᠋ ᠬᠦᠷᠦᠩᠭᠡ ᠶᠢ ᠲᠡᠮᠳᠡᠭᠲᠦᠵᠢᠭᠦᠯᠬᠦ ᠲᠤᠷᠰᠢᠯᠲᠠ ᠶᠢᠨ ᠴᠢᠭ᠋ ᠤᠨ ᠠᠵᠢᠯ | ᠦᠷᠨᠢᠭᠦᠯᠵᠦ᠂ ᠲᠠᠷᠢᠶᠠᠯᠠᠩ ᠳᠤ ᠬᠤᠯᠪᠤᠭᠳᠠᠬᠤ ᠮᠠᠯ ᠠᠵᠤ ᠠᠬᠤᠢ ᠳᠤ ᠬᠤᠯᠪᠤᠭᠳᠠᠬᠤ ᠳᠦᠷᠢᠶᠡᠰᠦᠯᠡᠯ ᠤᠨ | ᠲᠤᠬᠠᠶᠢᠯᠠᠭᠰᠠᠨ ᠠᠵᠢᠯ ᠢ ᠶᠡᠬᠡᠪᠡᠷ ᠬᠦᠭᠵᠢᠭᠦᠯᠦᠨ᠂ ᠮᠦᠩᠭᠦᠨ ᠭᠦᠢᠯᠭᠡᠭᠡᠨ ᠤ ᠳᠦᠷᠢᠶᠡᠰᠦᠯᠡᠯ ᠤᠨ ᠺᠣᠮᠫᠠᠨᠢ ᠶᠢᠨ | ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠲᠦᠬᠦᠭᠡᠷᠦᠮᠵᠢ ᠶᠢᠨ ᠪᠡᠯᠡ ᠲᠣᠬᠢᠷᠠᠭᠤᠯᠬᠤ ᠲᠤᠬᠠᠶᠢᠯᠠᠭᠰᠠᠨ ᠠᠵᠢᠯ | ᠦᠷᠨᠢᠭᠦᠯᠬᠦ ᠶᠢ ᠳᠡᠮᠵᠢᠨ᠎ᠡ᠃ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠤᠷᠰᠢᠯᠴᠠᠭ᠎ᠠ ᠶᠢᠨ ᠰᠢᠨ᠎ᠡ ᠶᠢ ᠵᠣᠷᠢᠭᠵᠢᠭᠤᠯᠤᠨ᠎ᠠ | ᠪᠠᠩᠬᠢ ᠶᠢᠨ ᠪᠦᠯᠬᠦᠮ ᠤᠨ ᠵᠢᠭᠡᠯᠡᠯᠭᠡ᠂ ᠪᠦᠭᠡᠮ ᠪᠠ ᠲᠠᠷᠠᠬᠠᠢ ᠪᠣᠲᠠᠷᠬᠠᠢ ᠶᠢ ᠤᠶᠠᠯᠳᠤᠭᠤᠯᠬᠤ᠂ | ᠲᠤᠬᠠᠶᠢᠯᠠᠭᠰᠠᠨ ᠠᠵᠢᠯ ᠢ ᠣᠷᠤᠯᠠᠨ ᠭᠦᠢᠴᠡᠳᠭᠡᠬᠦ᠂ ᠪᠠᠩᠬᠢ ᠪᠠ ᠳᠠᠭᠠᠳᠬᠠᠯ ᠤᠨ ᠬᠢᠨ ᠬᠤᠷᠰᠢᠯᠴᠠᠬᠤ᠂ ᠪᠠᠩᠬᠢ ᠪᠠ | ᠳᠠᠭᠠᠭᠠᠯᠲᠠ ᠬᠢᠬᠦ ᠲᠠᠯ᠎ᠠ ᠶᠢᠨ ᠬᠢᠨ ᠬᠤᠷᠰᠢᠯᠴᠠᠬᠤ᠂ ᠪᠠᠩᠬᠢ ᠪᠠ ᠳᠦᠷᠢᠶᠡᠰᠦᠯᠡᠯ ᠤᠨ ᠲᠠᠯ᠎ᠠ ᠶᠢᠨ ᠬᠢᠨ | ᠬᠤᠷᠰᠢᠯᠴᠠᠬᠤ᠂ ᠪᠡᠯᠡ ᠣᠷᠤᠭᠤᠯᠬᠤ ᠪᠠ ᠵᠢᠭᠡᠯᠡᠯᠭᠡ ᠲᠠᠯᠪᠢᠬᠤ ᠬᠠᠮᠲᠤᠷᠠᠨ ᠬᠥᠳᠡᠯᠦᠯᠴᠡᠬᠦ ᠵᠡᠷᠭᠡ ᠪᠠᠷ ᠳᠠᠮᠵᠢᠭᠤᠯᠤᠨ᠂ | ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠪᠦᠬᠦ ᠲᠠᠯ᠎ᠠ ᠶᠢᠨ ᠮᠦᠩᠭᠦᠨ ᠭᠦᠢᠯᠭᠡᠭᠡᠨ ᠤ | ᠦᠢᠯᠡᠴᠢᠯᠡᠭᠡᠨ ᠬᠠᠩᠭᠠᠨ᠎ᠠ᠃ ᠳᠠᠭᠠᠭᠠᠯᠲᠠ ᠬᠠᠩᠭᠠᠬᠤ ᠳᠤ ᠬᠦᠴᠢᠷ ᠲᠠᠢ ᠲᠠᠷᠢᠶᠠᠯᠠᠩ ᠳᠤ ᠬᠤᠯᠪᠤᠭᠳᠠᠬᠤ ᠮᠠᠯ ᠠᠵᠤ | ᠠᠬᠤᠢ ᠳᠤ ᠬᠤᠯᠪᠤᠭᠳᠠᠬᠤ ᠭᠤᠣᠯ ᠴᠣᠭᠴᠠ ᠳᠤ᠂ ᠪᠠᠲᠤᠯᠠᠬᠤ᠂ ᠪᠠᠷᠢᠴᠠᠭᠠᠯᠠᠬᠤ᠂ ᠳᠠᠨᠵᠢᠯᠠᠬᠤ ᠨᠡᠶᠢᠯᠡᠮᠡᠯ | ᠳᠠᠭᠠᠭᠠᠯᠲᠠ ᠬᠢᠬᠦ ᠬᠡᠯᠪᠡᠷᠢ ᠪᠤᠶᠤ ᠤᠯᠠᠨ ᠵᠦᠢᠯ ᠤᠨ ᠬᠡᠯᠪᠡᠷᠢ ᠪᠦᠬᠦᠢ ᠬᠠᠮᠵᠢᠯᠴᠠᠬᠤ ᠴᠢᠨᠠᠷᠲᠠᠢ ᠪᠡᠯᠡ | ᠲᠣᠬᠢᠷᠠᠭᠤᠯᠭ᠎ᠠ ᠶᠢᠨ ᠳᠠᠭᠠᠭᠠᠯᠲᠠ ᠬᠢᠬᠦ ᠶᠢ ᠠᠪᠴᠤ᠂ ᠨᠢᠭᠡ ᠪᠦᠯᠦᠭ ᠪᠦᠲᠦᠮᠵᠢᠲᠡᠢ ᠮᠦᠩᠭᠦᠨ ᠭᠦᠢᠯᠡᠭᠡᠭᠡᠨ ᠤ | ᠬᠤᠷᠰᠢᠭᠰᠠᠨ ᠦᠢᠯᠡᠴᠢᠯᠡᠭᠡ ᠶᠢᠨ ᠨᠡᠶᠢᠲᠡᠯᠢᠭ ᠵᠢᠱᠢᠶ᠎ᠡ ᠶᠢ ᠳᠡᠯᠭᠡᠷᠡᠭᠦᠯᠬᠦ ᠪᠠ ᠬᠠᠭᠤᠯᠵᠤ᠂ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠎ᠡ᠃ | ᠢᠲᠡᠭᠡᠮᠵᠢᠲᠦ ᠵᠢᠭᠡᠯᠡᠯᠭᠡ ᠶᠢᠨ ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ᠎ᠡ | ᠲᠥᠭᠰᠢᠭᠦᠷᠢ ᠶᠢ ᠡᠵᠡᠮᠳᠡᠵᠦ ᠴᠢᠳᠠᠬᠤ ᠰᠠᠭᠤᠷᠢᠨ ᠳᠡᠭᠡᠷ᠎ᠡ᠂ ᠮᠦᠩᠭᠦᠨ ᠭᠦᠢᠯᠭᠡᠭᠡᠨ ᠤ ᠪᠠᠶᠢᠭᠤᠯᠤᠮᠵᠢ | ᠨᠤᠭᠤᠳ ᠤᠨ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠢᠲᠡᠭᠡᠮᠵᠢᠲᠦ ᠵᠢᠭᠡᠯᠡᠯᠭᠡ ᠶᠢᠨ ᠲᠥᠯᠦᠪᠯᠡᠭᠡ ᠶᠢ | ᠠᠰ ᠲᠤᠨᠢ ᠵᠢᠭᠰᠠᠭᠠᠬᠤ ᠶᠢ ᠵᠣᠷᠢᠭᠵᠢᠭᠤᠯᠵᠤ᠂ ᠵᠢᠭᠡᠯᠡᠯᠭᠡ ᠶᠢᠨ ᠬᠢᠨᠠᠨ ᠵᠦᠪᠰᠢᠶᠡᠷᠡᠬᠦ ᠡᠷᠬᠡ ᠮᠡᠳᠡᠯ ᠤᠨ | ᠬᠡᠪᠴᠢᠶ᠎ᠡ ᠶᠢ ᠳᠣᠷᠤᠭᠰᠢ ᠪᠠᠭᠤᠯᠭᠠᠨ᠂ ᠦᠷ᠎ᠡ ᠪᠦᠲᠦᠮᠵᠢ ᠶᠢ ᠰᠢᠯᠭᠠᠨ ᠬᠢᠨᠠᠬᠤ ᠲᠣᠭᠲᠠᠴᠠ ᠶᠢ ᠰᠢᠯᠢᠳᠡᠭᠵᠢᠭᠦᠯᠵᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠭᠰᠡᠨ ᠳᠤᠨᠢ ᠬᠠᠷᠢᠭᠤᠴᠠᠯᠭ᠎ᠠ ᠠᠴᠠ ᠬᠡᠯᠲᠦᠷᠢᠭᠦᠯᠬᠦ ᠳᠦᠷᠢᠮ ᠢ | ᠶᠠᠪᠤᠭᠤᠯᠵᠤ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ ᠲᠤ | ᠢᠲᠡᠭᠡᠮᠵᠢᠲᠦ ᠵᠢᠭᠡᠯᠡᠯᠭᠡ ᠲᠠᠯᠪᠢᠬᠤ ᠢᠳᠡᠪᠬᠢᠵᠢᠯ ᠢ ᠳᠠᠶᠢᠴᠢᠯᠠᠨ᠎ᠠ᠃ ᠵᠢᠭᠡᠯᠡᠯᠭᠡ ᠶᠢᠨ ᠬᠢᠨᠠᠨ ᠵᠦᠪᠰᠢᠶᠡᠷᠡᠬᠦ | ᠭᠠᠷᠳᠠᠮ ᠢ ᠤᠯᠠᠮ ᠨᠢᠭᠡ ᠠᠯᠬᠤᠮ ᠳᠦᠭᠦᠮᠴᠢᠯᠡᠨ᠂ ᠲᠤᠬᠠᠶᠢᠯᠠᠭᠰᠠᠨ ᠠᠵᠢᠯ ᠤᠨ ᠠᠵᠢᠯᠯᠠᠭᠤᠯᠬᠤ ᠴᠣᠪᠤᠷᠠᠯ ᠢ | ᠲᠣᠳᠤᠷᠬᠠᠶᠢᠯᠠᠵᠤ᠂ ᠬᠢᠨᠠᠨ ᠵᠦᠪᠰᠢᠶᠡᠷᠡᠬᠦ ᠬᠤᠷᠳᠤᠴᠠ ᠶᠢ ᠲᠦᠷᠭᠡᠳᠬᠡᠨ᠂ ᠴᠠᠭ ᠬᠤᠭᠤᠴᠠᠭ᠎ᠠ ᠬᠢᠵᠠᠭᠠᠷᠯᠠᠨ | ᠭᠦᠢᠴᠡᠳᠭᠡᠬᠦ ᠶᠢ ᠶᠠᠪᠤᠭᠤᠯᠵᠤ᠂ ᠵᠢᠭᠡᠯᠡᠯᠭᠡ ᠵᠢᠭᠡᠯᠡᠭᠦᠯᠦᠭᠰᠡᠨ ᠤ ᠳᠠᠷᠠᠭ᠎ᠠ ᠮᠦᠷᠳᠡᠨ ᠬᠢᠨᠠᠯᠲᠠ ᠲᠠᠯᠪᠢᠵᠤ | ᠬᠠᠮᠢᠶᠠᠷᠬᠤ ᠶᠢ ᠴᠢᠩᠭᠠᠳᠬᠠᠨ᠂ ᠵᠢᠭᠡᠯᠡᠯᠭᠡ ᠶᠢᠨ ᠲᠦᠭᠰᠢᠭᠦᠷᠢ ᠶᠢ ᠪᠠᠭᠤᠷᠠᠭᠤᠯᠤᠨ᠂ ︽ᠠᠷᠪᠠ ᠪᠠᠷ ᠪᠦᠬᠦᠨ ᠢ | ᠬᠠᠮᠤᠷᠬᠤ︾ ᠢᠨᠵᠧᠨᠧᠷᠢᠩ ᠳᠤ ᠦᠷᠭᠦᠯᠵᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃ | ᠮᠦᠩᠭᠦᠨ ᠭᠦᠢᠯᠭᠡᠭᠡᠨ ᠤ ᠰᠠᠭᠤᠷᠢ ᠦᠢᠯᠡᠴᠢᠯᠡᠭᠡ ᠪᠠᠷ ᠪᠦᠬᠦᠨ ᠢ ᠬᠠᠮᠤᠷᠬᠤ ᠮᠠᠯᠵᠢᠬᠤ ᠲᠠᠷᠢᠶᠠᠯᠠᠬᠤ | ᠤᠷᠤᠨ ᠤ ᠨᠡᠶᠢᠭᠡᠮ ᠤᠨ ᠪᠠᠲᠤᠯᠠᠭ᠎ᠠ ᠶᠢᠨ ᠮᠦᠩᠭᠦᠨ ᠭᠦᠢᠯᠭᠡᠭᠡᠨ ᠤ ᠰᠠᠭᠤᠷᠢ ᠦᠢᠯᠡᠴᠢᠯᠡᠭᠡ ᠶᠢ ᠴᠢᠩᠭᠠᠳᠬᠠᠨ᠎ᠠ | ᠦᠪᠡᠷᠲᠡᠭᠡᠨ ᠵᠠᠰᠠᠬᠤ ᠤᠷᠤᠨ ᠤ ︽ᠠᠷᠪᠠ ᠪᠠᠷ ᠪᠦᠬᠦᠨ ᠢ ᠬᠠᠮᠤᠷᠬᠤ ᠬᠤᠯᠪᠤᠭᠠᠯᠠᠨ ᠨᠡᠪᠲᠡᠷᠡᠯᠴᠡᠭᠰᠡᠨ | ᠠᠷᠠᠳ ᠲᠤ ᠠᠰᠢᠭ ᠬᠦᠷᠲᠡᠭᠡᠬᠦ ᠠᠷᠠᠳ ᠲᠤ ᠳᠦᠭᠦᠮ ᠦᠵᠡᠭᠦᠯᠬᠦ︾ ᠦᠢᠯᠡᠴᠢᠯᠡᠭᠡᠨ ᠤ ᠲᠠᠪᠴᠠᠩ ᠤᠨ | ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠭᠠᠴᠠᠭ᠎ᠠ ᠲᠤᠰᠬᠤᠨ ᠤ | ᠲᠠᠷᠢᠶᠠᠯᠠᠩ ᠢ ᠳᠡᠮᠵᠢᠬᠦ ᠮᠦᠩᠭᠦᠨ ᠭᠦᠢᠯᠭᠡᠭᠡᠨ ᠤ ᠦᠢᠯᠡᠴᠢᠯᠡᠬᠦ ᠴᠢᠭ᠋ ᠢ ᠲᠦᠰᠢᠵᠦ᠂ ᠮᠠᠯᠵᠢᠬᠤ ᠲᠠᠷᠢᠶᠠᠯᠠᠬᠤ | ᠤᠷᠤᠨ ᠤ ᠨᠡᠶᠢᠭᠡᠮ ᠤᠨ ᠪᠠᠲᠤᠯᠠᠭ᠎ᠠ ᠶᠢᠨ ᠺᠠᠷᠲ ᠤᠨ ᠶᠡᠷᠦᠩᠬᠡᠶᠢᠯᠡᠭᠰᠡᠨ ᠦᠢᠯᠡᠴᠢᠯᠡᠭᠡ ᠶᠢᠨ ᠴᠢᠭ᠋ ᠲᠤ ᠪᠠᠶᠢᠭᠤᠯᠤᠨ᠎ᠠ᠃ | ᠮᠦᠩᠭᠦᠨ ᠭᠦᠢᠯᠭᠡᠭᠡᠨ ᠤ ᠴᠢᠳᠠᠮᠵᠢ ᠶᠢ ᠠᠴᠢᠶᠠᠯᠠᠭᠰᠠᠨ ᠨᠡᠶᠢᠭᠡᠮ ᠤᠨ ᠪᠠᠲᠤᠯᠠᠭ᠎ᠠ ᠶᠢᠨ ᠺᠠᠷᠲ ᠤᠯᠭᠤᠬᠤ ᠪᠠ | ᠬᠡᠷᠡᠭᠯᠡᠭᠦᠯᠬᠦ ᠶᠢ ᠲᠦᠷᠭᠡᠳᠬᠡᠨ᠂ ︽ᠦᠪᠦᠷ ᠮᠣᠩᠭᠤᠯ12333︾ ᠬᠡᠷᠡᠭᠯᠡᠯᠲᠡ ᠶᠢ ᠠᠴᠢᠶᠠᠯᠠᠭᠰᠠᠨ ᠤᠶᠤᠨᠴᠢ | ᠮᠠᠰᠢᠨ ᠬᠡᠷᠡᠭᠰᠡᠯ ᠤᠨ ᠦᠵᠦᠭᠦᠷ ᠢ ᠪᠦᠬᠦ ᠲᠠᠯ᠎ᠠ ᠪᠠᠷ ᠲᠣᠬᠢᠷᠠᠭᠤᠯᠤᠨ᠂ ᠨᠡᠶᠢᠭᠡᠮ ᠤᠨ ᠪᠠᠲᠤᠯᠠᠭ᠎ᠠ ᠶᠢ ᠪᠠᠶᠢᠴᠠᠭᠠᠨ | ᠠᠰᠠᠭᠤᠬᠤ᠂ ᠳᠡᠰ ᠰᠤᠩᠭᠤᠨ ᠰᠦᠢᠳᠭᠡᠯ ᠲᠤᠰᠢᠶᠠᠬᠤ᠂ ᠬᠢᠷᠢ ᠭᠡᠮ ᠭᠡᠷᠡᠴᠢᠯᠡᠬᠦ᠂ ᠣᠯᠭᠤᠮᠵᠢ ᠠᠪᠬᠤ ᠵᠡᠷᠭᠡ | ᠲᠤᠰᠬᠤᠨ ᠠᠴᠠ ᠪᠠᠨ ᠭᠠᠷᠬᠤ ᠦᠭᠡᠢ ᠨᠡᠶᠢᠭᠡᠮ ᠤᠨ ᠪᠠᠲᠤᠯᠠᠭ᠎ᠠ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡᠨ | ᠬᠠᠩᠭᠠᠨ᠎ᠠ᠃ | ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠣᠷ ᠴᠢᠭ᠋ ᠤᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ | ᠲᠣᠮᠤ ᠳᠤᠮᠳᠠ ᠬᠡᠯᠪᠡᠷᠢ ᠶᠢᠨ ᠬᠤᠳᠠᠯᠳᠤᠭᠠᠨ ᠤ ᠪᠠᠩᠬᠢ ᠶᠢᠨ ᠰᠢᠶᠠᠨ ᠤ ᠬᠡᠪᠴᠢᠶᠡᠨ ᠳᠠᠬᠢ ᠲᠣᠣᠷ ᠴᠢᠭ᠋ ᠤᠨ | ᠪᠠᠶᠢᠷᠢᠰᠢᠭᠤᠯᠤᠯ ᠢᠶᠠᠨ ᠲᠦᠷᠭᠡᠳᠬᠡᠬᠦ ᠶᠢ ᠳᠡᠮᠵᠢᠬᠦ ᠶᠢᠨ ᠬᠠᠮᠲᠤ ᠦᠢᠯᠡᠴᠢᠯᠡᠭᠡᠨ ᠤ ᠲᠣᠣᠷᠯᠠᠯ ᠢ ᠨᠢ ᠰᠢᠶᠠᠩ ᠪᠠᠯᠭᠠᠰᠤ | ᠵᠦᠭ ᠲᠡᠰᠢ ᠰᠤᠩᠭᠠᠨ᠎ᠠ᠃ ᠤᠷᠤᠨ ᠨᠤᠲᠤᠭ ᠤᠨ ᠴᠢᠨᠠᠷᠲᠠᠢ ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠤᠨ | ᠰᠣᠮᠦ ᠰᠢᠶᠠᠩ ᠪᠠᠯᠭᠠᠰᠤ ᠳᠤ ᠲᠣᠣᠷ ᠴᠢᠭ᠋ ᠪᠠᠶᠢᠭᠤᠯᠬᠤ ᠶᠢ ᠳᠡᠮᠵᠢᠵᠦ᠂ ᠮᠦᠩᠭᠦᠨ ᠭᠦᠢᠯᠭᠡᠭᠡᠨ ᠤ ᠪᠠᠶᠢᠭᠤᠯᠤᠮᠵᠢ | ᠦᠭᠡᠢ ᠰᠢᠶᠠᠩ ᠪᠠᠯᠭᠠᠰᠤ ᠶᠢᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠮᠠᠯᠵᠢᠬᠤ ᠲᠠᠷᠢᠶᠠᠯᠠᠬᠤ ᠡᠷᠦᠬᠡ ᠶᠢᠨ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ | ᠬᠡᠪᠴᠢᠶ᠎ᠡ ᠶᠢ ᠦᠷᠭᠡᠳᠬᠡᠨ᠎ᠡ᠃ ᠤᠷᠤᠨ ᠤ ᠳᠣᠲᠤᠷ᠎ᠠ ᠭᠠᠳᠠᠨᠠᠬᠢ ᠪᠣᠳᠠᠲᠤ ᠬᠦᠴᠦᠨ ᠪᠦᠬᠦᠢ ᠮᠦᠩᠭᠦᠨ | ᠭᠦᠢᠯᠭᠡᠭᠡᠨ ᠤ ᠪᠠᠶᠢᠭᠤᠯᠤᠮᠵᠢ ᠨᠤᠭᠤᠳ ᠤᠨ ᠭᠠᠴᠠᠭ᠎ᠠ ᠪᠠᠯᠭᠠᠰᠤ ᠶᠢᠨ ᠪᠠᠩᠬᠢ ᠡᠭᠦᠰᠭᠡᠨ ᠪᠠᠶᠢᠭᠤᠯᠬᠤ ᠶᠢ ᠳᠡᠮᠵᠢᠵᠦ᠂ | ᠣᠳᠣ ᠪᠠᠶᠢᠭ᠎ᠠ ᠨᠦᠭᠦᠴᠡᠯ ᠳᠤ ᠨᠡᠶᠢᠴᠡᠬᠦ ᠭᠠᠴᠠᠭ᠎ᠠ ᠪᠠᠯᠭᠠᠰᠤ ᠶᠢᠨ ᠪᠠᠩᠬᠢ ᠶᠢᠨ ᠳᠣᠷᠣᠭᠰᠢ ᠬᠤᠪᠢᠶᠠᠷᠢ ᠰᠠᠯᠪᠤᠷᠢ | ᠪᠠᠶᠢᠭᠤᠯᠤᠮᠵᠢ ᠪᠠ ᠦᠢᠯᠡᠴᠢᠯᠡᠭᠡᠨ ᠤ ᠴᠢᠭ᠋ ᠢᠶᠠᠨ ᠰᠤᠩᠭᠠᠬᠤ ᠶᠢ ᠵᠣᠷᠢᠭᠵᠢᠭᠤᠯᠤᠨ᠎ᠠ᠃ ᠮᠠᠯᠵᠢᠬᠤ ᠲᠠᠷᠢᠶᠠᠯᠠᠬᠤ | ᠤᠷᠤᠨ ᠳᠤ ᠦᠢᠯᠡᠴᠢᠯᠡᠬᠦ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠪᠠᠶᠢᠭᠤᠯᠬᠤ ᠶᠢ ᠳᠡᠮᠵᠢᠵᠦ᠂ ᠪᠠᠭ᠎ᠠ | ᠲᠣᠭᠠᠨ ᠤ ᠵᠢᠭᠡᠯᠡᠯᠭᠡ ᠶᠢᠨ ᠺᠣᠮᠫᠠᠨᠢ ᠲᠠᠷᠢᠶᠠᠯᠠᠩ ᠮᠠᠯ ᠠᠵᠤ ᠠᠬᠤᠢ ᠳᠤ ᠬᠤᠯᠪᠤᠭᠳᠠᠬᠤ ᠲᠤᠬᠠᠶᠢᠯᠠᠭᠰᠠᠨ | ᠠᠵᠢᠯ ᠢᠶᠠᠨ ᠲᠠᠰᠤᠷᠠᠯᠲᠠ ᠦᠭᠡᠢ ᠦᠷᠭᠡᠳᠬᠡᠬᠦ ᠶᠢ ᠬᠥᠲᠥᠯᠥᠨ ᠵᠢᠯᠤᠭᠤᠳᠴᠤ ᠵᠣᠷᠢᠭᠵᠢᠭᠤᠯᠤᠨ᠂ ︽ᠠᠷᠪᠠ ᠪᠠᠷ | ᠪᠦᠬᠦᠨ ᠢ ᠬᠠᠮᠤᠷᠬᠤ︾ ᠢᠨᠵᠧᠨᠧᠷᠢᠩ ᠢ ᠳᠡᠳᠭᠦᠬᠦ ᠡᠷᠴᠢᠮ ᠢ ᠴᠢᠩᠭᠠᠷᠠᠭᠤᠯᠤᠨ᠎ᠠ᠃ | ᠬᠦᠳᠡᠭᠡ ᠲᠣᠰᠬᠤᠨ ᠤ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠦᠨ᠎ᠡ | ᠢᠲᠡᠭᠡᠮᠵᠢᠲᠦ ᠪᠠᠯᠭᠠᠰᠤ᠂ ᠢᠲᠡᠭᠡᠮᠵᠢᠲᠦ ᠲᠣᠰᠬᠤᠨ᠂ ᠢᠲᠡᠭᠡᠮᠵᠢᠲᠦ ᠡᠷᠦᠬᠡ ᠡᠭᠦᠳᠦᠨ ᠪᠠᠶᠢᠭᠤᠯᠬᠤ | ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠰᠢᠯᠭᠠᠨ ᠬᠢᠨᠠᠬᠤ ᠲᠣᠭᠲᠠᠴᠠ ᠶᠢᠨ ᠰᠢᠨ᠎ᠡ ᠶᠢ | ᠡᠭᠦᠳᠴᠦ᠂ ᠢᠲᠡᠭᠡᠯ ᠲᠠᠢ ᠪᠠᠶᠢᠪᠠᠯ ᠠᠰᠢᠭ ᠣᠯᠬᠤ ᠲᠣᠭᠲᠠᠴᠠ ᠪᠠ ᠢᠲᠡᠭᠡᠯ ᠢᠶᠠᠨ ᠠᠯᠳᠠᠪᠠᠯ ᠰᠢᠳᠭᠡᠨ ᠲᠣᠷᠭᠠᠬᠤ | ᠲᠣᠭᠲᠠᠴᠠ ᠶᠢ ᠪᠠᠶᠢᠭᠤᠯᠤᠨ᠎ᠠ᠃ ᠲᠥᠷᠦ ᠶᠢᠨ ᠶᠠᠪᠤᠳᠠᠯ ᠤᠨ ᠬᠤᠷᠢᠶ᠎ᠠ ᠶᠢᠨ ︽2013 —2014 ᠨᠡᠶᠢᠭᠡᠮ ᠤᠨ | ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠲᠦᠯᠦᠪᠵᠢᠭᠦᠯᠭᠡ ᠶᠢᠨ ᠲᠣᠪᠴᠢ︾ ᠶᠢᠨ ᠱᠠᠭᠠᠷᠳᠠᠯᠭ᠎ᠠ | ᠶᠣᠰᠤᠭᠠᠷ᠂ ᠬᠦᠳᠡᠭᠡ ᠲᠤᠰᠬᠤᠨ ᠤ ᠢᠲᠡᠭᠡᠮᠵᠢ ᠶᠢᠨ ᠰᠢᠰᠲ᠋ᠧᠮᠵᠢ ᠶᠢᠨ ᠲᠤᠷᠰᠢᠯᠲᠠ ᠶᠢᠨ ᠤᠷᠤᠨ ᠢ ᠪᠠᠶᠢᠭᠤᠯᠬᠤ | ᠲᠣᠰᠬᠠᠢ ᠵᠦᠢᠯ ᠤᠨ ᠢᠨᠵᠧᠨᠧᠷᠢᠩ ᠢ ᠦᠷᠨᠢᠭᠦᠯᠵᠦ᠂ ᠲᠠᠷᠢᠶᠠᠯᠠᠬᠤ ᠮᠠᠯᠵᠢᠬᠤ ᠡᠷᠦᠬᠡ ᠪᠠ ᠵᠢᠵᠢᠭ ᠪᠢᠴᠢᠯ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠬᠢ ᠶᠢᠨ ᠬᠦᠮᠦᠷᠭᠡ ᠶᠢᠨ ᠪᠠᠶᠢᠭᠤᠯᠤᠯᠲᠠ ᠶᠢ ᠭᠦᠨᠵᠡᠭᠡᠢ ᠲᠦᠯᠬᠢᠨ | ᠠᠬᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠳᠤ ᠬᠤᠯᠪᠤᠭᠳᠠᠬᠤ ᠳᠤᠮᠳᠠ ᠵᠢᠵᠢᠭ ᠠᠵᠤ | ᠠᠬᠤᠶᠢᠯᠠᠯ᠂ ᠮᠠᠯᠵᠢᠬᠤ ᠲᠠᠷᠢᠶᠠᠯᠠᠬᠤ ᠡᠷᠦᠬᠡ ᠳᠤ ᠢᠲᠡᠭᠡᠮᠵᠢ ᠶᠢᠨ ᠮᠡᠳᠡᠭᠡ ᠵᠠᠩᠬᠢ ᠶᠢ ᠪᠦᠬᠦᠨ ᠢ ᠴᠤᠭᠯᠠᠭᠤᠯᠬᠤ ᠶᠢ | ᠪᠡᠶᠡᠯᠡᠭᠦᠯᠵᠦ᠂ ᠢᠲᠡᠭᠡᠮᠵᠢ ᠳᠤ ᠬᠤᠪᠢ ᠣᠯᠭᠤᠬᠤ ᠳᠦᠷᠢᠮ ᠪᠠᠶᠢᠭᠤᠯᠵᠤ᠂ ᠲᠠᠷᠢᠶᠠᠯᠠᠩ ᠳᠤ ᠬᠤᠯᠪᠤᠭᠳᠠᠬᠤ | ᠮᠦᠩᠭᠦᠨ ᠭᠦᠢᠯᠭᠡᠭᠡᠨ ᠤ ᠪᠠᠶᠢᠭᠤᠯᠤᠮᠵᠢ ᠨᠤᠭᠤᠳ ᠢ ᠬᠦᠲᠦᠯᠦᠨ ᠵᠢᠯᠤᠭᠤᠳᠴᠤ ᠪᠠᠶᠢᠭᠠᠳ ᠰᠢᠨᠵᠢᠯᠡᠬᠦ ᠤᠬᠠᠭᠠᠨᠴᠢ | ᠵᠦᠷᠢᠶᠡᠴᠢᠯᠡᠭᠰᠡᠨ ᠢᠲᠡᠭᠡᠮᠵᠢᠲᠦ ᠵᠢᠭᠡᠯᠡᠯᠭᠡ ᠶᠢᠨ ᠢᠲᠡᠭᠡᠯ ᠣᠯᠭᠤᠬᠤ ᠲᠣᠭᠲᠠᠴᠠ ᠶᠢ ᠪᠠᠶᠢᠭᠤᠯᠤᠨ᠎ᠠ᠃ | ᠮᠠᠯᠵᠢᠬᠤ ᠲᠠᠷᠢᠶᠠᠯᠠᠬᠤ ᠤᠷᠤᠨ ᠤ ᠮᠦᠩᠭᠦᠨ ᠭᠦᠢᠯᠭᠡᠭᠡᠨ ᠤ ᠮᠡᠳᠡᠯᠭᠡ ᠤᠬᠠᠭᠤᠯᠬᠤ ᠰᠢᠰᠲ᠋ᠧᠮᠵᠢ ᠶᠢ | ᠲᠡᠭᠦᠯᠳᠡᠷᠵᠢᠭᠦᠯᠦᠨ᠎ᠡ | ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠭᠠᠴᠠᠭ᠎ᠠ | ᠲᠣᠰᠬᠤᠨ ᠤ ᠰᠤᠶᠤᠯ ᠤᠨ ᠦᠷᠦᠭᠡ᠂ ᠬᠡᠯᠬᠢᠶ᠎ᠡ ᠬᠡᠳᠦ ᠳᠡᠯᠭᠡᠭᠦᠷ ᠵᠢᠴᠢ ᠲᠠᠷᠢᠶᠠᠯᠠᠩ ᠢ ᠲᠤᠰᠠᠯᠠᠬᠤ ᠮᠦᠩᠭᠦᠨ | ᠭᠦᠢᠯᠭᠡᠭᠡᠨ ᠤ ᠦᠢᠯᠡᠴᠢᠯᠡᠭᠡ ᠶᠢᠨ ᠴᠢᠭ᠋ ᠲᠤ ᠲᠦᠰᠢᠵᠦ᠂ ︽ᠬᠠᠮᠤᠷᠬᠤ ᠨᠢ ᠦᠷᠭᠡᠨ᠂ ᠬᠠᠮᠢᠶᠠᠷᠤᠯᠲᠠ ᠨᠢ ᠡᠮᠬᠢ | ᠵᠢᠷᠤᠮ ᠲᠠᠢ᠂ ᠯᠠᠪᠯᠠᠯᠭ᠎ᠠ ᠦᠭᠬᠦ ᠨᠢ ᠪᠡᠯᠡᠬᠡᠨ᠂ ᠦᠢᠯᠡᠳᠦᠯ ᠨᠢ ᠤᠳᠠᠭᠠᠨ ᠳᠠᠭᠠᠭᠠᠮᠠᠭᠠᠢ︾ ᠮᠦᠩᠭᠦᠨ ᠭᠦᠢᠯᠭᠡᠭᠡᠨ ᠤ | ᠮᠡᠳᠡᠯᠭᠡ ᠤᠬᠠᠭᠤᠯᠬᠤ ᠲᠣᠣᠷ ᠰᠦᠯᠵᠢᠶᠡᠨ ᠤ ᠰᠢᠰᠲ᠋ᠧᠮᠵᠢ ᠶᠢ ᠪᠠᠶᠢᠭᠤᠯᠤᠨ᠎ᠠ᠃ ᠤᠷᠤᠨ ᠨᠤᠲᠤᠭ ᠤᠨ ᠵᠠᠰᠠᠭ ᠤᠨ | ᠤᠷᠳᠤᠨ ᠤ ᠰᠠᠯᠠᠭ᠎ᠠ ᠮᠦᠴᠢᠷ ᠲᠠᠢ ᠬᠠᠮᠲᠤᠷᠠᠨ᠂ ᠤᠯᠤᠰ ᠪᠣᠯᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ | ᠲᠠᠷᠢᠶᠠᠯᠠᠩ ᠢ ᠲᠤᠰᠠᠯᠠᠬᠤ᠂ ᠲᠠᠷᠢᠶᠠᠴᠢᠳ ᠲᠤ ᠠᠰᠢᠭ ᠬᠦᠷᠲᠡᠭᠡᠬᠦ᠂ ᠲᠠᠷᠢᠶᠠᠴᠢᠳ ᠲᠤ ᠳᠦᠭᠦᠮ ᠦᠵᠡᠭᠦᠯᠬᠦ | ᠮᠦᠩᠭᠦᠨ ᠭᠦᠢᠯᠭᠡᠭᠡᠨ ᠤ ᠲᠥᠷᠦ ᠶᠢᠨ ᠪᠣᠳᠤᠯᠭ᠎ᠠ᠂ ᠮᠦᠩᠭᠦᠨ ᠭᠦᠢᠯᠭᠡᠭᠡᠨ ᠤ ᠠᠪᠴᠠᠭᠠᠨ ᠤ ᠡᠷᠬᠡ ᠶᠢ ᠬᠠᠮᠠᠭᠠᠯᠠᠬᠤ᠂ | ᠮᠠᠯᠵᠢᠬᠤ ᠲᠠᠷᠢᠶᠠᠯᠠᠬᠤ ᠤᠷᠤᠨ ᠤ ᠢᠲᠡᠭᠡᠮᠵᠢ ᠶᠢᠨ ᠣᠷᠴᠢᠨ ᠠᠬᠤᠢ ᠶᠢ ᠰᠢᠯᠢᠳᠡᠭᠵᠢᠭᠦᠯᠬᠦ ᠪᠠ ᠮᠠᠯᠵᠢᠬᠤ | ᠲᠠᠷᠢᠶᠠᠯᠠᠬᠤ ᠤᠷᠤᠨ ᠤ ᠲᠡᠷᠢᠭᠦᠨ ᠤ ᠰᠣᠶᠣᠯ ᠢ ᠪᠠᠶᠢᠭᠤᠯᠬᠤ᠂ ᠮᠠᠯᠵᠢᠬᠤ ᠲᠠᠷᠢᠶᠠᠯᠠᠬᠤ ᠤᠷᠤᠨ ᠤ ᠤᠶᠤᠨ ᠤ | ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ ᠮᠠᠯᠴᠢᠨ ᠲᠠᠷᠢᠶᠠᠴᠢᠳ ᠤᠨ | ᠮᠦᠩᠭᠦᠨ ᠭᠦᠢᠯᠭᠡᠭᠡᠨ ᠢ ᠲᠠᠨᠢᠨ ᠮᠡᠳᠡᠬᠦ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠴᠢᠨ ᠲᠡᠷᠢᠶᠠᠴᠢᠳ ᠢᠲᠡᠭᠡᠮᠵᠢ ᠤᠨ | ᠲᠤᠬᠠᠢ ᠦᠵᠡᠯ ᠤᠬᠠᠮᠰᠠᠷ ᠢ ᠨᠡᠮᠡᠭᠳᠡᠭᠦᠯᠦᠨ᠂ ᠮᠦᠩᠭᠦᠨ ᠭᠦᠢᠯᠭᠡᠭᠡᠨ ᠤ ᠰᠠᠶᠢᠨ ᠰᠠᠶᠢᠬᠠᠨ ᠣᠷᠴᠢᠨ ᠠᠬᠤᠢ ᠶᠢ ᠪᠣᠢ | ᠪᠣᠯᠭᠠᠨ᠎ᠠ᠃ | ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠳᠠᠭᠠᠭᠠᠮᠠᠭᠠᠢ ᠠᠳᠬᠤᠵᠤ ᠮᠦᠩᠭᠦᠨ ᠭᠦᠢᠯᠭᠡᠭᠡᠨ ᠤ ᠺᠠᠳ᠋ᠷ᠂ | ᠬᠤᠰᠢᠭᠤ ᠰᠢᠶᠠᠨ ᠤ ᠺᠠᠳ᠋ᠷ ᠤᠨ ᠬᠤᠣᠰ ᠴᠢᠭᠯᠡᠯ ᠢᠶᠠᠷ ᠲᠤᠰᠢᠶᠠᠯ ᠡᠭᠦᠷᠭᠡᠯᠡᠬᠦ ᠶᠢ ᠯᠠᠪᠳᠠᠭᠤᠨ ᠦᠷᠨᠢᠭᠦᠯᠦᠨ᠎ᠡ | ᠦᠪᠡᠷᠲᠡᠭᠡᠨ ᠵᠠᠰᠠᠬᠤ ᠤᠷᠤᠨ ᠤ ︽ᠮᠦᠩᠭᠦᠨ ᠭᠦᠢᠯᠭᠡᠭᠡᠨ ᠤ ᠺᠠᠳ᠋ᠷ ᠢ ᠬᠤᠰᠢᠭᠤ ᠰᠢᠶᠠᠨ ᠳᠤ ᠣᠴᠢᠭᠤᠯᠬᠤ︾ | ᠢᠨᠵᠧᠨᠧᠷᠢᠩ ᠤᠨ ᠮᠦᠩᠭᠦᠨ ᠭᠦᠢᠯᠭᠡᠭᠡᠨ ᠤ ᠺᠠᠳ᠋ᠷ ᠬᠤᠰᠢᠭᠤ ᠰᠢᠶᠠᠨ ᠤ ᠳᠡᠳ᠋ ᠳᠠᠷᠤᠭ᠎ᠠ ᠶᠢᠨ ᠲᠤᠰᠢᠶᠠᠯ | ᠡᠭᠦᠷᠭᠡᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠤᠰᠢᠭᠤ ᠰᠢᠶᠠᠨ ᠤ ᠮᠦᠩᠭᠦᠨ ᠭᠦᠢᠯᠭᠡᠭᠡᠨ ᠤ ᠡᠬᠢ | ᠪᠠᠶᠠᠯᠢᠭ ᠢ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠲᠡᠰᠢ ᠬᠡᠯᠪᠡᠶᠢᠯᠭᠡᠬᠦ ᠶᠢ ᠪᠦᠲᠦᠮᠵᠢᠲᠡᠢ ᠵᠣᠬᠢᠶᠠᠨ | ᠪᠠᠶᠢᠭᠤᠯᠵᠤ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠮᠦᠩᠭᠦᠨ ᠭᠦᠢᠯᠭᠡᠭᠡᠨ ᠤ | ᠦᠢᠯᠡᠴᠢᠯᠡᠭᠡ ᠶᠢ ᠪᠦᠬᠦ ᠲᠠᠯ᠎ᠠ ᠪᠠᠷ ᠨᠡᠮᠡᠭᠳᠡᠭᠦᠯᠦᠨ᠎ᠡ᠃ ᠡᠨᠡᠬᠦ ᠰᠠᠭᠤᠷᠢᠨ ᠳᠡᠭᠡᠷ᠎ᠡ᠂ ᠬᠤᠰᠢᠭᠤ ᠰᠢᠶᠠᠨ ᠤ | ᠺᠳ᠋ᠷᠴᠤᠳ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠳᠤ ᠲᠤᠰᠢᠶᠠᠯ ᠡᠭᠦᠷᠭᠡᠯᠡᠬᠦ ᠠᠵᠢᠯ ᠢ ᠡᠬᠢᠯᠡᠭᠦᠯᠵᠦ᠂ | ᠬᠤᠰᠢᠭᠤ ᠰᠢᠶᠠᠨ ᠤ ᠺᠳ᠋ᠷᠴᠤᠳ ᠤᠨ ᠮᠦᠩᠭᠦᠨ ᠭᠦᠢᠯᠭᠡᠭᠡᠨ ᠢ ᠰᠤᠷᠤᠯᠴᠠᠬᠤ᠂ ᠮᠦᠩᠭᠦᠨ ᠭᠦᠢᠯᠭᠡᠭᠡᠨ ᠢ ᠮᠡᠳᠡᠵᠦ | ᠠᠪᠬᠤ᠂ ᠮᠦᠩᠭᠦᠨ ᠭᠦᠢᠯᠭᠡᠭᠡᠨ ᠢ ᠬᠡᠷᠡᠭᠯᠡᠬᠦ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠳᠡᠭᠡᠭᠰᠢᠯᠡᠭᠦᠯᠵᠦ᠂ | ᠰᠢᠶᠠᠨ ᠤ ᠬᠡᠪᠴᠢᠶᠡᠨ ᠤ ᠮᠦᠩᠭᠦᠨ ᠭᠦᠢᠯᠭᠡᠭᠡᠨ ᠤ ᠠᠵᠢᠯ ᠢ ᠴᠢᠩᠭᠠᠳᠬᠠᠬᠤ ᠳᠤ ᠨᠢᠭᠡ ᠪᠦᠯᠦᠭ ᠦᠨᠳᠦᠷ ᠬᠡᠪ | ᠪᠣᠯᠪᠠᠰᠤᠷᠠᠯ ᠲᠠᠢ ᠴᠢᠳᠠᠪᠤᠷᠢᠲᠠᠨ ᠢ ᠬᠦᠮᠦᠵᠢᠭᠦᠯᠦᠨ ᠪᠣᠢ ᠪᠣᠯᠭᠠᠵᠤ᠂ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠮᠦᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠥᠨᠡᠨᠬᠦ ᠳᠡᠭᠡᠭᠰᠢᠯᠡᠭᠦᠯᠦᠨ᠎ᠡ᠃ | ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ︾ ᠠᠵᠤ ᠦᠢᠯᠡᠰ ᠤᠨ ᠰᠠᠭᠤᠷᠢ ᠮᠦᠩᠭᠦ ᠶᠢᠨ ᠪᠡᠯᠡ | ᠲᠣᠬᠢᠷᠠᠭᠤᠯᠬᠤ ᠵᠠᠭᠪᠤᠷ ᠢ ᠳᠡᠯᠭᠡᠷᠡᠭᠦᠯᠦᠨ᠎ᠡ | ︽ᠦᠵᠡᠰᠬᠦᠯᠡᠩᠲᠦ ᠰᠠᠶᠢᠬᠠᠨ ᠬᠦᠳᠡᠭᠡ ᠲᠤᠰᠬᠤᠨ︾ ᠠᠵᠤ ᠦᠢᠯᠡᠰ ᠤᠨ ᠰᠠᠭᠤᠷᠢ ᠮᠦᠩᠭᠦ ᠨᠢ ᠠᠶᠢᠮᠠᠭ | ᠬᠤᠲᠠ ᠶᠢᠨ ᠵᠠᠰᠠᠭ ᠤᠨ ᠤᠷᠳᠤᠨ ᠬᠦᠲᠦᠯᠦᠨ ᠵᠢᠯᠤᠭᠤᠳᠬᠤ ᠮᠦᠩᠭᠦ ᠪᠠᠶᠢᠭᠤᠯᠬᠤ᠂ ᠠᠷᠠᠳ ᠤᠨ ᠳᠤᠮᠳᠠᠬᠢ ᠪᠠ | ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠪᠡᠯᠡ ᠣᠷᠤᠭᠤᠯᠤᠯᠲᠠ ᠶᠢ ᠲᠠᠲᠠᠵᠤ ᠠᠵᠤ ᠦᠢᠯᠡᠰ ᠤᠨ ᠰᠠᠭᠤᠷᠢ | ᠮᠦᠩᠭᠦ ᠶᠢ ᠬᠠᠮᠲᠤᠪᠡᠷ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠤᠨ ᠣᠬᠤᠷ ᠬᠤᠭᠤᠴᠠᠭᠠᠨ ᠤ ᠪᠡᠯᠡ ᠮᠦᠩᠭᠦ ᠬᠦᠷᠦᠯᠴᠡᠬᠦ ᠦᠭᠡᠢ ᠪᠠᠶᠢᠬᠤ ᠠᠰᠠᠭᠤᠳᠠᠯ ᠢ | ᠰᠢᠢᠳᠪᠦᠷᠢᠯᠡᠨ᠎ᠡ᠃ ᠨᠦᠭᠦᠴᠡᠯ ᠪᠦᠬᠦᠢ ᠠᠶᠢᠮᠠᠭ ᠬᠤᠲᠠ ᠪᠠ ᠬᠤᠰᠢᠭᠤ ᠰᠢᠶᠠᠨ ᠨᠦᠭᠦᠳ ᠡᠨᠡᠬᠦ ᠵᠠᠭᠪᠤᠷ ᠢ | ᠢᠳᠡᠪᠬᠢᠲᠡᠢ ᠪᠠᠷ ᠲᠣᠯᠢ ᠪᠣᠯᠭᠠᠨ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠤᠨ ᠪᠡᠯᠡ ᠲᠣᠬᠢᠷᠠᠭᠤᠯᠬᠤ | ᠠᠷᠭ᠎ᠠ ᠵᠠᠮ ᠢ ᠦᠷᠭᠡᠵᠢᠭᠦᠯᠵᠦ᠂ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠤᠷᠤᠭᠰᠢᠲᠠᠢ | ᠬᠡᠷᠡᠭᠵᠢᠭᠦᠯᠬᠦ ᠳᠤ ᠬᠦᠴᠦᠨ ᠲᠡᠭᠦᠯᠳᠡᠷ ᠪᠡᠯᠡ ᠮᠦᠩᠭᠦ ᠶᠢᠨ ᠳᠡᠮᠵᠢᠯᠭᠡ ᠪᠠ ᠪᠠᠲᠤᠯᠠᠭ᠎ᠠ ᠶᠢ ᠬᠠᠩᠭᠠᠬᠤ ᠬᠡᠷᠡᠭᠲᠡᠢ᠃ | ︽ᠠᠷᠪᠠ ᠪᠠᠷ ᠪᠦᠬᠦᠨ ᠢ ᠬᠠᠮᠤᠷᠬᠤ︾ ᠶᠢ ᠮᠦᠩᠭᠦᠨ ᠭᠦᠢᠯᠭᠡᠭᠡᠨ ᠢᠶᠠᠷ ᠳᠡᠮᠵᠢᠭᠰᠡᠨ ᠪᠠᠶᠢᠳᠠᠯ ᠢ | ᠰᠢᠮᠳᠠᠭᠤᠯᠤᠨ ᠪᠠᠶᠢᠴᠠᠭᠠᠬᠤ ᠪᠠ ᠰᠢᠯᠭᠠᠨ ᠬᠢᠨᠠᠬᠤ ᠶᠢ ᠴᠢᠩᠭᠠᠳᠬᠠᠨ᠎ᠠ | ᠦᠪᠡᠷᠲᠡᠭᠡᠨ ᠵᠠᠰᠠᠬᠤ ᠤᠷᠤᠨ ᠤ ᠮᠦᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠠᠷᠠᠳ ᠤᠨ ᠪᠠᠩᠬᠢ | ᠶᠢᠨ ᠬᠦᠬᠡᠬᠤᠲᠠ ᠶᠢᠨ ᠭᠤᠣᠯ ᠰᠠᠯᠪᠤᠷᠢ ᠪᠠᠩᠬᠢ᠂ ᠦᠪᠦᠷ ᠮᠣᠩᠭᠤᠯ ᠤᠨ ᠪᠠᠩᠬᠢ ᠶᠢᠨ ᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠦᠴᠢᠷ ᠤᠳ ᠡᠯ᠎ᠡ ᠬᠤᠯᠪᠤᠭᠳᠠᠯ ᠪᠦᠬᠦᠢ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠳᠡᠮᠵᠢᠭᠰᠡᠨ ᠪᠠᠶᠢᠳᠠᠯ ᠢ ᠰᠢᠮᠳᠠᠭᠤᠯᠤᠨ | ᠪᠠᠶᠢᠴᠠᠭᠠᠬᠤ ᠪᠠ ᠰᠢᠯᠭᠠᠨ ᠬᠢᠨᠠᠬᠤ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠰᠢᠯᠭᠠᠨ | ᠬᠢᠨᠠᠭᠰᠠᠨ ᠪᠠᠶᠢᠳᠠᠯ ᠢ ᠵᠢᠯ ᠤᠨ ᠡᠴᠦᠰ ᠤᠨ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠯ᠎ᠡ ᠲᠦᠷᠦᠯ ᠤᠨ | ᠱᠠᠩᠨᠠᠵᠤ ᠦᠨᠡᠯᠡᠬᠦ ᠭᠦᠢᠴᠡᠳᠭᠡᠬᠦ ᠲᠤᠭ᠎ᠠ ᠶᠢᠨ ᠰᠢᠰᠲ᠋ᠧᠮ ᠳᠤ ᠵᠢᠭᠰᠠᠭᠠᠨ ᠣᠷᠤᠭᠤᠯᠬᠤ ᠬᠡᠷᠡᠭᠲᠡᠢ᠃ | ᠬᠤᠯᠪᠤᠭᠳᠠᠯ ᠪᠦᠬᠦᠢ ᠰᠠᠯᠠᠭ᠎ᠠ ᠮᠦᠴᠢᠷ ᠬᠢᠭᠡᠳ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠣᠭᠲᠠᠮᠠᠯ | ᠬᠤᠭᠤᠴᠠᠭ᠎ᠠ ᠲᠠᠢ ᠪᠠᠷ ᠨᠡᠪᠲᠡᠷᠡᠯᠴᠡᠬᠦ ᠠᠵᠢᠯ ᠤᠨ ᠲᠣᠭᠲᠠᠴᠠ ᠶᠢ ᠪᠠᠶᠢᠭᠤᠯᠤᠨ᠎ᠠ | ᠰᠠᠯᠠᠭ᠎ᠠ ᠮᠦᠴᠢᠷ ᠤᠨ ᠬᠤᠭᠤᠷᠤᠨᠳᠤ᠂ ᠰᠠᠯᠠᠭ᠎ᠠ ᠮᠦᠴᠢᠷ ᠬᠢᠭᠡᠳ ᠮᠦᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠬᠤᠭᠤᠷᠤᠨᠳᠤ ᠶᠢᠨ ᠲᠣᠭᠲᠠᠮᠠᠯ ᠬᠤᠭᠤᠴᠠᠭ᠎ᠠ ᠲᠠᠢ ᠪᠠᠷ ᠨᠡᠪᠲᠡᠷᠡᠯᠴᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠠᠷ ︽ᠠᠷᠪᠠ ᠪᠠᠷ ᠪᠦᠬᠦᠨ ᠢ ᠬᠠᠮᠤᠷᠬᠤ︾ | ᠢᠨᠵᠧᠨᠧᠷᠢᠩ ᠢ ᠳᠡᠮᠵᠢᠭᠦᠯᠬᠦ ᠪᠦᠲᠦᠮᠵᠢᠲᠡᠢ ᠠᠷᠭ᠎ᠠ ᠮᠠᠶ᠋ᠢᠭ ᠪᠠ ᠵᠠᠮ ᠮᠦᠷ ᠢ ᠰᠣᠳᠤᠯᠤᠨ ᠰᠢᠨᠵᠢᠯᠡᠵᠦ᠂ ᠮᠦᠩᠭᠦᠨ | ᠭᠦᠢᠯᠭᠡᠭᠡᠨ ᠤ ᠨᠡᠷᠡᠳᠭᠦᠨ ᠤ ᠰᠢᠨ᠎ᠡ ᠶᠢ ᠡᠭᠦᠳᠴᠦ᠂ ᠪᠣᠳᠠᠲᠠᠢ ᠠᠰᠠᠭᠤᠳᠠᠯ ᠢ ᠰᠢᠢᠳᠪᠦᠷᠢᠯᠡᠨ᠂ ᠰᠡᠳᠭᠢᠮᠵᠢ ᠶᠢᠨ | ᠰᠠᠨᠠᠭᠤᠯᠭ᠎ᠠ ᠳᠤᠷᠠᠳᠴᠤ᠂ ᠠᠵᠢᠯ ᠤᠨ ᠬᠤᠪᠢᠶᠠᠷᠢᠯᠠᠯ ᠤᠨ ᠬᠠᠷᠢᠭᠤᠴᠠᠯᠭ᠎ᠠ ᠶᠢ ᠲᠣᠳᠤᠷᠬᠠᠶᠢᠯᠠᠨ᠂ ᠪᠦᠲᠦᠮᠵᠢᠲᠡᠢ | ᠵᠣᠬᠢᠶᠠᠨ ᠪᠠᠶᠢᠭᠤᠯᠵᠤ ᠨᠠᠶᠢᠳᠠᠪᠤᠷᠢᠵᠢᠭᠤᠯᠤᠨ᠎ᠠ᠃ |