ᠥᠪᠥᠷ ᠮᠣᠩᠭᠤᠯ ᠤᠨ ᠵᠠᠰᠠᠭ ᠤᠨ ᠣᠷᠳᠣᠨ ᠣᠷᠴᠢᠮᠬᠠᠨ ᠳᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠬᠡᠷᠡᠭᠵᠢᠭᠦᠯᠬᠦ ᠲᠤᠬᠠᠢ ᠰᠠᠨᠠᠯ ᠢ ᠨᠡᠶᠢᠲᠡᠯᠡᠨ ᠬᠡᠷᠡᠭᠵᠢᠬᠦᠯᠪᠡ
ᠨᠡᠶᠢᠲᠡᠯᠡᠭᠰᠡᠨ ᠴᠠᠭ᠄
2015/10/28
     ᠥᠪᠥᠷ ᠮᠣᠩᠭᠤᠯ ᠤᠨ ᠵᠠᠰᠠᠭ ᠤᠨ ᠣᠷᠳᠣᠨ ᠣᠷᠴᠢᠮᠬᠠᠨ ᠳᠤ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠬᠦ ᠲᠤᠬᠠᠶ ᠰᠠᠨᠠᠯ ᠢ ᠨᠡᠶᠢᠲᠡᠯᠡᠨ ᠬᠡᠷᠡᠭᠵᠢᠬᠦᠯᠪᠡ᠃ ᠰᠠᠨᠠᠯ ᠳᠤ ᠤᠤᠭᠤᠬᠤ ᠤᠰᠤᠨ ᠤ ᠡᠬᠢ ᠰᠤᠷᠪᠤᠯᠵᠢ ᠶᠢᠨ ᠠᠮᠤᠷ ᠲᠦᠪᠰᠢᠨ ᠢ ᠪᠠᠲᠤᠯᠠᠵᠤ᠂ ᠤᠰᠤᠨ ᠰᠤᠷᠪᠤᠯᠵᠢ ᠠᠴᠠ ᠤᠰᠤᠨ ᠭᠤᠭᠤᠵᠢᠭᠤᠷ ᠬᠦᠷᠲᠡᠯᠡᠬᠢ ᠤᠤᠭᠤᠬᠤ ᠤᠰᠤᠨ ᠤ ᠠᠮᠤᠷ ᠲᠦᠪᠰᠢᠨ ᠤ ᠪᠦᠬᠦ ᠶᠠᠪᠤᠴᠠ ᠶᠢ ᠬᠢᠨᠠᠨ ᠬᠠᠮᠢᠶᠠᠷᠬᠤ ᠬᠡᠷᠡᠭᠲᠠᠢ ᠪᠥᠭᠡᠳ ᠡᠯ᠎ᠡ ᠭᠠᠵᠠᠷ ᠣᠷᠣᠨ ᠵᠢᠴᠢ ᠤᠰᠤ ᠬᠠᠩᠭᠠᠬᠤ ᠨᠢᠭᠡᠴᠡ ᠲᠣᠭᠲᠠᠮᠠᠯ ᠬᠤᠭᠤᠴᠠᠭ᠎ᠠ ᠲᠠᠢ ᠪᠠᠷ ᠲᠤᠰ ᠵᠠᠰᠠᠭ ᠵᠠᠬᠢᠷᠭᠠᠨ ᠤ ᠣᠷᠣᠨ ᠤ ᠳᠤᠲᠤᠷᠠᠬᠢ ᠤᠤᠭᠤᠬᠤ ᠤᠰᠤᠨ ᠤ ᠰᠤᠷᠪᠤᠯᠵᠢ᠂ ᠤᠰᠤ ᠬᠠᠩᠭᠠᠬᠤ ᠤᠰᠤᠨ ᠤ ᠦᠢᠯᠡᠳᠪᠦᠷᠢ ᠬᠢᠭᠡᠳ ᠬᠡᠷᠡᠭᠯᠡᠭᠴᠢ ᠶᠢᠨ ᠤᠰᠤᠨ ᠭᠤᠭᠤᠵᠢᠭᠤᠷ ᠤᠨ ᠴᠢᠨᠠᠷ ᠴᠢᠨᠰᠠᠭ᠎ᠠ ᠵᠡᠷᠭᠡ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠢ ᠬᠢᠨᠠᠨ ᠬᠡᠮᠵᠢᠬᠦ᠂ ᠰᠢᠯᠭᠠᠨ ᠬᠡᠮᠵᠢᠬᠦ ᠪᠠ ᠦᠨᠡᠯᠡᠨ ᠵᠢᠱᠢᠵᠤ᠂ ᠭᠠᠵᠠᠷ ᠤᠨ ᠳᠡᠰ ᠤᠨ ᠬᠤᠲᠠ 2016 ᠣᠨ ᠠᠴᠠ ᠡᠬᠢᠯᠡᠨ ᠤᠯᠠᠷᠢᠯ ᠪᠦᠷᠢ ᠨᠢᠭᠡ ᠤᠳᠠᠭ᠎ᠠ ᠨᠡᠶᠢᠭᠡᠮ ᠨᠡᠶᠢᠲᠡ ᠳᠤ ᠢᠯᠡ ᠪᠤᠯᠭᠠᠨ᠎ᠠ᠃ 2018 ᠣᠨ ᠠᠴᠠ ᠡᠬᠢᠯᠡᠨ᠂ ᠪᠤᠢ ᠪᠦᠬᠦᠢ ᠬᠤᠰᠢᠭᠤ ᠰᠢᠶᠠᠨ ︵ᠬᠤᠳᠠ᠂ ᠲᠣᠭᠤᠷᠢᠭ︶᠎ ᠤ ᠬᠤᠳᠠ ᠶᠢᠨ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠪᠥᠬᠦᠨ ᠢ ᠴᠥᠮ ᠨᠡᠶᠢᠭᠡᠮ ᠳᠠᠶᠠᠭᠠᠷ ᠲᠤ ᠢᠯᠡ ᠪᠣᠯᠭᠠᠬᠤ ᠬᠡᠷᠡᠭᠲᠡᠢ ᠬᠡᠵᠤ ᠲᠤᠭᠲᠠᠭᠠᠪᠠ᠃      ᠰᠠᠨᠠᠯ ᠳᠤ ᠲᠤᠲᠤᠷᠬᠠᠶᠢᠯᠠᠭᠰᠠᠨ ᠨᠢ᠂ ᠤᠤᠭᠤᠬᠤ ᠤᠰᠤᠨ ᠤ ᠡᠬᠢ ᠰᠤᠷᠪᠤᠯᠵᠢ ᠶᠢᠨ ᠵᠢᠷᠤᠮᠵᠢᠭᠤᠯᠬᠤ ᠪᠠᠶᠢᠭᠤᠯᠤᠯᠲᠠ ᠶᠢ ᠥᠷᠨᠢᠭᠦᠯᠵᠦ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ ᠬᠠᠤᠯᠢ ᠠᠴᠠ ᠵᠥᠷᠢᠴᠡᠭᠰᠡᠨ ᠪᠠᠷᠢᠯᠭ᠎ᠠ ᠬᠢᠭᠡᠳ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠢ ᠬᠠᠤᠯᠢ ᠶᠣᠰᠣᠭᠠᠷ ᠢᠯᠭᠠᠷᠠᠭᠤᠯᠤᠨ ᠰᠢᠢᠳᠪᠦᠷᠢᠯᠡᠬᠦ ᠬᠡᠷᠡᠭᠲᠠᠢ ᠬᠡᠪᠡ᠃ ᠲᠦᠡᠭᠯᠢᠶᠤᠤ ᠬᠤᠲᠠ᠂ ᠬᠢᠨᠭ᠍ᠭᠠᠨ ᠠᠶᠢᠮᠠᠭ᠂ ᠬᠦᠯᠦᠨ ᠪᠤᠶᠢᠷ ᠬᠤᠲᠠ᠂ ᠠᠯᠠᠱᠠᠨ ᠠᠶᠢᠮᠠᠭ᠂ ᠰᠢᠯᠢ ᠶᠢᠨ ᠭᠤᠤᠯ ᠠᠶᠢᠮᠠᠭ᠂ ᠦᠬᠠᠢ ᠬᠤᠲᠠ᠂ ᠮᠠᠨᠵᠤᠤᠷ ᠬᠤᠲᠠ᠂ ᠡᠷᠢᠶᠡᠨ ᠬᠤᠲᠠ ᠵᠡᠷᠭᠡ ᠭᠠᠵᠠᠷ ᠤᠷᠤᠨ 2020 ᠤᠨ ᠠᠴᠠ ᠡᠮᠦᠨ᠎ᠡ᠂ ᠪᠡᠯᠡᠳᠭᠡᠯ ᠤᠰᠤᠨ ᠰᠤᠷᠪᠤᠯᠵᠢ ᠪᠤᠶᠤ ᠪᠠᠴᠢᠮ ᠪᠠᠶᠢᠳᠠᠯ ᠢ ᠠᠷᠭᠠᠴᠠᠬᠤ ᠤᠰᠤᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠳᠠᠭᠤᠰᠬᠠᠨ᠎ᠠ᠃ 2017 ᠣᠨ ᠤ ᠡᠴᠦᠰ ᠠᠴᠠ ᠡᠮᠦᠨ᠎ᠡ ᠣᠷᠴᠢᠨ ᠠᠬᠤᠶ ᠶᠢᠨ ᠬᠤᠷᠮᠣᠨ ᠲᠥᠷᠥᠯ ᠤᠨ ᠬᠢᠮᠢ ᠶᠢᠨ ᠡᠳ᠋ ᠪᠤᠳᠠᠰ ᠤᠨ ᠦᠢᠯᠡᠳᠪᠦᠷᠢᠯᠡᠯ ᠬᠡᠷᠡᠭᠯᠡᠭᠡᠨ ᠤ ᠪᠠᠶᠢᠳᠠᠯ ᠳᠤ ᠪᠠᠶᠢᠴᠠᠭᠠᠯᠲᠠ ᠬᠢᠵᠤ ᠳᠠᠭᠤᠰᠬᠠᠨ᠎ᠠ᠃ ᠡᠭᠦᠨ ᠤ ᠬᠠᠮᠲᠤ᠂ ᠭᠤᠤᠯᠳᠠᠯᠭ᠎ᠠ ᠲᠠᠢ ᠰᠠᠪᠠ ᠭᠠᠵᠠᠷ ᠤᠨ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠎ᠡ᠃ ᠰᠠᠪᠠ ᠭᠠᠵᠠᠷ ᠤᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢᠨ ᠣᠷᠣᠨ ᠬᠤᠪᠢᠶᠠᠵᠤ ᠬᠠᠮᠢᠶᠠᠷᠬᠤ ᠰᠢᠰᠲ᠋ᠧᠮᠵᠢ ᠶᠢ ᠰᠤᠳᠤᠯᠤᠨ ᠪᠠᠶᠢᠭᠤᠯᠵᠤ᠂ ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠤᠷ ᠠᠽᠤᠲ᠂ ᠹᠤᠰᠹᠤᠷ᠂ ᠬᠦᠨᠳᠦ ᠲᠡᠮᠦᠷᠯᠢᠭ ᠵᠢᠴᠢ ᠬᠥᠮᠦᠨ ᠤ ᠪᠡᠶ᠎ᠡ ᠶᠢᠨ ᠡᠷᠡᠭᠦᠯ ᠮᠡᠨᠳᠦ ᠶᠢ ᠨᠦᠯᠦᠭᠡᠯᠡᠬᠦ ᠪᠤᠰᠤᠳ ᠪᠣᠬᠢᠷᠲᠤᠯ ᠪᠣᠳᠠᠰ ᠢ ᠵᠠᠰᠠᠬᠤ ᠡᠷᠴᠢᠮ ᠢᠶᠠᠨ ᠨᠡᠮᠡᠭᠳᠡᠭᠦᠯᠬᠦ ᠬᠡᠷᠡᠭᠲᠡᠢ᠃ ᠭᠠᠵᠠᠷ ᠤᠨ ᠳᠡᠰ ᠤᠨ ᠬᠤᠲᠠ ᠶᠢᠨ ᠪᠠᠶᠢᠭᠤᠯᠤᠯᠲᠠ ᠶᠢᠨ ᠲᠣᠭᠤᠷᠢᠭ ᠢ 2015 ᠣᠨ ᠤ ᠵᠢᠯ ᠤᠨ ᠡᠴᠦᠰ ᠠᠴᠠ ᠡᠮᠦᠨ᠎ᠡ ᠤᠰᠤ ᠶᠢ ᠳᠠᠷᠠᠭᠠᠯᠠᠨ ᠪᠠᠶᠢᠴᠠᠭᠠᠵᠤ ᠳᠠᠭᠤᠰᠬᠠᠨ᠂ ᠬᠠᠷ᠎ᠠ ᠦᠮᠡᠬᠡᠶ ᠤᠰᠤᠨ ᠤ ᠨᠡᠷᠡᠶᠢᠳᠦᠯ᠂ ᠬᠠᠷᠢᠭᠤᠴᠠᠯᠭᠠᠲᠠᠨ ᠵᠢᠴᠢ ᠪᠠᠷᠢᠮᠵᠢᠶ᠎ᠠ ᠳᠤ ᠬᠦᠷᠭᠡᠬᠦ ᠬᠤᠭᠤᠴᠠᠭ᠎ᠠ ᠶᠢ ᠨᠡᠶᠢᠲᠡᠯᠡᠨ᠎ᠡ︔ 2017 ᠣᠨ ᠤ ᠵᠢᠯ ᠤᠨ ᠡᠴᠦᠰ ᠠᠴᠠ ᠡᠮᠦᠨ᠎ᠡ ᠭᠤᠤᠯ ᠤᠨ ᠤᠰᠤᠨ ᠳᠡᠭᠡᠷ᠎ᠡ ᠶᠡᠭᠡ ᠬᠡᠪᠴᠢᠶᠡᠨ ᠤ ᠬᠥᠪᠦᠮᠡᠯ ᠪᠣᠳᠠᠰ ᠪᠠᠶᠢᠬᠤ ᠦᠭᠡᠢ᠂ ᠭᠤᠤᠯ ᠤᠨ ᠬᠦᠪᠡᠭᠡᠨ ᠳᠤ ᠬᠤᠭ ᠨᠣᠪᠰᠢ ᠦᠭᠡᠢ᠂ ᠬᠠᠤᠯᠢ ᠶᠢ ᠵᠥᠷᠢᠴᠡᠭᠰᠡᠨ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠠᠮᠠᠰᠠᠷ ᠦᠭᠡᠢ ᠪᠤᠯᠬᠤ ᠶᠢ ᠪᠡᠶᠡᠯᠡᠭᠦᠯᠦᠨ᠎ᠡ︔ 2020 ᠣᠨ ᠤ ᠵᠢᠯ ᠤᠨ ᠡᠴᠦᠰ ᠠᠴᠠ ᠡᠮᠦᠨ᠎ᠡ ᠬᠠᠷ᠎ᠠ ᠦᠮᠡᠬᠡᠶ ᠤᠰᠤ ᠵᠠᠰᠠᠬᠤ ᠬᠠᠷᠠᠯᠲᠠ ᠶᠢ ᠪᠡᠶᠡᠯᠡᠭᠦᠯᠦᠨ᠎ᠡ᠃ 2017 ᠣᠨ ᠤ ᠵᠢᠯ ᠤᠨ ᠡᠴᠦᠰ ᠠᠴᠠ ᠡᠮᠦᠨ᠎ᠡ᠂ ᠬᠥᠬᠡᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠬᠠᠷ᠎ᠠ ᠦᠮᠡᠬᠡᠢ ᠤᠰᠤ ᠶᠢ ᠦᠨᠳᠦᠰᠦᠨ ᠳᠡᠭᠡᠨ ᠠᠷᠢᠯᠭᠠᠵᠤ᠂ ᠪᠤᠰᠤᠳ ᠭᠠᠵᠠᠷ ᠤᠨ ᠲᠡᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠭᠤᠷᠢᠭ ᠴᠡᠭᠴᠡᠯᠡᠨ ᠵᠠᠰᠠᠬᠤ ᠬᠠᠷᠠᠯᠲᠠ ᠶᠢᠨ  70 %᠎ ᠶᠢ ᠪᠡᠶᠡᠯᠡᠬᠦᠯᠬᠦ ᠬᠡᠷᠡᠭᠲᠠᠢ ᠭᠡᠪᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号