1 —9 ᠳ᠋ᠦ᠋ᠭᠡᠷ ᠰᠠᠷ᠎ᠠ ᠪᠣᠯᠲᠠᠯ᠎ᠠ᠂ ᠮᠠᠨ ᠤ ᠤᠷᠤᠨ ᠤ ᠰᠢᠨ᠎ᠡ ᠪᠠᠷ ᠪᠦᠷᠢᠳᠭᠡᠯᠭᠡᠨ ᠳᠠᠩᠰᠠᠯᠠᠭᠤᠯᠤᠭᠰᠠᠨ | ᠬᠢᠯᠢ ᠶᠢᠨ ᠭᠠᠳᠠᠨ᠎ᠠ ᠪᠡᠯᠡ ᠤᠷᠤᠭᠤᠯᠬᠤ ᠠᠵᠤ ᠠᠬᠤᠶᠢᠯᠠᠯ ︵ᠪᠠᠶᠢᠭᠤᠯᠤᠮᠵᠢ︶ 78 ᠡᠷᠦᠬᠡ ᠪᠠᠶᠢᠵᠤ᠂ | ᠳᠤᠮᠳᠠᠳᠤ ᠶᠢᠨ ᠲᠠᠯ᠎ᠠ ᠶᠢᠨ ᠵᠦᠪᠯᠡᠯᠴᠡᠭᠡᠷ ᠢᠶᠠᠷ ᠪᠡᠯᠡ ᠤᠷᠤᠭᠤᠯᠤᠭᠰᠠᠨ ᠶᠡᠷᠦᠩᠬᠡᠢ ᠲᠤᠭ᠎ᠠ 14.16 ᠳ᠋ᠦᠩᠰᠢᠭᠤᠷ | ᠳ᠋ᠣᠯᠯᠠᠷ ︵ᠪᠡᠯᠡ ᠨᠡᠮᠡᠭᠳᠡᠭᠦᠯᠬᠦ ᠲᠦᠷᠦᠯ ᠵᠦᠢᠯ 6᠂ ᠵᠦᠪᠯᠡᠯᠴᠡᠭᠡᠷ ᠢᠶᠠᠷ ᠪᠡᠯᠡ ᠨᠡᠮᠡᠭᠳᠡᠭᠦᠯᠦᠭᠰᠡᠨ ᠲᠤᠭ᠎ᠠ 8.08 | ᠳ᠋ᠦᠩᠰᠢᠭᠤᠷ ᠳ᠋ᠣᠯᠯᠠᠷ︔ ᠪᠡᠯᠡ ᠬᠠᠰᠤᠭᠰᠠᠨ ᠲᠦᠷᠦᠯ ᠵᠦᠢᠯ 1᠂ ᠵᠦᠪᠯᠡᠯᠴᠡᠭᠡᠷ ᠢᠶᠠᠷ ᠪᠡᠯᠡ ᠬᠠᠰᠤᠭᠰᠠᠨ ᠲᠤᠭ᠎ᠠ | 147 ᠲᠦᠮᠡᠨ ᠳ᠋ᠣᠯᠯᠠᠷ ᠪᠠᠭᠲᠠᠨ᠎ᠠ︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ149.98% ᠪᠠᠷ ᠨᠡᠮᠡᠭᠳᠡᠪᠡ᠃ | ᠪᠡᠯᠡ ᠤᠷᠤᠭᠤᠯᠤᠭᠰᠠᠨ ᠤᠯᠤᠰ ᠤᠨ ᠢᠯᠭᠠᠯ ︵ᠭᠠᠵᠠᠷ ᠤᠷᠤᠨ︶ ᠨᠢ ᠭᠤᠣᠯᠳᠠᠭᠤ ᠮᠣᠩᠭᠤᠯ ᠤᠯᠤᠰ ︵30 | ᠲᠦᠷᠦᠯ ᠵᠦᠢᠯ︶᠂ ᠤᠷᠤᠰ ︵28 ᠲᠦᠷᠦᠯ ᠵᠦᠢᠯ︶᠂ ᠠᠮᠧᠷᠢᠺᠠ ︵6 ᠲᠦᠷᠦᠯ ᠵᠦᠢᠯ︶᠂ ᠰᠢᠶᠠᠩᠭᠠᠩ ︵3 | ᠲᠦᠷᠦᠯ ᠵᠦᠢᠯ︶᠂ ᠠᠷᠠᠪ ᠤᠨ ᠬᠤᠯᠪᠣᠭᠠᠲᠤ ᠠᠬᠠᠮᠠᠳᠲᠤ ᠤᠯᠤᠰ ︵2 ᠲᠦᠷᠦᠯ ᠵᠦᠢᠯ︶᠂ ᠭᠧᠷᠮᠠᠨ ︵2 | ᠲᠦᠷᠦᠯ ᠵᠦᠢᠯ︶᠂ ᠬᠠᠩᠭᠠᠷᠢ᠂ ᠠᠦ᠋ᠰᠲᠷᠠᠯᠢᠶᠡ᠂ ᠪᠥᠬᠦᠳᠡ ᠨᠠᠶᠢᠷᠠᠮᠳᠠᠬᠤ ᠫᠠᠯᠠᠦ᠋ ᠤᠯᠤᠰ᠂ ᠪᠥᠬᠦᠳᠡ | ᠨᠠᠶᠢᠷᠠᠮᠳᠠᠬᠤ ᠸᠧᠨᠧᠽᠦ᠋ᠧᠯᠠ ᠪᠤᠯᠢᠸᠠᠷ ᠤᠯᠤᠰ᠂ ᠺᠦᠷᠢᠶᠠ᠂ ᠺᠠᠨᠠᠳᠠ᠂ ᠠᠩᠭ᠍ᠯᠢ ᠪᠣᠯᠤᠨ᠎ᠠ᠃ ᠪᠡᠯᠡ ᠤᠷᠤᠭᠤᠯᠤᠭᠰᠠᠨ | ᠬᠦᠷᠢᠶ᠎ᠡ ᠨᠢ ᠭᠤᠣᠯᠳᠠᠭᠤ ᠤᠢ ᠰᠢᠭᠤᠢ ᠶᠢᠨ ᠣᠭᠲᠣᠯᠬᠤ᠂ ᠲᠠᠷᠢᠮᠠᠯ ᠲᠠᠷᠢᠬᠤ᠂ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠪᠣᠷᠤᠯᠠᠭᠤᠯᠬᠤ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠠᠷᠠᠯᠵᠢᠶ᠎ᠠ᠂ | ᠭᠡᠷ ᠭᠠᠵᠠᠷ ᠬᠦᠷᠦᠩᠭᠡ᠂ ᠰᠠᠭᠤᠷᠢ ᠪᠡᠯᠡᠳᠭᠡᠮᠵᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ | ᠪᠠᠶᠢᠴᠠᠭᠠᠬᠤ ᠵᠡᠷᠭᠡ ᠳᠤ ᠬᠤᠯᠪᠤᠭᠳᠠᠵᠠᠢ᠃ |