ᠥᠪᠥᠷ ᠮᠣᠩᠭᠤᠯ 4383 ᠭᠠᠴᠠᠭ᠎ᠠ ᠲᠣᠰᠬᠤᠨ ᠤ ᠬᠥᠳᠡᠯᠭᠡᠭᠡᠨ ᠤ ᠲᠠᠯᠠᠪᠤᠷ ᠢ ᠪᠠᠶᠢᠭᠤᠯᠵᠣ ᠳᠠᠭᠤᠰᠬᠠᠨ   ᠪᠦᠷᠬᠦᠴᠡ ᠶᠢᠨ ᠨᠤᠷᠮ᠎ᠠ ᠨᠢ 41%᠎ ᠳᠤ ᠬᠦᠷᠪᠡ
ᠨᠡᠶᠢᠲᠡᠯᠡᠭᠰᠡᠨ ᠴᠠᠭ᠄
2015/10/9
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ 2015 ᠣᠨ ᠳᠤ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠵᠡᠷᠭᠡ ᠲᠠᠯ᠎ᠠ ᠶᠢᠨ ᠬᠢᠨ ᠤ ᠳᠡᠮᠵᠢᠭᠰᠡᠨ 1 ᠳ᠋ᠦᠩᠰᠢᠭᠤᠷ ᠲᠥᠭᠦᠷᠢᠭ ᠤᠨ ᠶᠡᠷᠦᠩᠬᠡᠶ ᠪᠡᠯᠡ ᠣᠷᠤᠭᠤᠯᠤᠯᠲᠠ ᠶᠢ ᠴᠢᠷᠮᠠᠶᠢᠨ ᠣᠯᠵᠤ ᠭᠠᠴᠠᠭ᠎ᠠ ᠲᠣᠰᠬᠤᠨ ᠳᠤ 2000 ᠢᠵᠢ ᠪᠡᠶ᠎ᠡ ᠪᠣᠯᠪᠠᠰᠤᠷᠠᠬᠤ ᠠᠷᠭ᠎ᠠ ᠵᠠᠮ ᠲᠠᠭᠠᠷᠠᠭᠤᠯᠪᠠ᠂ ᠡᠯ᠎ᠡ ᠠᠶᠢᠮᠠᠭ ᠬᠤᠲᠠ᠂ ᠬᠤᠰᠢᠭᠤ ᠰᠢᠶᠠᠨ ᠴᠤ ᠭᠡᠳ ᠢᠳᠡᠪᠬᠢᠲᠡᠶ ᠪᠠᠷ ᠪᠡᠯᠡ ᠮᠥᠩᠭᠦ ᠴᠤᠭᠯᠠᠭᠤᠯᠤᠨ᠂ ᠪᠦᠬᠦ ᠠᠷᠠᠳ ᠤᠨ ᠪᠡᠶ᠎ᠡ ᠪᠣᠯᠪᠠᠰᠤᠷᠠᠭᠤᠯᠬᠤ ᠬᠥᠳᠡᠯᠭᠡᠭᠡᠨ ᠤ ᠲᠠᠯᠠᠪᠤᠷ ᠪᠠᠶᠢᠭᠤᠯᠬᠤ ᠶᠢ ᠴᠢᠩᠭᠠᠳᠬᠠᠵᠤ᠂ ᠪᠦᠬᠦ ᠣᠷᠣᠨ ᠤ 60%᠎ ᠶᠢᠨ ᠭᠠᠴᠠᠭ᠎ᠠ ᠲᠣᠰᠬᠤᠨ ᠳᠤ ᠪᠡᠶ᠎ᠡ ᠪᠣᠯᠪᠠᠰᠤᠷᠠᠬᠤ ᠬᠥᠳᠡᠯᠭᠡᠭᠡᠨ ᠤ ᠥᠷᠥᠭᠡ ᠪᠣᠯᠤᠨ ᠪᠡᠶ᠎ᠡ ᠪᠣᠯᠪᠠᠰᠤᠷᠠᠬᠤ ᠪᠠᠭ᠎ᠠ ᠲᠠᠯᠠᠪᠠᠶ ᠲᠠᠢ ᠪᠣᠯᠭᠠᠬᠤ ᠶᠢ ᠪᠡᠶᠡᠯᠡᠭᠦᠯᠪᠡ᠃ ᠣᠶᠢᠯᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠤ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠲᠤᠰ ᠲᠣᠪᠴᠢᠶ᠎ᠠ ᠬᠤᠲᠠ ᠬᠥᠳᠡᠭᠡ ᠶᠢ ᠬᠠᠮᠤᠷᠤᠭᠰᠠᠨ᠂ ᠴᠢᠳᠠᠮᠵᠢ ᠪᠠᠷ ᠪᠦᠷᠢᠨ ᠲᠡᠭᠦᠯᠳᠡᠷ ᠪᠦᠬᠦᠢ ᠪᠦᠬᠦ ᠠᠷᠠᠳ ᠤᠨ ᠪᠡᠶ᠎ᠡ ᠪᠣᠯᠪᠠᠰᠤᠷᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠮᠠᠯᠴᠢᠨ ᠲᠠᠷᠢᠶᠠᠴᠢᠳ ᠤᠨ ᠪᠡᠶ᠎ᠡ ᠪᠣᠯᠪᠠᠰᠤᠷᠠᠬᠤ ᠢᠨᠵᠧᠨᠧᠷᠢᠩ ᠢ ︽ᠠᠷᠪᠠ ᠪᠠᠷ ᠪᠦᠬᠦᠨ ᠢ ᠬᠠᠮᠤᠷᠬᠤ︾ ᠢᠨᠵᠧᠨᠧᠷᠢᠩ ᠢ ᠬᠡᠷᠡᠭᠵᠢᠭᠦᠯᠬᠦ ᠯᠦᠭᠡ ᠣᠷᠭᠠᠨᠢᠭ ᠢᠶᠠᠷ ᠤᠶᠠᠯᠳᠤᠭᠤᠯᠵᠤ᠂ ᠭᠠᠴᠠᠭ᠎ᠠ ᠲᠣᠰᠬᠤᠨ ᠤ ᠪᠦᠬᠦ ᠠᠷᠠᠳ ᠤᠨ ᠪᠡᠶ᠎ᠡ ᠪᠣᠯᠪᠠᠰᠤᠷᠠᠬᠤ ᠬᠥᠳᠡᠯᠭᠡᠭᠡᠨ ᠤ ᠥᠷᠥᠭᠡ ᠪᠣᠯᠤᠨ ᠪᠡᠶ᠎ᠡ ᠪᠣᠯᠪᠠᠰᠤᠷᠠᠬᠤ ᠪᠠᠭ᠎ᠠ ᠲᠠᠯᠠᠪᠠᠶ ᠪᠠᠷ ᠪᠦᠬᠦᠨ ᠢ ᠬᠠᠮᠤᠷᠬᠤ ᠶᠢ ᠪᠡᠶᠡᠯᠡᠭᠦᠯᠬᠦ ᠶᠢ ᠲᠦᠯᠬᠢᠨ ᠠᠬᠢᠭᠤᠯᠪᠠ᠃ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠭᠠᠵᠠᠷ ᠣᠷᠣᠨ ᠤ ᠣᠨᠴᠠᠯᠢᠭ ᠢ ᠮᠠᠯᠴᠢᠨ ᠲᠠᠷᠢᠶᠠᠴᠢᠳ ᠤᠨ ᠪᠡᠶ᠎ᠡ ᠪᠣᠯᠪᠠᠰᠤᠷᠠᠬᠤ ᠬᠡᠷᠡᠭᠴᠡᠭᠡ ᠲᠠᠢ ᠤᠶᠠᠯᠳᠤᠭᠤᠯᠵᠤ᠂ 2014 ᠣᠨ ᠤ ᠰᠡᠭᠦᠯᠴᠢ ᠠᠴᠠ ᠡᠮᠦᠨ᠎ᠡ᠂ ᠰᠢᠯᠭᠠᠨ ᠬᠢᠨᠠᠵᠤ ᠪᠦᠷᠢᠳᠬᠡᠬᠦ ᠪᠠᠷ ᠳᠠᠮᠵᠢᠭᠠᠳ᠂ ᠥᠪᠡᠷᠲᠡᠭᠡᠨ ᠵᠠᠰᠠᠬᠤ ᠣᠷᠣᠨ ᠭᠠᠴᠠᠭ᠎ᠠ ᠲᠣᠰᠬᠤᠨ ᠤ ᠪᠦᠬᠦ ᠠᠷᠠᠳ ᠤᠨ ᠪᠡᠶ᠎ᠡ ᠪᠣᠯᠪᠠᠰᠤᠷᠠᠭᠤᠯᠬᠤ ᠬᠥᠳᠡᠯᠭᠡᠭᠡᠨ ᠤ ᠥᠷᠥᠭᠡ ᠪᠣᠯᠣᠨ ᠪᠡᠶ᠎ᠡ ᠪᠣᠯᠪᠠᠰᠤᠷᠠᠬᠤ ᠪᠠᠭ᠎ᠠ ᠲᠠᠯᠠᠪᠠᠢ 43832᠎ ᠶᠢ ᠪᠠᠶᠢᠭᠤᠯᠵᠤ ᠳᠠᠭᠤᠰᠬᠠᠨ᠂ ᠪᠦᠷᠬᠦᠴᠡ ᠶᠢᠨ ᠨᠤᠷᠮ᠎ᠠ ᠨᠢ 41%᠎ ᠳᠤ ᠬᠦᠷᠦᠭᠰᠡᠨ ᠪᠠᠶᠢᠨ᠎ᠠ᠃ 2016 ᠣᠨ ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠪᠠᠰᠠ ᠤᠯᠤᠰ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠡᠮᠵᠢᠯᠭᠡ ᠢ ᠢᠳᠡᠪᠬᠢᠯᠡᠨ ᠣᠯᠵᠤ᠂ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠨ᠂ ᠮᠠᠯᠴᠢᠨ ᠲᠠᠷᠢᠶᠠᠴᠢᠳ ᠤᠨ ᠪᠡᠶ᠎ᠡ ᠪᠣᠯᠪᠠᠰᠤᠷᠠᠬᠤ ᠬᠥᠳᠡᠯᠭᠡᠭᠡᠨ ᠤ ᠥᠷᠥᠭᠡ ᠪᠣᠯᠤᠨ ᠪᠡᠶ᠎ᠡ ᠪᠣᠯᠪᠠᠰᠤᠷᠠᠬᠤ ᠪᠠᠭ᠎ᠠ ᠲᠠᠯᠠᠪᠠᠶ ᠶᠢ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ 2016 ᠣᠨ ᠤ ᠰᠡᠭᠦᠯᠴᠢ ᠪᠣᠯᠬᠤ ᠳᠤ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠪᠡᠶ᠎ᠡ ᠶᠢᠨ ᠲᠠᠮᠢᠷ ᠤᠨ ᠪᠡᠶ᠎ᠡ ᠪᠣᠯᠪᠠᠰᠤᠷᠠᠭᠤᠯᠬᠤ ᠪᠡᠯᠡᠳᠬᠡᠮᠵᠢ ᠪᠠᠷ ᠪᠦᠬᠦᠨ ᠢ ᠬᠠᠮᠤᠷᠬᠤ ᠪᠠ ︽ᠠᠷᠪᠠ ᠪᠠᠷ ᠪᠦᠬᠦᠨ ᠢ ᠬᠠᠮᠤᠷᠬᠤ︾᠎ ᠶᠢ ᠵᠡᠷᠭᠡ ᠎ ᠳᠤᠨᠢ ᠪᠡᠶᠡᠯᠡᠭᠦᠯᠬᠦ ᠎ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号