ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ 702.19 ᠲᠥᠮᠡᠨ ᠬᠥᠮᠦᠨ | ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 19.35% ᠪᠠᠷ | ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ ᠶᠢ 46.7167 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 30.04% ᠪᠠᠷ ᠨᠡᠮᠡᠭᠳᠡᠪᠡ᠃ ᠡᠨᠡᠬᠦ ᠬᠤᠭᠤᠴᠠᠭᠠᠨ ᠳᠤ᠂ ᠵᠢᠭᠤᠯᠴᠢᠯᠠᠭᠴᠢᠳ ᠤᠨ | ᠶᠠᠪᠤᠵᠤ ᠰᠠᠭᠤᠬᠤ ᠡᠮᠬᠢ ᠵᠢᠷᠤᠮ ᠢ ᠪᠠᠲᠤᠯᠠᠵᠤ᠂ ᠵᠢᠭᠤᠯᠴᠢᠯᠠᠭᠴᠢᠳ ᠢ ᠰᠠᠭᠠᠳᠠᠭᠠᠭᠰᠠᠨ ᠦᠵᠡᠭᠳᠡᠯ ᠭᠠᠷᠤᠭᠰᠠᠨ | ᠦᠭᠡᠢ᠃ ᠰᠤᠷᠠᠭ ᠴᠢᠮᠡᠭᠡ ᠪᠠᠷ᠂ ᠡᠨᠡ ᠵᠢᠯ ᠤᠨ ︽10.1︾ ᠤ ᠠᠯᠲᠠᠨ ᠭᠠᠷᠠᠭ ᠤᠨ ᠬᠤᠭᠤᠴᠠᠭᠠᠨ ᠳᠤ᠂ ᠥᠪᠥᠷ | ᠮᠣᠩᠭᠤᠯ ᠤᠨ 17 ᠭᠤᠤᠯᠳᠠᠯᠭ᠎ᠠ ᠲᠠᠢ ᠦᠵᠡᠮᠵᠢᠲᠦ ᠣᠷᠣᠨ ᠨᠡᠶᠢᠲᠡ 34.15 ᠲᠥᠮᠡᠨ ᠬᠥᠮᠦᠨ ᠤᠳᠠᠭ᠎ᠠ ᠶᠢᠨ | ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 5713.76 ᠲᠥᠮᠡᠨ ᠲᠥᠭᠦᠷᠢᠭ | ᠪᠡᠶᠡᠯᠡᠭᠦᠯᠪᠡ᠃ ᠡᠭᠦᠨ ᠳᠤ᠂ ᠲᠣᠣᠷᠠᠶ ᠤᠯᠢᠶᠠᠰᠤᠨ ᠤ ᠣᠶ ᠰᠢᠭᠤᠶ ᠶᠢᠨ ᠠᠮᠢ ᠠᠬᠤᠶ ᠶᠢᠨ ᠵᠢᠭᠤᠯᠴᠢᠯᠠᠯ ᠤᠨ | ᠣᠷᠣᠨ 10.4 ᠲᠥᠮᠡᠨ ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ | ᠣᠷᠣᠯᠭ᠎ᠠ ᠨᠢ 200 ᠲᠥᠮᠡᠨ ᠲᠥᠭᠦᠷᠢᠭ᠂ ᠪᠦᠷᠢᠶ᠎ᠡ ᠮᠠᠩᠬ᠎ᠠ ᠶᠢᠨ ᠵᠢᠭᠤᠯᠴᠢᠯᠠᠯ ᠤᠨ ᠣᠷᠣᠨ 5.39 ᠲᠥᠮᠡᠨ | ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 1007.56 | ᠲᠥᠮᠡᠨ ᠲᠥᠭᠦᠷᠢᠭ᠂ ᠴᠢᠩᠭᠢᠰ ᠬᠠᠭᠠᠨ ᠤ ᠣᠡᠭᠭᠤᠨ ᠤ ᠵᠢᠭᠤᠯᠴᠢᠯᠠᠯ ᠤᠨ ᠣᠷᠣᠨ 5.4 ᠲᠥᠮᠡᠨ ᠬᠥᠮᠦᠨ | ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠨᠢ 724 ᠲᠥᠮᠡᠨ | ᠲᠥᠭᠦᠷᠢᠭ ᠬᠦᠷᠴᠡᠢ᠃ | ᠪᠦᠷᠢᠳᠬᠡᠯ ᠢ ᠦᠨᠳᠦᠰᠦᠯᠡᠪᠡᠯ᠂ ᠲᠤᠰ ᠤᠳᠠᠭᠠᠨ ᠤ ︽10.1︾ ᠤ ᠠᠮᠠᠷᠠᠯᠲᠠ ᠶᠢᠨ ᠬᠤᠭᠤᠴᠠᠭᠠᠨ ᠳᠤ᠂ | ᠤᠯᠤᠰ ᠤᠨ AAAAA ᠳᠡᠰ ᠤᠨ ᠵᠢᠭᠤᠯᠴᠢᠯᠠᠯ ᠤᠨ ᠦᠵᠡᠮᠵᠢᠲᠦ ᠣᠷᠣᠨ ᠤ ᠪᠦᠷᠢᠶ᠎ᠡ ᠮᠠᠩᠬ᠎ᠠ ᠶᠢᠨ | ᠵᠢᠭᠤᠯᠴᠢᠯᠠᠯ ᠤᠨ ᠣᠷᠣᠨ᠂ ᠴᠢᠩᠭᠢᠰ ᠬᠠᠭᠠᠨ ᠤ ᠣᠡᠭᠭᠤᠨ ᠤ ᠵᠤᠭᠠᠴᠠᠯ ᠤᠨ ᠣᠷᠣᠨ ᠨᠡᠶᠢᠲᠡ 21.19 ᠲᠥᠮᠡᠨ | ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠬᠦᠯᠢᠶᠡᠨ ᠠᠪᠴᠤ᠂ 17 ᠬᠢᠨᠠᠨ ᠬᠡᠮᠵᠢᠬᠦ ᠦᠵᠡᠮᠵᠢᠲᠦ ᠣᠷᠣᠨ ᠤ | ᠶᠡᠷᠦᠩᠬᠡᠶ ᠬᠦᠯᠢᠶᠡᠨ ᠠᠪᠬᠤ ᠬᠥᠮᠦᠨ ᠤ ᠲᠤᠭ᠎ᠠ ᠶᠢᠨ 62.04% ᠶᠢ ᠡᠵᠡᠯᠡᠵᠦ᠂ 3 ᠦᠵᠡᠮᠵᠢᠲᠦ ᠣᠷᠣᠨ ᠤ | ᠵᠢᠭᠤᠯᠴᠢᠯᠠᠯ ᠤᠨ ᠣᠷᠣᠯᠭ᠎ᠠ ᠨᠢ 3737.56 ᠲᠥᠮᠡᠨ ᠲᠥᠭᠦᠷᠢᠭ ᠲᠤ ᠬᠦᠷᠴᠦ᠂ 17 ᠬᠢᠨᠠᠨ ᠬᠡᠮᠵᠢᠬᠦ | ᠦᠵᠡᠮᠵᠢᠲᠦ ᠣᠷᠣᠨ ᠤ ᠪᠦᠬᠦ ᠣᠷᠣᠯᠭ᠎ᠠ ᠶᠢᠨ 65.41% ᠶᠢ ᠡᠵᠡᠯᠡᠪᠡ᠃ ᠡᠭᠦᠨ ᠤ ᠬᠠᠮᠲᠤ᠂ ᠡᠯ᠎ᠡ | ᠭᠠᠵᠠᠷ ᠤᠨ ᠬᠢᠨ ᠣᠯᠠᠨ ᠶᠠᠩᠵᠤ ᠬᠡᠯᠪᠡᠷᠢ ᠶᠢᠨ ᠪᠠᠶᠠᠷ ᠤᠨ ᠡᠳᠦᠷ ᠤᠨ ᠠᠵᠢᠯᠯᠠᠭ᠎ᠠ ᠡᠷᠬᠢᠯᠡᠬᠦ ᠪᠠᠷ ᠳᠠᠮᠵᠢᠭᠤᠯᠤᠨ᠂ | ᠪᠠᠶᠠᠷ ᠤᠨ ᠡᠳᠦᠷ ᠤᠨ ᠠᠭᠤᠷ ᠠᠮᠢᠰᠬᠤᠯ ᠢ ᠨᠡᠮᠡᠭᠳᠡᠭᠦᠯᠦᠨ᠂ ᠶᠡᠭᠡ ᠬᠡᠮᠵᠢᠶᠡᠨ ᠤ ᠵᠢᠭᠤᠯᠴᠢᠯᠠᠭᠴᠢᠳ ᠢ ᠲᠠᠲᠠᠵᠤ᠂ | ᠵᠢᠭᠤᠯᠴᠢᠯᠠᠭᠴᠢᠳ ᠤᠨ ᠣᠷᠣᠯᠴᠠᠬᠤ ᠴᠢᠨᠠᠷ᠂ ᠬᠥᠳᠡᠯᠦᠯᠴᠡᠬᠦ ᠴᠢᠨᠠᠷ ᠪᠣᠯᠤᠨ ᠵᠢᠭᠤᠯᠴᠢᠯᠠᠭᠴᠢᠳ ᠤᠨ ᠪᠡᠶ᠎ᠡ ᠶᠢᠨ | ᠥᠡᠭᠭᠡᠷᠡᠯᠲᠡ ᠶᠢ ᠨᠡᠮᠡᠭᠳᠡᠭᠦᠯᠵᠡᠢ᠃ ᠢᠯᠠᠩᠭᠤᠶ᠎ᠠ ᠠᠯᠠᠱᠠ ᠳᠤ 2015 ᠣᠨ ᠤ ᠠᠯᠠᠱᠠ ᠶᠢᠨ ᠪᠠᠭᠠᠲᠤᠷᠴᠤᠳ ᠤᠨ | ᠴᠤᠭᠯᠠᠭᠠᠨ ᠢ ᠡᠷᠬᠢᠯᠡᠵᠦ᠂ 10.4 ᠲᠥᠮᠡᠨ ᠬᠥᠮᠦᠨ ᠤᠳᠠᠭ᠎ᠠ ᠶᠢᠨ ᠵᠢᠭᠤᠯᠴᠢᠯᠠᠭᠴᠢᠳ ᠢ ᠲᠠᠲᠠᠵᠤ᠂ ᠰᠢᠭᠤᠳ | 2007 ᠲᠥᠮᠡᠨ ᠲᠥᠭᠦᠷᠢᠭ ᠤᠨ ᠣᠷᠣᠯᠭ᠎ᠠ ᠣᠯᠪᠠ᠃ ᠡᠭᠦᠨ ᠠᠴᠠ ᠭᠠᠳᠠᠨ᠎ᠠ᠂ ᠠᠮᠠᠷᠠᠯᠲᠠ ᠶᠢᠨ | ᠬᠤᠭᠤᠴᠠᠭᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠵᠢᠭᠤᠯᠴᠢᠯᠠᠭᠴᠢᠳ ᠤᠨ | ᠵᠠᠭᠠᠯᠳᠤᠯᠭ᠎ᠠ ᠶᠢᠨ 38 ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ ᠡᠭᠦᠨ ᠳᠤ ᠬᠤᠯᠪᠣᠭᠳᠠᠭᠰᠠᠨ | ᠵᠢᠭᠤᠯᠴᠢᠯᠠᠯ ᠤᠨ ᠦᠵᠡᠮᠵᠢᠲᠦ ᠣᠷᠣᠨ 26᠂ ᠠᠶᠠᠯᠠᠯ ᠤᠨ ᠬᠤᠳᠠᠯᠳᠤᠭᠠᠴᠢᠨ 9᠂ ᠵᠢᠭᠤᠯᠴᠢᠯᠠᠯ ᠤᠨ ᠪᠠᠭᠤᠳᠠᠯ 3 | ᠪᠠᠶᠢᠪᠠ᠃ ᠥᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠤᠨ ᠲᠣᠪᠴᠢᠶ᠎ᠠ 4 ᠬᠡᠷᠡᠭ ᠢ ᠰᠢᠭᠤᠳ ᠰᠢᠢᠳᠪᠦᠷᠢᠯᠡᠵᠦ᠂ | ᠰᠢᠢᠳᠪᠦᠷᠢᠯᠡᠭᠡᠳᠦᠢ ᠨᠢ 4 ᠬᠡᠷᠡᠭ ᠪᠠᠶᠢᠵᠤ ᠂ 30 ᠬᠡᠷᠡᠭ ᠢ ᠠᠶᠢᠮᠠᠭ ᠬᠤᠲᠠ ᠳᠤ ᠰᠢᠯᠵᠢᠭᠦᠯᠦᠨ | ᠰᠢᠢᠳᠪᠦᠷᠢᠯᠡᠭᠦᠯᠪᠡ᠃ |