ᠮᠠᠨ ᠤ ᠣᠷᠣᠨ ᠤ ᠠᠵᠤ ᠠᠬᠤᠶ ᠲᠣᠭᠲᠠᠭᠤᠨ ᠢᠶᠠᠷ ᠬᠦᠭᠵᠢᠬᠦ ᠶᠢ ᠲᠦᠯᠬᠢᠨ ᠠᠬᠢᠭᠤᠯᠵᠤ᠂ ᠠᠵᠤ | ᠠᠬᠤᠶᠢᠯᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠵᠦ᠂ ᠠᠵᠤ ᠠᠬᠤᠶᠢᠯᠠᠯ ᠤᠨ ᠬᠥᠭᠵᠢᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠣᠶᠢᠷ᠎ᠠ ᠳᠤ ︽ᠬᠡᠰᠡᠭ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠬᠡᠯ | ᠬᠤᠷᠢᠶᠠᠬᠤ ᠲᠥᠷᠥᠯ ᠵᠦᠢᠯ ᠪᠣᠯᠣᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠬᠦᠴᠦᠨ ᠦᠭᠡᠢ ᠪᠣᠯᠭᠠᠬᠤ᠂ | ᠪᠠᠭᠤᠷᠠᠭᠤᠯᠬᠤ ᠲᠣᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠮᠡᠳᠡᠭᠳᠡᠯ︾ ︵ᠥᠪᠥᠷ ᠬᠥᠭᠵᠢᠭᠦᠯᠦᠯᠲᠡ ᠥᠭᠡᠷᠡᠴᠢᠯᠡᠯᠲᠡ ᠰᠦᠢᠳᠬᠡᠯ ᠦᠰᠦᠭ ﹇2015﹈ | 1304 ᠳ᠋ᠦ᠋ᠭᠡᠷ ᠲᠣᠭᠠᠲᠤ︶ ᠪᠠᠭᠤᠯᠭᠠᠪᠠ᠂ ᠭᠤᠤᠯ ᠠᠭᠤᠯᠭ᠎ᠠ ᠨᠢ ᠳᠣᠤᠷᠠᠬᠢ ᠮᠡᠲᠦ᠄ ᠲᠤᠰ ᠤᠳᠠᠭᠠᠨ ᠤ | ᠡᠵᠡᠩᠨᠡᠯᠲᠡ ᠶᠢᠨ ᠴᠢᠨᠠᠷᠲᠠᠶ ᠦᠢᠯᠡᠴᠢᠯᠡᠭᠡᠨ ᠤ ᠰᠦᠢᠳᠬᠡᠯ ᠢ ᠬᠦᠴᠦᠨ ᠦᠭᠡᠢ ᠪᠣᠯᠭᠠᠬᠤ ᠳᠤ ᠪᠣᠭᠤᠮᠲᠠ᠂ ᠣᠷᠣᠨ | ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠮᠡᠷᠭᠡᠵᠢᠯ ᠤᠨ ᠬᠢᠨᠠᠯᠲᠠ ᠲᠠᠯᠪᠢᠬᠤ᠂ ᠬᠤᠳᠠᠯᠳᠤᠭᠠᠨ ᠤ ᠶᠠᠪᠤᠳᠠᠯ᠂ | ᠰᠤᠷᠭᠠᠨ ᠬᠥᠮᠥᠵᠢᠯ᠂ ᠠᠵᠤ ᠦᠢᠯᠡᠳᠪᠦᠷᠢ ᠬᠤᠳᠠᠯᠳᠤᠭ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠪᠣᠯᠣᠨ ᠲᠡᠮᠦᠷ ᠵᠠᠮ ᠵᠡᠷᠭᠡ 9 ᠰᠠᠯᠠᠭ᠎ᠠ ᠮᠦᠴᠢᠷ ᠬᠢᠭᠡᠳ ᠠᠵᠤ ᠠᠬᠤᠶᠢᠯᠠᠯ ᠤᠨ13 ᠲᠥᠷᠥᠯ ᠵᠦᠢᠯ | ᠬᠤᠯᠪᠣᠭᠳᠠᠵᠤ᠂ ᠡᠵᠡᠩᠨᠡᠯᠲᠡ ᠶᠢᠨ ᠴᠢᠨᠠᠷᠲᠠᠢ ᠦᠢᠯᠡᠴᠢᠯᠡᠭᠡᠨ ᠤ ᠰᠦᠢᠳᠬᠡᠯ ᠬᠤᠷᠢᠶᠠᠬᠤ ᠵᠢᠴᠢ ᠴᠠᠭ ᠠᠭᠤᠷ᠂ | ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠪᠣᠯᠣᠨ ᠪᠣᠭᠤᠮᠲᠠ ᠵᠡᠷᠭᠡ 3 ᠰᠠᠯᠠᠭ᠎ᠠ ᠮᠦᠴᠢᠷ ᠤᠨ 4 | ᠪᠠᠷᠢᠮᠵᠢᠶ᠎ᠠ ᠶᠢ ᠪᠠᠭᠤᠷᠠᠭᠤᠯᠪᠠ᠃ ᠮᠡᠳᠡᠭᠳᠡᠯ ᠳᠤ ᠡᠯ᠎ᠡ ᠭᠠᠵᠠᠷ ᠣᠷᠣᠨ ᠪᠣᠯᠤᠨ ᠬᠤᠯᠪᠣᠭᠳᠠᠯ ᠪᠥᠬᠦᠢ ᠰᠠᠯᠠᠭ᠎ᠠ | ᠮᠦᠴᠢᠷ ᠤᠳ ᠲᠤᠰ ᠮᠡᠳᠡᠭᠳᠡᠯ ᠤᠨ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠵᠡᠩᠨᠡᠯᠲᠡ ᠶᠢᠨ ᠴᠢᠨᠠᠷᠲᠠᠶ | ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠬᠦᠴᠦᠨ ᠦᠭᠡᠶ ᠪᠣᠯᠭᠠᠬᠤ ᠪᠠ ᠪᠠᠭᠤᠷᠠᠭᠤᠯᠬᠤ ᠪᠠᠷ ᠮᠡᠳᠡᠭᠳᠡᠭᠰᠡᠨ | ᠪᠠᠶᠢᠪᠠᠯ᠂ ᠶᠠᠮᠠᠷ ᠨᠢᠭᠡᠨ ᠰᠢᠯᠲᠠᠭ ᠢᠶᠠᠷ ᠬᠤᠶᠢᠰᠢᠯᠠᠭᠤᠯᠬᠤ ᠪᠤᠶᠤ ᠭᠦᠢᠴᠡᠳᠬᠡᠬᠦ ᠶᠢ ᠲᠡᠪᠴᠢᠵᠦ ᠦᠯᠦ ᠪᠣᠯᠬᠤ ᠶᠢ | ᠱᠠᠭᠠᠷᠳᠠᠪᠠ᠃ ᠡᠯ᠎ᠡ ᠱᠠᠲᠤᠨ ᠤ ᠦᠨ᠎ᠡ ᠬᠠᠩᠰᠢ ᠶᠢᠨ ᠡᠷᠬᠢᠯᠡᠨ ᠬᠠᠮᠢᠶᠠᠷᠬᠤ ᠰᠠᠯᠠᠭ᠎ᠠ ᠮᠦᠴᠢᠷ ᠤᠳ ᠲᠤᠰ | ᠮᠡᠳᠡᠭᠳᠡᠯ ᠢ ᠨᠠᠶᠢᠳᠠᠪᠤᠷᠢᠵᠢᠭᠤᠯᠤᠭᠰᠠᠨ ᠪᠠᠶᠢᠳᠡᠯ ᠤᠨ ᠬᠢᠨᠠᠨ ᠪᠠᠶᠢᠴᠠᠭᠠᠯᠲᠠ ᠪᠠᠨ ᠴᠢᠩᠭᠠᠳᠬᠠᠵᠤ᠂ ᠬᠤᠯᠪᠣᠭᠳᠠᠯ | ᠪᠦᠬᠦᠢ ᠰᠦᠢᠳᠬᠡᠯ ᠬᠤᠷᠢᠶᠠᠬᠤ ᠶᠢ ᠲᠣᠭᠲᠠᠭᠠᠯ ᠶᠣᠰᠣᠭᠠᠷ ᠬᠦᠴᠦᠨ ᠦᠭᠡᠢ ᠪᠣᠯᠭᠠᠬᠤ ᠪᠤᠶᠤ ᠪᠠᠭᠤᠷᠠᠭᠤᠯᠬᠤ | ᠦᠭᠡᠢ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠣᠷᠭᠠᠵᠤ ᠰᠢᠳᠬᠡᠨ᠎ᠡ᠃ ᠳᠡᠭᠡᠷᠡᠬᠢ ᠲᠣᠭᠲᠠᠭᠠᠯ ᠢ | 2015 ᠣᠨ ᠤ 11 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |