| 10 ᠳ᠋ᠤᠭᠠᠷ ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ᠂ ︽ᠤᠯᠤᠰ ᠤᠨ ᠪᠠᠷᠢᠮᠵᠢᠶᠠᠲᠤ | ᠣᠷᠳᠣᠨ ᠤ ᠥᠪᠥᠷ ᠮᠣᠩᠭᠤᠯ ᠤᠨ ᠬᠤᠪᠢᠶᠠᠷᠢ ᠣᠷᠳᠣᠨ︾ ᠥᠪᠥᠷ ᠮᠣᠩᠭᠤᠯ ᠤᠨ ᠪᠠᠷᠢᠮᠵᠢᠶᠠᠵᠢᠭᠤᠯᠬᠤ | ᠬᠦᠷᠢᠶᠡᠯᠡᠩ ᠳᠤ ᠵᠢᠩᠬᠢᠨᠢ ᠪᠠᠷ ᠢᠯᠡᠷᠬᠡᠶᠢᠯᠡᠯ ᠢᠶᠠᠨ ᠰᠡᠬᠦᠪᠡ᠃ ᠳᠤᠮᠳᠠᠳᠤ ᠤᠯᠤᠰ ᠤᠨ ᠪᠠᠷᠢᠮᠵᠢᠶᠠᠵᠢᠭᠤᠯᠬᠤ | ᠬᠦᠷᠢᠶᠡᠯᠡᠩ ᠤᠨ ᠳᠠᠷᠤᠭ᠎ᠠ ᠮᠠ ᠯᠢᠨ ᠼᠦᠩ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ | ᠲᠠᠯᠪᠢᠬᠤ ᠲᠣᠪᠴᠢᠶᠠᠨ ᠤ ᠳᠠᠷᠤᠭ᠎ᠠ ᠵᠠᠩ ᠬᠠᠢ ᠱᠦᠨ᠂ ᠤᠯᠤᠰ ᠤᠨ ᠪᠠᠷᠢᠮᠵᠢᠶᠠᠲᠤ ᠣᠷᠳᠣᠨ ᠤ ᠳᠠᠷᠤᠭ᠎ᠠ ᠸᠠᠩ | ᠪᠢᠨ᠂ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ | ᠳᠠᠷᠤᠭ᠎ᠠ ᠮᠠ ᠳ᠋ᠠ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠭᠰᠠᠨ ᠪᠥᠭᠡᠳ ︽ᠤᠯᠤᠰ ᠤᠨ ᠪᠠᠷᠢᠮᠵᠢᠶᠠᠲᠤ | ᠣᠷᠳᠣᠨ ᠤ ᠥᠪᠥᠷ ᠮᠣᠩᠭᠤᠯ ᠤᠨ ᠬᠤᠪᠢᠶᠠᠷᠢ ᠣᠷᠳᠣᠨ︾ ᠤ ᠢᠯᠡᠷᠬᠡᠶᠢᠯᠡᠯ ᠢ ᠰᠡᠬᠦᠪᠡ᠃ ᠥᠪᠥᠷ ᠮᠣᠩᠭᠤᠯ ᠤᠨ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ ᠶᠢᠨ ᠳᠡᠳ᠋ ᠲᠣᠭᠤᠷᠢᠨ ᠪᠠᠶᠢᠴᠠᠭᠠᠭᠴᠢ ᠭᠤᠣ ᠶᠢᠩ | ᠵᠢᠶᠧ᠂ ᠹᠧᠩ ᠶᠧ ᠵᠢᠴᠢ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ | ᠲᠣᠪᠴᠢᠶᠠᠨ ᠤ ᠡᠯ᠎ᠡ ᠭᠠᠵᠠᠷ ᠲᠠᠰᠤᠭ ᠲᠣᠪᠴᠢᠶ᠎ᠠ᠂ ᠡᠯ᠎ᠡ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ | ᠬᠠᠷᠢᠭᠤᠴᠠᠯᠭᠠᠲᠠᠨ ᠨᠥᠬᠦᠳ ᠢᠯᠡᠷᠬᠡᠶᠢᠯᠡᠯ ᠰᠡᠬᠦᠬᠦ ᠶᠣᠰᠣᠯᠠᠯ ᠳᠤ ᠣᠷᠣᠯᠴᠠᠪᠠ᠃ ᠹᠧᠩ ᠶᠧ ᠢᠯᠡᠷᠬᠡᠶᠢᠯᠡᠯ ᠰᠡᠬᠦᠬᠦ | ᠶᠣᠰᠣᠯᠠᠯ ᠢ ᠡᠷᠬᠢᠯᠡᠪᠡ᠃ | ᠭᠤᠣ ᠶᠢᠩ ᠵᠢᠶᠧ ᠤᠭᠲᠤᠬᠤ ᠦᠭᠡᠨ ᠳᠡᠭᠡᠨ ᠵᠢᠭᠠᠵᠤ ᠭᠠᠷᠭᠠᠭᠰᠠᠨ ᠨᠢ᠂ ︽ᠤᠯᠤᠰ ᠤᠨ ᠪᠠᠷᠢᠮᠵᠢᠶᠠᠲᠤ | ᠣᠷᠳᠣᠨ ᠤ ᠥᠪᠥᠷ ᠮᠣᠩᠭᠤᠯ ᠤᠨ ᠬᠤᠪᠢᠶᠠᠷᠢ ᠣᠷᠳᠣᠨ︾ ᠢ ᠪᠠᠶᠢᠭᠤᠯᠤᠭᠰᠠᠨ ᠶᠠᠪᠤᠳᠠᠯ ᠨᠢ ᠪᠠᠷᠢᠮᠵᠢᠶᠠᠵᠢᠭᠤᠯᠬᠤ | ᠠᠵᠢᠯ ᠤᠨ ᠥᠭᠡᠷᠡᠴᠢᠯᠡᠯᠲᠡ ᠶᠢ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠠᠵᠢᠯ ᠤᠨ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠪᠠᠷᠢᠯ ᠮᠥᠨ᠂ | ᠪᠢᠳᠡᠨ ᠤ ᠪᠠᠷᠢᠮᠵᠢᠶᠠᠲᠤ ᠦᠢᠯᠡᠴᠢᠯᠡᠭᠡ ᠶᠢ ᠰᠠᠶᠢᠳᠤᠷ ᠬᠢᠬᠦ ᠳᠤ ᠨᠢᠭᠡᠨ ᠨᠡᠩ ᠳᠡᠭᠡᠳᠦ ᠳᠡᠰ ᠤᠨ ᠲᠠᠪᠴᠠᠩ ᠢ | ᠴᠣᠭᠴᠠᠯᠠᠵᠤ ᠥᠭᠬᠦ ᠨᠢ ᠯᠠᠪᠲᠠᠢ ᠭᠡᠪᠡ᠃ | ᠶᠣᠰᠣᠯᠠᠯ ᠳᠤ ᠣᠷᠣᠯᠴᠠᠭᠰᠠᠨ ᠪᠦᠬᠦ ᠬᠥᠮᠦᠰ ᠤᠨ ᠠᠯᠠᠭ᠎ᠠ ᠲᠠᠰᠢᠯᠲᠠ ᠶᠢᠨ ᠳᠤᠮᠳᠠ᠂ ᠮᠠ ᠯᠢᠨ ᠼᠦᠩ᠂ | ᠵᠠᠩ ᠬᠠᠢ ᠱᠦᠨ᠂ ᠮᠠ ᠳ᠋ᠠ᠂ ᠸᠠᠩ ᠪᠢᠨ ᠬᠠᠮᠲᠤ ᠪᠠᠷ ᠢᠯᠡᠷᠬᠡᠶᠢᠯᠡᠯ ᠤᠨ ᠬᠥᠰᠢᠭᠡ ᠶᠢ ᠰᠡᠬᠦᠵᠦ᠂ ᠤᠯᠤᠰ ᠤᠨ | ᠪᠠᠷᠢᠮᠵᠢᠶᠠᠲᠤ ᠣᠷᠳᠣᠨ ᠤ ᠥᠪᠥᠷ ᠮᠣᠩᠭᠤᠯ ᠤᠨ ᠬᠤᠪᠢᠶᠠᠷᠢ ᠣᠷᠳᠣᠨ ᠨᠢ ᠥᠪᠥᠷ ᠮᠣᠩᠭᠤᠯ ᠤᠨ | ᠪᠠᠷᠢᠮᠵᠢᠶᠠᠵᠢᠭᠤᠯᠬᠤ ᠬᠦᠷᠢᠶᠡᠯᠡᠩ ᠳᠤ ᠵᠢᠩᠬᠢᠨᠢ ᠪᠠᠷ ᠪᠠᠶᠢᠭᠤᠯᠤᠭᠳᠠᠭᠰᠠᠨ ᠢ ᠬᠠᠷᠠᠭᠤᠯᠪᠠ᠃ ᠳᠠᠷᠠᠭ᠎ᠠ ᠨᠢ᠂ ᠮᠠ | ᠯᠢᠨ ᠼᠦᠩ ᠨᠠᠷ ᠪᠠᠷᠢᠮᠵᠢᠶᠠᠵᠢᠭᠤᠯᠬᠤ ᠬᠦᠷᠢᠶᠡᠯᠡᠩ ᠳᠤ ᠬᠦᠷᠴᠦ ᠲᠣᠭᠤᠷᠢᠨ ᠦᠵᠡᠨ ᠵᠢᠯᠣᠭᠤᠳᠤᠭᠰᠠᠨ ᠤ ᠬᠠᠮᠲᠤ | ᠶᠠᠷᠢᠯᠴᠠᠬᠤ ᠬᠤᠷᠠᠯ ᠬᠢᠪᠡ᠃ ᠭᠤᠣ ᠶᠢᠩ ᠵᠢᠶᠧ ᠠᠴᠠ ᠳᠤᠮᠳᠠᠳᠤ ᠤᠯᠤᠰ ᠤᠨ ᠪᠠᠷᠢᠮᠵᠢᠶᠠᠵᠢᠭᠤᠯᠬᠤ | ᠬᠦᠷᠢᠶᠡᠯᠡᠩ ᠤᠨ ᠤᠳᠤᠷᠢᠳᠤᠯᠭ᠎ᠠ ᠳᠤ ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠲᠠᠯ᠎ᠠ ᠶᠢᠨ | ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠵᠤ᠂ ᠲᠡᠷᠡ ᠥᠪᠥᠷ ᠮᠣᠩᠭᠤᠯ ᠤᠨ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ ᠶᠢᠨ ᠡᠮᠦᠨ᠎ᠡ ᠠᠴᠠ ᠳᠤᠮᠳᠠᠳᠤ ᠤᠯᠤᠰ ᠤᠨ ᠪᠠᠷᠢᠮᠵᠢᠶᠠᠵᠢᠭᠤᠯᠬᠤ ᠬᠦᠷᠢᠶᠡᠯᠡᠩ ᠤᠨ | ︽ᠤᠯᠤᠰ ᠤᠨ ᠪᠠᠷᠢᠮᠵᠢᠶᠠᠲᠤ ᠣᠷᠳᠣᠨ ᠤ ᠥᠪᠥᠷ ᠮᠣᠩᠭᠤᠯ ᠤᠨ ᠬᠤᠪᠢᠶᠠᠷᠢ ᠣᠷᠳᠣᠨ︾ ᠤ ᠪᠦᠲᠦᠭᠡᠨ | ᠪᠠᠶᠢᠭᠤᠯᠤᠯᠲᠠ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠪᠠ᠃ ᠲᠡᠷᠡ ᠥᠪᠡᠷᠲᠡᠭᠡᠨ ᠵᠠᠰᠠᠬᠤ ᠣᠷᠣᠨ ᠤ | ᠪᠠᠷᠢᠮᠵᠢᠶᠠᠵᠢᠭᠤᠯᠬᠤ ᠬᠦᠷᠢᠶᠡᠯᠡᠩ ᠳᠤ ᠤᠯᠤᠰ ᠤᠨ ᠪᠠᠷᠢᠮᠵᠢᠶᠠᠲᠤ ᠣᠷᠳᠣᠨ ᠤ ᠡᠬᠢ ᠪᠠᠶᠠᠯᠢᠭ ᠢ ᠭᠦᠢᠴᠡᠳ | ᠠᠰᠢᠭᠯᠠᠵᠤ᠂ ᠠᠵᠢᠯ ᠶᠠᠪᠤᠳᠠᠯ ᠢᠶᠠᠨ ᠯᠠᠪᠳᠠᠭᠤᠨ ᠪᠤᠲᠠᠲᠠᠢ ᠬᠢᠬᠦ ᠬᠡᠷᠡᠭᠲᠡᠢ ᠭᠡᠵᠦ ᠱᠠᠭᠠᠷᠳᠠᠪᠠ᠃ | ᠮᠠ ᠯᠢᠨ ᠼᠦᠩ ᠡᠴᠡᠲ᠋ᠤᠮᠳᠠᠳᠤ ᠤᠯᠤᠰ ᠤᠨ ᠪᠠᠷᠢᠮᠵᠢᠶᠠᠵᠢᠭᠤᠯᠬᠤ ᠬᠦᠷᠢᠶᠡᠯᠡᠩ ᠤᠨ ᠪᠠᠶᠢᠳᠠᠯ ᠢ | ᠲᠠᠨᠢᠯᠴᠠᠭᠤᠯᠤᠭᠰᠠᠨ ᠤ ᠬᠠᠮᠲᠤᠲ᠋ᠤᠮᠳᠠᠳᠤ ᠤᠯᠤᠰ ᠤᠨ ᠪᠠᠷᠢᠮᠵᠢᠶᠠᠵᠢᠭᠤᠯᠬᠤ ᠬᠦᠷᠢᠶᠡᠯᠡᠩ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠠᠷᠢᠮᠵᠢᠶᠠᠵᠢᠭᠤᠯᠬᠤ ᠶᠢ ᠲᠦᠯᠬᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ | ᠲᠥᠯᠥᠪᠯᠡᠭᠡ ︵2014 —2016︶︾ ᠪᠣᠯᠣᠨ ᠥᠪᠡᠷᠲᠡᠭᠡᠨ ᠵᠠᠰᠠᠬᠤ ᠣᠷᠣᠨ ᠤ ︽8337︾ | ᠬᠥᠭᠵᠢᠯᠲᠡ ᠶᠢᠨ ᠰᠡᠳᠬᠢᠮᠵᠢ ᠳᠤ ᠦᠢᠯᠡᠴᠢᠯᠡᠬᠦ ᠵᠢᠴᠢ ᠥᠪᠥᠷ ᠮᠣᠩᠭᠤᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠦᠷᠭᠦᠯᠵᠢᠯᠡᠨ ᠳᠡᠮᠵᠢᠯᠭᠡ ᠪᠠ ᠲᠤᠰᠠᠯᠠᠮᠵᠢ ᠦᠵᠡᠭᠦᠯᠬᠦ ᠪᠠᠨ ᠢᠯᠡᠳᠬᠡᠪᠡ᠃ |