ᠣᠳᠣ ᠪᠣᠯᠲᠠᠯ᠎ᠠ᠂ ᠥᠪᠥᠷ ᠮᠣᠩᠭᠤᠯ ᠤᠨ ᠨᠡᠶᠢᠲᠡ 25 ᠬᠤᠰᠢᠭᠤ ᠰᠢᠶᠠᠨ ︵ᠬᠤᠲᠠ᠂ ᠲᠣᠭᠤᠷᠢᠭ︶ ︽ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠠᠢ ᠰᠢᠶᠠᠨ︾ ᠢᠶᠠᠷ | ᠮᠡᠳᠡᠭᠦᠯᠵᠦ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ | ᠵᠥᠪᠯᠡᠯ ᠠᠴᠠ ᠥᠪᠥᠷ ᠮᠣᠩᠭᠤᠯ ᠳᠤ ᠲᠣᠮᠢᠯᠠᠭᠰᠠᠨ 10 ᠬᠢᠨᠠᠨ ᠪᠠᠶᠢᠴᠠᠭᠠᠬᠤ ᠳᠤᠭᠤᠶᠢᠯᠠᠩ᠂ 10 ᠳ᠋ᠤᠭᠠᠷ | ᠰᠠᠷ᠎ᠠ ᠶᠢᠨ 31 ᠤ ᠡᠳᠦᠷ ᠬᠥᠬᠡᠬᠤᠲᠠ ᠳᠤ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ | ᠲᠡᠩᠴᠡᠭᠦᠷᠢᠲᠡᠢ ᠬᠦᠭᠵᠢᠭᠦᠯᠬᠦ ᠶᠢ ᠬᠢᠨᠠᠨ ᠵᠢᠯᠣᠭᠤᠳᠴᠤ ᠪᠠᠶᠢᠴᠠᠭᠠᠬᠤ ᠶᠢᠨ ᠬᠠᠷᠢᠭᠤ ᠲᠤᠰᠬᠠᠬᠤ ᠬᠤᠷᠠᠯ ᠬᠢᠵᠦ᠂ | ᠲᠡᠷᠡ ᠦᠶ᠎ᠡ ᠳᠤ ᠬᠥᠬᠡᠬᠤᠲᠠ ᠶᠢᠨ ᠰᠠᠶᠢᠬᠠᠨ ᠲᠣᠭᠤᠷᠢᠭ ᠵᠡᠷᠭᠡ 25 ᠬᠤᠰᠢᠭᠤ ᠰᠢᠶᠠᠨ ︵ᠬᠤᠲᠠ᠂ ᠲᠣᠭᠤᠷᠢᠭ︶ | ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠠᠢ ᠬᠥᠭᠵᠢᠭᠦᠯᠦᠭᠰᠡᠨ ᠢ ᠬᠢᠨᠠᠨ ᠵᠢᠯᠣᠭᠤᠳᠴᠤ | ᠪᠠᠶᠢᠴᠠᠭᠠᠵᠤ ᠦᠨᠡᠯᠡᠨ ᠵᠢᠱᠢᠭᠰᠡᠨ ᠦᠷ᠎ᠡ ᠳ᠋ᠦᠩ ᠢ ᠨᠡᠶᠢᠲᠡᠯᠡᠨ᠎ᠡ᠃ ᠲᠤᠰ ᠤᠳᠠᠭᠠᠨ ᠤ ︽ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠠᠢ ᠰᠢᠶᠠᠨ︾ ᠢᠶᠠᠷ ᠮᠡᠳᠡᠭᠦᠯᠦᠭᠰᠡᠨ | ᠬᠤᠰᠢᠭᠤ ᠰᠢᠶᠠᠨ ︵ᠬᠤᠳᠠ᠂ ᠣᠷᠣᠨ︶ ᠨᠢ ᠬᠥᠬᠡᠬᠤᠲᠠ᠂ ᠬᠦᠯᠦᠨ ᠪᠤᠶᠢᠷ᠂ ᠣᠷᠳᠣᠰ ᠵᠡᠷᠭᠡ 10 ᠠᠶᠢᠮᠠᠭ | ᠬᠤᠳᠠ ᠪᠠᠷ ᠲᠠᠷᠬᠠᠵᠤ ᠪᠤᠢ᠃ ᠡᠯ᠎ᠡ ᠭᠠᠵᠠᠷ ᠤᠨ ᠦᠨᠡᠯᠡᠨ ᠵᠢᠱᠢᠵᠦ ᠦᠨᠡᠮᠰᠢᠬᠦ ᠬᠤᠭᠤᠴᠠᠭᠠᠨ ᠳᠤ᠂ ᠬᠢᠨᠠᠨ | ᠪᠠᠶᠢᠴᠡᠭᠠᠬᠤ ᠲᠤᠭᠤᠶᠢᠯᠡᠩ ᠤᠨ ᠬᠢᠨ ᠰᠢᠯᠭᠠᠨ ᠪᠠᠶᠢᠴᠠᠭᠠᠭᠳᠠᠭᠰᠠᠨ ᠭᠠᠵᠠᠷ ᠣᠷᠣᠨ ᠤ ᠵᠠᠰᠠᠭ ᠤᠨ ᠣᠷᠳᠣᠨ ᠤ | ᠬᠠᠷᠢᠭᠤ ᠮᠡᠳᠡᠭᠦᠯᠦᠯᠲᠡ ᠶᠢ ᠰᠣᠨᠣᠰᠣᠨ᠂ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠵᠦ᠂ ᠶᠠᠷᠢᠯᠴᠠᠬᠤ | ᠬᠤᠷᠠᠯ ᠬᠤᠷᠠᠯᠳᠤᠭᠤᠯᠵᠤ᠂ ᠠᠰᠠᠭᠤᠯᠲᠠ ᠶᠢᠨ ᠬᠠᠭᠤᠳᠠᠰᠤ ᠪᠠᠷ ᠪᠠᠶᠢᠴᠠᠭᠠᠬᠤ ᠠᠵᠢᠯ ᠦᠷᠨᠢᠭᠦᠯᠬᠦ ᠶᠢᠨ ᠬᠠᠮᠲᠤ | ᠲᠠᠰᠢᠷᠠᠮ ᠳᠠᠭᠠᠤ 8 ᠰᠤᠷᠭᠠᠭᠤᠯᠢ ᠰᠣᠭᠤᠴᠠᠵᠤ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠡᠭᠦᠨ ᠤ | ᠤᠯᠠᠮ ᠢᠶᠠᠷ ᠲᠤᠰ ᠭᠠᠵᠠᠷ ᠣᠷᠣᠨ ᠤ ᠰᠤᠷᠭᠠᠭᠤᠯᠢ ᠡᠷᠬᠢᠯᠡᠵᠦ ᠪᠠᠶᠢᠭ᠎ᠠ ᠦᠨᠳᠦᠰᠦᠨ ᠨᠥᠬᠦᠴᠡᠯ᠂ | ᠰᠤᠷᠭᠠᠭᠤᠯᠢ ᠶᠢᠨ ᠬᠤᠭᠤᠷᠣᠨᠳᠣᠬᠢ ᠲᠡᠩᠴᠡᠭᠦᠷᠢ ᠶᠢᠨ ᠪᠠᠶᠢᠳᠠᠯ᠂ ᠵᠠᠰᠠᠭ ᠤᠨ ᠣᠷᠳᠣᠨ ᠤ ᠴᠢᠷᠮᠠᠶᠢᠯᠭ᠎ᠠ ᠶᠢᠨ | ᠬᠡᠮᠵᠢᠶ᠎ᠡ ᠪᠣᠯᠣᠨ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢᠨ ᠪᠠᠷᠢᠮᠵᠢᠶ᠎ᠠ ᠳᠤ ᠬᠦᠷᠦᠭᠰᠡᠨ ᠪᠠᠶᠢᠳᠠᠯ ᠢ ᠪᠦᠬᠦ | ᠲᠠᠯ᠎ᠠ ᠪᠠᠷ ᠰᠢᠯᠭᠠᠨ ᠪᠠᠶᠢᠴᠠᠭᠠᠨ᠎ᠠ᠃ |