9 ᠳ᠋ᠤᠭᠡᠷ ᠰᠠᠷ᠎ᠠ ᠶᠢᠨ 30 ᠤ ᠡᠳᠦᠷ᠂ ᠤᠯᠤᠰ ᠳᠠᠶᠠᠭᠠᠷ 2 ᠲᠠᠬᠢ ᠦᠷᠡᠭᠳᠡᠭᠰᠡᠨ ᠪᠠᠭᠠᠲᠤᠷᠴᠤᠳ ᠢᠶᠠᠨ | ᠳᠤᠷᠠᠰᠬᠠᠬᠤ ᠡᠳᠦᠷ ᠢ ᠤᠭᠲᠤᠨ ᠠᠪᠤᠪᠠ᠃ ᠦᠷᠡᠭᠳᠡᠭᠰᠡᠨ ᠪᠠᠭᠠᠲᠤᠷᠴᠤᠳ ᠢᠶᠠᠨ ᠬᠦᠨ ᠮᠥᠷᠥᠭᠡᠳᠦᠨ | ᠰᠠᠨᠠᠭᠠᠯᠵᠠᠵᠤ᠂ ᠦᠷᠡᠭᠳᠡᠭᠰᠡᠨ ᠪᠠᠭᠠᠲᠤᠷᠴᠤᠳ ᠤᠨ ᠠᠷᠢᠭᠤᠨ ᠴᠢᠰᠤ ᠪᠤᠯᠤᠨ ᠠᠮᠢ ᠨᠠᠰᠤ ᠪᠠᠨ ᠦᠷᠡᠭᠳᠡᠭᠦᠯᠦᠨ | ᠵᠤᠷᠢᠭᠤᠯᠬᠤ ᠵᠣᠷᠢᠭ ᠰᠠᠨᠠᠭ᠎ᠠ ᠶᠢ ᠬᠠᠳᠠᠩᠰᠢᠭᠤᠯᠬᠤ ᠶᠢᠨ ᠲᠤᠰᠠᠳᠠ᠂ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ | ᠪᠠᠭᠠᠲᠤᠷᠴᠤᠳ ᠤᠨ ᠴᠢᠩ ᠵᠤᠷᠢᠭ᠂ ᠡᠷᠬᠢᠮ ᠳᠡᠭᠡᠳᠦ ᠪᠠ ᠪᠠᠯᠠᠷᠠᠰᠢ ᠦᠭᠡᠶ ᠢᠲᠡᠭᠡᠯ ᠪᠢᠰᠢᠷᠡᠯ ᠢ ᠠᠮᠲᠠᠷᠬᠠᠨ | ᠤᠡᠭᠰᠢᠵᠤ᠂ ᠳᠣᠲᠣᠭᠠᠳᠤ ᠶᠢ ᠬᠠᠮᠠᠭᠠᠯᠠᠬᠤ ᠪᠠᠭᠠᠲᠤᠷᠴᠤᠳ ᠲᠤ ᠬᠢᠵᠠᠭᠠᠯᠠᠰᠢ ᠦᠭᠡᠶ ᠡᠮᠭᠡᠨᠢᠨ ᠭᠠᠰᠢᠭᠤᠳᠠᠵᠤ | ᠪᠠᠶᠢᠭ᠎ᠠ ᠰᠡᠳᠬᠢᠯ ᠢᠶᠠᠨ ᠢᠯᠡᠳᠭᠡᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠤᠨ ᠲᠡᠮᠡᠴᠡᠯ ᠤᠨ | ᠵᠣᠷᠢᠭ ᠢ ᠤᠯᠠᠮ ᠨᠢᠭᠡ ᠠᠯᠬᠤᠮ ᠬᠥᠭᠵᠢᠭᠡᠨ ᠵᠤᠷᠢᠭᠵᠢᠭᠤᠯᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ ᠪᠠᠭᠠᠲᠤᠷᠴᠤᠳ ᠤᠨ | ᠳᠤᠷᠠᠰᠬᠠᠯ ᠤᠨ ᠬᠦᠷᠢᠶᠡᠯᠡᠩ ᠳᠤ ︽ᠳᠤᠲᠤᠭᠠᠲᠤ ᠶᠢ ᠬᠠᠮᠠᠭᠠᠯᠠᠬᠤ ᠦᠷᠡᠭᠳᠡᠭᠰᠡᠨ ᠪᠠᠭᠠᠲᠤᠷᠴᠤᠳ ᠢᠶᠠᠨ | ᠮᠥᠷᠥᠭᠡᠳᠦᠨ ᠰᠠᠨᠠᠭᠠᠯᠵᠠᠵᠤ᠂ ᠢᠷᠠᠭᠤ ᠠᠯᠳᠠᠷᠲᠤ ᠤᠯᠠᠮᠵᠢᠯᠠᠯ ᠢ ᠨᠢ ᠵᠠᠯᠭᠠᠮᠵᠢᠯᠠᠨ᠂ ᠡᠭᠦᠷᠭᠡ ᠪᠠᠨ ᠦᠨᠡᠨᠴᠢ | ᠰᠢᠳᠤᠷᠭᠤ ᠪᠠᠷ ᠬᠦᠢᠴᠡᠳᠭᠡᠶ᠎ᠡ︾ ᠭᠡᠰᠡᠨ ᠭᠤᠣᠯ ᠰᠡᠳᠦᠪᠲᠦ ᠳᠠᠶᠢᠯᠭ᠎ᠠ ᠶᠢᠨ ᠠᠵᠢᠯᠯᠠᠭ᠎ᠠ ᠶᠠᠪᠤᠭᠳᠠᠭᠤᠯᠵᠤ᠂ | ᠦᠷᠡᠭᠳᠡᠭᠰᠡᠨ ᠪᠠᠭᠠᠲᠤᠷᠴᠤᠳ ᠢᠶᠠᠨ ᠲᠠᠶᠢᠳᠬᠤᠷᠠᠭᠤᠯᠤᠨ᠂ ᠡᠮᠭᠡᠨᠢᠨ ᠭᠠᠰᠢᠭᠤᠳᠠᠵᠤ ᠪᠠᠶᠢᠭ᠎ᠠ ᠰᠡᠳᠬᠢᠯ ᠢᠶᠠᠨ | ᠢᠯᠡᠳᠭᠡᠪᠡ᠃ | ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠤᠯᠤᠰ ᠲᠥᠷᠥ ᠶᠢᠨ ᠬᠡᠯᠲᠡᠰ ᠤᠨ ᠳᠡᠳ᠋ ᠡᠷᠬᠢᠯᠡᠭᠴᠢ ᠰᠢᠤᠢ | ᠰᠢᠶᠤᠤ ᠪᠦᠸᠧ ᠠᠵᠢᠯᠯᠠᠭ᠎ᠠ ᠳᠤ ᠣᠷᠣᠯᠴᠠᠪᠠ᠃ ᠴᠠᠭᠳᠠᠭ᠎ᠠ ᠶᠢᠨ ᠡᠩᠨᠡᠭᠡᠨ ᠳᠤ ᠰᠢᠨ᠎ᠡ ᠪᠠᠷ ᠤᠷᠤᠭᠰᠠᠨ ᠠᠷᠠᠳ ᠤᠨ | ᠴᠠᠭᠳᠠᠭ᠎ᠠ ᠶᠢᠨ ᠲᠥᠯᠥᠭᠡᠯᠡᠭᠴᠢ᠂ ᠳᠣᠲᠣᠭᠠᠳᠤ ᠶᠢ ᠬᠠᠮᠠᠭᠠᠯᠠᠬᠤ ᠠᠯᠪᠠ ᠬᠠᠭᠠᠵᠤ ᠪᠠᠶᠢᠭ᠎ᠠ ᠴᠡᠷᠢᠭ ᠠᠩᠭᠢ ᠶᠢᠨ | ᠳᠠᠷᠤᠭ᠎ᠠ ᠪᠠᠶᠢᠯᠳᠤᠭᠴᠢᠳ ᠤᠨ ᠲᠥᠯᠥᠭᠡᠯᠡᠭᠴᠢ ᠬᠢᠭᠡᠳ ᠥᠪᠥᠷ ᠮᠣᠩᠭᠤᠯ ᠤᠨ ᠴᠠᠭᠳᠠᠭ᠎ᠠ ᠶᠢᠨ ᠠᠵᠢᠯ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢ 300 ᠭᠠᠷᠤᠢ ᠬᠥᠮᠦᠨ ᠠᠵᠢᠯᠯᠠᠭ᠎ᠠ ᠳᠤ | ᠣᠷᠣᠯᠴᠠᠪᠠ᠃ | ᠰᠢᠪᠡᠷᠡᠭᠡ ᠪᠣᠷᠣᠭᠠᠨ ᠳᠤ᠂ ᠠᠪᠤᠷᠭᠤ ᠨᠠᠷᠠᠰᠤ ᠨᠤᠭᠤᠭᠠᠨ ᠮᠠᠶᠢᠯᠠᠰᠤ ᠬᠦᠷᠢᠶᠡᠯᠡᠭᠰᠡᠨ ᠳᠣᠲᠣᠭᠠᠳᠤ ᠶᠢ | ᠬᠠᠮᠠᠭᠠᠯᠠᠬᠤ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠬᠦᠷᠢᠶᠡᠯᠡᠩ ᠲᠦᠪ ᠶᠡᠬᠡᠮᠰᠦᠭ ᠬᠠᠷᠠᠭᠳᠠᠨ᠎ᠠ᠃ | ᠦᠳᠡ ᠶᠢᠨ ᠡᠮᠦᠨ᠎ᠡ ᠶᠢᠨ 10 ᠴᠠᠭ ᠲᠤ᠂ ᠪᠦᠬᠦ ᠬᠦᠮᠦᠰ ᠴᠠᠭᠳᠠᠭᠠᠨ ᠤ ᠬᠤᠪᠴᠠᠰᠤ ᠡᠮᠦᠰᠴᠦ᠂ ᠴᠢᠷᠠᠢ ᠵᠢᠰᠦ | ᠲᠦᠪᠯᠡᠭᠦᠨ᠂ ᠳᠡᠷᠢ ᠲᠡᠭᠰᠢ᠂ ᠲᠦᠪ ᠰᠦᠷᠯᠢᠭ ᠵᠤᠭᠰᠤᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠰᠦᠯᠳᠡ ᠳᠠᠭᠤᠤ︾ ᠶᠢ ᠳᠠᠭᠤᠯᠠᠨ ᠬᠦᠭᠵᠢᠮᠳᠡᠵᠤ᠂ ᠤᠯᠤᠰ ᠪᠠᠢᠭᠤᠯᠤᠭᠳᠠᠭᠰᠠᠨ ᠠᠴᠠ ᠨᠠᠰᠢ | ᠳᠣᠲᠣᠭᠠᠳᠤ ᠶᠢ ᠬᠠᠮᠠᠭᠠᠯᠠᠬᠤ ᠦᠢᠯᠡᠰ ᠤᠨ ᠲᠥᠯᠥᠭᠡ ᠠᠮᠢ ᠪᠡᠶ᠎ᠡ ᠪᠠᠨ ᠦᠡᠭᠭᠡ ᠬᠡᠷᠡᠯᠲᠠᠢ ᠪᠠᠷ ᠵᠤᠷᠢᠭᠤᠯᠤᠭᠰᠠᠨ | ᠦᠷᠡᠭᠳᠡᠭᠰᠡᠨ ᠪᠠᠭᠠᠲᠤᠷᠴᠤᠳ ᠲᠠᠭᠠᠨ ᠮᠠᠯᠠᠭᠠᠢ ᠪᠠᠨ ᠠᠪᠴᠤ ᠨᠠᠮ ᠭᠠᠰᠢᠭᠤᠳᠠᠨ᠂ ᠬᠦᠨ ᠮᠥᠷᠥᠭᠡᠳᠦᠨ | ᠰᠠᠨᠠᠭᠠᠯᠵᠠᠵᠤ᠂ ᠬᠤᠪᠢᠰᠬᠠᠯ ᠤᠨ ᠠᠬᠠᠮᠠᠳ ᠪᠣᠯᠤᠨ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ | ᠪᠠᠭᠠᠲᠤᠷᠴᠤᠳ ᠢᠶᠠᠨ ᠳᠤᠷᠠᠰᠬᠠᠪᠠ᠃ ᠳᠠᠷᠠᠭ᠎ᠠ ᠨᠢ᠂ ᠠᠷᠠᠳ ᠤᠨ ᠴᠠᠭᠳᠠᠭ᠎ᠠ ᠬᠠᠮᠲᠤ ᠪᠠᠷ ᠠᠷᠠᠳ ᠤᠨ | ᠴᠠᠭᠳᠠᠭ᠎ᠠ ᠶᠢᠨ ᠲᠠᠩᠭᠠᠷᠢᠭ ᠤᠨ ᠦᠭᠡ ᠶᠢ ᠤᠡᠭᠰᠢᠭ᠌ᠰᠠᠨ ᠪᠥᠭᠡᠳ ᠳᠣᠲᠣᠭᠠᠳᠤ ᠶᠢ ᠬᠠᠮᠠᠭᠠᠯᠠᠬᠤ ᠪᠠᠭᠠᠲᠤᠷᠴᠤᠳ | ᠲᠠᠭᠠᠨ ᠰᠤᠷᠭᠤᠭ ᠴᠡᠴᠡᠭ ᠬᠦᠷᠬᠡᠪᠡ᠃ | ᠤᠶᠢᠯᠠᠭᠠᠭᠰᠠᠨ ᠢᠶᠠᠷ᠂ ᠤᠯᠤᠰ ᠪᠠᠢᠭᠤᠯᠤᠭᠳᠠᠭᠰᠠᠨ ᠠᠴᠠ ᠨᠠᠰᠢ᠂ ᠪᠦᠬᠦ ᠤᠷᠤᠨ ᠳᠤ ᠨᠡᠶᠢᠲᠡ 557 ᠨᠡᠷ᠎ᠡ | ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠳᠣᠲᠣᠭᠠᠳᠤ ᠶᠢ ᠬᠠᠮᠠᠭᠠᠯᠠᠬᠤ ᠠᠯᠪᠠ ᠬᠠᠭᠠᠵᠤ ᠪᠠᠶᠢᠭᠰᠠᠨ | ᠳᠠᠷᠤᠭ᠎ᠠ ᠪᠠᠶᠢᠯᠳᠤᠭᠴᠢ ᠠᠮᠢ ᠪᠡᠶ᠎ᠡ ᠪᠠᠨ ᠵᠤᠷᠢᠭᠤᠯᠵᠤ᠂ ᠡᠭᠦᠨ ᠳᠤ 58 ᠨᠥᠬᠦᠳ ᠬᠤᠪᠢᠰᠬᠠᠯ ᠤᠨ ᠦᠷᠡᠭᠳᠡᠭᠰᠡᠨ | ᠪᠠᠭᠠᠲᠤᠷ ᠢᠶᠠᠷ ᠦᠨᠡᠯᠡᠭᠳᠡᠪᠡ᠃ | ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠳᠡᠳ᠋ ᠡᠷᠬᠢᠯᠡᠭᠴᠢ ᠰᠢᠤᠢ ᠰᠢᠶᠤᠤ ᠪᠦᠸᠧ ᠳᠣᠲᠣᠭᠠᠳᠤ ᠶᠢ | ᠬᠠᠮᠠᠭᠠᠯᠠᠬᠤ ᠦᠷᠡᠭᠳᠡᠭᠰᠡᠨ ᠪᠠᠭᠠᠲᠤᠷᠴᠤᠳ ᠤᠨ ᠮᠦᠽᠧᠶ ᠶᠢ ᠪᠠᠶᠢᠭᠤᠯᠵᠤ ᠪᠠᠶᠢᠭ᠎ᠠ ᠪᠠᠶᠢᠳᠠᠯ ᠢ ᠲᠤᠰᠬᠠᠶᠢᠯᠠᠨ | ᠪᠠᠶᠢᠴᠠᠭᠠᠨ ᠦᠵᠡᠵᠤ ᠵᠢᠭᠠᠨ ᠵᠢᠯᠤᠭᠤᠳᠪᠠ᠃ | | | | |