| 10 ᠳ᠋ᠤᠭᠠᠷ ᠰᠠᠷ᠎ᠠ ᠶᠢᠨ 28 ᠤ ᠡᠳᠦᠷ᠂ ᠮᠣᠩᠭᠤᠯ ᠦᠨᠳᠦᠰᠦᠲᠡᠨ ᠤ ᠡᠭᠦᠰᠦᠯ ᠤᠨ ᠲᠡᠦᠬᠡᠨ ᠰᠤᠷᠪᠤᠯᠵᠢ | ᠪᠢᠴᠢᠭ ᠤᠨ ᠤᠬᠠᠭᠠᠨ ᠤ ᠰᠤᠳᠤᠯᠤᠯ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ | ᠶᠠᠪᠤᠭᠳᠠᠪᠠ᠃ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠠᠭᠤᠴᠢ | ᠰᠤᠳᠤᠯᠬᠤ ᠭᠠᠵᠠᠷ᠂ ᠪᠡᠭᠡᠵᠢᠩ ᠶᠡᠭᠡ ᠰᠤᠷᠭᠠᠭᠤᠯᠢ ᠶᠢᠨ ᠬᠠᠭᠤᠴᠢ ᠰᠤᠳᠤᠯᠤᠯ ᠤᠨ ᠳᠡᠭᠡᠳᠦ ᠰᠤᠷᠭᠠᠭᠤᠯᠢ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠠᠴᠠ ᠢᠷᠡᠭᠰᠡᠨ ᠲᠡᠤᠬᠡ ᠪᠠ ᠬᠠᠭᠤᠴᠢ ᠰᠣᠳᠣᠯᠠᠯ ᠤᠨ ᠲᠤᠰᠬᠠᠢ | ᠮᠡᠷᠭᠡᠵᠢᠯᠲᠡᠳ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃ ᠣᠶᠢᠯᠭᠠᠭᠰᠠᠨ ᠢᠶᠠᠷ᠂ ᠲᠤᠰ ᠤᠳᠠᠭᠠᠨ ᠤ | ᠰᠤᠳᠤᠯᠤᠨ ᠶᠠᠷᠢᠯᠴᠠᠬᠤ ᠬᠤᠷᠠᠯ ᠨᠢ ︽ᠮᠣᠩᠭᠤᠯ ᠦᠨᠳᠦᠰᠦᠲᠡᠨ ᠤ ᠡᠭᠦᠰᠦᠯ ᠬᠢᠭᠡᠳ ᠶᠤᠸᠠᠨ ᠤᠯᠤᠰ ᠤᠨ | ᠬᠠᠭᠠᠨ ᠤ ᠣᠩᠭᠤᠨ ᠤ ᠶᠡᠷᠦᠩᠬᠡᠶᠢᠯᠡᠭᠰᠡᠨ ᠰᠤᠳᠤᠯᠤᠯ︾ ᠤᠨ ᠲᠥᠷᠥᠯ ᠵᠦᠢᠯ ᠤᠨ ᠱᠠᠲᠤ ᠦᠶ᠎ᠡ ᠶᠢᠨ ᠴᠢᠨᠠᠷᠲᠠᠶ | ᠦᠷ᠎ᠡ ᠪᠦᠲᠦᠭᠡᠯ ᠢ ᠬᠠᠮᠲᠤ ᠪᠠᠷ ᠰᠤᠳᠤᠯᠤᠨ ᠶᠠᠷᠢᠯᠴᠠᠬᠤ ᠪᠣᠯᠤᠨ᠎ᠠ᠃ ︽ᠮᠣᠩᠭᠤᠯ ᠦᠨᠳᠦᠰᠦᠲᠡᠨ ᠤ ᠡᠭᠦᠰᠦᠯ | ᠬᠢᠭᠡᠳ ᠶᠤᠸᠠᠨ ᠤᠯᠤᠰ ᠤᠨ ᠬᠠᠭᠠᠨ ᠤ ᠣᠩᠭᠤᠨ ᠤ ᠶᠡᠷᠦᠩᠬᠡᠶᠢᠯᠡᠭᠰᠡᠨ ᠰᠤᠳᠤᠯᠤᠯ︾ ᠤᠨ ᠲᠥᠷᠥᠯ ᠵᠦᠢᠯ ᠪᠣᠯ | 2012 ᠣᠨ ᠤ 9 ᠳ᠋ᠦ᠋ᠭᠡᠷ ᠰᠠᠡᠷᠠ ᠳᠤ ᠰᠡᠳᠦᠪ ᠲᠣᠭᠲᠠᠭᠰᠠᠨ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠠᠭᠤᠷᠢ ᠮᠥᠩᠭᠦ ᠶᠢᠨ ᠴᠢᠬᠤᠯᠠ ᠶᠡᠭᠡ ᠨᠠᠶᠢᠳᠠᠭᠰᠠᠨ ᠲᠥᠷᠥᠯ ᠵᠦᠢᠯ ᠪᠣᠯᠤᠨ᠎ᠠ᠃ |