︽ᠦᠪᠦᠷ ᠮᠣᠩᠭᠤᠯ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ︾ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2015/10/30
     10 ᠳ᠋ᠤᠭᠠᠷ ᠰᠠᠷ᠎ᠠ ᠶᠢᠨ 28᠎ ᠤ ᠡᠳᠦᠷ᠂ ︽ᠦᠪᠦᠷ ᠮᠣᠩᠭᠤᠯ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠶᠠᠷᠢᠶᠠᠨ ᠤ ᠲᠠᠪᠴᠠᠩ︾ ᠬᠦᠬᠡᠬᠤᠲᠠ ᠳᠤ ᠬᠤᠷᠠᠯᠳᠤᠪᠠ᠃ ᠶᠠᠷᠢᠶᠠᠨ ᠤ ᠲᠠᠪᠴᠠᠩ ᠨᠢ ᠦᠪᠦᠷ ᠮᠣᠩᠭᠤᠯ ᠳᠤ ᠰᠠᠭᠤᠷᠢᠯᠠᠵᠤ᠂ ᠪᠣᠶᠢᠳᠠ ᠪᠥᠭᠯᠡᠭᠦᠦ ᠭᠠᠵᠠᠷ ᠤᠷᠤᠨ᠂ ᠮᠠᠯᠵᠢᠬᠤ ᠲᠠᠷᠢᠶᠠᠯᠠᠬᠤ ᠤᠷᠤᠨ ᠳᠤ ᠰᠠᠭᠤᠷᠢᠯᠠᠵᠤ᠂ ᠦᠪᠦᠷ ᠮᠣᠩᠭᠤᠯ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠪᠠᠶᠢᠭᠤᠯᠬᠤ ᠳᠤᠮᠳᠠ ᠨᠡᠬᠡᠬᠡᠯᠲᠡ ᠶᠢᠨ ᠶᠡᠭᠡ ᠰᠤᠷᠭᠠᠭᠤᠯᠢ ᠶᠢᠨ ᠤᠷᠤᠨ ᠪᠠᠶᠢᠷᠢ ᠪᠠ ᠦᠢᠯᠡᠳᠦᠯ ᠢᠶᠠᠷ ᠭᠤᠣᠯ ᠱᠤᠭᠤᠮ ᠪᠣᠯᠭᠠᠵᠤ᠂ ︽ᠢᠨᠲ᠋ᠧᠷ ᠰᠦᠯᠵᠢᠶ᠎ᠡ + ᠴᠠᠭ ᠦᠶ᠎ᠡ︾᠎ ᠶᠢᠨ ᠦᠪᠦᠷ ᠮᠣᠩᠭᠤᠯ ᠤᠨ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠬᠦᠭᠵᠢᠯᠲᠡ ᠶᠢᠨ ᠵᠠᠮ ᠢ ᠬᠠᠮᠲᠤᠪᠡᠷ ᠬᠠᠶᠢᠨ ᠰᠦᠪᠡᠭᠴᠢᠯᠡᠪᠡ᠃ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠵᠠᠩ ᠲᠠᠢ ᠫᠢᠩ᠂ ᠦᠪᠡᠷᠲᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠤᠯᠪᠤᠭᠠᠲᠤ ᠬᠤᠷᠠᠯ ᠤᠨ ᠲᠡᠷᠢᠭᠦᠯᠡᠭᠴᠢ ᠬᠠᠩ ᠱᠤᠸᠠᠨ ᠵᠦ᠂ ᠤᠯᠤᠰ ᠤᠨ ᠨᠡᠬᠡᠬᠡᠯᠲᠡ ᠶᠢᠨ ᠶᠡᠭᠡ ᠰᠤᠷᠭᠠᠭᠤᠯᠢ ᠶᠢᠨ ᠳᠡᠳ᠋ ᠵᠠᠬᠢᠷᠤᠯ ᠶᠠᠠ ᠪᠢᠩ ᠨᠠᠷ ᠶᠠᠷᠢᠶᠠᠨ ᠤ ᠲᠠᠪᠴᠠᠩ ᠳᠤ ᠤᠷᠤᠯᠴᠠᠭᠰᠠᠨ ᠤ ᠬᠠᠮᠲᠤ ᠭᠤᠣᠯ ᠰᠡᠳᠦᠪᠲᠦ ᠶᠠᠷᠢᠶ᠎ᠠ ᠲᠠᠯᠪᠢᠪᠠ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠭᠡᠳᠦ ᠰᠤᠷᠭᠠᠭᠤᠯᠢ ᠶᠢᠨ ᠠᠵᠢᠯ ᠤᠨ ᠬᠤᠷᠢᠶ᠎ᠠ ᠶᠢᠨ ᠭᠡᠰᠢᠭᠦᠨ᠂ ᠰᠤᠷᠭᠠᠨ ᠬᠦᠮᠦᠵᠢᠯ ᠤᠨ ᠲᠢᠩᠬᠢᠮ ᠤᠨ ᠳᠡᠳ᠋ ᠳᠠᠷᠤᠭ᠎ᠠ ᠵᠠᠩ ᠶᠠ ᠮᠢᠠ ᠶᠠᠷᠢᠶᠠᠨ ᠤ ᠲᠠᠪᠴᠠᠩ ᠳᠤ ᠣᠷᠤᠯᠴᠠᠭᠰᠠᠨ ᠪᠦᠭᠡᠳ ᠶᠠᠷᠢᠶ᠎ᠠ ᠲᠠᠯᠪᠢᠪᠠ᠃      ᠰᠣᠳᠤᠯᠤᠨ ᠶᠠᠷᠢᠯᠴᠠᠬᠤ ᠳᠤᠮᠳᠠ ᠬᠤᠷᠠᠯ ᠳᠤ ᠤᠷᠤᠯᠴᠠᠭᠰᠠᠳ ᠨᠡᠶᠢᠳᠡᠮ ᠦᠵᠡᠭᠰᠡᠨ ᠨᠢ᠂ ᠦᠷᠭᠦᠯᠵᠢᠯᠡᠭᠰᠡᠨ ᠰᠤᠷᠭᠠᠨ ᠬᠥᠮᠦᠵᠢᠯ ᠢ ᠲᠥᠷᠭᠡᠳᠭᠡᠨ ᠬᠦᠭᠵᠢᠭᠦᠯᠬᠦ ᠪᠣᠯ ᠤᠯᠤᠰ ᠤᠨ ᠭᠤᠣᠯ ᠥᠷᠢᠰᠥᠯᠳᠦᠬᠦ ᠬᠦᠴᠦᠨ ᠢ ᠳᠡᠰ ᠳᠡᠪᠰᠢᠭᠦᠯᠬᠦ ᠪᠠ ᠤᠯᠤᠰ ᠢᠶᠠᠨ ᠡᠭᠦᠳᠦᠯᠲᠡ ᠶᠢᠨ ᠴᠢᠨᠠᠷᠲᠠᠢ ᠪᠦᠲᠦᠭᠡᠨ ᠪᠠᠶᠢᠭᠤᠯᠬᠤ ᠶᠢ ᠲᠦᠯᠬᠢᠨ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠂ ᠭᠠᠵᠠᠷ ᠤᠷᠤᠨ ᠤ ᠠᠵᠤ ᠠᠬᠤᠢ ᠶᠢᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ ᠪᠠ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ ᠴᠢᠬᠤᠯᠠ ᠲᠤᠯᠭᠠᠭᠤᠷᠢ ᠮᠦᠨ᠂ ᠨᠠᠰᠤᠨ ᠲᠤᠷᠰᠢ ᠶᠢᠨ ᠰᠤᠷᠭᠠᠨ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠪᠠ ᠰᠤᠷᠤᠯᠴᠠᠬᠤ ᠮᠠᠶ᠋ᠢᠭ ᠤᠨ ᠨᠡᠶᠢᠭᠡᠮ ᠢ ᠪᠦᠲᠦᠭᠡᠨ ᠪᠠᠶᠢᠭᠤᠯᠬᠤ ᠶᠢᠨ ᠲᠤᠯᠭᠠᠮ᠎ᠠ ᠬᠡᠷᠡᠭᠴᠡᠭᠡ ᠮᠦᠨ᠂ ᠬᠦᠮᠦᠨ ᠤ ᠬᠦᠴᠦᠨ ᠤ ᠡᠬᠢ  ᠪᠠᠶᠠᠯᠢᠭ ᠢ ᠦᠷᠭᠦᠯᠵᠢᠯᠡᠨ ᠨᠡᠬᠡᠬᠡᠬᠦ ᠪᠠ ᠦᠷᠭᠡᠨ ᠤᠯᠠᠨ ᠨᠡᠶᠢᠭᠡᠮ ᠤᠨ ᠪᠦᠷᠢᠯᠳᠦᠭᠦᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠤᠯᠠᠨ ᠶᠠᠩᠵᠤ ᠶᠢᠨ ᠰᠤᠷᠭᠠᠨ ᠬᠥᠮᠦᠵᠢᠯ ᠤᠨ ᠬᠡᠷᠡᠭᠴᠡᠭᠡ ᠶᠢ ᠬᠠᠩᠭᠠᠬᠤ ᠴᠢᠬᠤᠯᠠ ᠠᠷᠭ᠎ᠠ ᠪᠠᠷᠢᠯ ᠮᠦᠨ᠃      ᠷᠠᠳᠢᠣ᠋ ᠲᠧᠯᠸᠢᠰ ᠤᠨ ᠶᠡᠭᠡ ᠰᠤᠷᠭᠠᠭᠤᠯᠢ᠂ ᠦᠭᠡᠷᠴᠢᠯᠡᠯᠲᠡ ᠨᠡᠬᠡᠬᠡᠯᠲᠡ ᠶᠢᠨ ᠡᠬᠢᠨ ᠤ ᠦᠶ᠎ᠡ ᠳᠤ ᠮᠡᠨᠳᠦᠯᠡᠵᠦ᠂ ᠤᠯᠤᠰ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠡᠬᠢᠨ ᠤ ᠬᠤᠭᠤᠴᠠᠭᠠᠨ ᠳᠤ ᠳᠡᠭᠡᠳᠦ ᠲᠡᠰ ᠤᠨ ᠲᠤᠰᠬᠠᠢ ᠴᠢᠳᠠᠪᠤᠷᠢᠲᠠᠨ ᠢ ᠶᠡᠭᠡ ᠬᠡᠪᠴᠢᠶᠡᠨ ᠤ᠂ ᠳᠣᠣᠷ᠎ᠠ ᠦᠪᠡᠷ ᠤᠨ ᠦᠷᠲᠡᠭ ᠢᠶᠠᠷ ᠬᠥᠮᠦᠵᠢᠭᠦᠯᠬᠦ ᠬᠦᠨᠳᠦ ᠡᠭᠦᠷᠭᠡ ᠶᠢ ᠡᠭᠦᠷᠭᠡᠯᠡᠵᠦ᠂ ᠲᠡᠤᠬᠡᠲᠦ ᠴᠢᠨᠠᠷᠲᠠᠢ ᠬᠤᠪᠢ ᠨᠡᠮᠡᠷᠢ ᠦᠵᠡᠭᠦᠯᠪᠡ᠃ ᠬᠠᠷᠢᠨ ︽ᠳᠤᠮᠳᠠᠳᠤ ᠤᠯᠤᠰ ᠤᠨ ᠣᠨᠴᠠᠯᠢᠭ ᠪᠦᠬᠦᠢ ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠨᠡᠬᠡᠬᠡᠯᠲᠡ ᠶᠢᠨ ᠶᠡᠭᠡ ᠰᠤᠷᠭᠠᠭᠤᠯᠢ ᠪᠣᠯᠭᠠᠨ ᠪᠦᠲᠦᠭᠡᠨ ᠪᠠᠶᠢᠭᠤᠯᠬᠤ︾᠎ ᠨᠢ ᠶᠠᠭ ᠤᠯᠤᠰ ᠠᠴᠠ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢ ᠪᠦᠲᠦᠭᠡᠨ ᠪᠠᠶᠢᠭᠤᠯᠬᠤ ᠶᠢᠨ ᠡᠬᠢᠨ ᠤ ᠦᠶ᠎ᠡ ᠶᠢᠨ ᠬᠠᠷᠠᠯᠲᠠ ᠮᠦᠨ᠂ 30 ᠬᠡᠳᠦᠨ ᠵᠢᠯ ᠤᠨ ᠬᠦᠭᠵᠢᠯᠲᠡ ᠪᠠᠷ ᠳᠠᠮᠵᠢᠵᠤ᠂ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠰᠢᠰᠲ᠋ᠧᠮᠵᠢ ᠨᠢ ᠨᠢᠭᠡᠨᠲᠡ ᠪᠦᠬᠦ ᠤᠯᠤᠰ ᠤᠨ ᠬᠤᠲᠠ ᠬᠦᠳᠡᠭᠡ ᠶᠢ ᠪᠦᠷᠬᠦᠭᠰᠡᠨ ᠳᠡᠯᠡᠬᠡᠢ ᠳᠡᠭᠡᠷ᠎ᠡ ᠬᠠᠮᠤᠭ ᠶᠡᠭᠡ ᠬᠡᠪᠴᠢᠶᠡᠨ ᠤ ᠠᠯᠤᠰ ᠠᠴᠠ ᠵᠢᠭᠠᠬᠤ ᠨᠡᠬᠡᠬᠡᠯᠲᠡ ᠶᠢᠨ ᠰᠤᠷᠭᠠᠨ ᠬᠦᠮᠦᠵᠢᠯ ᠤᠨ ᠰᠢᠰᠲ᠋ᠧᠮᠵᠢ ᠪᠣᠯᠵᠤ᠂ ᠦᠷᠭᠦᠯᠵᠢᠯᠡᠭᠰᠡᠨ ᠰᠤᠷᠭᠠᠨ ᠬᠦᠮᠦᠵᠢᠯ ᠢ ᠬᠦᠭᠵᠢᠭᠦᠯᠬᠦ ᠶᠢᠨ ᠴᠢᠬᠤᠯᠠ ᠬᠦᠴᠦᠨ ᠪᠣᠯᠪᠠ᠃ ᠴᠠᠭ ᠦᠶ᠎ᠡ ᠶᠢᠨ ᠬᠡᠷᠡᠭᠴᠡᠭᠡ ᠱᠠᠭᠠᠷᠳᠠᠯᠭ᠎ᠠ ᠶᠢ ᠳᠠᠭᠠᠵᠤ᠂ ᠡᠯ᠎ᠡ ᠱᠠᠲᠤᠨ ᠤ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠤᠭ ᠰᠠᠨᠠᠭ᠎ᠠ ᠪᠠᠨ ᠪᠠᠲᠤ ᠰᠠᠬᠢᠵᠤ᠂ ︽ᠨᠡᠬᠡᠬᠡᠯᠲᠡ ᠶᠢᠨ ᠶᠡᠭᠡ ᠰᠤᠷᠭᠠᠭᠤᠯᠢ ᠶᠢ ᠰᠠᠶᠢᠲᠤᠷ ᠡᠷᠬᠢᠯᠡᠬᠦ︾ ᠵᠦᠭ ᠬᠡᠯᠪᠡᠷᠢ ᠪᠠᠨ ᠬᠤᠪᠢᠷᠠᠭᠤᠯᠬᠤ ᠴᠢᠬᠤᠯᠲᠠᠢ ᠪᠠᠶᠢᠨ᠎ᠠ᠃      ᠪᠥᠷᠢᠳᠭᠡᠯ ᠢ ᠦᠨᠳᠦᠰᠦᠯᠡᠪᠡᠯ᠂ ᠦᠪᠦᠷ ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠨᠢ ᠪᠦᠬᠦ ᠤᠷᠤᠨ ᠤ ᠬᠤᠲᠠ ᠬᠦᠳᠡᠭᠡ ᠳᠤ ᠲᠠᠷᠬᠠᠵᠤ ᠪᠠᠶᠢᠭ᠎ᠠ ᠠᠯᠤᠰ ᠠᠴᠠ ᠵᠢᠭᠠᠬᠤ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠰᠦᠯᠵᠢᠶ᠎ᠡ ᠳᠤ ᠲᠦᠰᠢᠭᠯᠡᠨ᠂ ᠰᠤᠷᠤᠯᠭ᠎ᠠ ᠶᠢᠨ ᠨᠠᠮᠲᠠᠷ ᠤᠨ ᠰᠤᠷᠭᠠᠨ ᠬᠥᠮᠦᠵᠢᠯ ᠢ ᠲᠡᠭᠦᠰᠦᠭᠰᠡᠨ ᠰᠤᠷᠤᠭᠴᠢ ᠶᠢ ᠨᠡᠶᠢᠲᠡ 26 ᠲᠦᠮᠡ ᠢᠯᠡᠭᠦᠦ ᠬᠥᠮᠦᠵᠢᠭᠦᠯᠵᠦ᠂ ᠰᠤᠷᠤᠯᠭ᠎ᠠ ᠶᠢᠨ ᠨᠠᠮᠳᠠᠷ ᠤᠨ ᠪᠣᠰᠤ ᠰᠤᠷᠭᠠᠨ ᠬᠦᠮᠦᠵᠢᠯ ᠳᠤ 80 ᠲᠦᠮᠡ ᠢᠯᠡᠭᠦᠦ ᠬᠦᠮᠦᠨ ᠤᠳᠠᠭ᠎ᠠ ᠪᠣᠯᠪᠠᠰᠤᠷᠠᠭᠤᠯᠵᠤ᠂ ᠨᠢᠭᠡ ᠪᠦᠯᠦᠭ ︽ᠦᠯᠡᠳᠡᠵᠦ ᠴᠢᠳᠠᠬᠤ᠂ ᠬᠡᠷᠡᠭᠯᠡᠵᠦ ᠪᠣᠯᠬᠤ︾ ᠲᠤᠰ ᠤᠷᠤᠨ ᠨᠤᠲᠤᠭ ᠤᠨ ᠬᠡᠷᠡᠭᠯᠡᠭᠡᠨ ᠤ ᠬᠡᠯᠪᠡᠷᠢ ᠶᠢᠨ ᠴᠢᠳᠠᠪᠤᠷᠢᠲᠠᠨ ᠢ ᠬᠦᠮᠦᠵᠢᠭᠦᠯᠦᠨ᠂ ᠦᠪᠡᠷᠲᠡᠭᠡᠨ ᠵᠠᠰᠠᠬᠤ ᠤᠷᠤᠨ ᠤ ᠠᠵᠤ ᠠᠬᠤᠢ ᠶᠢᠨ ᠨᠡᠶᠢᠭᠡᠮ ᠤᠨ ᠬᠦᠭᠵᠢᠯᠲᠡ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠣᠷᠴᠢᠮ ᠤᠨ ᠬᠡᠳᠦᠨ ᠵᠢᠯ ᠳᠤ᠂ ᠦᠪᠦᠷ ᠮᠣᠩᠭᠤᠯ ᠤᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠨᠢ ︽ᠨᠡᠬᠡᠬᠡᠯᠲᠡ ᠶᠢᠨ ᠶᠡᠭᠡ ᠰᠤᠷᠭᠠᠭᠤᠯᠢ︾ ᠵᠦᠭ ᠬᠡᠯᠪᠡᠷᠢ ᠪᠠᠨ ᠬᠤᠪᠢᠷᠠᠭᠤᠯᠬᠤ ᠬᠦᠭᠵᠢᠯᠲᠡ ᠶᠢᠨ ᠵᠠᠮ ᠮᠦᠷ ᠢ ᠢᠳᠡᠪᠬᠢᠲᠡᠢ ᠬᠠᠶᠢᠨ ᠰᠦᠪᠡᠭᠴᠢᠯᠡᠵᠦ᠂ ︽ᠨᠢᠭᠡ ᠲᠤᠰᠬᠤᠨ ᠳᠤ ᠨᠢᠭᠡ ᠣᠶᠤᠲᠠᠨ ᠲᠠᠢ ᠪᠣᠯᠭᠠᠬᠤ ᠲᠦᠯᠦᠪᠯᠡᠭᠡ︾᠎ ᠶᠢᠨ ᠲᠤᠷᠰᠢᠯᠲᠠ ᠶᠢᠨ ᠲᠥᠷᠦᠯ ᠵᠦᠢᠯ ᠢ ᠯᠠᠪᠳᠠᠭᠤᠨ ᠬᠡᠷᠡᠭᠵᠢᠭᠦᠯᠵᠦ᠂ ᠪᠦᠬᠦ ᠤᠷᠤᠨ ᠤ 50 ᠭᠠᠷᠤᠢ ᠬᠤᠰᠢᠭᠤ ᠰᠢᠶᠠᠨ ᠳᠤ ᠲᠤᠷᠰᠢᠯᠲᠠ ᠶᠢᠨ ᠲᠥᠷᠦᠯ ᠵᠦᠢᠯ ᠢ ᠨᠡᠬᠡᠬᠡᠨ ᠡᠷᠬᠢᠯᠡᠵᠦ᠂ ᠪᠦᠬᠦ ᠤᠷᠤᠨ ᠳᠤ  7 ᠮᠢᠩᠭ᠎ᠠ ᠭᠠᠷᠤᠢ ᠲᠡᠭᠦᠰᠦᠭᠰᠡᠨ ᠰᠤᠷᠤᠭᠴᠢ ᠲᠠᠢ ᠪᠣᠯᠵᠤ᠂ ᠬᠦᠳᠡᠭᠡ ᠲᠤᠰᠬᠤᠨ ᠢ ᠰᠠᠶᠢᠨ ᠤᠶᠢᠯᠭᠠᠳᠠᠭ᠂ ᠬᠦᠳᠡᠭᠡ ᠲᠤᠰᠬᠤᠨ ᠳᠤ ᠬᠡᠷᠡᠭᠯᠡᠵᠦ ᠪᠣᠯᠬᠤ᠂ ᠦᠯᠡᠳᠡᠵᠦ ᠴᠢᠳᠠᠬᠤ ᠰᠢᠨ᠎ᠡ ᠴᠠᠭ ᠡᠷᠢᠨ ᠤ ᠭᠠᠴᠠᠭᠠᠨ ᠤ ᠺᠠᠳ᠋ᠷ ᠪᠣᠯᠤᠨ ᠮᠠᠯᠴᠢᠨ ᠲᠠᠷᠢᠶᠠᠴᠢᠨ ᠢ ᠪᠠᠶᠠᠵᠢᠭᠤᠯᠬᠤ ᠴᠢᠳᠠᠮᠠᠭᠠᠢ ᠭᠠᠷ ᠪᠣᠯᠪᠠ᠃ ᠡᠭᠦᠨ ᠤ ᠬᠠᠮᠲᠤ᠂ ︽ᠨᠡᠬᠡᠬᠡᠯᠲᠡ ᠶᠢᠨ ᠰᠤᠷᠭᠠᠨ ᠬᠦᠮᠦᠵᠢᠯ ᠢ ᠴᠡᠷᠢᠭ ᠤᠨ ᠬᠤᠸᠠᠷᠠᠨ ᠳᠤ ᠣᠷᠤᠭᠤᠯᠬᠤ ᠲᠦᠯᠦᠪᠯᠡᠭᠡ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠴᠡᠷᠢᠭ ᠲᠤ ᠣᠷᠤᠬᠤ ᠪᠠ ᠰᠤᠷᠭᠠᠭᠤᠯᠢ ᠳᠤ ᠣᠷᠤᠬᠤ ᠶᠢ ᠬᠠᠷᠢᠯᠴᠠᠨ ᠤᠶᠠᠯᠳᠤᠭᠤᠯᠬᠤ ᠪᠠᠷ ᠳᠠᠮᠵᠢᠵᠤ᠂ ᠪᠦᠬᠦ ᠤᠷᠤᠨ ᠤ ᠰᠢᠨ᠎ᠡ ᠴᠡᠷᠢᠭ ᠲᠤ ᠠᠯᠤᠰ ᠠᠴᠠ ᠵᠢᠭᠠᠬᠤ ᠰᠤᠷᠤᠯᠭ᠎ᠠ ᠶᠢᠨ ᠨᠠᠮᠳᠠᠷ ᠤᠨ ᠦᠷᠭᠦᠯᠵᠢᠯᠡᠭᠰᠡᠨ ᠰᠤᠷᠭᠠᠨ ᠬᠦᠮᠦᠵᠢᠯ ᠢ ᠰᠢᠭᠤᠳ ᠬᠠᠨᠳᠤᠭᠤᠯᠤᠨ ᠦᠷᠨᠢᠭᠦᠯᠵᠡᠢ᠃      ᠶᠠᠷᠢᠶᠠᠨ ᠤ ᠲᠠᠪᠴᠠᠩ ᠳᠤ᠂ ᠬᠤᠷᠠᠯ ᠳᠤ ᠣᠷᠤᠯᠴᠠᠭᠰᠠᠨ ᠲᠦᠯᠦᠭᠡᠯᠡᠭᠴᠢᠳ ᠪᠠᠰᠠ ︽ᠨᠡᠬᠡᠬᠡᠯᠲᠡ ᠶᠢᠨ ᠶᠡᠭᠡ ᠰᠤᠷᠭᠠᠭᠤᠯᠢ ᠶᠢᠨ ᠦᠪᠦᠷ ᠮᠣᠩᠭᠤᠯ ᠤᠨ ᠨᠠᠰᠤᠨ ᠲᠤᠷᠰᠢ ᠶᠢᠨ ᠰᠤᠷᠭᠠᠨ ᠬᠦᠮᠦᠵᠢᠯ ᠤᠨ ᠬᠦᠭᠵᠢᠯᠲᠡ ᠳᠠᠬᠢ ᠦᠢᠯᠡᠳᠦᠯ ᠬᠢᠭᠡᠳ ᠨᠦᠯᠦᠭᠡ︾᠂ ︽ᠨᠡᠬᠡᠬᠡᠯᠲᠡ ᠶᠢᠨ ᠶᠡᠭᠡ ᠰᠤᠷᠭᠠᠭᠤᠯᠢ ᠨᠢ ᠨᠠᠰᠤᠨ ᠲᠤᠷᠰᠢ ᠶᠢᠨ ᠰᠤᠷᠭᠠᠨ ᠬᠦᠮᠦᠵᠢᠯ ᠤᠨ ᠡᠭᠦᠳᠦᠯᠲᠡ ᠬᠢᠭᠡᠳ ᠦᠢᠯᠡᠳᠦᠯᠭᠡ᠂ ᠠᠷᠠᠳ ᠨᠡᠶᠢᠲᠡ ᠶᠢᠨ ᠨᠠᠰᠤᠨ ᠲᠤᠷᠰᠢ ᠶᠢᠨ ᠰᠤᠷᠭᠠᠨ ᠬᠦᠮᠦᠵᠢᠯ ᠤᠨ ᠵᠢᠭᠠᠨ ᠰᠤᠷᠭᠠᠬᠤ ᠠᠷᠭ᠎ᠠ ᠪᠠᠷᠢᠯ ᠢ ᠰᠢᠨᠵᠢᠯᠡᠬᠦ ᠤᠬᠠᠭᠠᠨᠴᠢᠯᠠᠬᠤ᠂ ᠰᠤᠷᠭᠠᠨ ᠬᠦᠮᠦᠵᠢᠯ ᠤᠨ ᠳᠠᠮᠵᠢᠭᠤᠯᠤᠯᠤᠭ᠎ᠠ ᠶᠢᠨ ᠮᠡᠳᠡᠭᠡ ᠵᠠᠩᠬᠢᠵᠢᠯᠲᠠ᠂ ᠵᠢᠭᠠᠨ ᠰᠤᠷᠭᠠᠬᠤ ᠠᠷᠭ᠎ᠠ ᠮᠠᠶ᠋ᠢᠭ ᠢ ᠣᠳᠣᠬᠢᠴᠢᠯᠠᠬᠤ ᠵᠢᠴᠢ ᠰᠤᠷᠤᠯᠭ᠎ᠠ ᠶᠢᠨ ᠡᠬᠢ ᠪᠠᠶᠠᠯᠢᠭ ᠤᠨ ᠬᠦᠮᠦᠷᠭᠡ ᠶᠢᠨ ᠪᠠᠶᠢᠭᠤᠯᠤᠯᠲᠠ ᠶᠢᠨ ᠰᠣᠳᠤᠯᠭᠠᠨ ᠳᠤ ᠦᠢᠯᠡᠴᠢᠯᠡᠬᠦ ᠨᠢ︾᠂ ︽ᠨᠠᠰᠤᠨ ᠲᠤᠷᠰᠢ ᠰᠤᠷᠤᠯᠴᠠᠬᠤ ᠶᠢᠨ ﹇ᠵᠥᠷᠢᠯᠢᠭ ᠬᠦᠭᠦᠷᠭᠡ﹈ ᠬᠢᠭᠡᠳ ᠰᠤᠷᠤᠯᠭ᠎ᠠ ᠶᠢᠨ ᠬᠤᠪᠢ ᠶᠢᠨ ᠪᠠᠩᠬᠢ ᠶᠢᠨ ᠬᠠᠶᠢᠨ ᠰᠦᠪᠡᠭᠴᠢᠯᠡᠯᠲᠡ ᠪᠠ ᠦᠢᠯᠡᠳᠦᠯᠭᠡ︾᠂ ︽MOOC ︵ᠮᠥᠸᠧᠺᠧ︶᠎ ᠶᠢᠨ ᠣᠨᠤᠯᠵᠠᠭᠤᠨ᠂ ᠮᠡᠷᠭᠡᠵᠢᠯ ᠬᠢᠭᠡᠳ ᠢᠨᠲ᠋ᠤᠷ ᠰᠦᠯᠵᠢᠶ᠎ᠡ ᠶᠢᠨ ᠴᠠᠭ ᠦᠶ᠎ᠡ ᠳᠠᠬᠢ ᠰᠤᠷᠤᠯᠴᠠᠯᠭ᠎ᠠ ᠶᠢᠨ ᠤᠯᠠᠷᠢᠯᠲᠠ︾᠂ ︽ᠦᠪᠦᠷ ᠮᠣᠩᠭᠤᠯ ᠤᠷᠤᠨ ᠤ ᠦᠷᠭᠦᠯᠵᠢᠯᠡᠭᠰᠡᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠬᠢᠭᠡᠳ ᠰᠤᠷᠤᠯᠴᠠᠬᠤ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠨᠢ︾᠂ ︽ᠬᠤᠲᠠ ᠬᠦᠳᠡᠭᠡ ᠨᠡᠶᠢᠭᠡᠮ ᠲᠣᠭᠤᠷᠢᠭ ᠤᠨ ᠰᠤᠷᠭᠠᠨ ᠬᠦᠮᠦᠵᠢᠯ ᠢᠶᠠᠷ ᠨᠡᠶᠢᠭᠡᠮ ᠤᠨ ᠵᠠᠰᠠᠯᠲᠠ ᠪᠣᠯᠤᠨ ᠰᠢᠨ᠎ᠡ ᠶᠢ ᠡᠭᠦᠳᠦᠯᠲᠡ ᠶᠢ ᠠᠬᠢᠭᠤᠯᠬᠤ ᠨᠢ︾᠂ ︽ᠬᠦᠳᠡᠭᠡ ᠲᠤᠰᠬᠤᠨ᠂ ᠮᠠᠯᠵᠢᠬᠤ ᠤᠷᠤᠨ᠂ ᠪᠣᠶᠢᠳᠠ ᠪᠦᠭᠯᠡᠭᠦᠦ ᠭᠠᠵᠠᠷ ᠤᠷᠤᠨ ᠳᠤ ᠬᠠᠨᠳᠤᠭᠤᠯᠤᠭᠰᠠᠨ ᠣᠳᠣᠬᠢᠴᠢᠯᠠᠭᠰᠠᠨ ᠠᠯᠤᠰ ᠠᠴᠠ ᠵᠢᠭᠠᠬᠤ ᠰᠤᠷᠭᠠᠨ ᠬᠦᠮᠦᠵᠢᠯ ᠤᠨ ᠦᠢᠯᠡᠴᠢᠯᠡᠭᠡ ᠬᠢᠭᠡᠳ ᠳᠡᠮᠵᠢᠯᠭᠡ ᠶᠢᠨ ᠠᠷᠭ᠎ᠠ ᠪᠣᠳᠤᠯᠭ᠎ᠠ︾ ᠵᠡᠷᠭᠡ ᠤᠯᠠᠨ ᠰᠡᠳᠥᠪ ᠢᠶᠠᠷ ᠰᠣᠳᠤᠯᠤᠨ ᠶᠠᠷᠢᠯᠴᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号