9 ᠳ᠋ᠤᠭᠡᠷ ᠰᠠᠷ᠎ᠠ ᠶᠢᠨ 24 ᠤ ᠡᠳᠦᠷ᠂ ᠰᠣᠶᠣᠯ ᠤᠨ ᠶᠠᠮᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ᠂ ᠳ᠋ᠠᠨᠮᠠᠷᠺ ᠲᠤ ᠰᠠᠭᠤᠭ᠎ᠠ ᠳᠤᠮᠳᠠᠳᠤ ᠤᠯᠤᠰ ᠤᠨ ᠡᠯᠴᠢᠨ ᠰᠠᠶᠢᠳ ᠤᠨ | ᠶᠠᠮᠤᠨ ᠬᠠᠮᠲᠤᠷᠠᠨ ᠭᠤᠣᠯᠯᠠᠨ ᠡᠷᠬᠢᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ | ᠲᠢᠩᠬᠢᠮ᠂ ᠺᠣᠪᠧᠨ᠋ᠬᠠᠭᠧᠨ ᠳᠠᠬᠢ ᠳᠤᠮᠳᠠᠳᠤ ᠤᠯᠤᠰ ᠤᠨ ᠰᠣᠶᠣᠯ ᠤᠨ ᠲᠥᠪ᠂ ᠳ᠋ᠠᠨᠮᠠᠷᠺ ᠤᠨ ᠰᠣᠶᠣᠯ ᠤᠨ ᠨᠡᠶᠢᠭᠡᠮᠯᠢᠭ | ᠂ ᠥᠪᠥᠷ ᠮᠣᠩᠭᠤᠯ ᠤᠨ ᠭᠡᠷᠡᠯ ᠵᠢᠷᠤᠭᠴᠢᠳ ᠤᠨ ᠨᠡᠶᠢᠭᠡᠮᠯᠢᠭ ᠬᠠᠮᠲᠤ ᠪᠠᠷ ᠳᠠᠭᠠᠭᠠᠨ ᠡᠷᠭᠢᠯᠡᠭᠰᠡᠨ ︽ | ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠮᠢᠨᠦ ᠨᠤᠲᠤᠭ — — ᠳ᠋ᠠᠨᠮᠠᠷᠺ · ᠥᠪᠥᠷ ᠮᠣᠩᠭᠤᠯ ᠤᠨ | ᠰᠣᠶᠣᠯ ᠤᠨ ᠭᠠᠷᠠᠭ︾ ᠤᠨ ᠠᠵᠢᠯᠯᠠᠭ᠎ᠠ ᠳ᠋ᠠᠨᠮᠠᠷᠺ ᠤᠨ ᠨᠡᠶᠢᠰᠯᠡᠯ ᠺᠣᠪᠧᠨ᠋ᠬᠠᠭᠧᠨ ᠬᠤᠲᠠ ᠳᠤ ᠦᠪᠡᠳᠡᠭᠰᠢ ᠶᠡᠭᠡ ᠪᠠᠷ | ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ᠂ | ᠥᠪᠥᠷ ᠮᠣᠩᠭᠤᠯ ᠤᠨ ᠣᠯᠠᠨ ᠤᠯᠤᠰ ᠤᠨ ᠰᠣᠶᠣᠯ ᠤᠨ ᠰᠣᠯᠢᠯᠴᠠᠭᠠᠨ ᠤ ᠨᠡᠶᠢᠭᠡᠮᠯᠢᠭ ᠤᠨ ᠳᠠᠷᠤᠭ᠎ᠠ ᠤᠯᠠᠭᠠᠨ | ᠡᠬᠢᠯᠡᠬᠦ ᠶᠣᠰᠣᠯᠠᠯ ᠳᠡᠭᠡᠷ᠎ᠡ ᠶᠠᠷᠢᠶ᠎ᠠ ᠲᠠᠯᠪᠢᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠣᠶᠣᠯ ᠤᠨ ᠲᠢᠩᠬᠢᠮ ᠤᠨ ᠳᠠᠷᠤᠭ᠎ᠠ ᠲᠥᠡᠭ ᠭᠥᠸᠧ ᠴᠢᠩ ᠡᠬᠢᠯᠡᠬᠦ ᠶᠣᠰᠣᠯᠠᠯ ᠳᠤ ᠣᠷᠣᠯᠴᠠᠪᠠ᠃ | ᠲᠤᠰ ᠤᠳᠠᠭᠠᠨ ᠤ ᠠᠵᠢᠯᠯᠠᠭ᠎ᠠ ᠨᠢ ᠥᠪᠥᠷ ᠮᠣᠩᠭᠤᠯ ᠤᠨ ᠦᠨᠳᠦᠰᠦᠲᠡᠨ ᠤ ᠤᠷᠠᠯᠢᠭ ᠤᠨ ᠲᠢᠶᠠᠲᠷ ᠤᠨ | ᠲᠣᠭᠯᠠᠯᠲᠠ᠂ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠦᠵᠡᠰᠭᠦᠯᠡᠩ ᠪᠣᠯᠣᠨ ᠭᠡᠷᠡᠯ | ᠵᠢᠷᠤᠭ ᠤᠨ ᠦᠵᠡᠰᠬᠦᠯᠡᠩ ᠭᠡᠬᠦ ᠭᠤᠷᠪᠠᠨ ᠵᠦᠢᠯ ᠤᠨ ᠠᠭᠤᠯᠭ᠎ᠠ ᠶᠢ ᠪᠠᠭᠲᠠᠭᠠᠪᠠ᠃ ᠠᠵᠢᠯᠯᠠᠭ᠎ᠠ ᠶᠢ ᠠᠮᠵᠢᠯᠲᠠ ᠲᠠᠢ | ᠡᠷᠬᠢᠯᠡᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠣᠯᠣᠨ ᠳ᠋ᠠᠨᠮᠠᠷᠺ ᠤᠨ | ᠬᠠᠮᠲᠤᠷᠠᠨ ᠠᠵᠢᠯᠯᠠᠬᠤ ᠶᠢ ᠴᠢᠩᠭᠠᠳᠬᠠᠨ᠂ ᠥᠪᠥᠷ ᠮᠣᠩᠭᠤᠯ ᠤᠨ ᠦᠨᠳᠦᠰᠦᠲᠡᠨ ᠤ ᠰᠢᠯᠢᠳᠡᠭ ᠰᠣᠶᠣᠯ ᠤᠨ | ᠳ᠋ᠠᠨᠮᠠᠷᠺ ᠲᠤ ᠣᠷᠣᠬᠤ ᠶᠢ ᠲᠦᠯᠬᠢᠨ ᠠᠬᠢᠭᠤᠯᠵᠤ᠂ ᠦᠨᠳᠦᠰᠦᠲᠡᠨ ᠤ ᠰᠣᠶᠣᠯ ᠤᠨ ᠳᠡᠯᠡᠭᠡᠢ ᠳ᠋ᠠᠬᠢᠨ ᠳᠠᠬᠢ | ᠨᠥᠯᠥᠭᠡᠯᠡᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠳᠤ ᠴᠢᠬᠤᠯᠠ ᠪᠥᠬᠦᠢ ᠢᠳᠡᠪᠬᠢ ᠦᠢᠯᠡᠳᠦᠯ | ᠦᠵᠡᠭᠦᠯᠬᠦ ᠪᠣᠯᠣᠨ᠎ᠠ᠃ | | | | | | | | |