ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠷᠣᠨ ᠤ ᠳᠣᠲᠣᠷ᠎ᠠ ᠣᠨᠳᠣᠣ ᠭᠠᠵᠠᠷ ᠬᠦᠢᠴᠡᠳᠭᠡᠬᠦ ᠶᠢ ᠪᠦᠬᠦ ᠲᠠᠯ᠎ᠠ ᠪᠠᠷ ᠬᠡᠷᠡᠭᠵᠢᠭᠦᠯᠪᠡ
ᠨᠡᠶᠢᠲᠡᠯᠡᠭᠰᠡᠨ ᠴᠠᠭ᠄
2015/10/8
     ᠣᠷᠣᠨ ᠤ ᠳᠣᠲᠣᠷᠠᠬᠢ ᠰᠠᠭᠤᠭᠠᠯᠢ ᠠᠷᠠᠳ ᠭᠡᠷᠡᠴᠢ ᠲᠡᠮᠳᠡᠭ ᠢᠶᠠᠨ ᠬᠡᠬᠡᠬᠦ᠂ ᠡᠪᠳᠡᠬᠦ᠂ ᠬᠦᠴᠦᠨ ᠲᠠᠢ ᠬᠤᠭᠤᠴᠠᠭ᠎ᠠ ᠳᠦᠭᠦᠷᠬᠦ ᠵᠡᠷᠭᠡ ᠰᠢᠯᠲᠠᠭᠠᠨ ᠠᠴᠠ ᠪᠤᠯᠵᠤ ᠪᠡᠶ᠎ᠡ ᠶᠢᠨ ᠦᠨᠡᠮᠯᠡᠯ ᠢᠶᠠᠨ ᠤᠨᠳᠤᠤ ᠭᠠᠵᠠᠷ ᠬᠦᠢᠴᠡᠳᠭᠡᠵᠤ ᠪᠣᠯᠬᠤ ᠦᠭᠡᠢ ᠠᠰᠠᠭᠤᠳᠠᠯ ᠢ ᠰᠢᠢᠳᠪᠦᠷᠢᠯᠡᠬᠦ ᠶᠢᠨ ᠲᠤᠯᠠᠳᠠ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠷᠣᠨ ᠤ ᠳᠣᠲᠣᠷ᠎ᠠ ᠣᠨᠳᠣᠣ ᠭᠠᠵᠠᠷ ᠬᠦᠢᠴᠡᠳᠭᠡᠬᠦ ᠠᠷᠠᠳ ᠲᠤ ᠳᠥᠭᠦᠮ ᠦᠵᠡᠭᠦᠯᠬᠦ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠬᠦᠯᠪᠡ᠃      ᠨᠢᠳᠤᠨᠤᠨ ᠤ 5 ᠳ᠋ᠤᠭᠠᠷ ᠰᠠᠷ᠎ᠠ ᠳᠤ᠂ ᠳᠣᠲᠣᠭᠠᠳᠤ ᠶᠢ ᠬᠠᠮᠠᠭᠠᠯᠠᠬᠤ ᠲᠢᠩᠬᠢᠮ 1200 ᠲᠦᠮᠡᠨ ᠲᠥᠭᠦᠷᠢᠭ ᠤᠨ ᠪᠡᠯᠡ ᠮᠥᠩᠭᠦ ᠤᠷᠤᠭᠤᠯᠵᠤ᠂ ᠪᠦᠬᠦ ᠣᠷᠣᠨ ᠤ ᠬᠥᠮᠦᠨ ᠠᠮᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠳᠡᠰ ᠳᠡᠪᠰᠢᠭᠦᠯᠦᠨ ᠦᠭᠡᠷᠡᠴᠢᠯᠡᠪᠡ᠂ ᠤᠳᠤᠬᠠᠨ ᠳᠤ᠂ ᠪᠦᠬᠦ ᠣᠷᠣᠨ ᠤ 12 ᠠᠶᠢᠮᠠᠭ ᠬᠤᠲᠠ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢ ᠣᠨᠳᠣᠣ ᠭᠠᠵᠠᠷ ᠲᠤ ᠬᠦᠯᠢᠶᠡᠨ ᠠᠪᠴᠤ ᠬᠦᠢᠴᠡᠳᠭᠡᠬᠦ ᠨᠥᠬᠦᠴᠡᠯ ᠴᠥᠮ ᠪᠦᠷᠢᠳᠦᠭᠰᠡᠨ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠩᠭᠤ ᠰᠠᠭᠤᠭ᠎ᠠ ᠡᠷᠦᠬᠡ ᠠᠮᠠ ᠲᠠᠢ᠂ ᠡᠷᠦᠬᠡ ᠠᠮᠠ ᠶᠢᠨ ᠪᠠᠶᠢᠭ᠎ᠠ ᠭᠠᠵᠠᠷ ᠠᠴᠠ ᠪᠠᠨ ᠰᠠᠯᠵᠤ ᠥᠪᠡᠷᠲᠡᠭᠡᠨ ᠵᠠᠰᠠᠬᠤ ᠣᠷᠣᠨ ᠤ ᠳᠤᠲᠤᠷᠠᠬᠢ ᠬᠤᠰᠢᠭᠤ ᠰᠢᠶᠠᠨ ︵ᠬᠤᠲᠠ ᠲᠤᠭᠤᠷᠢᠭ︶ ᠠᠯᠤᠰᠯᠠᠨ ᠰᠠᠭᠤᠭᠰᠠᠨ ᠪᠦᠭᠡᠳ ᠲᠦᠷ ᠰᠠᠭᠤᠬᠤ ᠬᠥᠮᠦᠨ ᠠᠮᠠ ᠪᠠᠷ ᠨᠢᠭᠡᠨᠲᠡ ᠳᠠᠩᠰᠠᠯᠠᠭᠤᠯᠤᠭᠰᠠᠨ ᠬᠦᠮᠦᠰ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠤᠨ ᠭᠡᠭᠡᠭᠰᠡᠨ᠂ ᠡᠪᠳᠡᠭᠰᠡᠨ ᠪᠤᠶᠤ ᠬᠦᠴᠦᠨ ᠲᠠᠢ ᠬᠤᠭᠤᠴᠠᠭ᠎ᠠ ᠳᠦᠭᠦᠷᠦᠭᠡᠳ ᠪᠡᠶ᠎ᠡ ᠶᠢᠨ ᠦᠨᠡᠮᠯᠡᠯ ᠢᠶᠠᠨ ᠨᠥᠬᠦᠵᠦ ᠠᠪᠬᠤ᠂ ᠰᠣᠯᠢᠵᠤ ᠠᠪᠬᠤ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷ᠎ᠠ ᠤᠳᠤ ᠰᠠᠭᠤᠭ᠎ᠠ ᠭᠠᠵᠠᠷ ᠤᠨ ᠣᠨᠳᠣᠣ ᠭᠠᠵᠠᠷ ᠬᠦᠢᠴᠡᠳᠭᠡᠬᠦ ᠴᠢᠭ᠋ ᠲᠤ ᠴᠦᠮ ᠬᠦᠢᠴᠡᠳᠭᠡᠵᠤ ᠪᠤᠯᠤᠨ᠎ᠠ᠂ ᠬᠦᠯᠢᠶᠡᠨ ᠠᠪᠴᠤ ᠬᠦᠢᠴᠡᠳᠭᠡᠬᠦ ᠴᠢᠭ᠋ ᠢ ᠢᠨᠲ᠋ᠧᠷ ᠰᠦᠯᠵᠢᠶᠡᠨ ᠳᠡᠭᠡᠷᠡᠬᠢ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠬᠦᠯᠢᠶᠡᠨ ᠠᠪᠴᠤ ᠬᠦᠢᠴᠡᠳᠭᠡᠬᠦ ᠰᠦᠯᠵᠢᠶᠡᠨ ᠦᠷᠲᠡᠭᠡ᠂ ᠠᠮᠤᠷ ᠠᠮᠤᠭᠤᠯᠠᠩ ᠥᠪᠥᠷ ᠮᠣᠩᠭᠤᠯ ᠰᠢᠨ ᠯᠠᠩ ᠪᠢᠴᠢᠯ ᠪᠦᠷᠭᠡ ᠳᠤ ᠨᠡᠶᠢᠲᠡᠯᠡᠨ᠎ᠡ᠂ ᠣᠯᠠᠨ ᠲᠦᠮᠡᠨ ᠭᠡᠷᠡᠴᠢ ᠦᠨᠡᠮᠯᠡᠯ ᠢᠶᠠᠨ ᠬᠦᠯᠢᠶᠡᠨ ᠠᠪᠴᠤ ᠬᠦᠢᠴᠡᠳᠭᠡᠬᠦ ᠴᠢᠭ᠋ ᠠᠴᠠ ᠠᠪᠴᠤ ᠪᠣᠯᠤᠨ᠎ᠠ᠂ ᠰᠢᠤᠳᠠᠨ ᠢᠶᠠᠷ ᠢᠯᠡᠭᠡᠨ ᠠᠪᠴᠤ ᠴᠤ ᠪᠤᠯᠬᠤ ᠪᠦᠭᠡᠳ 30 ᠡᠳᠦᠷ ᠤᠨ ᠳᠣᠲᠣᠷ᠎ᠠ ᠭᠡᠷᠡᠴᠢ ᠦᠨᠡᠮᠯᠡᠯ ᠤᠯᠭᠤᠵᠤ ᠦᠭᠭᠦ ᠶᠢ ᠦᠨᠡᠨ ᠬᠦ ᠪᠠᠲᠤᠯᠠᠨ᠎ᠠ᠃ ᠤᠶᠢᠯᠠᠭᠠᠭᠰᠠᠨ ᠢᠶᠠᠷ᠂ ᠪᠦᠬᠦᠯᠢ 16 ᠨᠠᠰᠤᠨ ᠠᠴᠠ ᠳᠡᠭᠡᠭᠰᠢ ᠪᠥᠭᠡᠳ ᠡᠷᠦᠬᠡ ᠠᠮᠠ ᠶᠢᠨ ᠳᠠᠩᠰᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠠᠴᠠ ᠲᠡᠭᠦᠨ ᠤ ᠲᠤᠰ ᠪᠡᠶ᠎ᠡ ᠶᠢᠨ ᠬᠢᠨᠢ ᠪᠠᠷᠢᠮᠵᠢᠶ᠎ᠠ ᠳᠤ ᠨᠡᠶᠢᠴᠡᠭᠰᠡᠨ ᠭᠡᠷᠡᠯ ᠵᠢᠷᠤᠭ ᠮᠡᠳᠡᠭᠡ ᠵᠠᠩᠭᠢ ᠶᠢ ᠡᠷᠦᠬᠡ ᠠᠮᠠ ᠶᠢᠨ ᠮᠡᠳᠡᠭᠡ ᠵᠠᠩᠬᠢ ᠶᠢᠨ ᠰᠢᠰᠲ᠋ᠧᠮ ᠳᠤ ᠨᠢᠭᠡᠨᠲᠡ ᠪᠢᠴᠢᠵᠦ ᠤᠷᠤᠭᠤᠯᠤᠭᠰᠠᠨ ᠪᠠᠶᠢᠪᠠᠯ᠂ ᠪᠡᠶ᠎ᠡ ᠶᠢᠨ ᠦᠨᠡᠮᠯᠡᠯ ᠢᠶᠠᠨ ᠠᠩᠬ᠎ᠠ ᠤᠳᠠᠭ᠎ᠠ ᠭᠤᠶᠤᠴᠢᠯᠠᠨ ᠠᠪᠬᠤ ᠳᠤ ᠣᠳᠣ ᠰᠠᠭᠤᠭ᠎ᠠ ᠭᠠᠵᠠᠷ ᠤᠨ ᠤᠨᠳᠤᠤ ᠭᠠᠵᠠᠷ ᠬᠦᠯᠢᠶᠡᠨ ᠠᠪᠴᠤ ᠬᠦᠢᠴᠡᠳᠭᠡᠬᠦ ᠴᠢᠭ᠋ ᠲᠤ ᠬᠦᠢᠴᠡᠳᠭᠡᠵᠤ ᠪᠤᠯᠤᠨ᠎ᠠ᠃ ᠲᠤᠮᠢᠯᠠᠭᠰᠠᠨ ᠰᠠᠯᠪᠤᠷᠢ ᠳᠤ ᠭᠡᠷᠡᠯ ᠵᠢᠷᠤᠭ ᠮᠡᠳᠡᠭᠡ ᠵᠠᠩᠭᠢ ᠤᠷᠤᠭᠤᠯᠤᠭᠰᠠᠨ ᠦᠭᠡᠢ᠂ ᠵᠢᠴᠢ ᠪᠦᠬᠦᠯᠢ 16 ᠨᠠᠰᠤ ᠬᠦᠷᠦᠭᠡᠳᠦᠢ ᠪᠠᠶᠢᠪᠠᠯ᠂ ᠪᠡᠶ᠎ᠡ ᠶᠢᠨ ᠦᠨᠡᠮᠯᠡᠯ ᠢᠶᠠᠨ ᠠᠩᠬ᠎ᠠ ᠤᠳᠠᠭ᠎ᠠ ᠭᠤᠶᠤᠴᠢᠯᠠᠨ ᠠᠪᠬᠤ ᠳᠤ ᠮᠦᠨ ᠡᠷᠦᠬᠡ ᠠᠮᠠ ᠶᠢᠨ ᠪᠠᠶᠢᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠣᠴᠢᠵᠤ ᠬᠦᠢᠴᠡᠳᠭᠡᠬᠦ ᠬᠡᠷᠡᠭᠲᠠᠢ᠂ ᠲᠦᠷ ᠣᠨᠳᠣᠣ ᠭᠠᠵᠠᠷ ᠲᠤ ᠬᠦᠢᠴᠡᠳᠭᠡᠵᠤ  ᠳᠡᠶᠢᠯᠬᠦ ᠦᠭᠡᠶ ᠶᠤᠮ᠃ ᠡᠭᠦᠨ ᠤ ᠬᠠᠮᠲᠤ᠂ ᠭᠡᠷᠡᠴᠢ ᠦᠨᠡᠮᠯᠡᠯ ᠬᠦᠢᠴᠡᠳᠭᠡᠬᠦ ᠬᠦᠮᠦᠨ ᠵᠥᠪᠬᠡᠨ ᠰᠠᠭᠤᠭᠠᠯᠢ ᠠᠷᠠᠳ ᠤᠨ ᠡᠷᠦᠬᠡ ᠠᠮᠠ ᠶᠢᠨ ᠳᠠᠩᠰᠠ᠂ ᠮᠠᠰᠢᠨᠲᠤ ᠲᠡᠷᠭᠡᠨ ᠤ ᠵᠢᠯᠣᠭᠤᠴᠢ ᠶᠢᠨ ᠦᠨᠡᠮᠯᠡᠯ᠂ ᠨᠡᠶᠢᠭᠡᠮ ᠤᠨ ᠪᠠᠲᠤᠯᠠᠭ᠎ᠠ ᠶᠢᠨ ᠺᠠᠷᠲ ᠵᠡᠷᠭᠡ ᠪᠡᠶ᠎ᠡ ᠬᠡᠮ ᠢ ᠭᠡᠷᠡᠴᠢᠯᠡᠵᠦ ᠴᠢᠳᠠᠬᠤ ᠬᠦᠴᠦᠨ ᠲᠠᠢ ᠪᠦᠬᠦᠢ ᠭᠡᠷᠡᠴᠢ ᠪᠢᠴᠢᠭ ᠭᠠᠷᠭᠠᠪᠠᠯ ᠳᠠᠷᠤᠢ ᠬᠦᠢᠴᠡᠳᠭᠡᠵᠤ ᠪᠣᠯᠤᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号