10 ᠳ᠋ᠤᠭᠠᠷ ᠰᠠᠷ᠎ᠠ ᠶᠢᠨ 27 ᠡᠳᠦᠷ ᠤᠨ ᠦᠳᠡ ᠶᠢᠨ ᠡᠮᠦᠨ᠎ᠡ᠂ ᠦᠪᠦᠷ ᠮᠣᠩᠭᠤᠯ ᠤᠨ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠤ ᠳᠡᠳ᠋ ᠲᠡᠷᠢᠭᠦᠯᠡᠭᠴᠢ ᠯᠢᠦ ᠰᠢᠨ ᠯᠧ ᠦᠪᠡᠷᠲᠡᠭᠡᠨ ᠵᠠᠰᠠᠬᠤ ᠤᠷᠤᠨ ᠤ | ᠡᠷᠡᠭᠦᠯ ᠬᠠᠮᠠᠭᠠᠯᠠᠯ ᠲᠦᠯᠦᠪᠯᠡᠭᠡ ᠲᠠᠢ ᠬᠡᠤᠬᠡᠳ ᠠᠪᠬᠤ ᠵᠦᠪᠯᠡᠯ ᠤᠨ ᠡᠷᠬᠢᠯᠡᠭᠴᠢ ᠡᠸᠥ ᠶᠠᠩ ᠰᠢᠶᠤᠤ ᠬᠦᠢ ᠵᠢᠴᠢ | ᠬᠠᠮᠢᠶ᠎ᠠ ᠪᠦᠬᠦᠢ ᠬᠠᠷᠢᠭᠤᠴᠠᠯᠭᠠᠲᠠᠨ ᠨᠦᠬᠦᠷ ᠲᠠᠢ ᠬᠠᠮᠲᠤ᠂ ᠦᠪᠦᠷ ᠮᠣᠩᠭᠤᠯ ᠤᠨ ᠡᠬᠡ ᠨᠢᠯᠬᠠᠰ ᠤᠨ | ᠡᠷᠡᠭᠦᠯᠵᠢᠯ ᠤᠨ ᠬᠤᠷᠢᠶ᠎ᠠ ᠳᠤ ᠬᠦᠷᠴᠦ ᠰᠢᠨ᠎ᠡ ᠬᠤᠷᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ | ᠪᠠᠶᠢᠴᠠᠭᠠᠨ ᠵᠢᠯᠣᠭᠤᠳᠪᠠ᠂ ᠦᠪᠦᠷ ᠮᠣᠩᠭᠤᠯ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠶᠢᠨ ᠳᠠᠷᠤᠭ᠎ᠠ | ᠸᠠᠩ ᡁᠢ ᠹᠧᠨ᠂ ᠳᠡᠳ᠋ ᠬᠤᠷᠢᠶᠠᠨ ᠳᠠᠷᠤᠭ᠎ᠠ ᠵᠣᠤ ᠬᠤᠨᠭ᠌ ᠪᠢᠨ ᠪᠠᠷ᠎ᠠ ᠪᠣᠯᠵᠤ ᠪᠠᠶᠢᠴᠠᠭᠠᠨ ᠰᠤᠳᠤᠯᠪᠠ᠃ ᠳᠡᠳ᠋ | ᠲᠡᠷᠢᠭᠦᠯᠡᠭᠴᠢ ᠯᠢᠦ ᠰᠢᠨ ᠯᠧ ᠪᠠᠷᠢᠯᠭ᠎ᠠ ᠶᠢᠨ ᠠᠬᠢᠴᠠ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠳᠤᠮᠳᠠ | ᠲᠤᠯᠭᠠᠷᠠᠭᠰᠠᠨ ᠬᠦᠴᠢᠷ ᠪᠡᠷᠬᠡ ᠵᠡᠷᠭᠡ ᠶᠢ ᠬᠢᠨᠠᠮᠠᠭᠠᠢ ᠤᠶᠢᠯᠭᠠᠭᠰᠠᠨ ᠤ ᠬᠠᠮᠲᠤ ᠲᠥᠷᠦᠯ ᠵᠦᠢᠯ ᠤᠨ ᠠᠬᠢᠴᠠ ᠶᠢᠨ | ᠪᠠᠶᠢᠳᠠᠯ ᠢ ᠳᠡᠭᠡᠳᠦ ᠬᠡᠮᠵᠢᠶ᠎ᠡ ᠪᠠᠷ ᠨᠤᠲᠠᠯᠠᠪᠠ᠃ | ᠲᠤᠰ ᠲᠦᠷᠦᠯ ᠵᠦᠢᠯ ᠢ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ᠂ ᠬᠦᠬᠡᠬᠤᠲᠠ ᠶᠢᠨ ᠡᠯ᠎ᠡ | ᠱᠠᠲᠤᠨ ᠤ ᠵᠠᠰᠠᠭ ᠤᠨ ᠤᠷᠳᠤᠨ᠂ ᠡᠯ᠎ᠡ ᠲᠢᠩᠬᠢᠮ ᠲᠣᠪᠴᠢᠶ᠎ᠠ ᠪᠠ ᠦᠪᠡᠷᠲᠡᠭᠡᠨ ᠵᠠᠰᠠᠬᠤ ᠤᠷᠤᠨ ᠤ ᠡᠷᠡᠭᠦᠯ | ᠬᠠᠮᠠᠭᠠᠯᠠᠯ ᠲᠦᠯᠦᠪᠯᠡᠭᠡ ᠲᠠᠢ ᠬᠡᠤᠬᠡᠳ ᠠᠪᠬᠤ ᠵᠦᠪᠯᠡᠯ ᠳᠡᠭᠡᠳᠦ ᠬᠡᠮᠵᠢᠶ᠎ᠡ ᠪᠠᠷ ᠬᠦᠨᠳᠦᠳᠬᠡᠨ ᠦᠵᠡᠵᠦ᠂ | ᠶᠡᠭᠡ ᠢᠶᠠᠷ ᠳᠡᠮᠵᠢᠵᠦ᠂ ᠪᠦᠬᠦ ᠲᠠᠯ᠎ᠠ ᠶᠢᠨ ᠵᠣᠬᠢᠴᠠᠭᠤᠯᠭ᠎ᠠ ᠳᠣᠣᠷ᠎ᠠ᠂ ᠲᠦᠷᠦᠯ ᠵᠦᠢᠯ ᠤᠨ ᠡᠬᠢᠨ ᠤ | ᠬᠤᠭᠤᠴᠠᠭᠠᠨ ᠤ ᠠᠯᠢᠪᠠ ᠭᠠᠷᠳᠠᠮ ᠢ ᠪᠡᠶᠡᠯᠡᠭᠦᠯᠦᠭᠰᠡᠨ ᠤ ᠬᠤᠶᠢᠨ᠎ᠠ᠂ ᠡᠨᠡ ᠵᠢᠯ ᠤᠨ 3 ᠳ᠋ᠤᠭᠠᠷ ᠰᠠᠷ᠎ᠠ ᠶᠢᠨ 12 ᠤ | ᠡᠳᠦᠷ ᠵᠢᠩᠬᠢᠨᠢ ᠪᠠᠷ ᠠᠵᠢᠯ ᠡᠬᠢᠯᠡᠭᠦᠯᠵᠦ᠂ 8 ᠳ᠋ᠤᠭᠠᠷ ᠰᠠᠷ᠎ᠠ ᠶᠢᠨ 4 ᠤ ᠡᠳᠦᠷ᠂ ᠨᠢᠭᠡᠳᠦᠭᠡᠷ ᠪᠠᠷᠢᠯᠭ᠎ᠠ ᠶᠢᠨ | ᠱᠠᠲᠤᠨ ᠤ ︵ᠡᠭᠦᠳᠡᠨ ᠡᠮᠨᠡᠯᠭᠡ ᠶᠢᠨ ᠠᠰᠠᠷ ᠤᠨ ᠭᠤᠷᠪᠠᠳᠤᠭᠠᠷ ᠳᠡᠭᠲᠡᠷ ᠤᠨ ᠬᠡᠰᠡᠭ︶ ᠪᠠᠷᠢᠯᠭ᠎ᠠ ᠶᠢᠨ ᠭᠤᠣᠯ | ᠴᠣᠭᠴᠠᠲᠤ ᠪᠦᠲᠦᠴᠡ ᠶᠢ ᠲᠡᠬᠡᠪᠦᠷᠯᠡᠪᠡ᠃ 8 ᠳ᠋ᠤᠭᠠᠷ ᠰᠠᠷ᠎ᠠ ᠶᠢᠨ 28 ᠤ ᠡᠳᠦᠷ᠂ ᠬᠤᠶᠠᠳᠤᠭᠠᠷ ᠪᠠᠷᠢᠯᠭ᠎ᠠ ᠶᠢᠨ | ᠱᠠᠲᠤᠨ ᠤ ︵ᠡᠭᠦᠳᠡᠨ ᠡᠮᠨᠡᠯᠭᠡ ᠶᠢᠨ ᠠᠰᠠᠷ ᠤᠨ ᠳᠥᠷᠪᠡᠳᠦᠭᠡᠷ ᠳᠡᠭᠲᠡᠷ ᠤᠨ ᠬᠡᠰᠡᠭ︶ ᠪᠠᠷᠢᠯᠭ᠎ᠠ ᠶᠢᠨ ᠭᠤᠣᠯ | ᠴᠣᠭᠴᠠᠲᠤ ᠪᠦᠲᠦᠴᠡ ᠠᠮᠵᠢᠯᠲᠠ ᠲᠠᠢ ᠲᠡᠬᠡᠪᠦᠷᠯᠡᠪᠡ᠃ 9 ᠳ᠋ᠦ᠋ᠭᠡᠷ ᠰᠠᠷ᠎ᠠ ᠶᠢᠨ 26 ᠤ ᠡᠳᠦᠷ᠂ ᠡᠭᠦᠳᠡᠨ | ᠡᠮᠨᠡᠯᠭᠡ ᠶᠢᠨ ᠠᠰᠠᠷ ᠤᠨ ᠪᠠᠷᠢᠯᠭ᠎ᠠ ᠶᠢᠨ ᠭᠤᠣᠯ ᠴᠣᠭᠴᠠᠲᠤ ᠪᠦᠲᠦᠴᠡ ᠶᠢ ᠰᠢᠯᠤᠭᠤᠬᠠᠨ ᠠᠮᠵᠢᠯᠲᠠ ᠲᠠᠢ | ᠲᠡᠬᠡᠪᠦᠷᠯᠡᠪᠡ᠃ 10 ᠳ᠋ᠤᠭᠠᠷ ᠰᠠᠷ᠎ᠠ ᠶᠢᠨ 22 ᠤ ᠡᠳᠦᠷ᠂ ᠡᠮᠨᠡᠯᠭᠡ ᠳᠤ ᠰᠠᠭᠤᠬᠤ ᠠᠰᠠᠷ ᠤᠨ ᠪᠠᠷᠢᠯᠭ᠎ᠠ ᠶᠢᠨ | ᠭᠤᠣᠯ ᠴᠣᠭᠴᠠ ᠶᠢᠨ ᠪᠦᠲᠦᠴᠡ ᠶᠢ ᠲᠡᠭᠡᠪᠦᠷᠯᠡᠵᠡᠢ᠃ 10 ᠳ᠋ᠤᠭᠠᠷ ᠰᠠᠷ᠎ᠠ ᠶᠢᠨ 27 ᠤ ᠡᠳᠦᠷ᠂ ᠵᠠᠰᠠᠭ | ᠵᠠᠬᠢᠷᠭᠠᠨ ᠤ ᠠᠯᠪᠠᠨ ᠠᠰᠠᠷ ᠤᠨ ᠭᠤᠣᠯ ᠴᠣᠭᠴᠠ ᠶᠢᠨ ᠪᠦᠲᠦᠴᠡ ᠶᠢ ᠲᠡᠭᠡᠪᠦᠷᠯᠡᠵᠡᠢ᠃ ᠣᠳᠣᠬᠠᠨ ᠳᠤ᠂ ᠪᠣᠯᠤᠳ | ᠪᠦᠲᠦᠴᠡ᠂ ᠭᠠᠯ ᠤᠨᠲᠠᠷᠠᠭᠠᠬᠤ᠂ ᠲᠥᠪ ᠠᠭᠠᠷ ᠲᠣᠬᠢᠷᠠᠭᠤᠯᠤᠭᠴᠢ ᠵᠢᠴᠢ ᠴᠠᠬᠢᠯᠭᠠᠨ ᠱᠠᠲᠤ ᠵᠡᠷᠭᠡ ᠪᠠᠷᠢᠯᠭ᠎ᠠ ᠶᠢᠨ | ᠬᠡᠰᠡᠭ ᠪᠦᠯᠦᠭ ᠤᠨ ᠪᠠᠷᠢᠯᠭ᠎ᠠ ᠡᠬᠢᠯᠡᠵᠦ᠂ ᠪᠦᠬᠦᠯᠢ ᠪᠠᠷᠢᠯᠭ᠎ᠠ ᠶᠢᠨ ᠲᠦᠷᠦᠯ ᠵᠦᠢᠯ ᠢ ᠪᠠᠷᠢᠯᠭ᠎ᠠ ᠶᠢᠨ ᠵᠢᠱᠢᠭᠰᠡᠨ | ᠬᠤᠭᠤᠴᠠᠭᠠᠨ ᠳᠤ ᠪᠡᠶᠡᠯᠡᠭᠦᠯᠬᠦ ᠪᠣᠯᠤᠨ᠎ᠠ᠃ 2016 ᠣᠨ ᠳᠤ᠂ ᠲᠦᠷᠦᠯ ᠵᠦᠢᠯ ᠨᠢ ᠳᠣᠲᠤᠨ᠎ᠠ ᠭᠠᠳᠠᠨᠠᠬᠢ ᠵᠠᠰᠠᠯ | ᠴᠢᠮᠡᠭᠯᠡᠯ᠂ ᠬᠦᠷᠢᠶᠡᠨ ᠳᠠᠬᠢ ᠨᠣᠭᠤᠭᠠᠷᠠᠭᠤᠯᠤᠯᠲᠠ ᠶᠢᠨ ᠱᠠᠲᠤᠨ ᠳᠤ ᠪᠦᠬᠦ ᠲᠠᠯ᠎ᠠ ᠪᠠᠷ ᠣᠷᠤᠵᠤ᠂ ᠪᠣᠰᠤᠳ | ᠳᠦᠬᠦᠷ ᠪᠠᠷᠢᠯᠭ᠎ᠠ ᠶᠢ ᠨᠢᠭᠡᠳᠦᠯᠲᠡᠢ ᠳᠠᠭᠠᠭᠤᠯᠤᠨ ᠠᠬᠢᠭᠤᠯᠵᠤ᠂ 2016 ᠣᠨ ᠤ ᠡᠴᠦᠰ ᠪᠣᠯᠬᠤ ᠳᠤ ᠪᠦᠬᠦ | ᠪᠠᠷᠢᠭ᠎ᠠ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ᠃ ᠡᠭᠦᠨ ᠤ ᠬᠠᠮᠲᠤ᠂ ᠡᠳ᠋ ᠤᠨ | ᠵᠠᠰᠠᠭ ᠤᠨ ᠪᠡᠯᠡ ᠮᠦᠩᠭᠦ ᠤᠷᠤᠨ ᠪᠠᠶᠢᠷᠢᠨ ᠳᠠᠭᠠᠨ ᠬᠦᠷᠦᠭᠰᠡᠨ ᠤ ᠬᠤᠶᠢᠨ᠎ᠠ᠂ 2016 ᠣᠨ ᠳᠤ ᠡᠮᠴᠢᠯᠡᠭᠡ᠂ | ᠠᠯᠪᠠᠨ ᠲᠦᠬᠦᠭᠡᠷᠦᠮᠵᠢ ᠶᠢᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ᠂ 2017 ᠣᠨ ᠤ ᠳᠡᠭᠡᠷ᠎ᠡ ᠬᠠᠭᠠᠰ ᠵᠢᠯ | ᠳᠤ ᠲᠦᠬᠦᠭᠡᠷᠦᠮᠵᠢ ᠶᠢᠨ ᠲᠣᠬᠢᠷᠠᠭᠤᠯᠤᠨ ᠲᠤᠷᠰᠢᠬᠤ ᠶᠢ ᠪᠡᠶᠡᠯᠡᠭᠦᠯᠵᠦ᠂ 2017 ᠣᠨ ᠤ 7 ᠳ᠋ᠤᠭᠠᠷ ᠰᠠᠷ᠎ᠠ ᠳᠤ | ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢᠨ ᠦᠪᠡᠳᠡᠭᠰᠢ ᠶᠡᠭᠡ ᠪᠠᠶᠠᠷ ᠲᠤ ᠪᠡᠯᠡᠭ | ᠪᠣᠯᠭᠠᠨ ᠪᠠᠷᠢᠨ᠎ᠠ᠃ | ᠦᠪᠦᠷ ᠮᠣᠩᠭᠤᠯ ᠤᠨ ᠦᠪᠡᠷᠲᠡᠭᠡᠨ ᠵᠠᠰᠠᠬᠤ ᠤᠷᠤᠨ ᠤ ᠬᠡᠤᠬᠡᠳ ᠤᠨ ᠡᠮᠨᠡᠯᠭᠡ ᠶᠢᠨ ᠬᠤᠷᠢᠶ᠎ᠠ᠂ | ᠬᠦᠩᠭᠡᠵᠢᠭᠦᠯᠬᠦ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ ᠭᠤᠷᠪᠠ ᠶᠢ ᠨᠢᠭᠡ | ᠴᠣᠭᠴᠠᠴᠢᠯᠠᠵᠤ ᠭᠠᠳᠠᠭᠰᠢ ᠨᠡᠭᠦᠯᠭᠡᠬᠦ ᠰᠢᠨ᠎ᠡ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ ᠦᠪᠡᠷᠲᠡᠭᠡᠨ | ᠵᠠᠰᠠᠬᠤ ᠤᠷᠤᠨ ᠤ ᠵᠠᠰᠠᠭ ᠤᠨ ᠤᠷᠳᠤᠨ ᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠠᠶᠢᠵᠤ᠂ | ᠦᠪᠡᠷᠲᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠣᠯᠭᠠᠬᠤ ᠲᠦᠷᠦᠯ ᠵᠦᠢᠯ | ᠪᠣᠯᠤᠨ᠎ᠠ᠃ ᠲᠤᠰ ᠲᠦᠷᠦᠯ ᠵᠦᠢᠯ ᠨᠢ ᠰᠢᠨ᠎ᠡ ᠬᠤᠲᠠ ᠶᠢᠨ ᠲᠣᠭᠤᠷᠢᠭ ᠤᠨ ᠴᠠᠬᠠᠷ ᠵᠡᠭᠡᠯᠢ ᠶᠢᠨ ᠬᠤᠶᠢᠲᠤ ᠬᠡᠰᠡᠭ᠂ | ᠬᠠᠷᠠᠴᠢᠨ ᠵᠠᠮ ᠤᠨ ᠵᠡᠭᠦᠨ ᠬᠡᠰᠡᠭ ᠲᠤ ᠪᠠᠶᠢᠷᠢᠯᠠᠵᠤ᠂ ᠲᠦᠷᠦᠯ ᠵᠦᠢᠯ ᠤᠨ ᠲᠥᠯᠦᠪᠵᠢᠭᠦᠯᠭᠡ ᠨᠢ 220.56 ᠮᠦ | ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠢ ᠨᠢ 14.86 ᠲᠡᠭᠰᠢ ᠳᠦᠷᠪᠡᠯᠵᠢᠨ ᠮᠧᠲᠷ᠂ ᠶᠡᠷᠦᠩᠬᠡᠢ ᠪᠡᠯᠡ | ᠣᠷᠤᠭᠤᠯᠤᠯᠲᠠ ᠨᠢ 12.53 ᠳ᠋ᠦᠩᠰᠢᠭᠤᠷ ᠲᠦᠭᠦᠷᠢᠭ᠂ 800 ᠡᠪᠡᠳᠴᠢᠲᠡᠨ ᠤ ᠣᠷᠣ ᠲᠠᠢ ᠪᠠᠷ ᠵᠢᠷᠤᠭᠯᠠᠨ | ᠲᠦᠯᠦᠪᠯᠡᠵᠡᠢ᠃ ᠰᠢᠨ᠎ᠡ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠨᠢ ᠨᠢᠭᠡᠯᠡ ᠪᠠᠶᠢᠭᠤᠯᠤᠮᠵᠢ ᠪᠠᠶᠢᠵᠤ᠂ ᠭᠤᠷᠪᠠᠨ | ᠢᠯᠡᠷᠬᠡᠶᠢᠯᠡᠯ ᠡᠷᠭᠦᠵᠦ᠂ ᠨᠢᠭᠡᠯᠡ ᠡᠩᠨᠡᠭ ᠠᠵᠢᠯᠲᠠᠨ ᠠᠵᠢᠯᠴᠢᠨ ᠲᠣᠬᠢᠷᠠᠭᠤᠯᠵᠤ᠂ ᠨᠢᠭᠡᠨ ᠴᠣᠭᠴᠠ ᠪᠠᠷ ᠡᠵᠡᠩᠨᠡᠵᠦ᠂ | ᠨᠢᠭᠡᠯᠡ ᠤᠳᠠᠭ᠎ᠠ ᠲᠥᠯᠦᠪᠵᠢᠭᠦᠯᠦᠨ ᠵᠢᠷᠤᠭᠯᠠᠵᠤ᠂ ᠭᠤᠭᠴᠤᠭ᠎ᠠ ᠶᠣᠰᠤᠭᠠᠷ ᠦᠪᠡᠷ ᠤᠨ ᠦᠷᠲᠡᠭ ᠢ ᠠᠷᠪᠢᠯᠠᠵᠤ᠂ | ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠬᠢ ᠪᠠᠶᠠᠯᠢᠭ ᠢ ᠬᠠᠮᠲᠤ ᠬᠦᠷᠲᠡᠭᠡᠵᠦ᠂ ᠬᠠᠮᠤᠭ ᠰᠠᠶᠢᠨ ᠴᠢᠳᠠᠪᠤᠷᠢ ᠶᠢ | ᠪᠠᠳᠠᠷᠠᠭᠤᠯᠬᠤ ᠵᠣᠷᠢᠯᠭ᠎ᠠ ᠳᠠᠭᠠᠨ ᠬᠦᠷᠦᠨ᠎ᠡ᠃ ᠡᠭᠦᠨ ᠤ ᠬᠠᠮᠲᠤ ᠡᠷᠡᠭᠦᠯ ᠬᠠᠮᠠᠭᠠᠯᠠᠯ ᠤᠨ ᠡᠬᠢ ᠪᠠᠶᠠᠯᠢᠭ ᠢ ᠡᠮᠬᠢᠯᠡᠨ | ᠨᠡᠶᠢᠯᠡᠭᠦᠯᠬᠦ ᠪᠠ ᠬᠠᠮᠤᠭ ᠶᠡᠭᠡ ᠬᠡᠮᠵᠢᠶ᠎ᠡ ᠪᠠᠷ ᠡᠬᠢ ᠪᠠᠶᠠᠯᠢᠭ ᠢ ᠬᠠᠮᠲᠤ ᠬᠦᠷᠲᠡᠬᠦ ᠶᠢ ᠪᠡᠶᠡᠯᠡᠭᠦᠯᠵᠦ᠂ ᠡᠬᠡ | ᠨᠢᠯᠬᠠᠰ ᠤᠨ ᠡᠷᠡᠭᠦᠯᠵᠢᠯ ᠤᠨ ᠦᠢᠯᠡᠰ ᠤᠨ ᠳᠣᠲᠤᠭᠠᠳᠤ ᠳᠤ ᠰᠢᠨ᠎ᠡ ᠶᠢ ᠡᠭᠦᠳᠬᠦ ᠦᠢᠯᠡᠳᠦᠯᠭᠡ ᠶᠢᠨ ᠦᠯᠢᠭᠡᠷ | ᠵᠢᠱᠢᠶ᠎ᠡ ᠶᠢ ᠪᠣᠢ ᠪᠣᠯᠭᠠᠬᠤ ᠪᠠᠷ ᠴᠢᠷᠮᠠᠶᠢᠨ᠎ᠠ᠃ | ᠰᠢᠨ᠎ᠡ ᠬᠤᠷᠢᠶ᠎ᠠ ᠶᠢᠨ ᠳᠣᠲᠤᠭᠠᠳᠤ ᠶᠢᠨ ᠲᠥᠯᠦᠪᠵᠢᠭᠦᠯᠦᠭᠰᠡᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯ | ᠭᠤᠷᠪᠠᠨ ᠠᠨᠠᠭᠠᠬᠤ ᠤᠬᠠᠭᠠᠨ ᠢ ᠲᠥᠪᠵᠢᠭᠦᠯᠦᠨ ᠬᠦᠭᠵᠢᠭᠦᠯᠦᠨ᠎ᠡ᠂ ᠲᠤᠬᠠᠶᠢᠯᠠᠪᠠᠯ ᠬᠦᠩᠭᠡᠵᠢᠬᠦ ᠶᠢᠨ ᠣᠷᠴᠢᠨ ᠤ | ᠠᠨᠠᠭᠠᠬᠤ ᠤᠬᠠᠭᠠᠨ ᠤ ᠡᠷᠡᠭᠦᠯᠵᠢᠯ ᠤᠨ ᠲᠥᠪ᠂ ᠡᠮᠡᠭᠲᠡᠶᠢᠴᠦᠳ ᠤᠨ ᠡᠮ ᠡᠮᠨᠡᠯᠭᠡ ᠶᠢᠨ ᠡᠷᠡᠭᠦᠯᠵᠢᠯ ᠤᠨ ᠲᠥᠪ᠂ | ᠬᠡᠤᠬᠡᠳ ᠤᠨ ᠡᠮ ᠡᠮᠨᠡᠯᠭᠡ ᠶᠢᠨ ᠡᠷᠡᠭᠦᠯᠵᠢᠯ ᠤᠨ ᠲᠥᠪ ᠪᠣᠯᠤᠨ᠎ᠠ᠂ ᠡᠨᠡ ᠭᠤᠷᠪᠠᠨ ᠲᠥᠪᠵᠢᠭᠦᠯᠦᠭᠰᠡᠨ ᠪᠦᠲᠦᠭᠡᠨ | ᠪᠠᠶᠢᠭᠤᠯᠤᠯᠲᠠ ᠨᠢ᠂ ᠵᠢᠷᠮᠤᠰᠤᠨ ᠪᠦᠰᠡᠭᠦᠢ ᠳᠤ ᠬᠦᠩᠬᠡᠵᠢᠬᠦ ᠠᠴᠠ ᠡᠮᠦᠨᠡᠬᠢ ᠠᠴᠠ ᠠᠪᠤᠭᠠᠳ ᠬᠦᠩᠭᠡᠵᠢᠭᠰᠡᠨ ᠤ | ᠳᠠᠷᠠᠭᠠᠬᠢ ᠬᠦᠷᠲᠡᠯ᠎ᠡ ᠪᠦᠬᠦᠯᠢ ᠴᠣᠭᠴᠠᠲᠤ ᠡᠮ ᠡᠮᠨᠡᠯᠭᠡ᠂ ᠡᠷᠡᠭᠦᠯᠵᠢᠯ ᠤᠨ ᠦᠢᠯᠡᠴᠢᠯᠡᠭᠡᠨ ᠬᠠᠩᠭᠠᠨ᠎ᠠ᠃ ᠪᠦᠬᠦ | ᠤᠷᠤᠨ ᠤ ᠡᠮᠡᠭᠲᠡᠶᠢᠴᠦᠳ ᠬᠡᠤᠬᠡᠳ ᠲᠤ ᠨᠡᠩ ᠪᠦᠷᠢᠨ ᠨᠡᠩ ᠲᠡᠷᠢᠭᠦᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ | ᠪᠠᠲᠤᠯᠠᠭ᠎ᠠ ᠣᠯᠭᠤᠨ᠎ᠠ᠃ ᠰᠢᠨ᠎ᠡ ᠬᠤᠷᠢᠶ᠎ᠠ ᠪᠠᠶᠢᠭᠤᠯᠵᠤ ᠪᠠᠷᠠᠭᠰᠠᠨ ᠤ ᠰᠡᠭᠦᠯᠡᠷ᠂ ︽ᠬᠤᠯᠠ ᠠᠴᠠ ᠪᠠᠷᠠᠯᠠᠪᠠᠯ | ᠬᠦᠬᠡᠬᠤᠲᠠ ᠶᠢᠨ ᠨᠢᠭᠡᠨ ᠰᠠᠭᠤᠷᠢ ᠪᠡᠯᠭᠡ ᠲᠡᠮᠳᠡᠭᠲᠦ ᠪᠠᠷᠢᠯᠭ᠎ᠠ᠂ ᠤᠶᠢᠷ᠎ᠠ ᠠᠴᠠ ᠬᠠᠷᠠᠪᠠᠯ ᠨᠢᠭᠡᠨ ᠴᠡᠴᠡᠷᠯᠢᠭ᠂ | ᠦᠷᠦᠭᠡᠨ ᠳᠤ ᠣᠷᠤᠪᠠᠯ ᠰᠠᠶ᠋ᠢ ᠡᠮᠨᠡᠯᠭᠡ ᠶᠢᠨ ᠬᠤᠷᠢᠶ᠎ᠠ︾ ᠭᠡᠳᠡᠭ ᠢ ᠮᠡᠳᠡᠬᠦ ᠪᠣᠯᠭᠠᠬᠤ ᠮᠦᠷᠲᠡᠭᠡᠨ ᠡᠮᠨᠡᠯᠭᠡ ᠶᠢᠨ | ᠬᠤᠷᠢᠶ᠎ᠠ ᠶᠢᠨ ᠳᠣᠲᠤᠷᠠᠬᠢ ᠵᠠᠰᠠᠯ ᠴᠢᠮᠡᠭᠯᠡᠯ ᠳᠤ ᠡᠬᠡ ᠶᠢᠨ ᠬᠠᠶᠢᠷ᠎ᠠ᠂ ᠤᠷᠢᠨ ᠳᠤᠯᠠᠭᠠᠨ᠂ ᠭᠡᠭᠡᠨ ᠰᠠᠷᠠᠭᠤᠯ᠂ | ᠴᠣᠪᠣᠭᠤ ᠳᠡᠭᠵᠢᠨ ᠬᠢᠭᠡᠳ ᠬᠡᠦᠬᠡᠳ ᠤᠨ ᠳᠤᠷ᠎ᠠ ᠰᠣᠨᠢᠷᠬᠠᠯ ᠢ ᠢᠯᠡᠷᠡᠭᠦᠯᠵᠦ᠂ ᠣᠳᠣ ᠦᠶ᠎ᠡ ᠶᠢᠨ ᠰᠢᠨ᠎ᠡ | ᠬᠡᠯᠪᠡᠷᠢ ᠶᠢᠨ ᠴᠡᠴᠡᠷᠯᠢᠭ ᠮᠠᠶ᠋ᠢᠭ ᠤᠨ ᠡᠮᠨᠡᠯᠭᠡ ᠶᠢᠨ ᠬᠤᠷᠢᠶ᠎ᠠ ᠪᠣᠯᠭᠠᠨ᠎ᠠ︔ ᠪᠠᠰᠠᠴᠤ ᠦᠪᠡᠷᠲᠡᠭᠡᠨ ᠵᠠᠰᠠᠬᠤ | ᠤᠷᠤᠨ ᠤ ᠡᠮᠡᠭᠲᠡᠶᠢᠴᠦᠳ᠂ ᠬᠡᠤᠬᠡᠳ ᠤᠨ ᠲᠠᠯ᠎ᠠ ᠪᠠᠷ ᠬᠡᠪᠴᠢᠶ᠎ᠡ ᠪᠠᠷ ᠬᠠᠮᠤᠭ ᠲᠣᠮᠤ᠂ ᠴᠢᠳᠠᠮᠵᠢ ᠪᠠᠷ ᠬᠠᠮᠤᠭ | ᠪᠦᠷᠢᠨ᠂ ᠮᠡᠷᠭᠡᠵᠢᠯ ᠢᠶᠠᠷ ᠬᠠᠮᠤᠭ ᠲᠡᠷᠢᠭᠦᠨ ᠤ᠂ ᠣᠷᠴᠢᠨ ᠲᠣᠭᠤᠷᠢᠨ ᠨᠢ ᠬᠠᠮᠤᠭ ᠤᠷᠢᠨ ᠳᠤᠯᠠᠭᠠᠨ᠂ | ᠴᠣᠪᠤᠷᠠᠯ ᠢᠶᠠᠷ ᠬᠠᠮᠤᠭ ᠵᠥᠢ ᠵᠣᠬᠢᠰᠲᠠᠢ᠂ ᠡᠮᠡᠭᠲᠡᠶᠢᠴᠦᠳ ᠬᠡᠤᠬᠡᠳ ᠲᠤ ᠡᠮ ᠡᠮᠨᠡᠯᠭᠡ ᠡᠷᠡᠭᠦᠯᠵᠢᠯ ᠤᠨ | ᠦᠢᠯᠡᠴᠢᠯᠡᠭᠡᠨ ᠬᠠᠩᠭᠠᠬᠤ ᠳᠤ ᠬᠠᠮᠤᠭ ᠠᠴᠠ ᠲᠣᠬᠢᠷᠠᠮᠵᠢᠲᠠᠢ ᠰᠢᠨ᠎ᠡ ᠬᠡᠯᠪᠡᠷᠢ ᠶᠢᠨ ᠡᠮᠨᠡᠯᠭᠡ ᠶᠢᠨ ᠬᠤᠷᠢᠶ᠎ᠠ ᠪᠣᠯᠭᠠᠨ᠎ᠠ︔ | ᠡᠮᠡᠭᠲᠡᠶᠢᠴᠦᠳ ᠬᠡᠤᠬᠡᠳ ᠤᠨ ᠡᠮ ᠡᠮᠨᠡᠯᠭᠡ ᠡᠷᠡᠭᠦᠯᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠳᠤ ᠡᠩ | ᠲᠡᠷᠢᠭᠦᠨ ᠳᠤ ᠰᠤᠩᠭᠤᠬᠤ ᠭᠠᠵᠠᠷ ᠪᠣᠯᠭᠠᠵᠤ᠂ ᠲᠡᠭᠦᠨ ᠤ ᠲᠤᠰᠬᠠᠢ ᠮᠡᠷᠭᠡᠵᠢᠯ ᠤᠨ ᠴᠢᠳᠠᠪᠤᠷᠢ ᠬᠢᠭᠡᠳ ᠮᠡᠷᠭᠡᠵᠢᠯ ᠤᠨ | ᠬᠢᠷᠢ ᠲᠥᠪᠰᠢᠨ ᠢ ᠦᠪᠡᠷᠲᠡᠭᠡᠨ ᠵᠠᠰᠠᠬᠤ ᠤᠷᠤᠨ ᠤ ᠡᠮ ᠡᠮᠨᠡᠯᠭᠡ ᠶᠢᠨ ᠦᠢᠯᠡᠰ ᠤᠨ ᠳᠣᠲᠤᠷᠠᠬᠢ ᠲᠣᠯᠤᠭᠠᠶᠢᠯᠠᠭᠴᠢ | ᠪᠣᠯᠭᠠᠵᠤ᠂ ᠪᠦᠬᠦ ᠤᠯᠤᠰ ᠤᠨ ᠠᠳᠠᠯᠢ ᠠᠵᠢᠯ ᠲᠦᠷᠦᠯ ᠤᠨ ᠲᠡᠷᠢᠭᠦᠨ ᠤ ᠡᠩᠨᠡᠭᠡᠨ ᠳᠤ ᠣᠷᠤᠭᠤᠯᠤᠨ᠎ᠠ᠃ |