ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠨᠭ᠍ᠬᠢᠯ ᠤᠨ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠬᠥᠬᠡᠬᠤᠲᠠ ᠳᠤ ᠠᠮᠵᠢᠯᠲᠠ ᠲᠠᠢ ᠶᠠᠪᠤᠭᠲᠠᠵᠠᠢ
ᠨᠡᠶᠢᠲᠡᠯᠡᠭᠰᠡᠨ ᠴᠠᠭ᠄
2015/10/28
     ᠥᠪᠥᠷ ᠮᠣᠩᠭᠤᠯ ᠤᠨ ᠣᠷᠣᠨ ᠪᠠᠶᠢᠷᠢᠰᠢᠯ ᠤᠨ ᠳᠠᠪᠠᠭᠤᠯᠢᠭ ᠲᠠᠯ᠎ᠠ ᠪᠠᠨ ᠨᠡᠩ ᠰᠠᠶᠢᠳᠤᠷ ᠪᠠᠳᠠᠷᠠᠭᠤᠯᠵᠤ᠂ ᠥᠪᠥᠷ ᠮᠣᠩᠭᠤᠯ ᠤᠨ ︽ᠳᠤᠮᠳᠠᠳᠤ ᠣᠷᠣᠰ ᠮᠣᠩᠭᠤᠯ ᠤᠨ ᠠᠵᠤ ᠠᠬᠤᠶ ᠶᠢᠨ ᠬᠤᠩᠭᠢᠯ︾  ᠎ ᠤᠨ ᠣᠯᠠᠨ ᠤᠯᠤᠰ ᠤᠨ ᠬᠠᠮᠲᠤᠷᠠᠯᠴᠠᠭ᠎ᠠ ᠶᠢᠨ ᠪᠠᠶᠢᠭᠤᠯᠤᠯᠲᠠ ᠳᠤ ᠣᠷᠣᠯᠴᠠᠬᠤ ᠪᠠᠶᠢᠷᠢ ᠰᠠᠭᠤᠷᠢ ᠶᠢ ᠪᠠᠲᠤᠳᠬᠠᠨ᠂ ᠳᠤᠮᠳᠠᠳᠤ ᠤᠯᠤᠰ ᠬᠢᠭᠡᠳ ᠣᠷᠣᠰ᠂ ᠮᠣᠩᠭᠤᠯ ᠭᠤᠷᠪᠠᠨ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠤ ᠠᠵᠤ ᠠᠬᠤᠶ ᠠᠷᠠᠯᠵᠢᠶᠠᠨ ᠤ ᠬᠠᠷᠢᠴᠠᠭ᠎ᠠ ᠶᠢ ᠭᠦᠨᠵᠡᠭᠡᠶᠢᠷᠡᠭᠦᠯᠬᠦ ᠶᠢᠨ ᠲᠤᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠬᠤᠳᠠᠯᠳᠤᠭᠠᠨ ᠤ ᠶᠠᠪᠤᠳᠠᠯ ᠤᠨ ᠶᠠᠮᠤᠨ ᠪᠣᠯᠤᠨ ᠮᠣᠩᠭᠤᠯ ᠤᠨ ᠠᠵᠤ ᠦᠢᠯᠡᠳᠪᠦᠷᠢ ᠶᠢᠨ ᠶᠠᠮᠤᠨ ᠠᠴᠠ ᠭᠤᠣᠯᠯᠠᠨ ᠡᠷᠭᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠳᠠᠭᠠᠭᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠬᠠᠮᠵᠢᠨ ᠡᠷᠬᠢᠯᠡᠭᠰᠡᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾᠎ ᠤᠨ ᠳᠤᠮᠳᠠᠳᠤ ᠮᠣᠩᠭᠤᠯ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ 10 ᠳ᠋ᠤᠭᠠᠷ ᠰᠠᠷ᠎ᠠ ᠶᠢᠨ 23᠎ ᠤ ᠡᠳᠦᠷ ᠬᠥᠬᠡᠬᠤᠲᠠ ᠳᠤ ᠦᠪᠡᠳᠡᠭᠰᠢ ᠶᠡᠭᠡ ᠪᠠᠷ ᠬᠤᠷᠠᠯᠳᠤᠵᠤ᠂ ᠳᠤᠮᠳᠠᠳᠤ ᠮᠣᠩᠭᠤᠯ ᠬᠤᠶᠠᠷ ᠤᠯᠤᠰ ᠠᠴᠠ ᠢᠷᠡᠭᠰᠡᠨ ᠤᠯᠤᠰ ᠲᠥᠷᠥ ᠶᠢᠨ ᠴᠢᠬᠤᠯᠠ ᠬᠥᠮᠦᠰ᠂ ᠡᠷᠳᠡᠮᠲᠡᠨ ᠮᠡᠷᠭᠡᠵᠢᠯᠲᠡᠳ᠂ ᠰᠢᠯᠢᠳᠡᠭ ᠠᠵᠤ ᠠᠬᠤᠶᠢᠯᠠᠯᠲᠠᠳ᠂ ᠡᠯ᠎ᠡ ᠰᠠᠯᠠᠭ᠎ᠠ ᠮᠥᠴᠢᠷ ᠤᠨ ᠲᠥᠯᠥᠭᠡᠯᠡᠭᠴᠢᠳ᠂ ᠬᠤᠳᠠᠯᠳᠤᠭᠠᠴᠢᠨ ᠤ ᠨᠡᠶᠢᠭᠡᠮᠯᠢᠭ ᠤᠨ ᠲᠥᠯᠥᠭᠡᠯᠡᠭᠴᠢᠳ ᠵᠢᠴᠢ ᠡᠯ᠎ᠡ ᠤᠯᠤᠰ ᠤᠨ ᠵᠠᠭᠤᠴᠢᠯᠠᠭᠤᠷ ᠤᠨ ᠲᠥᠯᠥᠭᠡᠯᠡᠭᠴᠢᠳ ᠵᠡᠷᠭᠡ ᠡᠯ᠎ᠡ ᠡᠲᠡᠭᠡᠳ ᠤᠨ ᠬᠢᠨ ᠤ 300 ᠭᠠᠷᠤᠢ ᠡᠷᠬᠢᠮ ᠵᠣᠴᠢᠳ ᠬᠤᠷᠠᠯ ᠳᠤ ᠣᠷᠣᠯᠴᠠᠪᠠ᠃      ᠳᠤᠮᠳᠠᠳᠤ ᠮᠣᠩᠭᠤᠯ ᠤᠨ ᠦᠵᠡᠰᠭᠦᠯᠡᠩ ᠤᠨ ᠴᠤᠭᠯᠠᠭᠠᠨ ᠤ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠤ ᠬᠤᠪᠢ ᠳᠤ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ︾᠎ ᠤᠨ ᠳᠤᠮᠳᠠᠳᠤ ᠮᠣᠩᠭᠤᠯ ᠬᠤᠶᠠᠷ ᠤᠯᠤᠰ ᠤᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ︽ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠰᠢᠨ᠎ᠡ ᠡᠬᠢᠯᠡᠯᠲᠡ ᠶᠢ ᠡᠭᠦᠳᠦᠨ ᠪᠦᠲᠦᠭᠡᠬᠦ︾᠎ ᠪᠠᠷ ᠭᠤᠤᠯ ᠰᠡᠳᠦᠪ ᠪᠣᠯᠭᠠᠵᠤ᠂ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾᠎ ᠢ ᠪᠦᠲᠦᠭᠡᠨ ᠪᠠᠶᠢᠭᠤᠯᠬᠤ ᠠᠴᠢ ᠬᠤᠯᠪᠣᠭᠳᠠᠯ ᠬᠢᠭᠡᠳ ᠠᠷᠭ᠎ᠠ ᠪᠣᠳᠣᠯᠭ᠎ᠠ᠂ ᠠᠵᠠ ᠲᠣᠬᠢᠶᠠᠯ ᠬᠢᠭᠡᠳ ᠦᠷᠢᠰᠦᠯᠳᠦᠭᠡᠨ᠂ ᠠᠮᠵᠢᠯᠲᠠ ᠬᠢᠭᠡᠳ ᠲᠤᠳᠠᠭᠳᠠᠯ ᠵᠡᠷᠭᠡ ᠎ ᠪᠠᠷ ᠵᠥᠪᠯᠡᠬᠦ ᠰᠡᠳᠦᠪ ᠪᠣᠯᠭᠠᠨ᠂  ᠳᠤᠮᠳᠠᠳᠤ ᠮᠣᠩᠭᠤᠯ ᠬᠤᠶᠠᠷ ᠲᠠᠯ᠎ᠠ ᠶᠢᠨ ᠬᠢᠨ ᠤ ᠪᠣᠳᠠᠲᠤ ᠠᠵᠢᠯᠯᠠᠭ᠎ᠠ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠪᠦᠲᠦᠮᠵᠢᠲᠡᠢ ᠠᠷᠭ᠎ᠠ ᠵᠠᠮ ᠢ ᠬᠠᠮᠲᠤᠪᠡᠷ ᠶᠠᠷᠢᠯᠴᠠᠨ ᠲᠥᠯᠥᠪᠵᠢᠭᠦᠯᠵᠦ᠂ ᠵᠠᠰᠠᠭ ᠤᠨ ᠣᠷᠳᠣᠨ ᠂ ᠡᠷᠳᠡᠮ ᠰᠢᠨᠵᠢᠯᠡᠭᠡᠨ ᠤ ᠬᠢᠨ ᠪᠣᠯᠣᠨ ᠠᠵᠤ ᠠᠬᠤᠶᠢᠯᠠᠯ ᠎ ᠳᠤ ᠦᠨ᠎ᠡ ᠴᠠᠨ᠎ᠠ᠂ ᠭᠦᠨᠴᠡ ᠲᠠᠢ᠂ ᠨᠥᠯᠥᠭᠡ ᠪᠦᠬᠦᠢ ᠨᠢᠭᠡᠨ ᠰᠣᠯᠢᠯᠴᠠᠭᠠᠨ ᠤ ᠲᠠᠪᠴᠠᠩ ᠪᠠᠶᠢᠭᠤᠯᠬᠤ ᠪᠠᠷ ᠴᠢᠷᠮᠠᠶᠢᠵᠤ᠂ ︽ᠤᠯᠤᠰ ᠤᠨ ᠲᠠᠪᠴᠠᠩ᠂ ᠡᠷᠬᠡ ᠰᠦᠷᠲᠦ ᠠᠷᠭ᠎ᠠ ᠤᠬᠠᠭᠠᠨ ᠤ ᠬᠥᠮᠥᠷᠭᠡ᠂ ᠳᠡᠭᠡᠳᠦ ᠳᠡᠰ ᠤᠨ ᠤᠯᠠᠮᠵᠢᠯᠠᠨ ᠳᠡᠯᠭᠡᠷᠡᠭᠦᠯᠦᠯᠲᠡ︾᠎ ᠶᠢᠨ ᠣᠨᠴᠠᠯᠢᠭ ᠢ ᠭᠦᠢᠴᠡᠳ ᠢᠯᠡᠷᠡᠭᠦᠯᠵᠦ᠂ ︽ᠲᠠᠯ᠎ᠠ ᠨᠤᠲᠤᠭ ᠤᠨ ᠲᠣᠷᠭᠠᠨ ᠵᠠᠮ︾᠎ ᠤᠨ ᠰᠡᠷᠭᠦᠨ ᠮᠠᠨᠳᠤᠯᠲᠠ ᠶᠢ ᠲᠦᠯᠬᠢᠨ ᠠᠬᠢᠭᠤᠯᠬᠤ ᠂ ᠡᠷᠲᠡᠨ ᠤ ᠴᠠᠢ ᠶᠢᠨ ᠵᠠᠮ ᠤᠨ ᠠᠶᠠᠯᠠᠯ ᠳᠤ ᠯᠠᠪᠲᠠᠢ ᠢᠳᠡᠪᠬᠢᠲᠡᠢ ᠬᠤᠪᠢ ᠨᠡᠮᠡᠷᠢ ᠭᠠᠷᠭᠠᠬᠤ ᠪᠣᠯᠣᠨ᠎ᠠ᠃      ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠬᠢᠭᠡᠳ ᠳᠤᠮᠳᠠᠳᠤ ᠤᠯᠤᠰ ᠤᠨ ᠪᠠᠷᠢᠯᠭ᠎ᠠ ᠶᠢᠨ ᠢᠨᠵᠧᠨᠧᠷᠢᠩ ᠤᠨ ᠶᠡᠷᠦᠩᠬᠡᠢ ᠺᠣᠮᠫᠠᠨᠢ  ︽︿ᠨᠢᠭᠡ ᠪᠦᠰᠡ ᠨᠢᠭᠡ ᠵᠠᠮ﹀᠎ ᠤᠨ ᠰᠠᠨᠠᠭᠠᠴᠢᠯᠠᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ︾᠎ ᠲᠤ ᠭᠠᠷ ᠤᠨ ᠦᠰᠦᠭ ᠵᠢᠷᠤᠵᠠᠢ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号