9 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠠ᠂ ᠦᠪᠠᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ | ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ | ᠲᠤᠭᠤᠷᠢᠭ ᠢ ᠦᠬᠡᠷᠡᠴᠢᠯᠡᠠ ᠪᠠᠶᠢᠭᠤᠯᠬᠤ ᠠᠵᠢᠯ ᠤᠨ ᠠᠬᠢᠴᠠ ᠶᠢ ᠮᠡᠳᠡᠭᠳᠡᠵᠦ᠂ ᠤᠳᠤᠬᠠᠨ ᠤ ᠠᠵᠢᠯ ᠤᠨ ᠲᠤᠮᠳᠠ | ᠤᠷᠤᠰᠢᠵᠦ ᠪᠠᠶᠢᠭ᠎ᠠ ᠠᠰᠠᠭᠤᠳᠠᠯ ᠪᠠ ᠬᠦᠴᠢᠷᠳᠡᠯ ᠢ ᠵᠠᠳᠠᠯᠤᠨ ᠰᠢᠨᠵᠢᠯᠠᠵᠦ᠂ ᠲᠠᠷᠠᠭᠠᠴᠢ ᠶᠢᠨ ᠠᠵᠢᠯ ᠢ | ᠪᠠᠶᠢᠷᠢᠯᠠᠭᠤᠯᠪᠠ᠃ | ᠦᠪᠠᠷᠳᠡᠭᠡᠨ ᠵᠠᠰᠠᠬᠤ ᠤᠷᠤᠨ ᠤ ᠲᠠᠳ᠋ ᠲᠠᠷᠢᠬᠦᠯᠡᠭᠴᠢ ᠸᠠᠩ ᠪᠦᠸᠧ ᠬᠤᠷᠠᠯ ᠳᠤ ᠤᠷᠤᠯᠴᠠᠨ ᠶᠠᠷᠢᠶ᠎ᠠ | ᠲᠠᠯᠪᠢᠪᠠ᠃ | ᠬᠤᠷᠠᠯ ᠠᠴᠠ᠂ ᠪᠦᠬᠦ ᠤᠷᠤᠨ ᠤ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ | ᠪᠠᠶᠢᠭᠤᠯᠬᠤ ᠠᠵᠢᠯ ᠤᠨ ᠪᠠᠷᠢᠯᠭ᠎ᠠ ᠡᠬᠢᠯᠡᠬᠦᠯᠦᠭᠰᠡᠨ ᠨᠤᠷᠮ᠎ᠠ 85% ᠳᠤ ᠬᠦᠷᠴᠤ ᠪᠠᠶᠢᠭ᠎ᠠ ᠪᠤᠯᠪᠠᠴᠤ᠂ ᠵᠢᠯ ᠤᠨ | ᠡᠬᠢᠨ ᠳᠤ ᠲᠤᠭᠳᠠᠭᠠᠭᠰᠠᠨ ᠡᠭᠦᠷᠭᠡ ᠬᠠᠷᠠᠯᠳᠠ ᠶᠢᠨ ᠰᠠᠭᠤᠷᠢᠨ ᠲᠡᠭᠡᠷ᠎ᠠ ᠰᠡᠬᠦᠯᠡᠷ ᠨᠢ ᠪᠠᠰᠠ ᠡᠭᠦᠷᠭᠡ ᠨᠤᠷᠮ᠎ᠠ | ᠨᠡᠮᠡᠭᠰᠡᠨ ᠪᠤᠯᠬᠤᠷ᠂ ᠡᠭᠦᠷᠭᠡ ᠮᠠᠰᠢ ᠬᠦᠨᠳᠦ ᠬᠠᠳᠠᠭᠤᠵᠢᠯᠳᠠᠢ ᠪᠠᠶᠢᠨ᠎ᠠ ᠬᠡᠵᠦ ᠵᠢᠭᠠᠵᠦ ᠭᠠᠷᠭᠠᠪᠠ᠃ ᠬᠤᠷᠠᠯ ᠠᠴᠠ | ᠱᠠᠭᠠᠷᠳᠠᠭᠰᠠᠨ ᠨᠢ᠂ ᠡᠯ᠎ᠠ ᠭᠠᠵᠠᠷ ᠤᠷᠤᠨ᠂ ᠡᠯ᠎ᠠ ᠰᠠᠯᠠᠭ᠎ᠠ ᠮᠦᠴᠢᠷ ᠤᠨ ᠬᠢᠨ ᠢᠳᠡᠪᠬᠢᠳᠠᠢ ᠪᠠᠷ | ᠰᠢᠪᠳᠤᠯᠤᠯᠳᠠ ᠶᠢᠨ ᠴᠡᠭ ᠡᠷᠢᠵᠦ᠂ ᠠᠵᠢᠯ ᠤᠨ ᠲᠤᠮᠳᠠ ᠤᠷᠤᠰᠢᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ | ᠰᠠᠶᠢᠳᠤᠷ ᠰᠢᠢᠳᠪᠤᠷᠢᠯᠡᠵᠦ᠂ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ | ᠪᠠᠶᠢᠭᠤᠯᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ︔ ᠪᠠᠯᠠ ᠮᠦᠡᠭᠭᠦ ᠬᠤᠷᠠᠮᠳᠤᠭᠤᠯᠬᠤ ᠵᠠᠬᠪᠤᠷ ᠤᠨ ᠰᠢᠨ᠎ᠠ ᠶᠢ | ᠡᠬᠦᠳᠬᠦ ᠪᠠᠷ ᠬᠦᠴᠦᠯᠠᠵᠦ᠂ ᠵᠠᠰᠠᠭ ᠤᠨ ᠤᠷᠳᠤᠨ ᠠᠴᠠ ᠤᠯᠠᠨ ᠨᠠᠶᠢᠳᠠ ᠶᠢᠨ ᠦᠢᠯᠡᠴᠢᠯᠡᠭᠡ ᠶᠢ ᠬᠤᠳᠠᠯᠳᠤᠨ | ᠠᠪᠬᠤ ᠵᠡᠷᠭᠡ ᠵᠠᠬᠪᠤᠷ ᠢ ᠢᠳᠡᠪᠬᠢᠳᠠᠢ ᠬᠠᠶᠢᠨ ᠰᠦᠪᠡᠭᠴᠢᠯᠠᠵᠦ᠂ ᠪᠠᠯᠠᠨ ᠮᠦᠡᠭᠭᠦ ᠪᠠᠷ ᠲᠦᠪᠬᠢᠨᠡᠬᠦᠯᠬᠦ ᠶᠢ ᠶᠡᠭᠡᠪᠡᠷ | ᠲᠡᠯᠭᠡᠷᠡᠬᠦᠯᠵᠦ᠂ ᠲᠦᠬᠦᠮ ᠪᠦᠳᠦᠴᠡᠳᠦ ᠤᠷᠤᠨ ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ | ᠠᠵᠢᠯ ᠤᠨ ᠠᠬᠢᠴᠠ ᠶᠢ ᠲᠦᠷᠭᠡᠳᠬᠡᠬᠦ ᠬᠡᠷᠡᠭᠳᠡᠢ︔ ᠵᠤᠬᠢᠶᠠᠨ ᠪᠠᠶᠢᠭᠤᠯᠬᠤ ᠵᠤᠬᠢᠴᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠭᠠᠷᠠᠭ ᠲᠤ ᠨᠢᠭᠡ ᠤᠳᠠᠭ᠎ᠠ ᠪᠦᠷᠢᠳᠭᠡᠵᠤ᠂ ᠰᠠᠷ᠎ᠠ ᠳᠤ ᠨᠢᠭᠡ ᠤᠳᠠᠭ᠎ᠠ ᠵᠠᠷᠯᠠᠵᠦ᠂ ᠤᠯᠠᠷᠢᠯ ᠳᠤ | ᠨᠢᠭᠡ ᠤᠳᠠᠭ᠎ᠠ ᠱᠠᠯᠠᠪᠳᠠᠭᠤᠯᠤᠨ ᠪᠠᠶᠢᠴᠠᠭᠠᠵᠤ᠂ ᠵᠢᠯ ᠤᠨ ᠡᠴᠦᠰ ᠲᠤ ᠬᠢᠨᠠᠨ ᠦᠨᠡᠯᠡᠬᠦ ᠲᠦᠷᠢᠮ ᠢ ᠬᠡᠷᠡᠭᠵᠢᠬᠦᠯᠵᠦ᠂ | ᠬᠠᠷᠢᠭᠤᠴᠠᠯᠭ᠎ᠠ ᠨᠡᠭᠡᠮᠵᠢᠯᠡᠬᠦ ᠡᠷᠴᠢᠮ ᠢ ᠲᠠᠰᠤᠷᠠᠯᠳᠠ ᠦᠭᠡᠢ ᠴᠢᠩᠭᠠᠷᠠᠭᠤᠯᠵᠤ᠂ ᠵᠢᠯ ᠤᠨ ᠡᠭᠦᠷᠭᠡ ᠪᠠᠨ ᠲᠤᠭ᠎ᠠ | ᠶᠤᠰᠤᠭᠠᠷ ᠬᠦᠢᠴᠡᠳᠬᠡᠬᠦ ᠶᠢ ᠪᠠᠳᠤᠯᠠᠬᠤ ᠬᠡᠷᠡᠭᠳᠡᠢ ᠬᠡᠪᠠ᠃ | ᠬᠤᠷᠠᠯ ᠲᠡᠭᠡᠷ᠎ᠠ᠂ 12 ᠠᠶᠢᠮᠠᠭ ᠬᠤᠳᠠ ᠪᠤᠯᠤᠨ ᠦᠪᠤᠷ ᠮᠤᠩᠭᠤᠯ ᠤᠨ ᠤᠢ ᠰᠢᠭᠤᠢ ᠶᠢᠨ ᠠᠵᠤ | ᠦᠢᠯᠡᠳᠪᠤᠷᠢ ᠶᠢᠨ ᠪᠦᠯᠦᠭᠯᠡᠯ ᠤᠨ ᠬᠠᠷᠢᠭᠤᠴᠠᠯᠭᠠᠳᠠᠨ ᠲᠤᠰ ᠭᠠᠵᠠᠷ ᠤᠷᠤᠨ ᠤ ᠪᠠᠨ ᠲᠦᠬᠦᠮ ᠪᠦᠳᠦᠴᠡᠳᠦ ᠤᠷᠤᠨ | ᠰᠠᠭᠤᠴᠠ ᠶᠢᠨ ᠲᠤᠭᠤᠷᠢᠭ ᠢ ᠦᠬᠡᠷᠡᠴᠢᠯᠡᠠ ᠪᠠᠶᠢᠭᠤᠯᠬᠤ ᠠᠵᠢᠯ ᠤᠨ ᠪᠠᠶᠢᠳᠠᠯ ᠢᠶᠠᠨ ᠬᠠᠷᠢᠭᠤ ᠮᠡᠳᠡᠬᠦᠯᠪᠠ᠃ |