ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 52 ᠳ᠋ᠤᠭᠠᠷ | ᠤᠳᠠᠭᠠᠨ ᠤ ᠪᠠᠶᠢᠩᠭᠤ ᠶᠢᠨ ᠬᠤᠷᠠᠯ ᠢᠶᠠᠷ ᠬᠢᠨᠠᠨ ᠵᠥᠪᠰᠢᠶᠡᠷᠡᠭᠦᠯᠦᠭᠡᠳ᠂ ᠣᠶᠢᠷ᠎ᠠ ᠳᠤ᠂ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ | ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ ᠳᠠᠩᠰᠠ ᠶᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ ᠳᠣᠷᠣᠭᠰᠢ ᠲᠠᠷᠬᠠᠭᠠᠪᠠ᠃ ︽ᠥᠪᠡᠷᠲᠡᠭᠡᠨ ᠵᠠᠰᠠᠬᠤ ᠣᠷᠣᠨ ᠤ | ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠤᠨ ᠭᠠᠷᠴᠠᠭ ᠤᠨ ᠨᠠᠷᠢᠨ | ᠳᠠᠩᠰᠠ︾ ᠳᠤ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠲᠡᠮᠦᠷ ᠵᠠᠮ᠂ | ᠵᠠᠮ ᠬᠠᠷᠢᠯᠴᠠᠭ᠎ᠠ᠂ ᠴᠢᠮᠡᠭᠡ ᠬᠤᠯᠪᠣᠭᠠᠨ ᠤ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠶᠢᠨ ᠠᠵᠤ | ᠠᠬᠤᠢ᠂ ᠰᠣᠶᠣᠯ᠂ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠡᠷᠡᠭᠦᠯ ᠬᠠᠮᠠᠭᠠᠯᠠᠯ ᠪᠠ | ᠲᠥᠯᠥᠪᠯᠡᠭᠡᠲᠦ ᠦᠷᠡᠵᠢᠯ ᠤᠨ ᠵᠥᠪᠯᠡᠯ᠂ ᠶᠠᠰᠣ ᠴᠢᠨᠠᠷ ᠤᠨ ᠪᠠᠶᠢᠴᠠᠭᠠᠯᠲᠠ᠂ ᠣᠷᠴᠢᠨ ᠲᠣᠭᠤᠷᠢᠨ ᠤ ᠬᠠᠮᠠᠭᠠᠯᠠᠯᠲᠠ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠠᠯᠠᠭ᠎ᠠ ᠮᠥᠴᠢᠷ᠂ ᠵᠢᠭᠤᠯᠴᠢᠯᠠᠯ᠂ ᠠᠶᠤᠯ ᠦᠭᠡᠢ ᠦᠢᠯᠡᠳᠪᠦᠷᠢᠯᠡᠯ᠂ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠵᠣᠬᠢᠶᠠᠨ ᠪᠠᠶᠢᠭᠤᠯᠬᠤ ᠬᠡᠯᠲᠡᠰ ᠵᠡᠷᠭᠡ ᠶᠢ | ᠪᠠᠭᠲᠠᠭᠠᠭᠰᠠᠨ ᠨᠡᠶᠢᠲᠡ 20 ᠰᠠᠯᠠᠭ᠎ᠠ ᠮᠥᠴᠢᠷ ᠤᠨ 65 ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ | ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠳᠤ ᠬᠤᠯᠪᠣᠭᠳᠠᠪᠠ᠃ | ᠣᠶᠢᠯᠭᠠᠭᠰᠠᠨ ᠢᠶᠠᠷ᠂ ᠨᠠᠷᠢᠨ ᠳᠠᠩᠰᠠ ᠳᠠᠬᠢ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ | ᠬᠤᠷᠢᠶᠠᠬᠤ ᠵᠦᠢᠯ ᠨᠢ᠂ 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠮᠥᠨ ᠬᠦ | ᠬᠡᠷᠡᠭᠵᠢᠭᠦᠯᠵᠦ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠨ ᠪᠠᠶᠢᠭᠤᠯᠤᠭᠰᠠᠨ ᠵᠠᠰᠠᠭ ᠵᠠᠬᠢᠷᠭ᠎ᠠ ᠠᠵᠢᠯ | ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯ᠂ ᠲᠡᠭᠦᠨ ᠤ ᠪᠣᠳᠠᠲᠤ ᠲᠠᠲᠠᠪᠤᠷᠢᠯᠠᠬᠤ ᠬᠡᠪᠴᠢᠶ᠎ᠡ᠂ | ᠲᠠᠲᠠᠪᠤᠷᠢᠯᠠᠬᠤ ᠪᠠᠷᠢᠮᠵᠢᠶ᠎ᠠ ᠵᠢᠴᠢ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠵᠡᠷᠭᠡ ᠶᠢ ᠲᠤᠰ ᠲᠤᠰ | ᠨᠠᠷᠢᠨ ᠳᠠᠩᠰᠠᠨ ᠳᠤ ᠲᠣᠳᠣᠷᠬᠠᠶᠢᠯᠠᠭᠰᠠᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠲᠣᠭᠲᠠᠭᠠᠯ ᠶᠣᠰᠣᠭᠠᠷ | ᠬᠡᠷᠡᠭᠵᠢᠭᠦᠯᠬᠦ ᠬᠡᠷᠡᠭᠲᠡᠢ᠃ 2014 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠥᠪᠡᠷᠲᠡᠭᠡᠨ | ᠵᠠᠰᠠᠬᠤ ᠣᠷᠣᠨ ᠤ ᠵᠥᠪᠰᠢᠶᠡᠷᠡᠨ ᠪᠠᠶᠢᠭᠤᠯᠤᠭᠰᠠᠨ ᠡᠯ᠎ᠡ ᠵᠦᠢᠯ ᠤᠨ ᠵᠠᠰᠠᠭ ᠵᠠᠬᠢᠷᠭᠠᠨ ᠤ ᠠᠵᠢᠯ ᠦᠢᠯᠡᠰ ᠤᠨ | ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠢ ᠲᠤᠰ ᠮᠡᠳᠡᠭᠳᠡᠯ ᠵᠢᠴᠢ ᠳᠠᠭᠠᠯᠳᠤᠭᠤᠯᠤᠭᠰᠠᠨ ᠭᠠᠷᠴᠠᠭ ᠤᠨ ᠨᠠᠷᠢᠨ | ᠳᠠᠩᠰᠠ ᠪᠠᠷ ᠪᠠᠷᠢᠮᠵᠢᠶ᠎ᠠ ᠪᠣᠯᠭᠠᠨ᠎ᠠ︔ ᠭᠠᠷᠴᠠᠭ ᠤᠨ ᠨᠠᠷᠢᠨ ᠳᠠᠩᠰᠠ ᠳᠤ ᠣᠷᠣᠭᠤᠯᠤᠭᠰᠠᠨ ᠦᠭᠡᠢ ᠪᠤᠶᠤ ᠡᠳ᠋ ᠤᠨ | ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠵᠥᠪᠰᠢᠶᠡᠷᠡᠯ ᠦᠭᠡᠢ ᠪᠦᠬᠦ | ᠤᠯᠤᠰ ᠤᠨ ᠴᠢᠨᠠᠷᠲᠠᠢ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ ᠤᠨ ᠵᠥᠪᠰᠢᠶᠡᠷᠡᠯ ᠦᠭᠡᠢ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ | ᠰᠦᠢᠳᠬᠡᠯ ᠬᠤᠷᠢᠶᠠᠬᠤ ᠵᠦᠢᠯ ᠳᠤ᠂ ᠠᠷᠠᠳ ᠢᠷᠭᠡᠳ᠂ ᠬᠠᠤᠯᠢ ᠶᠢᠨ ᠡᠷᠬᠡᠲᠡᠨ ᠪᠠ ᠪᠤᠰᠤᠳ ᠨᠡᠶᠢᠭᠡᠮ ᠤᠨ | ᠵᠣᠬᠢᠶᠠᠨ ᠪᠠᠶᠢᠭᠤᠯᠤᠯᠲᠠ ᠵᠣᠭᠤᠰ ᠥᠭᠬᠦ ᠶᠢ ᠳᠠᠪᠢᠴᠢᠵᠤ ᠪᠣᠯᠤᠨ᠎ᠠ᠃ 2015 ᠣᠨ ᠤ1 ᠳ᠋ᠦ᠋ᠭᠡᠷ ᠰᠠᠷ᠎ᠠ ᠶᠢᠨ1 ᠤ | ᠡᠳᠦᠷ ᠤᠨ ᠳᠠᠷᠠᠭ᠎ᠠ᠂ ᠪᠦᠬᠦ ᠤᠯᠤᠰ ᠤᠨ ᠴᠢᠨᠠᠷᠲᠠᠶ ᠰᠢᠨ᠎ᠡ ᠪᠠᠷ ᠨᠡᠮᠡᠭᠳᠡᠭᠰᠡᠨ ᠪᠤᠶᠤ ᠲᠣᠬᠢᠷᠠᠭᠤᠯᠤᠭᠰᠠᠨ ᠵᠠᠰᠠᠭ | ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠣᠭᠲᠠᠭᠠᠯ᠂ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠡᠳ᠋ ᠤᠨ ᠵᠠᠰᠠᠭ ᠤᠨ ᠶᠠᠮᠤᠨ᠂ | ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠰᠢᠨ᠎ᠡ ᠪᠠᠷ ᠨᠡᠮᠡᠭᠳᠡᠭᠰᠡᠨ ᠪᠤᠶᠤ ᠲᠣᠬᠢᠷᠠᠭᠤᠯᠤᠭᠰᠠᠨ ᠵᠠᠰᠠᠭ | ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠵᠢᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ | ᠵᠥᠪᠰᠢᠶᠡᠷᠡᠭᠰᠡᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠲᠥᠷᠥᠯ ᠵᠦᠢᠯ | ᠪᠦᠬᠦᠨ ᠢ ᠬᠤᠪᠢᠷᠠᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠬᠢᠭᠡᠳ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠢᠶᠠᠷ ᠬᠠᠮᠲᠤᠷᠠᠨ | ᠵᠥᠪᠰᠢᠶᠡᠷᠡᠭᠦᠯᠬᠦ ᠬᠡᠷᠡᠭᠲᠡᠢ︔ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ | ᠪᠠᠷᠢᠮᠵᠢᠶ᠎ᠠ ᠶᠢ ᠲᠣᠬᠢᠷᠠᠭᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠤᠨ | ᠵᠥᠪᠯᠡᠯ ᠬᠢᠭᠡᠳ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠶᠠᠷ ᠬᠠᠮᠲᠤᠷᠠᠨ ᠵᠥᠪᠰᠢᠶᠡᠷᠡᠭᠦᠯᠬᠦ | ᠬᠡᠷᠡᠭᠲᠡᠢ᠃ |