ᠥᠪᠥᠷ ᠮᠣᠩᠭᠤᠯ ᠤᠨ ᠳᠤᠮᠳᠠ ᠪᠠ ᠵᠡᠭᠦᠨ ᠬᠡᠰᠡᠭ ᠤᠨ ᠬᠤᠶᠠᠳᠤᠭᠠᠷ ᠵᠤᠷᠪᠤᠰ ᠵᠡᠭᠦᠨᠰᠢ ᠪᠠᠷᠠᠭᠤᠨᠰᠢ ᠴᠢᠭᠯᠡᠯ ᠎ ᠤᠨ ᠲᠡᠮᠦᠷ ᠵᠠᠮ ᠤᠨ ᠶᠡᠭᠡ ᠨᠡᠪᠲᠡᠷᠡᠯ ᠵᠠᠮ ᠵᠢᠯ ᠤᠨ ᠡᠴᠦᠰ ᠲᠤ ᠨᠡᠪᠲᠡᠷᠡᠬᠦ ᠪᠣᠯᠣᠨ᠎ᠠ
ᠨᠡᠶᠢᠲᠡᠯᠡᠭᠰᠡᠨ ᠴᠠᠭ᠄
2015/10/28
     ᠭᠤᠣᠯ ᠱᠤᠭᠤᠮ ᠤᠨ ᠪᠦᠬᠦ ᠤᠷᠲᠤ ᠨᠢ 375 ᠺᠢᠯᠣᠮᠧᠲᠷ  ᠪᠦᠬᠦᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠢᠶᠡᠨ ᠬᠤᠲᠠ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ26᠎ ᠤ ᠡᠳᠦᠷ ᠪᠦᠬᠦ ᠱᠤᠭᠤᠮ ᠢᠶᠠᠷ ᠨᠡᠪᠲᠡᠷᠡᠵᠦ  ᠂ ᠲᠥᠬᠦᠭᠡᠷᠦᠮᠵᠢ ᠲᠣᠬᠢᠷᠠᠭᠤᠯᠤᠨ ᠲᠤᠷᠰᠢᠬᠤ ᠪᠠ ᠰᠢᠯᠭᠠᠨ ᠠᠪᠬᠤ ᠱᠠᠲᠤ ᠦᠶ᠎ᠡ ᠎ ᠳᠤ ᠪᠠᠨ ᠣᠷᠣᠵᠤ᠂ ᠵᠢᠱᠢᠯᠲᠡ ᠪᠠᠷ 2015 ᠣᠨ ᠤ ᠵᠢᠯ ᠤᠨ ᠡᠴᠦᠰ ᠲᠤ ᠨᠡᠪᠲᠡᠷᠡᠭᠦᠯᠵᠦ ᠲᠡᠭᠡᠭᠡᠪᠦᠷᠢᠯᠡᠨ ᠡᠵᠡᠩᠨᠡᠬᠦ ᠪᠣᠯᠣᠨ᠎ᠠ᠃ ᠲᠤᠬᠠᠢ ᠳᠤᠨᠢ᠂ ᠡᠷᠢᠶᠡᠨ ᠬᠤᠲᠠ —  ᠰᠢᠯᠢᠩᠬᠤᠲᠠ —  ᠤᠯᠠᠭᠠᠨᠬᠤᠲᠠ ᠲᠡᠮᠦᠷ ᠵᠠᠮ ᠨᠢ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠳᠠᠷᠠᠭ᠎ᠠ ᠪᠠᠷ᠂ ᠥᠪᠥᠷ ᠮᠣᠩᠭᠤᠯ ᠤᠨ ᠳᠤᠮᠳᠠ ᠪᠠ ᠵᠡᠭᠦᠨ ᠬᠡᠰᠡᠭ ᠤᠨ ᠭᠠᠵᠠᠷ ᠣᠷᠣᠨ ᠤ ᠬᠤᠶᠠᠳᠤᠭᠠᠷ ᠵᠤᠷᠪᠤᠰ ᠵᠡᠭᠦᠨᠰᠢ ᠪᠠᠷᠠᠭᠤᠨᠰᠢ ᠴᠢᠭᠯᠡᠯ ᠪᠦᠬᠦᠢ ᠲᠡᠮᠦᠷ ᠵᠠᠮ ᠤᠨ ᠲᠣᠮᠣ ᠨᠡᠪᠲᠡᠷᠡᠯ ᠵᠠᠮ ᠪᠣᠯᠣᠨ᠎ᠠ  ᠃ ᠡᠷᠢᠶᠡᠨ ᠬᠤᠲᠠ ᠠᠴᠠ ᠰᠢᠯᠢᠩᠬᠤᠲᠠ ᠬᠦᠷᠬᠦ ᠲᠡᠮᠦᠷ ᠵᠠᠮ ᠤᠨ ᠵᠡᠭᠦᠨᠰᠢ ᠪᠠᠨ ᠰᠢᠯᠢᠩᠬᠤᠲᠠ ᠠᠴᠠ ᠤᠯᠠᠭᠠᠨᠬᠤᠲᠠ ᠬᠦᠷᠬᠦ ᠵᠠᠮ ᠯᠤᠭ᠎ᠠ ᠵᠠᠯᠭᠠᠵᠤ᠂  ᠪᠠᠷᠠᠭᠤᠨᠰᠢ ᠪᠠᠨ ᠡᠮᠦᠨᠡᠰᠢ ᠤᠮᠠᠷᠠᠰᠢ  ᠴᠢᠭᠯᠡᠭᠰᠡᠨ ᠵᠢᠨᠢᠩ ᠠᠴᠠ ᠡᠷᠢᠶᠡᠨ ᠬᠤᠲᠠ ᠬᠦᠷᠬᠦ ᠲᠡᠮᠦᠷ ᠵᠠᠮ ᠲᠠᠢ ᠬᠤᠯᠪᠣᠵᠤ᠂ ᠥᠪᠥᠷ ᠮᠣᠩᠭᠤᠯ ᠤᠨ ᠵᠡᠭᠦᠨᠰᠢ ᠪᠠᠷᠠᠭᠤᠨᠰᠢ ᠴᠢᠭᠯᠡᠭᠰᠡᠨ ᠲᠡᠮᠦᠷ ᠵᠠᠮ ᠤᠨ ᠲᠣᠮᠣ ᠨᠡᠪᠲᠡᠷᠡᠯ ᠵᠠᠮ ᠤᠨ ᠪᠠᠷᠠᠭᠤᠨ ᠬᠡᠰᠡᠭ ᠤᠨ ᠲᠤᠰᠠᠯᠠᠬᠤ ᠨᠡᠪᠲᠡᠷᠡᠯ ᠵᠠᠮ ᠤᠨ ᠴᠢᠬᠤᠯᠠ ᠪᠦᠷᠢᠯᠳᠦᠬᠦᠨ ᠬᠡᠰᠡᠭ ᠪᠠ  ᠪᠠᠷᠠᠭᠤᠨ ᠬᠡᠰᠡᠭ ᠤᠨ ᠪᠣᠭᠤᠮᠲᠠ ᠯᠤᠭ᠎ᠠ ᠬᠤᠯᠪᠣᠭᠰᠠᠨ ᠨᠡᠪᠲᠡᠷᠡᠯ ᠵᠠᠮ ᠪᠣᠯᠬᠤ ᠪᠦᠭᠡᠳ ᠮᠥᠨ ᠴᠦ ᠵᠡᠭᠦᠨ ᠣᠷᠣᠨ ᠤ ᠡᠬᠢ ᠪᠠᠶᠠᠯᠢᠭ ᠢ ᠭᠠᠳᠠᠭᠰᠢ ᠲᠡᠭᠡᠭᠡᠪᠦᠷᠢᠯᠡᠬᠦ ᠴᠢᠬᠤᠯᠠ ᠨᠡᠪᠲᠡᠷᠡᠯ ᠵᠠᠮ ᠪᠣᠯᠣᠨ᠎ᠠ᠃ ᠡᠷᠢᠶᠡᠨ ᠬᠤᠲᠠ —  ᠰᠢᠯᠢᠩᠬᠤᠲᠠ —  ᠤᠯᠠᠭᠠᠨᠬᠤᠲᠠ ᠬᠦᠷᠬᠦ ᠲᠡᠮᠦᠷ ᠵᠠᠮ ᠨᠡᠪᠲᠡᠷᠡᠵᠦ ᠲᠡᠭᠡᠭᠡᠪᠦᠷᠢ ᠡᠵᠡᠩᠨᠡᠭᠰᠡᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ᠂ ᠵᠡᠭᠦᠨ ᠣᠷᠣᠨ ᠠᠴᠠ ᠪᠠᠷᠠᠭᠤᠨ ᠣᠷᠣᠨ ᠬᠦᠷᠬᠦ ᠴᠠᠭ ᠬᠤᠭᠤᠴᠠᠭᠠᠨ ᠤ ᠣᠷᠣᠨ ᠵᠠᠢ ᠶᠢ ᠪᠠᠭᠠᠰᠬᠠᠵᠤ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠨᠢᠭᠡ ᠴᠣᠭᠴᠠᠵᠢᠨ ᠬᠦᠭᠵᠢᠬᠦ ᠶᠢ ᠲᠦᠷᠭᠡᠳᠬᠡᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号