10 ᠳ᠋ᠤᠭᠠᠷ ᠰᠠᠷ᠎ᠠ ᠶᠢᠨ 27 ᠤ ᠡᠳᠤᠷ᠂ ︽ᠲᠠᠯ᠎ᠠ ᠨᠤᠳᠤᠭ ᠤᠨ ᠠᠶᠠᠯᠠᠯ᠂ ᠲᠤᠷᠭᠠᠨ ᠵᠠᠮ · ᠬᠠᠮᠳᠤᠷᠠᠨ | ᠠᠵᠢᠯᠯᠠᠬᠤ ᠬᠦᠭᠵᠢᠯᠳᠠ ᠶᠢᠨ ᠬᠤᠨᠭ᠍ᠬᠢᠯ︾ ᠪᠠᠷ ᠭᠤᠤᠯ ᠰᠡᠳᠤᠪ ᠪᠣᠯᠭᠠᠵᠤ᠂ 5 ᠡᠳᠤᠷ ᠶᠠᠪᠤᠭᠳᠠᠭᠰᠠᠨ ᠠᠩᠬᠠᠳᠤᠭᠠᠷ | ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠠᠩ ᠤᠨ ᠴᠤᠭᠯᠠᠭᠠᠨ ᠬᠦᠬᠡᠬᠤᠳᠠ ᠳᠤ ᠲᠡᠭᠦᠰ ᠠᠮᠵᠢᠯᠲᠠ | ᠲᠠᠢ ᠦᠨᠳᠤᠷᠯᠠᠪᠠ᠃ ᠡᠨᠡ ᠨᠢ ᠡᠷᠲᠡ ᠠᠴᠠ ᠠᠪᠤᠭᠠᠳ ᠲᠤᠮᠳᠠᠳᠤ ᠮᠤᠩᠭᠤᠯ ᠬᠤᠶᠠᠷ ᠤᠯᠤᠰ ᠤᠨ ᠡᠷᠬᠢᠯᠡᠭᠰᠡᠨ | ᠭᠡᠪᠴᠢᠶ᠎ᠠ ᠪᠠᠷ ᠬᠠᠮᠤᠭ ᠶᠡᠭᠡ᠂ ᠪᠠᠷᠢᠮᠵᠢᠶ᠎ᠠ ᠪᠠᠷ ᠬᠠᠮᠤᠭ ᠤᠨ ᠦᠨᠳᠦᠷ᠂ ᠠᠮᠵᠢᠯᠲᠠ ᠪᠠᠷ ᠬᠠᠮᠤᠭ ᠤᠨ ᠡᠯᠪᠡᠭ ᠨᠢᠭᠡ | ᠤᠳᠠᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠶᠢᠨ ᠠᠵᠢᠯᠯᠠᠭ᠎ᠠ ᠪᠣᠯᠣᠨ᠎ᠠ᠂ ᠨᠡᠩ ᠴᠤ ᠮᠠᠨ ᠤ ᠤᠯᠤᠰ ᠤᠨ | ᠤᠮᠠᠷᠠᠰᠢ ᠨᠡᠭᠡᠭᠡᠯᠳᠠ ᠬᠢᠬᠦ ᠶᠢ ᠠᠬᠢᠭᠤᠯᠤᠨ᠂ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠤᠳᠤᠯᠭ᠎ᠠ ᠶᠢ | ᠨᠠᠶᠢᠳᠠᠪᠤᠷᠢᠵᠢᠭᠤᠯᠬᠤ ᠠᠶᠠᠨ ᠵᠠᠮ ᠳᠤ ᠰᠢᠨ᠎ᠠ ᠠᠵᠠ ᠲᠤᠬᠢᠶᠠᠯ ᠢ ᠡᠬᠦᠳᠤᠨ ᠦᠭᠴᠤ᠂ ᠭᠡᠭᠡᠨ ᠰᠠᠷᠠᠭᠤᠯ | ᠢᠷᠡᠭᠡᠳᠤᠢ ᠶᠢ ᠬᠠᠷᠠᠭᠤᠯᠤᠭᠰᠠᠨ ᠤᠷᠢᠳ ᠡᠮᠦᠨ᠎ᠡ ᠭᠠᠷᠤᠭᠠᠲᠤᠢ ᠥᠪᠡᠳᠡᠭᠰᠢ ᠴᠤᠭᠯᠠᠭᠠᠨ ᠪᠣᠯᠣᠨ᠎ᠠ᠃ ᠲᠤᠰ | ᠤᠳᠠᠭᠠᠨ ᠤ ᠦᠵᠡᠰᠬᠦᠯᠡᠩ ᠤᠨ ᠴᠤᠭᠯᠠᠭᠠᠨ ᠤ ᠬᠤᠭᠤᠴᠠᠭᠠᠨ ᠳᠤ᠂ ᠪᠠᠯᠠ ᠤᠷᠤᠭᠤᠯᠤᠯᠳᠠ ᠠᠷᠠᠯᠵᠢᠶᠠᠨ ᠤ | ᠵᠦᠪᠳᠡᠯᠴᠡᠭᠡᠷ᠂ ᠶᠠᠷᠢᠶᠠᠨ ᠤ ᠲᠠᠪᠴᠠᠩ᠂ ᠲᠠᠯᠭᠡᠨ ᠦᠵᠡᠬᠦᠯᠤᠯᠭᠡ᠂ ᠰᠤᠶᠤᠯ ᠤᠨ ᠰᠤᠯᠢᠯᠴᠠᠭ᠎ᠠ ᠵᠡᠷᠭᠡ ᠨᠡᠶᠢᠲᠡ | ᠲᠦᠷᠪᠠᠨ ᠶᠡᠭᠡ ᠭᠡᠰᠡᠭ ᠤᠨ 32 ᠵᠦᠢᠯ ᠤᠨ ᠪᠤᠳᠠᠳᠠᠢ ᠠᠵᠢᠯᠯᠠᠭ᠎ᠠ ᠦᠷᠨᠢᠬᠦᠯᠪᠠ᠃ | 10 ᠳ᠋ᠤᠭᠠᠷ ᠰᠠᠷ᠎ᠠ ᠶᠢᠨ 23 ᠤ ᠡᠳᠦᠷ᠂ 24 ᠤ ᠡᠳᠦᠷ᠂ 9 ᠵᠦᠢᠯ ᠤᠨ ᠪᠡᠯᠡ ᠤᠷᠤᠭᠤᠯᠤᠯᠳᠠ ᠶᠢᠨ | ᠠᠷᠠᠯᠵᠢᠶᠠᠨ ᠤ ᠵᠦᠪᠳᠡᠯᠴᠡᠭᠡᠷ ᠪᠤᠯᠤᠨ ᠶᠠᠷᠢᠶᠠᠨ ᠤ ᠲᠠᠪᠴᠠᠩ ᠪᠠᠴᠢᠮ ᠲᠤᠯᠭᠠᠮ ᠪᠦᠭᠡᠳ ᠳᠡᠰ ᠳᠠᠷᠠᠭ᠎ᠠ ᠲᠠᠢ | ᠶᠠᠪᠤᠭᠳᠠᠪᠠ᠃ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠯᠴᠡᠭᠡᠷ ᠡᠯᠪᠡᠭ ᠪᠠᠶᠠᠨ ᠠᠮᠵᠢᠯᠲᠠ ᠣᠯᠵᠤ᠂ ᠡᠯ᠎ᠡ | ᠲᠥᠷᠥᠯ ᠤᠨ ᠬᠠᠮᠳᠤᠷᠠᠯᠴᠠᠭᠠᠨ ᠤ ᠭᠡᠯᠡᠯᠴᠡᠭᠡᠷ 166 ᠵᠦᠢᠯ ᠲᠣᠭᠲᠠᠵᠤ᠂ ᠬᠠᠮᠳᠤᠷᠠᠯᠴᠠᠭᠠᠨ ᠤ ᠲᠦᠷᠦᠯ ᠵᠦᠢᠯ ᠤᠨ | ᠭᠡᠯᠡᠯᠴᠡᠭᠡᠷ ᠤᠨ ᠪᠡᠯᠡ ᠤᠷᠤᠭᠤᠯᠤᠯᠳᠠ 1485 · 9 ᠳ᠋ᠦᠡᠭᠰᠢᠭᠤᠷ ᠲᠦᠬᠦᠷᠢᠭ ᠲᠤ ᠬᠦᠷᠪᠠ᠃ ᠡᠯ᠎ᠡ ᠶᠠᠷᠢᠶᠠᠨ ᠤ | ᠲᠠᠪᠴᠠᠩ ᠤᠨ ᠬᠤᠷᠠᠯ ᠳᠤ᠂ ᠲᠤᠳᠤᠭᠠᠳᠤ ᠭᠠᠳᠠᠭᠠᠳᠤ ᠶᠢᠨ ᠡᠷᠬᠢᠮ ᠵᠣᠴᠢᠳ ᠬᠤᠷᠠᠵᠤ᠂ ᠲᠤᠰᠬᠠᠢ ᠮᠡᠷᠭᠡᠵᠢᠯᠲᠡᠨ | ᠡᠷᠳᠡᠮᠲᠡᠳ ᠴᠤᠭᠯᠠᠷᠠᠨ᠂ ᠡᠮᠦᠨ᠎ᠡ ᠹᠷᠣᠨᠲ ᠤᠨ ᠬᠥᠭᠵᠢᠯᠲᠡ ᠶᠢᠨ ᠣᠨᠤᠯᠵᠢᠬᠤᠨ ᠢ ᠨᠢᠭᠲᠠᠷᠠᠭᠤᠯᠵᠤ᠂ ᠲᠤᠮᠳᠠᠳᠤ | ᠮᠤᠩᠭᠤᠯ ᠬᠤᠶᠠᠷ ᠤᠯᠤᠰ ᠤᠨ ᠤᠯᠠᠮ ᠥᠷᠭᠡᠨ ᠤᠯᠠᠮ ᠭᠦᠨᠵᠡᠭᠡᠢ ᠰᠤᠯᠢᠯᠴᠠᠭ᠎ᠠ ᠬᠠᠮᠲᠤᠷᠠᠯᠴᠠᠭ᠎ᠠ ᠬᠢᠬᠦ ᠳᠤ ᠪᠠᠲᠤ | ᠪᠠᠬᠢ ᠰᠠᠭᠤᠷᠢ ᠲᠠᠯᠪᠢᠵᠦ ᠥᠭᠪᠡ᠃ | ᠮᠤᠩᠭᠤᠯ ᠤᠯᠤᠰ ᠤᠨ ᠪᠠᠷᠠᠭ᠎ᠠ ᠲᠠᠸᠠᠷ ᠤᠨ ᠲᠡᠯᠭᠡᠨ ᠦᠵᠡᠬᠦᠯᠤᠯᠭᠡ᠂ ᠤᠯᠠᠨ ᠤᠯᠤᠰ ᠤᠨ ᠪᠤᠬᠢᠷᠳᠤᠯ | ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠭᠡᠭᠳᠡᠬᠦᠨ ᠤ ᠲᠡᠯᠭᠡᠨ ᠦᠵᠡᠬᠦᠯᠤᠯᠭᠡ ᠵᠡᠷᠭᠡ 8 ᠲᠡᠯᠭᠡᠨ | ᠦᠵᠡᠬᠦᠯᠤᠯᠭᠡ ᠶᠢᠨ ᠠᠵᠢᠯᠯᠠᠭ᠎ᠠ ᠨᠢ ᠮᠤᠩᠭᠤᠯ ᠤᠯᠤᠰ᠂ ᠤᠷᠤᠰ᠂ ᠺᠤᠷᠢᠶᠠ᠂ ᠹᠷᠠᠨᠼᠢ᠂ ᠠᠦ᠋ᠰᠲᠷᠠᠯᠢᠶ᠎ᠠ ᠵᠡᠷᠭᠡ | 12 ᠤᠯᠤᠰ ᠪᠣᠯᠣᠨ ᠪᠦᠬᠦ ᠤᠯᠤᠰ ᠤᠨ 28 ᠮᠤᠵᠢ ᠬᠤᠳᠠ ᠵᠢᠴᠢ ᠭᠠᠵᠠᠷ ᠤᠷᠤᠨ ᠤ 8000 ᠭᠠᠷᠤᠢ ᠬᠥᠮᠥᠰ | ᠪᠦᠯᠬᠦᠮ ᠪᠠᠶᠢᠭᠤᠯᠤᠨ ᠲᠡᠯᠭᠡᠨ ᠦᠵᠡᠬᠦᠯᠤᠯᠭᠡ ᠳᠤ ᠣᠷᠣᠯᠴᠠᠭᠤᠯᠵᠤ᠂ ᠲᠠᠯᠭᠡᠨ ᠦᠵᠡᠬᠦᠯᠤᠯᠭᠡ ᠶᠢᠨ ᠲᠠᠯᠠᠪᠡᠢ ᠨᠢ 6. | 1 ᠲᠦᠮᠡᠨ ᠲᠡᠭᠰᠢ ᠲᠦᠷᠪᠡᠯᠵᠢᠨ ᠮᠧᠲᠷ ᠲᠤ ᠭᠦᠷᠴᠦ᠂ 80 ᠲᠦᠮᠡ ᠭᠠᠷᠤᠢ ᠬᠦᠮᠤᠨ ᠤᠳᠠᠭ᠎ᠠ ᠲᠡᠯᠭᠡᠨ | ᠦᠵᠡᠬᠦᠯᠤᠯᠭᠡ ᠶᠢ ᠰᠣᠨᠢᠷᠬᠠᠵᠤ᠂ ᠲᠣᠬᠠᠢ ᠶᠢᠨ ᠲᠠᠯᠠᠪᠠᠢ ᠶᠢᠨ ᠰᠣᠯᠢᠯᠴᠠᠭ᠎ᠠ ᠠᠷᠠᠯᠵᠢᠶ᠎ᠠ ᠵᠢᠴᠢ ᠰᠠᠨᠠᠮᠵᠢ ᠶᠢᠨ | ᠬᠡᠯᠡᠯᠴᠡᠭᠡᠷ ᠨᠢ 6 ᠳ᠋ᠦᠩᠰᠢᠭᠤᠷ ᠲᠥᠬᠦᠷᠢᠭ ᠲᠤ ᠬᠦᠷᠪᠡ᠃ | ᠤᠯᠠᠨ ᠤᠯᠤᠰ ᠤᠨ ᠮᠤᠩᠭᠤᠯ ᠪᠦᠵᠢᠭ ᠤᠨ ᠤᠷᠤᠯᠳᠤᠭᠠᠨ᠂ ᠲᠤᠮᠳᠠᠳᠤ ᠮᠤᠩᠭᠤᠯ ᠤᠨ ᠰᠤᠶᠤᠯ ᠤᠨ | ᠰᠤᠯᠢᠯᠴᠠᠭᠠᠨ ᠤ ᠭᠠᠷᠠᠭ ᠤᠨ ᠠᠵᠢᠯᠯᠠᠭ᠎ᠠ ᠶᠢᠨ ᠡᠬᠢᠯᠡᠬᠦ ᠶᠤᠰᠤᠯᠠᠯ ᠤᠨ ᠦᠳᠡᠰᠢᠯᠡᠭᠡ᠂ ᠲᠤᠮᠳᠠᠳᠤ ᠮᠤᠩᠭᠤᠯ ᠤᠨ | ᠭᠡᠷᠠᠯ ᠵᠢᠷᠤᠭ ᠲᠤᠰᠤᠨ ᠵᠢᠷᠤᠭ ᠤᠨ ᠪᠦᠳᠤᠭᠡᠯ ᠤᠨ ᠦᠵᠡᠬᠦᠯᠤᠯᠭᠡ᠂ ᠤᠯᠠᠨ ᠤᠯᠤᠰ ᠤᠨ ᠮᠤᠩᠭᠤᠯ ᠬᠤᠪᠴᠠᠰᠤ | ᠵᠠᠰᠠᠯ ᠤᠨ ᠵᠢᠷᠤᠭ ᠲᠦᠯᠦᠪᠯᠡᠭᠡ ᠶᠢᠨ ᠦᠵᠡᠬᠦᠯᠤᠯᠭᠡ᠂ ᠲᠤᠮᠳᠠᠳᠤ ᠮᠤᠩᠭᠤᠯ ᠤᠨ ᠲᠠᠭᠤᠤ ᠶᠢᠨ ᠨᠠᠶᠢᠷ᠂ ᠲᠤᠮᠳᠠᠳᠤ | ᠮᠤᠩᠭᠤᠯ ᠤᠨ ᠵᠠᠯᠠᠭᠤᠴᠤᠳ ᠪᠠᠭᠠᠴᠤᠳ ᠤᠨ ᠬᠦᠯ ᠪᠦᠮᠪᠦᠭᠡ ᠶᠢᠨ ᠤᠷᠢᠯᠭ᠎ᠠ ᠶᠢᠨ ᠤᠷᠤᠯᠳᠤᠭᠠᠨ ᠵᠡᠷᠭᠡ 6 | ᠵᠦᠢᠯ ᠤᠨ ᠰᠤᠶᠤᠯ ᠤᠨ ᠠᠵᠢᠯᠯᠠᠭ᠎ᠠ ᠨᠢ ︽ᠰᠣᠶᠣᠯ ᠢᠶᠠᠷ ᠲᠠᠪᠴᠠᠩ ᠪᠣᠯᠭᠠᠵᠤ᠂ ᠠᠵᠤ ᠠᠬᠤᠢ ᠠᠷᠠᠯᠵᠢᠶ᠎ᠠ ᠪᠠᠷ | ᠠᠶ᠎ᠠ ᠳᠠᠭᠤᠤ ᠪᠣᠯᠭᠠᠬᠤ︾ ᠵᠢᠱᠢᠭᠰᠡᠨ ᠵᠣᠷᠢᠯᠭ᠎ᠠ ᠶᠢ ᠦᠨᠳᠦᠰᠦᠨ ᠳᠡᠭᠡᠨ ᠪᠡᠶᠡᠯᠡᠭᠦᠯᠵᠦ᠂ ᠳᠤᠮᠳᠠᠳᠤ ᠮᠣᠩᠭᠤᠯ | ᠬᠤᠶᠠᠷ ᠤᠯᠤᠰ ᠤᠨ ᠨᠡᠩ ᠭᠦᠨ ᠳᠠᠪᠬᠤᠷᠭ᠎ᠠ ᠶᠢᠨ ᠰᠤᠶᠤᠯ ᠤᠨ ᠰᠣᠯᠢᠯᠴᠠᠭ᠎ᠠ ᠬᠠᠮᠲᠤᠷᠠᠯᠴᠠᠭ᠎ᠠ ᠬᠢᠬᠦ ᠶᠢ | ᠪᠡᠶᠡᠯᠡᠭᠦᠯᠪᠡ᠃ ᠡᠭᠦᠨ ᠤ ᠵᠡᠷᠭᠡᠴᠡᠪᠡᠷ᠂ ᠦᠵᠡᠰᠬᠦᠯᠠᠩ ᠤᠨ ᠴᠤᠭᠯᠠᠭᠠᠨ ᠤ ᠬᠤᠭᠤᠴᠠᠭᠠᠨ ᠳᠤ᠂ ᠲᠤᠮᠳᠠᠳᠤ | ᠮᠤᠩᠭᠤᠯ ᠬᠤᠶᠠᠷ ᠲᠠᠯ᠎ᠠ ᠪᠠᠰᠠ ︽ ᠲᠤᠮᠳᠠᠳᠤ — ᠮᠤᠩᠭᠤᠯ ᠬᠤᠶᠠᠷ ᠣᠯᠣᠰ ᠤᠨ ᠦᠵᠡᠰᠬᠦᠯᠠᠩ ᠤᠨ | ᠴᠤᠭᠯᠠᠭᠠᠨ ᠢ ᠬᠠᠮᠳᠤᠷᠠᠨ ᠡᠷᠬᠢᠯᠡᠬᠦ ᠲᠤᠬᠠᠢ ᠪᠦᠬᠦᠳᠠ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠬᠤᠳᠠᠯᠳᠤᠭᠠᠨ ᠤ ᠶᠠᠪᠤᠳᠠᠯ ᠤᠨ ᠶᠠᠮᠤᠨ ᠬᠢᠭᠡᠳ ᠮᠤᠩᠭᠤᠯ ᠤᠯᠤᠰ ᠤᠨ ᠠᠵᠤ ᠦᠢᠯᠡᠳᠪᠤᠷᠢ ᠶᠢᠨ ᠶᠠᠮᠤᠨ | ᠰᠠᠨᠠᠮᠵᠢ ᠶᠢᠨ ᠪᠢᠴᠢᠭ︾ ᠲᠤ ᠭᠠᠷ ᠤᠨ ᠦᠰᠦᠭ ᠵᠢᠷᠤᠪᠠ᠃ ᠡᠬᠦᠨ ᠢ ᠦᠨᠳᠦᠰᠦᠯᠡᠪᠡᠯ᠂ ᠲᠤᠮᠳᠠᠳᠤ ᠮᠤᠩᠭᠤᠯ | ᠬᠤᠶᠠᠷ ᠤᠯᠤᠰ 2015 ᠤᠨ ᠠᠴᠠ ᠡᠬᠢᠯᠡᠨ 2 ᠵᠢᠯ ᠪᠦᠷᠢ ᠨᠢᠭᠡ ᠤᠳᠠᠭ᠎ᠠ ᠲᠤᠮᠳᠠᠳᠤ ᠮᠤᠩᠭᠤᠯ ᠤᠨ | ᠦᠵᠡᠰᠬᠦᠯᠠᠩ ᠤᠨ ᠴᠤᠭᠯᠠᠭᠠᠨ ᠢ ᠬᠦᠬᠡᠬᠤᠳᠠ ᠳᠤ ᠡᠷᠬᠢᠯᠡᠬᠦ ᠪᠦᠭᠡᠳ ᠡᠨᠡᠬᠦ ᠦᠵᠡᠰᠬᠦᠯᠠᠩ ᠤᠨ ᠴᠤᠭᠯᠠᠭᠠᠨ ᠨᠢ | ᠲᠤᠮᠳᠠᠳᠤ ᠮᠤᠩᠭᠤᠯ ᠴᠢᠨᠠᠭᠰᠢᠯᠠᠪᠠᠯ ᠵᠡᠬᠦᠨ ᠬᠤᠶᠢᠳᠤ ᠠᠽᠢᠶ᠎ᠠ ᠶᠢᠨ ᠭᠠᠵᠠᠷ ᠤᠷᠤᠨ ᠤ ᠠᠷᠠᠯᠵᠢᠶ᠎ᠠ᠂ ᠪᠡᠯᠡ | ᠤᠷᠤᠭᠤᠯᠤᠯᠳᠠ᠂ ᠵᠢᠭᠤᠯᠴᠢᠯᠠᠯ ᠪᠣᠯᠣᠨ ᠰᠤᠶᠤᠯ ᠤᠨ ᠰᠤᠯᠢᠯᠴᠠᠭ᠎ᠠ ᠵᠡᠷᠭᠡ ᠠᠵᠤ ᠠᠬᠤᠢ ᠶᠢᠨ ᠬᠠᠮᠳᠤᠷᠠᠯᠴᠠᠭ᠎ᠠ ᠶᠢ | ᠲᠦᠯᠬᠢᠨ ᠠᠬᠢᠭᠤᠯᠬᠤ ᠰᠢᠨ᠎ᠠ ᠲᠠᠪᠴᠠᠩ ᠢ ᠴᠤᠭᠴᠠᠯᠠᠨ ᠪᠠᠶᠢᠭᠤᠯᠬᠤ ᠪᠣᠯᠣᠨ᠎ᠠ᠃ |