ᠦᠪᠡᠷᠲᠡᠭᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠪᠣᠯᠤᠨ ᠲᠥᠯᠥᠪᠯᠡᠭᠡᠲᠦ ᠦᠷᠡᠵᠢᠯ ᠤᠨ ᠠᠵᠢᠯ ᠤᠨ | ᠵᠦᠪᠯᠡᠯ ᠢᠶᠠᠷ ᠰᠤᠳᠤᠯᠤᠨ ᠲᠤᠭᠲᠠᠭᠠᠯᠭᠠᠭᠠᠳ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ | ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠭᠡ ᠶᠢᠨ ᠣᠨᠣᠰᠢᠯᠠᠨ ᠡᠮᠨᠡᠬᠦ ᠲᠦᠷᠦᠯ ᠵᠦᠢᠯ︾ | ᠤᠨ ᠠᠭᠤᠯᠭ᠎ᠠ ᠳᠤ ᠲᠣᠬᠢᠷᠠᠭᠤᠯᠤᠯᠲᠠ ᠬᠢᠵᠦ ᠨᠡᠶᠢᠲᠡᠯᠡᠭᠰᠡᠨ ᠪᠥᠭᠡᠳ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ ᠡᠨᠡ ᠤᠳᠠᠭᠠᠨ ᠤ ᠲᠣᠬᠢᠷᠠᠭᠤᠯᠤᠯᠲᠠ ᠶᠢᠨ ᠣᠨᠣᠰᠢᠯᠠᠨ ᠡᠮᠨᠡᠬᠦ ᠲᠦᠷᠦᠯ ᠵᠦᠢᠯ ᠢ | ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠰᠠᠭᠤᠷᠢ ᠮᠥᠩᠭᠦ ᠠᠴᠠ ᠦᠯᠦ ᠨᠦᠬᠦᠪᠦᠷᠢᠯᠡᠬᠦ | ᠲᠦᠷᠦᠯ ᠵᠦᠢᠯ᠂ ᠬᠡᠰᠡᠭ ᠢ ᠨᠢ ᠨᠦᠬᠦᠪᠦᠷᠢᠯᠡᠬᠦ ᠲᠦᠷᠦᠯ ᠵᠦᠢᠯ ᠪᠤᠯᠤᠨ ᠪᠦᠬᠦᠨ ᠢᠶᠠᠷ ᠨᠢ ᠨᠦᠬᠦᠪᠦᠷᠢᠯᠡᠬᠦ | ᠲᠦᠷᠦᠯ ᠵᠦᠢᠯ ᠬᠡᠵᠤ ᠬᠤᠪᠢᠶᠠᠨ᠎ᠠ᠃ ᠥᠯᠥ ᠨᠥᠬᠦᠪᠥᠷᠢᠯᠡᠬᠦ ᠲᠦᠷᠦᠯ ᠵᠦᠢᠯ ᠳᠤ ︽●︾ ᠲᠡᠮᠳᠡᠭ ᠬᠠᠳᠠᠵᠤ᠂ | ᠬᠡᠰᠡᠭ ᠢ ᠨᠢ ᠨᠦᠬᠦᠪᠦᠷᠢᠯᠡᠬᠦ ᠲᠦᠷᠦᠯ ᠵᠦᠢᠯ ᠳᠤ ︽◆︾ ᠲᠡᠮᠳᠡᠭ ᠬᠠᠳᠠᠪᠠ᠃ ᠰᠢᠨ᠎ᠡ ᠮᠠᠶ᠋ᠢᠭ ᠤᠨ ᠮᠠᠯᠵᠢᠬᠤ | ᠲᠠᠷᠢᠶᠠᠯᠠᠬᠤ ᠣᠷᠣᠨ ᠤ ᠬᠤᠷᠰᠢᠭᠰᠠᠨ ᠰᠠᠭᠤᠷᠢ ᠮᠥᠩᠭᠦ ᠠᠴᠠ ᠥᠯᠥ ᠨᠦᠬᠦᠪᠦᠷᠢᠯᠡᠬᠦ ᠳᠤ ᠬᠠᠷᠢᠶᠠᠯᠠᠭᠳᠠᠬᠤ | ᠣᠨᠣᠰᠢᠯᠠᠨ ᠡᠮᠨᠡᠬᠦ ᠲᠦᠷᠦᠯ ᠵᠦᠢᠯ ᠤᠨ ᠵᠠᠷᠤᠳᠠᠯ ᠢ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ | ᠬᠤᠷᠰᠢᠭᠰᠠᠨ ᠰᠠᠭᠤᠷᠢ ᠮᠦᠡᠭᠭᠦ ᠪᠠᠷ ᠨᠦᠬᠦᠪᠦᠷᠢᠯᠡᠬᠦ ᠦᠭᠡᠢ᠃ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ | ᠬᠤᠷᠰᠢᠭᠰᠠᠨ ᠰᠠᠭᠤᠷᠢ ᠮᠥᠩᠭᠦ ᠠᠴᠠ ᠬᠡᠰᠡᠭ ᠢ ᠨᠢ ᠨᠥᠬᠦᠪᠥᠷᠢᠯᠡᠬᠦ ᠣᠨᠣᠰᠢᠯᠠᠨ ᠡᠮᠨᠡᠬᠦ ᠲᠦᠷᠦᠯ ᠵᠦᠢᠯ ᠤᠨ | ᠵᠠᠷᠤᠳᠠᠯ ᠢ ᠡᠯ᠎ᠡ ᠱᠠᠲᠤᠨ ᠤ ᠰᠢᠨ᠎ᠡ ᠮᠠᠶ᠋ᠢᠭ ᠤᠨ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ ᠡᠮᠨᠡᠯᠭᠡ ᠶᠢᠨ | ᠵᠢᠭᠠᠨ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠬᠡᠰᠡᠭ ᠲᠦᠷᠦᠯ ᠵᠦᠢᠯ ᠢ ᠨᠥᠬᠦᠪᠥᠷᠢᠯᠡᠬᠦ | ᠬᠠᠷᠢᠴᠠᠯ ᠢ ᠤᠤᠯ ᠤᠨ ᠦᠪᠦᠷ ᠡᠷᠡᠭᠦᠯ ᠲᠠᠷᠬᠠᠭᠠᠭᠰᠠᠨ ﹇2010﹈ 58 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ 60 % ᠪᠠᠶᠢᠭᠰᠠᠨ ᠠᠴᠠ 80 % ᠪᠤᠯᠭᠠᠨ ᠳᠡᠭᠡᠭᠰᠢᠯᠡᠭᠦᠯᠵᠤ᠂ ᠲᠣᠭᠲᠠᠭᠰᠠᠨ | ᠡᠮᠨᠡᠯᠭᠡ ᠶᠢᠨ ᠪᠠᠶᠢᠭᠤᠯᠤᠮᠵᠢ ᠨᠢ ᠪᠠᠶᠢᠴᠠᠭᠠᠨ ᠤᠨᠤᠰᠢᠯᠠᠬᠤ ᠤᠳᠠᠭ᠎ᠠ ᠲᠤᠭ᠎ᠠ ᠶᠢ ᠴᠢᠩᠭ᠎ᠠ ᠬᠢᠵᠠᠭᠠᠷᠯᠠᠵᠤ᠂ ᠬᠡᠯᠡᠵᠦ | ᠥᠭᠬᠦ ᠡᠭᠦᠷᠭᠡ ᠪᠠᠨ ᠭᠦᠢᠴᠡᠳᠬᠡᠬᠦ ᠶᠢᠨ ᠬᠠᠮᠲᠤ᠂ ᠡᠪᠡᠳᠴᠢᠲᠡᠨ ᠪᠤᠶᠤ ᠭᠡᠷ ᠪᠦᠯᠢ ᠶᠢᠨ ᠬᠢᠨ ᠢᠶᠠᠷ ᠨᠢ ᠭᠠᠷ ᠤᠨ | ᠦᠰᠦᠭ ᠵᠢᠷᠳ ᠵᠦᠪᠰᠢᠶᠡᠷᠡᠭᠦᠯᠦᠨ᠎ᠡ᠃ ᠵᠢᠷᠦᠬᠡ ᠯᠤᠬᠰᠢᠭᠤᠯᠠᠭᠤᠷ᠂ ᠵᠣᠬᠢᠶᠠᠮᠠᠯ ᠲᠠᠯᠠᠰᠲᠤ ᠪᠡᠶ᠎ᠡ᠂ ᠵᠣᠬᠢᠶᠠᠮᠠᠯ | ᠦᠶ᠎ᠡ᠂ ᠵᠤᠬᠢᠶᠠᠮᠠᠯ ᠲᠥᠪᠣᠩᠬᠡᠶ᠂ ᠵᠤᠬᠢᠶᠠᠮᠠᠯ ᠳᠤᠮᠳᠠ ᠴᠢᠮᠥᠭᠡᠨ ᠤ ᠶᠠᠰᠤ ᠵᠡᠷᠭᠡ ᠪᠡᠶ᠎ᠡ ᠳᠤᠲᠤᠷ᠎ᠠ ᠲᠠᠯᠪᠢᠬᠤ | ᠮᠠᠲ᠋ᠧᠷᠢᠶᠠᠯ᠂ ᠴᠢᠰᠤᠨ ᠰᠤᠳᠠᠯ ᠲᠣᠭᠲᠠᠭᠠᠭᠴᠢ ᠵᠡᠷᠭᠡ ᠪᠡᠶ᠎ᠡ ᠶᠢᠨ ᠳᠤᠲᠤᠷ᠎ᠠ ᠰᠣᠯᠢᠬᠤ ᠵᠤᠬᠢᠶᠠᠮᠠᠯ ᠡᠷᠬᠡᠲᠡᠨ᠂ | ᠪᠡᠶ᠎ᠡ ᠶᠢᠨ ᠳᠤᠲᠤᠷ᠎ᠠ ᠲᠠᠯᠪᠢᠬᠤ ᠮᠠᠲ᠋ᠧᠷᠢᠶᠠᠯ ᠵᠢᠴᠢ ᠥᠨᠳᠥᠷ ᠦᠷᠲᠡᠭ ᠲᠠᠢ ᠡᠮᠨᠡᠯᠭᠡ ᠶᠢᠨ ᠪᠠᠭᠠᠵᠢ ᠮᠠᠲ᠋ᠧᠷᠢᠶᠠᠯ ᠵᠡᠷᠭᠡ | ᠡᠮᠨᠡᠯᠭᠡ ᠳᠤ ᠬᠡᠷᠡᠭᠯᠡᠬᠦ ᠮᠠᠲ᠋ᠧᠷᠢᠶᠠᠯ ᠤᠨ ᠵᠠᠷᠤᠳᠠᠯ ᠢ ᠤᠯᠤᠰ ᠲᠤ ᠪᠠᠨ ᠦᠢᠯᠡᠳᠪᠦᠷᠢᠯᠡᠭᠰᠡᠨ ᠪᠠᠶᠢᠪᠠᠯ ᠬᠤᠪᠢ ᠬᠥᠮᠦᠨ | ᠥᠪᠡᠷ ᠢᠶᠠᠨ 30 % ᠶᠢ ᠨᠢ ᠤᠷᠢᠳᠠᠪᠠᠷ ᠲᠦᠯᠦᠬᠦ ᠪᠠᠶᠢᠭᠰᠠᠨ ᠠᠴᠠ ᠲᠤᠬᠢᠷᠠᠭᠤᠯᠤᠨ 20 % ᠪᠤᠯᠭᠠᠨ᠂ | 80 % ᠶᠢ ᠨᠢ ᠨᠦᠬᠦᠪᠦᠷᠢᠯᠡᠬᠦ ᠵᠠᠷᠤᠳᠠᠯ ᠳᠤ ᠤᠷᠤᠭᠤᠯᠵᠤ᠂ ᠭᠠᠳᠠᠭᠠᠳᠤ ᠠᠴᠠ ᠤᠷᠤᠭᠤᠯᠤᠭᠰᠠᠨ ᠪᠠᠶᠢᠪᠠᠯ ᠬᠤᠪᠢ | ᠬᠦᠮᠦᠨ ᠥᠪᠡᠷ ᠢᠶᠠᠨ 60 % ᠶᠢ ᠨᠢ ᠤᠷᠢᠳᠠᠪᠠᠷ ᠲᠦᠯᠦᠬᠦ ᠪᠠᠶᠢᠭᠰᠠᠨ ᠠᠴᠠ ᠲᠤᠬᠢᠷᠠᠭᠤᠯᠤᠨ 50 % ᠪᠤᠯᠭᠠᠨ᠂ | 50 % ᠶᠢ ᠨᠢ ᠨᠦᠬᠦᠪᠦᠷᠢᠯᠡᠬᠦ ᠵᠠᠷᠤᠳᠠᠯ ᠳᠤ ᠤᠷᠤᠭᠤᠯᠪᠠ᠃ |