ᠳᠤᠮᠳᠠᠳᠤ ᠤᠯᠤᠰ — ᠮᠣᠩᠭᠤᠯ ᠤᠯᠤᠰ ᠤᠨ ᠦᠵᠡᠰᠬᠦᠯᠡᠩ ᠤᠨ ᠴᠤᠭᠯᠠᠭᠠᠨ ᠤ ᠳᠤᠮᠳᠠᠳᠤ ᠮᠣᠩᠭᠤᠯ ᠤᠨ | ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠯᠴᠠᠭᠠᠨ ᠤ ᠵᠦᠪᠳᠡᠯᠴᠡᠬᠦ ᠬᠤᠷᠠᠯ ᠳᠡᠭᠡᠷ᠎ᠡ᠂ ᠬᠤᠷᠠᠯ ᠳᠤ | ᠤᠷᠤᠯᠴᠠᠭᠰᠠᠨ 75 ᠠᠵᠤ ᠠᠬᠤᠶᠢᠯᠠᠯ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ 500 ᠳ᠋ᠦᠩᠰᠢᠭᠤᠷ | ᠲᠥᠭᠦᠷᠢᠭ ᠬᠦᠷᠬᠦ 56 ᠲᠥᠷᠥᠯ ᠵᠦᠢᠯ ᠤᠨ ᠵᠦᠪᠯᠡᠯᠴᠡᠭᠡᠷ ᠲᠤ ᠭᠠᠷ ᠤᠨ ᠦᠰᠦᠭ ᠵᠢᠷᠤᠵᠠᠢ᠃ | ︽ᠡᠨᠡ ᠤᠳᠠᠭᠠᠨ ᠤ ᠵᠦᠪᠳᠡᠯᠴᠡᠬᠦ ᠬᠤᠷᠠᠯ ᠳᠤ ᠳᠤᠮᠳᠠᠳᠤ ᠤᠯᠤᠰ᠂ ᠮᠣᠩᠭᠤᠯ ᠤᠯᠤᠰ ᠪᠣᠯᠤᠨ ᠬᠦᠷᠰᠢ | ᠤᠯᠤᠰ ᠤᠳ ᠤᠨ ᠨᠡᠶᠢᠲᠡ 300 ᠭᠠᠷᠤᠢ ᠠᠵᠤ ᠠᠬᠤᠶᠢᠯᠠᠯ ᠤᠷᠤᠯᠴᠠᠵᠤ᠂ ᠳᠤᠮᠳᠠᠳᠤ ᠮᠣᠩᠭᠤᠯ ᠬᠤᠶᠠᠷ | ᠲᠠᠯ᠎ᠠ ᠪᠠᠷ ᠢᠶᠠᠨ ᠰᠤᠯᠢᠯᠴᠠᠭ᠎ᠠ ᠤᠶᠢᠯᠠᠭᠠᠯᠴᠠᠭ᠎ᠠ ᠪᠠᠨ ᠤᠯᠠᠮ ᠨᠢᠭᠡ ᠠᠯᠬᠤᠮ ᠨᠡᠮᠡᠭᠳᠡᠬᠦᠯᠵᠤ᠂ ᠬᠠᠮᠲᠤᠷᠠᠨ | ᠠᠵᠢᠯᠯᠠᠬᠤ ᠬᠦᠷᠢᠶ᠎ᠡ ᠬᠡᠪᠴᠢᠶ᠎ᠡ ᠪᠠᠨ ᠦᠷᠬᠡᠵᠢᠬᠦᠯᠬᠦ ᠶᠢᠨ ᠲᠤᠰᠠᠳᠠ ᠤᠷᠲᠤ ᠬᠤᠭᠤᠴᠠᠭᠠᠨ ᠤ ᠬᠠᠮᠲᠤᠷᠠᠯᠴᠠᠭᠠᠨ ᠤ | ᠲᠠᠪᠴᠠᠩ ᠢ ᠪᠠᠶᠢᠭᠤᠯᠪᠠ︾ ᠬᠡᠵᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ | ᠸᠠᠩ ᠪᠥᠸᠧ ᠬᠡᠯᠡᠪᠡ᠃ | ᠮᠣᠩᠭᠤᠯ ᠤᠯᠤᠰ ᠤᠨ ᠠᠵᠤ ᠦᠢᠯᠡᠳᠪᠦᠷᠢ ᠶᠢᠨ ᠶᠠᠮᠤᠨ ᠤ ᠳᠤᠮᠳᠠ ᠵᠢᠵᠢᠭ ᠠᠵᠤ ᠠᠬᠤᠶᠢᠯᠠᠯ ᠤᠨ | ᠲᠥᠷᠥ ᠶᠢᠨ ᠪᠣᠳᠣᠯᠭ᠎ᠠ ᠵᠣᠬᠢᠴᠠᠭᠤᠯᠬᠤ ᠵᠤᠷᠭᠠᠨ ᠤ ᠳᠠᠷᠤᠭ᠎ᠠ ᠬ᠋᠊· ᠪᠢᠯᠡᠬᠦᠨ ᠬᠡᠯᠡᠭᠰᠡᠨ ᠨᠢ᠂ ᠳᠤᠮᠳᠠᠳᠤ | ᠮᠣᠩᠭᠤᠯ ᠤᠨ ᠦᠵᠡᠰᠬᠦᠯᠡᠩ ᠤᠨ ᠴᠤᠭᠯᠠᠭᠠᠨ ᠨᠢ ᠮᠤᠩᠭᠤᠯ ᠳᠤᠮᠳᠠᠲᠤ ᠶᠢᠨ ᠳᠤᠮᠳᠠ ᠵᠢᠵᠢᠭ ᠠᠵᠤ ᠠᠬᠤᠶᠢᠯᠠᠯ ᠤᠨ | ᠬᠠᠮᠲᠤᠷᠠᠯᠴᠠᠭ᠎ᠠ᠂ ᠮᠣᠩᠭᠤᠯ ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠲᠠᠸᠠᠷ ᠢ ᠳᠤᠮᠳᠠᠳᠤ ᠤᠯᠤᠰ ᠲᠤ | ᠳᠡᠯᠭᠡᠷᠡᠭᠦᠯᠬᠦ ᠳᠤ ᠰᠢᠨ᠎ᠡ ᠠᠵᠠ ᠲᠣᠬᠢᠶᠠᠯ ᠢ ᠠᠪᠴᠢᠷᠠᠭᠰᠠᠨ ᠪᠠᠶᠢᠨ᠎ᠠ᠂ ᠳᠠᠷᠠᠭᠠᠴᠢ ᠶᠢᠨ ᠠᠯᠬᠤᠮ ᠳᠤ ᠬᠤᠶᠠᠷ | ᠲᠠᠯ᠎ᠠ ᠶᠢᠨ ᠬᠠᠮᠲᠤᠷᠠᠯᠴᠠᠭᠠᠨ ᠤ ᠰᠠᠨᠠᠮᠵᠢ ᠲᠥᠯᠥᠪᠯᠡᠭᠡ ᠪᠠᠨ ᠬᠤᠷᠢᠶᠠᠩᠭᠤᠶᠢᠯᠠᠨ ᠳ᠋ᠦᠩᠨᠡᠵᠦ᠂ ᠬᠤᠶᠢᠰᠢᠳᠠ ᠶᠢᠨ | ᠬᠠᠮᠲᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠨ᠎ᠠ ᠬᠡᠪᠡ᠃ | ᠬᠤᠷᠠᠯ ᠳᠤ ᠣᠷᠣᠯᠴᠠᠭᠰᠠᠨ ᠬᠡᠰᠡᠭ ᠬᠥᠮᠦᠰ ᠤᠨ ᠦᠵᠡᠬᠦ ᠪᠠᠷ᠂ ᠳᠤᠮᠳᠠᠳᠤ ᠮᠣᠩᠭᠤᠯ ᠤᠨ | ᠦᠵᠡᠰᠬᠦᠯᠡᠩ ᠤᠨ ᠴᠤᠭᠯᠠᠭᠠᠨ ᠨᠢ ᠳᠤᠮᠳᠠᠳᠤ ᠮᠣᠩᠭᠤᠯ ᠤᠨ ᠣᠯᠠᠨ ᠬᠦᠷᠢᠶᠡᠨ ᠳᠠᠬᠢ ᠬᠠᠮᠲᠤᠷᠠᠯᠴᠠᠭ᠎ᠠ ᠶᠢ | ᠬᠦᠨᠵᠡᠭᠡᠶᠢᠷᠡᠬᠦᠯᠬᠦ ᠳᠤ ᠰᠠᠶᠢᠨ ᠰᠠᠶᠢᠬᠠᠨ ᠲᠠᠪᠴᠠᠩ ᠢ ᠪᠤᠰᠬᠠᠵᠤ᠂ ᠬᠤᠶᠠᠷ ᠤᠯᠤᠰ ᠤᠨ ᠳᠤᠮᠳᠠ ᠵᠢᠵᠢᠭ ᠠᠵᠤ | ᠠᠬᠤᠶᠢᠯᠠᠯ ᠤᠨ ᠬᠥᠭᠵᠢᠯᠲᠡ ᠳᠤ ᠰᠢᠨ᠎ᠡ ᠬᠥᠭᠵᠢᠯᠲᠡ ᠶᠢᠨ ᠠᠵᠠ ᠲᠣᠬᠢᠶᠠᠯ ᠤᠯᠭᠤᠵᠤ᠂ ᠬᠤᠶᠠᠷ ᠤᠯᠤᠰ ᠤᠨ | ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠪᠥᠭᠡᠳ ᠠᠯᠤᠰ ᠬᠡᠲᠦ ᠶᠢᠨ ᠨᠥᠯᠥᠭᠡ ᠡᠭᠦᠰᠬᠦ ᠶᠤᠮ | ᠬᠡᠵᠡᠭᠡᠪᠡ᠃ | ᠪᠠᠶᠠᠨᠨᠠᠭᠤᠷ ᠬᠤᠲᠠ ᠶᠢᠨ ᠠᠵᠤ ᠠᠬᠤᠶ ᠪᠣᠯᠤᠨ ᠮᠡᠳᠡᠭᠡ ᠵᠠᠩᠭᠢᠵᠢᠯᠲᠠ ᠶᠢᠨ ᠺᠣᠮᠢᠰ ᠤᠨ ᠡᠷᠬᠢᠯᠡᠭᠴᠢ ᠷᠧᠨ ᠢ | ᠴᠢᠶᠦ᠋ᠨ ᠬᠡᠯᠡᠭᠰᠡᠨ ᠨᠢ ︽ᠪᠠᠶᠠᠨᠨᠠᠭᠤᠷ ᠬᠤᠲᠠ ᠣᠷᠣᠨ ᠪᠠᠶᠢᠷᠢ᠂ ᠵᠠᠮ ᠬᠠᠷᠢᠯᠴᠠᠭ᠎ᠠ᠂ ᠴᠠᠬᠢᠯᠭᠠᠨ ᠬᠦᠴᠦ᠂ | ᠤᠰᠤᠨ ᠤ ᠡᠬᠢ ᠪᠠᠶᠠᠯᠢᠭ ᠵᠡᠷᠭᠡ ᠤᠯᠠᠨ ᠲᠠᠯ᠎ᠠ ᠶᠢᠨ ᠳᠠᠪᠠᠭᠤᠯᠢᠭ ᠤᠳ ᠢ ᠪᠦᠷᠢᠯᠳᠦᠭᠦᠯᠪᠡ᠂ ᠬᠦᠰᠡᠬᠦ ᠨᠢ ᠬᠤᠶᠠᠷ | ᠤᠯᠤᠰ ᠤᠨ ᠡᠯ᠎ᠡ ᠬᠦᠷᠢᠶᠡᠨ ᠤ ᠬᠥᠮᠦᠰ ᠳᠤᠮᠳᠠᠲᠤ ᠮᠣᠩᠭᠤᠯ ︵ᠭᠠᠭᠴᠠᠮᠤᠳᠤ — ᠭᠠᠰᠢᠭᠤᠨ ᠰᠤᠬᠠᠶᠢᠲᠤ︶ | ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠲᠤᠭᠤᠷᠢᠭ ᠤᠨ ᠪᠦᠲᠦᠭᠡᠨ ᠪᠠᠶᠢᠭᠤᠯᠤᠯᠲᠠ ᠳᠤ | ᠦᠷᠭᠡᠨ ᠤᠷᠤᠯᠴᠠᠵᠤ᠂ ᠬᠤᠶᠠᠷ ᠲᠠᠯ᠎ᠠ ᠶᠢᠨ ᠠᠵᠤ ᠠᠬᠤᠶᠢᠯᠠᠯ ᠪᠣᠯᠤᠨ ᠠᠷᠠᠳ ᠲᠦᠮᠡᠨ ᠳᠤ ᠨᠡᠩ ᠠᠷᠪᠢᠨ ᠪᠣᠳᠠᠲᠤ | ᠠᠰᠢᠭ ᠬᠦᠷᠲᠡᠭᠡᠨ᠎ᠡ︾᠃ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠤᠷᠢᠳᠠᠪᠠᠷ ᠠᠵᠤ ᠦᠢᠯᠡᠰ ᠤᠨ | ᠬᠠᠷᠢᠯᠴᠠᠨ ᠨᠦᠬᠦᠪᠦᠷᠢᠯᠡᠯᠴᠡᠬᠦ ᠴᠢᠨᠠᠷ ᠢᠶᠠᠷ ᠨᠡᠯᠢᠶᠡᠳ ᠴᠢᠩᠭ᠎ᠠ ᠪᠤᠯᠬᠤ ᠪᠣᠬᠢᠷᠲᠤᠯ ᠦᠭᠡᠢ ᠲᠠᠷᠢᠶᠠᠯᠠᠩ ᠮᠠᠯ ᠠᠵᠤ | ᠠᠬᠤᠢ᠂ ᠠᠭᠤᠷᠬᠠᠶ ᠶᠢᠨ ᠭᠠᠷᠤᠯᠲᠠ ᠶᠢᠨ ᠨᠠᠷᠢᠯᠢᠭ ᠪᠤᠯᠪᠠᠰᠤᠷᠠᠭᠤᠯᠬᠤ ᠪᠠ ᠲᠠᠷᠢᠶᠠᠯᠠᠩ ᠤᠨ ᠲᠤᠰᠠᠯᠠᠬᠤ ᠠᠵᠤ | ᠠᠬᠤᠶ ᠶᠢᠨ ᠪᠦᠲᠦᠭᠡᠭᠳᠡᠬᠦᠨ ᠢ ᠨᠠᠷᠢᠨ ᠪᠣᠯᠪᠠᠰᠤᠷᠠᠭᠤᠯᠬᠤ ᠪᠠᠷ ᠭᠤᠣᠯ ᠳᠠᠭᠠᠷᠢᠯᠲᠠ ᠶᠢᠨ ᠴᠢᠭᠯᠡᠯ ᠪᠣᠯᠭᠠᠨ᠂ | ᠬᠠᠷᠢᠯᠴᠠᠨ ᠠᠰᠢᠭ ᠣᠯᠭᠤᠵᠤ ᠬᠠᠮᠲᠤ ᠪᠠᠷ ᠠᠰᠢᠭ ᠭᠥᠷᠳᠡᠬᠦ ᠬᠠᠮᠲᠤᠷᠠᠨ ᠠᠵᠢᠯᠯᠠᠬᠤ ᠵᠠᠭᠪᠤᠷᠰᠢᠯ ᠢ ᠢᠳᠡᠪᠬᠢᠲᠡᠶ ᠪᠠᠷ | ᠬᠠᠶᠢᠨ ᠰᠦᠪᠡᠭᠴᠢᠯᠡᠬᠦ ᠬᠡᠷᠡᠭᠲᠠᠢ ᠭᠡᠪᠡ᠃ | ᠮᠣᠩᠭᠤᠯ ᠤᠯᠤᠰ ᠤᠨ ᠬᠤᠪᠤᠷ ᠡᠷᠳᠡᠨᠢ TT ᠺᠣᠮᠫᠠᠨᠢ ᠶᠢᠨ ᠠᠭᠤᠷᠬᠠᠢ ᠶᠢᠨ ᠦᠢᠯᠡᠰ ᠤᠨ ᠪᠠᠶᠢᠯᠳᠤᠬᠤ | ᠪᠤᠳᠤᠯᠭ᠎ᠠ ᠪᠤᠯᠤᠨ ᠶᠡᠷᠦᠩᠬᠡᠶᠢᠯᠡᠨ ᠲᠥᠯᠥᠪᠵᠢᠭᠦᠯᠬᠦ ᠬᠡᠯᠲᠡᠰ ᠤᠨ ᠳᠠᠷᠤᠭ᠎ᠠ ᠭᠠᠨᠭ᠍ᠲᠤᠯᠭᠠ ᠶᠢᠨ ᠦᠵᠡᠬᠦ ᠪᠠᠷ᠂ | ᠣᠳᠣᠬᠠᠨ ᠳᠤ ᠳᠤᠮᠳᠠᠳᠤ ᠮᠣᠩᠭᠤᠯ ᠬᠤᠶᠠᠷ ᠲᠠᠯ᠎ᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠬᠠᠮᠲᠤᠷᠠᠯᠴᠠᠭ᠎ᠠ | ᠪᠠᠰᠠ ᠲᠡᠶᠢᠮᠦ ᠨᠢᠭᠲᠠ ᠪᠤᠰᠤ᠂ ᠡᠨᠡ ᠤᠳᠠᠭᠠᠨ ᠤ ᠵᠦᠪᠳᠡᠯᠴᠡᠬᠦ ᠬᠤᠷᠠᠯ ᠪᠣᠯ ᠲᠤᠰ ᠺᠣᠮᠫᠠᠨᠢ ᠶᠢᠨ ᠳᠤᠮᠳᠠᠳᠤ | ᠤᠯᠤᠰ ᠲᠠᠬᠢ ᠵᠠᠬ᠎ᠠ ᠳᠡᠯᠭᠡᠭᠦᠷ ᠢᠶᠠᠨ ᠨᠡᠭᠡᠭᠡᠨ ᠦᠷᠭᠡᠳᠭᠡᠬᠦ ᠨᠢᠭᠡᠨ ᠲᠣᠩ ᠰᠠᠶᠢᠨ ᠵᠠᠪᠰᠢᠶᠠᠨ ᠪᠤᠯᠤᠨ᠎ᠠ ᠬᠡᠪᠡ᠃ | 2015 ᠣᠨ ᠠᠴᠠ ᠡᠬᠢᠯᠡᠨ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠳᠤᠮᠳᠠᠳᠤ ᠮᠣᠩᠭᠤᠯ ᠤᠨ | ᠦᠵᠡᠰᠬᠦᠯᠡᠩ ᠤᠨ ᠴᠤᠭᠯᠠᠭᠠᠨ ᠢ ᠬᠤᠶᠠᠷ ᠵᠢᠯ ᠪᠦᠷᠢ ᠨᠢᠭᠡ ᠤᠳᠠᠭ᠎ᠠ ᠥᠪᠥᠷ ᠮᠣᠩᠭᠤᠯ ᠤᠨ ᠬᠥᠬᠡᠬᠤᠲᠠ ᠳᠤ | ᠡᠷᠬᠢᠯᠡᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠠᠵᠤ ᠠᠬᠤᠶᠢᠯᠠᠯ ᠤᠨ ᠠᠷᠠᠯᠵᠢᠶ᠎ᠠ ᠮᠠᠶᠢᠮᠠᠶ ᠬᠢᠬᠦ ᠪᠡᠯᠡ | ᠣᠷᠣᠭᠤᠯᠤᠯᠲᠠ ᠵᠡᠷᠭᠡ ᠠᠵᠤ ᠠᠬᠤᠶ ᠶᠢᠨ ᠬᠠᠮᠲᠤᠷᠠᠯᠴᠠᠭᠠᠨ ᠤ ᠲᠠᠪᠴᠠᠩ ᠪᠤᠰᠬᠠᠬᠤ ᠪᠤᠯᠤᠨ᠎ᠠ᠃ | |