ᠪᠦᠬᠦ ᠣᠷᠣᠨ ᠤ ᠡᠯ᠎ᠡ ᠭᠠᠵᠠᠷ ᠤᠨ ᠬᠢᠨ ᠤ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ | ᠲᠥᠯᠥᠪᠯᠡᠭᠡᠲᠦ ᠦᠷᠡᠵᠢᠯ ᠤᠨ ᠠᠵᠢᠯ ᠤᠨ ᠵᠦᠪᠯᠡᠯ ᠵᠡᠷᠭᠡ 15 ᠰᠠᠯᠠᠭ᠎ᠠ ᠮᠥᠴᠢᠷ ᠤᠨ ︽︿ᠴᠢᠰᠤ ᠠᠪᠴᠤ | ᠬᠡᠤᠬᠡᠳ ᠤᠨ ᠬᠦᠢᠰᠦ ᠢᠯᠭᠠᠯ ᠢ ᠬᠢᠨᠠᠨ ᠲᠣᠭᠲᠠᠭᠠᠬᠤ ᠠᠵᠢᠯᠯᠠᠭ᠎ᠠ ᠳᠤ ᠴᠣᠬᠢᠯᠲᠠ ᠦᠭᠴᠦ ᠰᠡᠷᠭᠡᠶᠢᠯᠡᠨ | ᠬᠢᠵᠠᠭᠠᠷᠯᠠᠬᠤ ᠠᠵᠢᠯ ᠢ ᠴᠢᠩᠭᠠᠳᠬᠠᠬᠤ ᠲᠤᠬᠠᠢ ᠮᠡᠳᠡᠭᠳᠡᠯ﹀ ᠢ ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ︾᠂ | ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ ᠵᠡᠷᠭᠡ 7 | ᠰᠠᠯᠠᠭ᠎ᠠ ᠮᠥᠴᠢᠷ ᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠬᠠᠤᠯᠢ ᠪᠤᠰᠤ﹀ ᠶᠢ | ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢᠨ ᠬᠡᠷᠡᠭᠵᠢᠬᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠢ | ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠤᠶᠢᠯᠠᠭᠠᠵᠤ᠂ | ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠤᠨ ᠱᠠᠭᠠᠷᠳᠠᠯᠭ᠎ᠠ ᠶᠣᠰᠣᠭᠠᠷ ᠲᠦᠷᠦᠭᠰᠡᠨ ᠬᠥᠮᠦᠨ ᠠᠮᠠ ᠶᠢᠨ ᠬᠦᠢᠰᠦ ᠢᠯᠭᠠᠯ ᠤᠨ ᠬᠠᠷᠢᠴᠠᠯ ᠢ | ᠶᠡᠷᠦᠩᠭᠡᠶᠢᠯᠡᠨ ᠵᠠᠰᠠᠬᠤ ᠡᠯ᠎ᠡ ᠲᠦᠷᠦᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠶᠢ ᠠᠬᠢᠭᠤᠯᠵᠤ᠂ ᠬᠥᠮᠦᠨ | ᠠᠮᠠ ᠶᠢᠨ ᠬᠦᠢᠰᠦ ᠢᠯᠭᠠᠯ ᠤᠨ ᠪᠦᠲᠦᠴᠡ ᠶᠢᠨ ᠬᠠᠨᠳᠤᠰᠢ ᠶᠢᠨ ᠠᠶᠠᠨᠳᠠᠭᠠᠨ ᠲᠡᠩᠴᠡᠭᠦᠷᠢ ᠶᠢ ᠠᠬᠢᠭᠤᠯᠬᠤ ᠶᠢᠨ | ᠲᠤᠯᠠᠳᠠ᠂ 10 ᠳ᠋ᠤᠭᠠᠷ ᠰᠠᠷ᠎ᠠ ᠶᠢᠨ 20 ᠤ ᠡᠳᠦᠷ ᠠᠴᠠ ~22 ᠤᠨ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ | ᠣᠷᠣᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠵᠦᠪᠯᠡᠯ᠂ ᠠᠵᠤ ᠦᠢᠯᠡᠳᠪᠦᠷᠢ | ᠬᠤᠳᠠᠯᠳᠤᠭᠠᠨ ᠤ ᠲᠤᠪᠴᠢᠶ᠎ᠠ᠂ ᠢᠳᠡᠭᠡᠨ ᠤ ᠵᠦᠢᠯ ᠪᠠ ᠡᠮ ᠤᠨ ᠵᠦᠢᠯ ᠢ ᠬᠢᠨᠠᠨ ᠬᠠᠮᠢᠶᠠᠷᠬᠤ ᠲᠣᠪᠴᠢᠶ᠎ᠠ᠂ | ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ ᠳᠥᠷᠪᠡᠨ ᠰᠠᠯᠠᠭ᠎ᠠ ᠮᠥᠴᠢᠷ ᠬᠠᠮᠲᠤᠷᠠᠨ ᠤᠯᠠᠭᠠᠨᠬᠠᠳᠠ ᠬᠤᠲᠠ ᠶᠢᠨ | ᠲᠦᠷᠦᠭᠰᠡᠨ ᠬᠥᠮᠦᠨ ᠠᠮᠠ ᠶᠢᠨ ᠬᠦᠢᠰᠦ ᠢᠯᠭᠠᠯ ᠤᠨ ᠬᠠᠷᠢᠴᠠᠯ ᠢ ᠶᠡᠷᠦᠩᠬᠡᠶᠢᠯᠡᠨ ᠵᠠᠰᠠᠬᠤ ᠠᠵᠢᠯ ᠢ ᠰᠢᠮᠳᠠᠭᠤᠯᠤᠨ | ᠪᠠᠶᠢᠴᠠᠭᠠᠪᠠ᠃ | ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠤᠯᠠᠭᠠᠨᠬᠠᠳᠠ ᠬᠤᠲᠠ ᠶᠢᠨ ᠬᠠᠷᠠᠴᠢᠨ ᠬᠤᠰᠢᠭᠤ᠂ | ᠰᠦᠩᠱᠠᠨ ᠲᠣᠭᠤᠷᠢᠭ ᠤᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ | ᠡᠮᠨᠡᠯᠭᠡ ᠶᠢᠨ ᠬᠤᠷᠢᠶ᠎ᠠ᠂ ᠲᠦᠯᠦᠪᠯᠡᠭᠡᠲᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠡᠮ ᠤᠨ | ᠳᠡᠯᠭᠡᠭᠦᠷ᠂ ᠬᠤᠪᠢ ᠬᠦᠮᠦᠨ ᠤ ᠡᠬᠦᠳᠡᠨ ᠡᠮᠨᠡᠯᠭᠡ ᠵᠡᠷᠭᠡ ᠳᠤ ᠬᠦᠨᠵᠡᠭᠡᠶᠢᠷᠡᠨ ᠬᠤᠯᠪᠣᠭᠳᠠᠯ ᠪᠦᠬᠦᠢ ᠮᠠᠲ᠋ᠧᠷᠢᠶᠠᠯ ᠢ | ᠪᠠᠶᠢᠴᠠᠭᠠᠨ ᠦᠵᠡᠬᠦ᠂ ᠶᠠᠷᠢᠯᠴᠠᠬᠤ ᠬᠤᠷᠠᠯ ᠬᠢᠬᠦ ᠵᠡᠷᠭᠡ ᠬᠡᠯᠪᠡᠷᠢ ᠪᠠᠷ ᠲᠤᠬᠠᠶ ᠶᠢᠨ ᠭᠠᠵᠠᠷ ᠲᠤᠨᠢ ᠰᠢᠮᠳᠠᠭᠤᠯᠤᠨ | ᠪᠠᠶᠢᠴᠠᠭᠠᠪᠠ᠃ ᠶᠡᠷᠦᠩᠬᠡᠢ ᠳᠤᠨᠢ ᠠᠪᠴᠤ ᠦᠵᠡᠪᠡᠯ᠂ ᠰᠢᠮᠳᠠᠭᠤᠯᠤᠨ ᠪᠠᠶᠢᠴᠠᠭᠠᠭᠳᠠᠭᠰᠠᠨ ᠬᠤᠰᠢᠭᠤ ᠲᠤᠭᠤᠷᠢᠭ ᠤᠨ | ᠲᠦᠷᠦᠭᠰᠡᠨ ᠬᠥᠮᠦᠨ ᠠᠮᠠ ᠶᠢᠨ ᠬᠦᠢᠰᠦ ᠢᠯᠭᠠᠯ ᠤᠨ ᠬᠠᠷᠢᠴᠠᠯ ᠢ ᠶᠡᠷᠦᠩᠬᠡᠶᠢᠯᠡᠨ ᠵᠠᠰᠠᠬᠤ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠨᠢ ᠲᠡᠭᠦᠯᠳᠡᠷ᠂ ᠵᠢᠷᠮᠤᠰᠤᠨ ᠪᠠ ᠬᠦᠡᠭᠬᠡᠵᠢᠬᠦ ᠬᠤᠭᠤᠴᠠᠭᠠᠨ ᠤ ᠪᠦᠬᠦ | ᠶᠠᠪᠤᠴᠠ ᠶᠢᠨ ᠦᠢᠯᠡᠴᠢᠯᠡᠭᠡᠨ ᠤ ᠬᠠᠮᠢᠶᠠᠷᠤᠯᠲᠠ ᠶᠢᠨ ᠳᠦᠷᠢᠮ᠂ ᠵᠢᠷᠮᠦᠰᠦᠯᠡᠬᠦ ᠶᠢ ᠵᠣᠭᠰᠣᠭᠠᠬᠤ ᠮᠡᠰᠡ ᠵᠠᠰᠠᠯ | ᠬᠢᠬᠦ ᠶᠢ ᠬᠢᠨᠠᠨ ᠵᠥᠪᠰᠢᠶᠡᠷᠡᠬᠦ ᠳᠦᠷᠢᠮ ᠨᠢ ᠲᠡᠭᠦᠯᠳᠡᠷ᠂ ᠡᠮᠴᠢᠯᠡᠭᠡᠨ ᠤ ᠪᠠᠶᠢᠭᠤᠯᠤᠮᠵᠢ ᠨᠢ ᠴᠥᠮ ︽ᠬᠤᠶᠠᠷ | ᠬᠠᠤᠯᠢ ᠪᠤᠰᠤ︾ ᠶᠢ ᠴᠠᠭᠠᠵᠠᠯᠠᠭᠰᠠᠨ ᠤᠬᠠᠭᠤᠯᠬᠤ ᠤᠷᠢᠶ᠎ᠠ ᠯᠣᠽᠦ᠋ᠩ ᠨᠠᠭᠠᠭᠰᠠᠨ ᠮᠦᠷᠲᠡᠭᠡᠨ ᠴᠦᠮ ︽ᠬᠤᠶᠠᠷ | ᠬᠠᠤᠯᠢ ᠪᠤᠰᠤ︾ ᠶᠢ ᠵᠠᠰᠠᠨ ᠴᠡᠭᠴᠡᠯᠡᠬᠦ ᠲᠤᠰᠬᠠᠢ ᠠᠵᠢᠯᠯᠠᠭ᠎ᠠ ᠶᠢ ᠵᠣᠬᠢᠶᠠᠨ ᠪᠠᠶᠢᠭᠤᠯᠤᠨ ᠦᠷᠨᠢᠬᠦᠯᠦᠭᠰᠡᠨ ᠢᠶᠠᠨ | ᠦᠪᠡᠷᠲᠡᠭᠡᠨ ᠪᠠᠶᠢᠴᠠᠭᠠᠭᠰᠠᠨ ᠪᠠᠶᠢᠨ᠎ᠠ᠃ ᠬᠠᠮᠲᠤᠷᠠᠨ ᠰᠢᠮᠳᠠᠭᠤᠯᠤᠨ ᠪᠠᠶᠢᠴᠠᠭᠠᠬᠤ ᠳᠤ ᠣᠷᠣᠯᠴᠠᠭᠰᠠᠨ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠴᠦ ᠪᠦᠷ ᠲᠤᠰ ᠲᠤᠰ ᠤᠨ ᠡᠭᠦᠷᠭᠡ ᠬᠠᠷᠢᠭᠤᠴᠠᠯᠭ᠎ᠠ ᠳᠠᠭᠠᠨ ᠰᠠᠨᠠᠭᠤᠯᠭ᠎ᠠ ᠪᠤᠯᠤᠨ | ᠱᠠᠭᠠᠷᠳᠠᠯᠭ᠎ᠠ ᠳᠤᠷᠠᠳᠴᠠᠢ᠃ ᠤᠯᠠᠭᠠᠨᠬᠠᠳᠠ ᠬᠤᠲᠠ᠂ ᠬᠠᠷᠠᠴᠢᠨ ᠬᠤᠰᠢᠭᠤ᠂ ᠰᠦᠩᠱᠠᠨ ᠲᠣᠭᠤᠷᠢᠭ ᠤᠨ ᠡᠷᠡᠭᠦᠯ | ᠬᠠᠮᠠᠭᠠᠯᠠᠯ ᠪᠤᠯᠤᠨ ᠲᠥᠯᠥᠪᠯᠡᠭᠡᠲᠦ ᠦᠷᠡᠵᠢᠯ ᠤᠨ ᠰᠠᠯᠠᠭ᠎ᠠ ᠮᠥᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ | ᠬᠠᠮᠲᠤᠷᠠᠭᠰᠠᠨ ᠰᠢᠮᠳᠠᠭᠤᠯᠤᠨ ᠪᠠᠶᠢᠴᠠᠭᠠᠯᠲᠠ ᠪᠠ ᠬᠠᠷᠢᠭᠤ ᠮᠡᠳᠡᠭᠦᠯᠦᠯᠲᠡ ᠶᠢᠨ ᠬᠤᠷᠠᠯ ᠳᠤ ᠤᠷᠤᠯᠴᠠᠪᠠ᠃ |